ᠬᠦᠪᠡᠬᠡᠳᠣ ᠰᠢᠷ᠎ᠡ ᠬᠤᠰᠢᠭᠤᠨ ᠤ ᠠᠷᠪᠠᠨ ᠭᠤᠷᠪᠠᠳᠣᠭᠠᠷ ᠬᠤᠭᠤᠴᠠᠭᠠᠨ ᠤ ᠠᠷᠠᠳ ᠤᠨ ᠶᠡᠭᠡ ᠨᠡᠶᠢᠷ ᠲᠡᠬᠦᠰ ᠠᠮᠵᠢᠯᠲᠠ ᠲᠠᠢ ᠦᠨᠳᠣᠷᠯᠡᠪᠡ
ᠨᠡᠶᠢᠲᠡᠯᠡᠭᠰᠡᠨ ᠴᠠᠭ᠄
2023/8/24
      ᠨᠠᠷᠠ ᠬᠤᠷ᠎ᠡ ᠲᠡᠩᠴᠡᠭᠰᠠᠨ ᠲᠡᠯᠬᠡᠷ ᠵᠣᠨ ᠤ ᠪᠠᠶᠠᠷᠳᠣ ᠮᠦᠴᠡ ᠪᠠᠷ ᠬᠦᠪᠡᠬᠡᠳᠣ ᠰᠢᠷ᠎ᠡ ᠬᠤᠰᠢᠭᠤᠨ ᠤ ᠠᠷᠪᠠᠨ ᠭᠤᠷᠪᠠᠳᠣᠭᠠᠷ ᠬᠤᠭᠤᠴᠠᠭᠠᠨ ᠤ ᠠᠷᠠᠳ ᠤᠨ ᠶᠡᠭᠡ ᠨᠡᠶᠢᠷ ᠭᠤᠷᠪᠠᠨ ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠨᠣᠳᠤᠭ ᠣᠰᠣᠨ ᠤ ᠬᠦᠮᠦᠨ ᠠᠷᠠᠳ ᠪᠤᠯᠤᠨ ᠨᠠᠢᠮᠠᠨ ᠵᠦᠭ ᠤᠨ ᠨᠠᠭᠠᠳᠣᠮᠴᠢᠨ ᠣᠯᠠᠨ ᠢᠶᠠᠨ   ᠪᠠᠶᠠᠰᠬᠠᠨ᠂ 8 ᠰᠡᠷ᠎ᠡ ᠶᠢᠨ 6᠎ ᠤ ᠦᠳᠡ ᠶᠢᠨ ᠬᠤᠶᠢᠨ᠎ᠠ ᠲᠡᠬᠦᠰ ᠠᠮᠵᠢᠯᠲᠠ ᠲᠠᠢ ᠦᠨᠳᠣᠷᠯᠡᠯ᠎ᠡ᠃      ᠬᠦᠪᠡᠬᠡᠳᠣ ᠰᠢᠷ᠎ᠡ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠣᠳᠣᠷᠢᠳᠣᠯᠭ᠎ᠠ ᠠᠴᠠ ᠲᠡᠬᠦᠰᠬᠦ ᠶᠣᠰᠣᠯᠡᠯ ᠲᠡᠬᠡᠷ᠎ᠡ ᠢᠳᠠᠷ ᠵᠠᠯᠠᠭᠤ ᠪᠦᠬᠡ᠂ ᠠᠬᠠᠮᠠᠳ ᠪᠦᠬᠡ᠂ ᠬᠡᠣᠬᠡᠳ ᠤᠨ ᠪᠦᠬᠡ᠂ ᠲᠤᠮᠤᠴᠤᠤᠯ ᠤᠨ ᠰᠢᠳᠡᠷ᠎ᠡ᠂ ᠬᠡᠣᠬᠡᠳ ᠤᠨ ᠰᠢᠳᠡᠷ᠎ᠡ᠂ ᠣᠯᠠᠮᠵᠢᠯᠠᠯᠳᠣ ᠰᠣᠷ ᠬᠠᠷᠪᠣᠯᠳᠠ᠂ 40 ᠭᠠᠵᠡᠷ ᠤᠨ ᠨᠤᠲᠤᠭ ᠮᠣᠷᠢᠨ ᠤ ᠣᠷᠣᠯᠳᠣᠭᠠᠨ᠂ 40 ᠭᠠᠵᠡᠷ ᠤᠨ ᠡᠷᠯᠢᠰ ᠮᠣᠷᠢᠨ ᠤ ᠣᠷᠣᠯᠳᠣᠭᠠᠨ᠂15 ᠭᠠᠵᠡᠷ ᠤᠨ ᠲᠠᠭ᠎ᠠ ᠶᠢᠨ ᠣᠷᠣᠯᠳᠣᠭᠠᠨ ᠵᠡᠷᠬᠡ ᠣᠷᠣᠯᠳᠣᠭᠠᠨ ᠲᠡᠮᠡᠴᠡᠭᠡᠨ ᠤ ᠲᠡᠬᠡᠷ᠎ᠡ ᠲᠦᠷᠪᠡ ᠶᠢᠨ ᠱᠠᠩᠨᠠᠯ ᠢ ᠭᠠᠷᠳᠠᠭᠤᠯᠪᠡ᠃      ᠲᠤᠰ ᠬᠤᠭᠤᠴᠠᠭᠠᠨ ᠤ ᠠᠷᠠᠳ ᠤᠨ ᠶᠡᠭᠡ ᠨᠡᠶᠢᠷ ᠤᠨ ᠡᠯᠪᠡᠭ ᠪᠠᠶᠠᠯᠢᠭ ᠠᠭᠤᠯᠭ᠎ᠠ ᠲᠠᠢ ᠤᠷᠤᠯᠳᠤᠭᠠᠨ᠂ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠵᠡᠷᠬᠡ ᠨᠢ ᠮᠠᠨ ᠤ ᠬᠤᠰᠢᠭᠤᠨ ᠤ ᠣᠷᠣᠨ ᠨᠤᠲᠤᠭ ᠤᠨ ᠵᠠᠩ ᠵᠠᠩᠰᠢᠯ ᠪᠠ ᠰᠣᠶᠣᠯ ᠤᠨ ᠣᠨᠴᠠᠯᠢᠭ ᠢ ᠪᠦᠬᠦ ᠲᠠᠯ᠎ᠠ ᠪᠠᠷ ᠳᠡᠯᠭᠡᠨ ᠦᠵᠡᠭᠦᠯᠦᠭᠰᠡᠨ ᠤ ᠬᠠᠮᠲᠤ᠂ ᠮᠠᠨ ᠤ ᠬᠤᠰᠢᠭᠤᠨ ᠤ ᠰᠣᠶᠣᠯ ᠵᠢᠭᠤᠯᠴᠢᠯᠠᠯ ᠤᠨ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠣᠬᠰᠠᠨ ᠪᠠᠶᠢᠨ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号