ᠬᠦᠮᠦᠨ ᠤᠯᠠᠨ ᠢᠶᠠᠨ ᠪᠠᠶᠠᠰᠬᠠᠭᠰᠠᠨ ᠬᠤᠷᠳᠤᠨ ᠮᠤᠷᠢᠨ ᠤ ᠤᠷᠣᠯᠳᠤᠭᠠᠨ
ᠨᠡᠶᠢᠲᠡᠯᠡᠭᠰᠡᠨ ᠴᠠᠭ᠄
2023/8/24
     ᠳᠡᠯᠭᠡᠷ ᠵᠤᠨ ᠤ ᠲᠠᠯ᠎ᠠ ᠨᠤᠲᠤᠭ ᠲᠤ ᠡᠪᠡᠰᠦ ᠨᠤᠭᠤᠭ᠎ᠠ ᠬᠠᠯᠢᠭᠤᠷᠠᠵᠤ᠂ ᠬᠦᠮᠦᠰ ᠤᠨ ᠰᠡᠳᠬᠢᠯ ᠢ  ᠪᠠᠶᠠᠰᠬᠠᠨ᠎ᠠ᠃ 8 ᠰᠠᠷ᠎ᠠ ᠶᠢᠨ 4᠎ ᠤ ᠡᠳᠦᠷ᠂ ᠬᠥᠪᠡᠭᠡᠲᠦ ᠰᠢᠷ᠎ᠠ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠶᠡᠭᠡ ᠨᠠᠶᠢᠷ ᠤᠨ ᠰᠢᠷᠢᠰ ᠠᠵᠢᠯᠯᠠᠭ᠎ᠠ ᠪᠣᠯᠬᠤ 40 ᠭᠠᠵᠠᠷ ᠤᠨ ᠨᠤᠲᠤᠭ ᠮᠤᠷᠢᠨ ᠤ ᠤᠷᠤᠯᠳᠤᠭᠠᠨ ᠪᠣᠭᠳᠠ ᠶᠢᠨ ᠭᠤᠣᠯ ᠰᠤᠮᠤᠨ ᠤ ᠪᠣᠯᠲᠤ ᠭᠠᠴᠠᠭᠠᠨ ᠳᠤ ᠶᠠᠪᠤᠭᠳᠠᠵᠠᠢ᠃     ᠲᠣᠰ ᠤᠳᠠᠭᠠᠨ ᠤ ᠤᠷᠤᠯᠳᠤᠭᠠᠨ ᠳᠤ᠂ ᠬᠥᠪᠡᠭᠡᠲᠦ ᠰᠢᠷ᠎ᠠ ᠬᠤᠰᠢᠭᠤᠨ ᠤ ᠤᠶᠠᠭᠠᠴᠢᠳ ᠠᠴᠠ ᠭᠠᠳᠠᠨ᠎ᠠ ᠂ ᠠᠪᠠᠭ᠎ᠠ ᠬᠤᠰᠢᠭᠤ᠂ ᠰᠢᠯᠤᠭᠤᠨ ᠬᠥᠪᠡᠭᠡᠲᠦ ᠴᠠᠭᠠᠨ ᠬᠤᠰᠢᠭᠤ᠂ ᠰᠥᠨᠢᠳ ᠵᠡᠭᠦᠨ ᠬᠤᠰᠢᠭᠤ᠂ ᠰᠥᠨᠢᠳ ᠪᠠᠷᠠᠭᠤᠨ ᠬᠤᠰᠢᠭᠤ᠂ ᠤᠯᠠᠭᠠᠨᠴᠠᠪ ᠬᠤᠲᠠ ᠶᠢᠨ ᠳᠥᠷᠪᠡᠳ ᠬᠤᠰᠢᠭᠤ ᠵᠡᠷᠭᠡ ᠬᠤᠰᠢᠭᠤ ᠰᠢᠶᠠᠨ ᠤ ᠨᠡᠶᠢᠲᠡ 60 ᠭᠠᠷᠤᠶ ᠤᠶᠠᠭᠠᠴᠢᠳ ᠬᠤᠷᠳᠤᠨ ᠮᠤᠷᠢᠨ ᠤ ᠪᠠᠨ ᠰᠢᠨᠳᠠᠰᠤ ᠶᠢ ᠰᠤᠷᠢᠵᠤ ᠠᠭᠲᠠ ᠬᠦᠯᠦᠭ ᠢᠶᠠᠨ ᠤᠷᠤᠯᠳᠤᠭᠤᠯᠤᠭᠰᠠᠨ ᠪᠠᠶᠢᠨ᠎ᠠ᠃ ︽ᠲᠣᠰ ᠣᠳᠠᠭᠠᠨ ᠤ ᠤᠷᠣᠯᠳᠤᠭᠠᠨ ᠨᠢ 1.38 ᠮᠧᠲᠷ ᠠᠴᠠ ᠳᠡᠭᠡᠭᠰᠢ ᠪᠠ ᠳᠣᠷᠣᠭᠰᠢᠬᠢ ᠤᠷᠣᠯᠳᠤᠭᠠᠨ ᠭᠡᠵᠥ ᠬᠤᠪᠢᠶᠠᠨ᠂ 1.38 ᠮᠧᠲᠷ ᠠᠴᠠ ᠲᠤᠷᠣᠭᠰᠢᠬᠢ ᠤᠷᠣᠯᠳᠤᠭᠠᠨ ᠢ ᠲᠣᠰᠠᠬᠠᠢ ᠬᠡᠮᠵᠢᠭᠦᠷᠯᠢᠭ ᠢᠶᠠᠷ ᠪᠠᠷᠢᠮᠵᠢᠶ᠎ᠠ ᠪᠣᠯᠭᠠᠨ ᠬᠡᠮᠵᠢᠵᠤ᠂ ᠤᠨᠣᠭᠠᠴᠢ ᠶᠢ 100 ᠵᠢᠩ ᠢᠶᠠᠷ ᠪᠠᠷᠢᠮᠵᠢᠶ᠎ᠠ ᠪᠣᠯᠭᠠᠨ ᠬᠡᠮᠵᠢᠵᠤ ᠤᠷᠣᠯᠳᠤᠭᠠᠨ ᠤ ᠲᠥᠪ ᠭᠤᠣᠯᠴᠢ ᠪᠠᠷ ᠶᠠᠪᠤᠭᠳᠠᠬᠤ ᠶᠢ ᠪᠠᠲᠤᠯᠠᠭᠰᠠᠨ ᠶᠤᠮ︾ ᠭᠡᠵᠦ ᠮᠤᠷᠢᠨ ᠤ ᠤᠷᠤᠯᠳᠤᠭᠠᠨ ᠤ ᠬᠢᠨᠠᠭᠴᠢ ᠴᠤᠯᠤᠮᠲᠤ ᠶᠠᠷᠢᠯ᠎ᠠ᠃ᠣᠷᠣᠯᠳᠣᠭᠠᠨ ᠤ ᠠᠬᠤᠢ ᠲᠠᠯᠠᠪᠠᠢ ᠳᠤ ᠦᠵᠡᠭᠴᠢᠳ ᠤᠨ ᠣᠣᠬᠠᠶᠢᠯᠠᠬᠤ ᠳᠠᠭᠤᠨ ᠲᠠᠰᠤᠷᠠᠯᠳᠠ ᠦᠭᠡᠢ ᠴᠤᠤᠷᠢᠶᠠᠲᠤᠵᠤ᠂ ᠤᠨᠣᠭᠠᠴᠢᠳ ᠤᠨ ᠵᠣᠷᠢᠭ ᠢ ᠭᠦᠪᠴᠢᠯᠡᠨ᠂ ᠣᠷᠣᠯᠳᠣᠭᠠᠨ ᠮᠣᠷᠢᠨ ᠤ ᠰᠢᠨᠳᠠᠰᠣ ᠶᠢ ᠰᠢᠯᠭᠠᠵᠠᠢ᠃      ᠣᠷᠣᠯᠳᠣᠭᠠᠨ ᠤ ᠡᠴᠦᠰ ᠲᠤ ᠬᠥᠪᠡᠭᠡᠲᠦ ᠰᠢᠷ᠎ᠠ ᠬᠤᠰᠢᠭᠤᠨ ᠤ ᠪᠣᠭᠳᠠ ᠶᠢᠨ ᠭᠤᠣᠯ ᠰᠤᠮᠤᠨ ᠤ ᠬᠠᠰᠢᠶᠠᠲᠤ ᠭᠠᠴᠠᠭᠠᠨ ᠤ ᠬᠦᠰᠡᠯᠡᠩ ᠤᠨ ᠬᠤᠸᠠ ᠬᠠᠯᠵᠠᠨ ᠮᠣᠷᠢ ᠲᠡᠷᠢᠭᠦᠨ ᠮᠠᠩᠨᠡᠢ᠂ ᠬᠥᠪᠡᠭᠡᠲᠦ ᠰᠢᠷ᠎ᠠ ᠬᠤᠰᠢᠭᠤᠨ ᠤ ᠤᠩᠭᠤᠨ ᠠᠭᠤᠯᠠ ᠰᠤᠮᠤᠨ ᠤ ᠡᠷᠳᠡᠮᠲᠦ ᠶᠢᠨ ᠴᠠᠪᠢᠳᠠᠷ ᠬᠠᠯᠵᠠᠨ ᠮᠣᠷᠢ ᠠᠮᠠᠨ ᠭᠦᠵᠦᠭᠦᠦ᠂ ᠬᠥᠪᠡᠭᠡᠲᠦ ᠰᠢᠷ᠎ᠠ ᠬᠤᠰᠢᠭᠤᠨ ᠤ ᠪᠣᠭᠳᠠ ᠶᠢᠨ ᠭᠤᠣᠯ ᠰᠤᠮᠤᠨ ᠤ ᠡᠩᠬᠡ ᠶᠢᠨ ᠭᠦᠷᠡᠩ ᠮᠣᠷᠢ ᠠᠶᠢᠷᠠᠭ ᠤᠨ ᠭᠤᠷᠪᠠ᠂ ᠰᠥᠨᠢᠳ ᠵᠡᠭᠦᠨ ᠬᠤᠰᠢᠭᠤᠨ ᠤ ᠬᠦᠪᠴᠢᠨ ᠤ ᠭᠡᠭᠡᠷ ᠮᠣᠷᠢ ᠠᠶᠢᠷᠠᠭ ᠤᠨ ᠲᠦᠷᠪᠡ᠂ ᠰᠥᠨᠢᠳ ᠪᠠᠷᠠᠭᠤᠨ ᠬᠤᠰᠢᠭᠤᠨ ᠤ ᠰᠠᠶᠢᠨᠪᠠᠶᠠᠷ ᠤᠨ ᠬᠤᠸᠠ ᠮᠣᠷᠢ ᠠᠶᠢᠷᠠᠭ ᠤᠨ ᠲᠠᠪᠤ ᠳᠤ ᠬᠤᠷᠳᠣᠯᠠᠵᠠᠢ᠃ ︽ᠥᠨᠥᠳᠦᠷ ᠤᠨ ᠮᠣᠷᠢᠨ ᠤᠷᠤᠯᠳᠤᠭᠠᠨ ᠳᠤ ᠮᠢᠨᠦ ᠮᠣᠷᠢ ᠨᠢᠭᠡᠳᠦᠭᠡᠷ ᠲᠤ ᠲᠤᠳᠤᠷᠠᠭᠰᠠᠨ ᠳᠤ ᠪᠢ ᠪᠠᠶᠠᠷᠲᠠᠢ ᠪᠠᠶᠢᠨ᠎ᠠ︔ ᠪᠢ ᠣᠯᠠᠨ ᠤᠳᠠᠭᠠᠨ ᠎ ᠤ ᠮᠣᠷᠢᠨ ᠤ ᠤᠷᠤᠯᠳᠤᠭᠠᠨ ᠳᠤ ᠣᠷᠣᠯᠴᠠᠵᠤ ᠥᠩᠭᠡᠷᠡᠭᠰᠡᠨ᠂  ᠥᠨᠥᠳᠦᠷ ᠠᠩᠬ᠎ᠠ ᠤᠳᠠᠭ᠎ᠠ ᠨᠢᠭᠡᠳᠦᠭᠡᠷ ᠲᠤ ᠲᠣᠳᠤᠷᠠᠵᠠᠢ︾ ᠭᠡᠵᠦ ᠣᠶᠠᠭᠠᠴᠢ ᠬᠦᠰᠡᠯᠡᠩ ᠶᠠᠷᠢᠯ᠎ᠠ᠃     ᠣᠶᠢᠯᠭᠠᠬᠰᠠᠨ ᠢᠶᠠᠷ᠂ 8 ᠰᠠᠷ᠎ᠠ ᠶᠢᠨ 5᠎ ᠤ ᠡᠳᠦᠷ᠂ ᠬᠥᠪᠡᠭᠡᠲᠦ ᠰᠢᠷ᠎ᠠ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠶᠡᠭᠡ ᠨᠠᠶᠢᠷ ᠤᠨ ᠰᠢᠷᠢᠰ ᠠᠵᠢᠯᠯᠠᠭ᠎ᠠ ᠪᠣᠯᠬᠤ ᠪᠡᠶ᠎ᠡ ᠶᠢᠨ ᠥᠨᠳᠥᠷ ᠨᠢ1.38 ᠮᠧᠲᠷ ᠠᠴᠠ ᠳᠡᠭᠡᠭᠰᠢᠬᠢ ᠮᠤᠷᠢᠨ ᠤᠷᠤᠯᠳᠤᠭᠠᠨ ︵20 ᠺᠢᠯᠣᠮᠧᠲᠷ︶ ᠪᠠ ᠳᠠᠭ᠎ᠠ ᠶᠢᠨ ᠤᠷᠤᠯᠳᠤᠭᠠᠨ ︵7.5 ᠺᠢᠯᠣᠮᠧᠲᠷ︶᠎ ᠢ ᠶᠠᠪᠣᠬᠳᠠᠭᠤᠯᠬᠤ ᠪᠠᠷ ᠪᠤᠢ᠃  
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号