ᠨᠠᠶᠢᠷ ᠤᠨ ᠲᠠᠯᠠᠪᠠᠢ ᠪᠠᠨ ᠴᠢᠮᠡᠭᠰᠡᠨ ᠰᠠᠶᠢᠨ ᠲᠤᠷᠠᠴᠢᠳ ᠤᠨ ᠡᠩᠨᠡᠭᠡ
ᠨᠡᠶᠢᠲᠡᠯᠡᠭᠰᠡᠨ ᠴᠠᠭ᠄
2023/8/24
      ᠶᠠᠭ ᠲᠠᠩᠰᠤᠭ ᠰᠠᠶᠢᠬᠠᠨ ᠶᠠᠪᠤᠭᠳᠠᠵᠤ ᠪᠠᠶᠢᠭ᠎ᠠ ᠬᠤᠰᠢᠭᠤ ᠠᠷᠠᠳ ᠤᠨ ᠶᠡᠭᠡ ᠨᠠᠶᠢᠷ ᠤᠨ ᠳᠡᠨᠵᠢ ᠭᠤᠶᠤᠭᠰᠠᠨ ᠨᠠᠭᠠᠳᠤᠮᠴᠢᠳ ᠤᠨ ᠳᠤᠮᠳᠠ ᠵᠠᠯᠠᠭᠤ ᠰᠠᠶᠢᠨ ᠲᠤᠷᠠᠴᠢᠳ ᠦᠪᠡᠷᠮᠢᠴᠡ ᠦᠩᠭᠡ ᠳᠦᠷᠬᠦ ᠪᠠᠷ ᠢᠶᠠᠨ ᠰᠤᠳᠤᠬᠠᠨ ᠬᠠᠷᠠᠭᠳᠠᠵᠤ ᠂ ᠰᠠᠶᠢᠨ ᠳᠤᠷᠠᠴᠢᠳ ᠤᠨ ᠵᠤᠷᠢᠭ ᠰᠠᠨᠠᠭ᠎ᠠ ᠪᠠᠨ ᠪᠠᠳᠠᠷᠠᠭᠤᠯᠤᠨ᠂ ᠭᠠᠯ ᠵᠠᠯᠠᠭᠤ ᠨᠠᠰᠤᠨ ᠤ ᠴᠤᠭ ᠵᠢᠪᠬᠤᠭ᠎ᠠ ᠪᠠᠨ ᠢᠯᠡᠷᠡᠬᠦᠯᠦᠨ᠂ ᠬᠦᠮᠦᠰ ᠤᠨ ᠮᠠᠭᠳᠠᠭᠠᠯ ᠰᠠᠶᠢᠰᠢᠶᠠᠯ ᠢ ᠤᠯᠵᠤ ᠪᠠᠶᠢᠯ᠎ᠠ᠃      ᠨᠠᠶᠢᠷ ᠤᠨ ᠬᠤᠭᠤᠴᠠᠭᠠᠨ ᠳᠤ᠂ ᠰᠠᠶᠢᠨ ᠳᠤᠷᠠᠴᠢᠳ᠂ ᠤᠯᠠᠨ ᠠᠴᠠ ᠡᠷᠲᠡᠯᠡᠵᠤ ᠤᠷᠤᠶᠢᠯᠠᠨ᠂ ᠦᠪᠡᠷ ᠦᠪᠡᠷ ᠤᠨ ᠠᠵᠢᠯ ᠤᠨ ᠪᠠᠶᠢᠷᠢᠨ ᠳᠤ ᠪᠠᠨ ᠭᠠᠪᠰᠢᠭᠠᠶᠢᠯᠠᠵᠤ᠂ ᠲᠠᠯᠠᠪᠠᠢ ᠵᠤᠬᠢᠴᠠᠭᠤᠯᠬᠤ᠂ ᠵᠤᠴᠢᠨ ᠤᠭᠲᠤᠬᠤ᠂ ᠤᠷᠴᠢᠨ ᠲᠤᠭᠤᠷᠢᠨ ᠎ ᠤ ᠴᠡᠪᠡᠷᠯᠡᠭᠡ ᠬᠢᠬᠦ ᠵᠡᠷᠭᠡ ᠠᠵᠢᠯ ᠢ ᠤᠷᠬᠢᠭᠳᠠᠭᠤᠯᠤᠯ ᠦᠭᠡᠢ ᠨᠠᠷᠢᠨ ᠬᠢᠨᠠᠮᠠᠭᠠᠢ ᠬᠢᠵᠦ᠂ ᠠᠷᠠᠳ ᠤᠨ ᠶᠡᠭᠡ ᠨᠠᠶᠢᠷ ᠤᠨ ᠤᠷᠤᠭᠰᠢᠲᠠᠢ ᠶᠠᠪᠤᠭᠳᠠᠬᠤ ᠳᠤ ᠨᠢᠭᠡᠨ ᠬᠤᠪᠢ ᠬᠦᠴᠦ ᠪᠠᠨ ᠡᠷᠬᠦᠭᠰᠡᠨ ᠪᠠᠶᠢᠨ᠎ᠠ᠃ ︽ᠲᠤᠰ ᠤᠳᠠᠭᠠᠨ ᠤ ᠨᠠᠶᠢᠷ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠨᠡᠩ ᠰᠢᠯᠢᠳᠡᠭ᠂ ᠦᠨᠳᠦᠷ ᠪᠦᠲᠦᠮᠵᠢᠲᠠᠢ᠂ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠶᠢᠨ ᠲᠦᠯᠦᠭᠡ᠂ ᠬᠤᠰᠢᠭᠤ ᠡᠪᠯᠡᠯ ᠤᠨ ᠬᠤᠷᠢᠶ᠎ᠠ᠂ ᠳᠠᠷᠤᠶ ᠲᠦᠷᠭᠡᠨ ᠬᠥᠳᠡᠯᠦᠯᠴᠡᠨ ᠢᠳᠡᠪᠬᠢᠲᠡᠶ ᠪᠡᠯᠡᠳᠬᠡᠵᠦ᠂ ᠰᠠᠶᠢᠨ ᠳᠤᠷ᠎ᠠ ᠶᠢᠨ ᠠᠵᠢᠯᠲᠠᠨ ᠡᠯᠰᠡᠬᠦ᠂ ᠠᠵᠢᠯ ᠤᠨ ᠪᠠᠶᠢᠷᠢ ᠶᠢᠨ ᠪᠤᠯᠪᠠᠰᠤᠷᠠᠯ ᠬᠢᠬᠦ ᠵᠡᠷᠭᠡ ᠠᠵᠢᠯ ᠢ ᠪᠡᠶᠡᠯᠡᠭᠦᠯᠵᠡᠶ︔ ᠣᠳᠣᠬᠠᠨ ᠳᠤ᠂ ᠣᠶᠤᠲᠠᠨ ᠰᠠᠶᠢᠨ ᠳᠤᠷᠠᠴᠢᠳ᠂ ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ ᠳᠤᠷᠠᠴᠢᠳ ᠢᠶᠠᠷ ᠪᠦᠷᠢᠯᠳᠦᠭᠰᠡᠨ 30 ᠭᠠᠷᠤᠶ ᠰᠠᠶᠢᠨ ᠳᠤᠷᠠᠴᠢᠨ ᠤ ᠦᠶᠯᠡᠴᠢᠯᠡᠭᠡᠨ ᠤ ᠪᠦᠯᠬᠦᠮ ᠨᠤᠲᠤᠭ ᠤᠰᠤᠨ ᠤ ᠪᠠᠨ ᠨᠠᠭᠠᠳᠤᠮ ᠳᠤ ᠬᠦᠴᠦ ᠨᠡᠮᠡᠷᠢᠯᠡᠵᠦ ᠪᠠᠶᠢᠨ᠎ᠠ︾ ᠭᠡᠵᠦ  ᠬᠦᠪᠡᠭᠡᠲᠦ ᠰᠢᠷ᠎ᠠ ᠬᠤᠰᠢᠭᠤᠨ ᠤ ᠡᠪᠯᠡᠯ ᠤᠨ ᠬᠤᠷᠢᠶᠠᠨ ᠤ ᠳᠡᠳ᠋ ᠱᠦᠵᠢ ᠴᠡᠯᠡᠭᠡᠷ ᠰᠤᠷᠪᠤᠯᠵᠢᠯᠠᠭᠴᠢ ᠳᠤ ᠶᠠᠷᠢᠯ᠎ᠠ᠃       ᠰᠠᠶᠢᠨ ᠳᠤᠷᠠᠴᠢᠨ ᠵᠤᠤ ᡁᠢ ᠰᠢᠨ᠄ ︽ᠰᠠᠶᠢᠨ ᠳᠤᠷᠠᠴᠢᠨ ᠤ ᠬᠤᠪᠢ ᠪᠠᠷ᠂ ᠡᠨᠡ ᠤᠳᠠᠭᠠᠨ ᠤ ᠶᠡᠭᠡ ᠨᠠᠶᠢᠷ ᠲᠤ ᠣᠷᠣᠯᠴᠠᠬᠤ ᠪᠣᠯᠤᠭᠰᠠᠨ ᠳᠠᠭᠠᠨ ᠪᠠᠶᠠᠷ ᠲᠠᠢ ᠪᠠᠶᠢᠨ᠎ᠠ︔ ᠪᠢ ᠥᠪᠡᠷ ᠤᠨ ᠬᠠᠮᠤᠭ ᠤᠨ ᠶᠡᠭᠡ ᠴᠢᠷᠮᠠᠶᠢᠯᠭ᠎ᠠ ᠪᠠᠷ ᠢᠶᠠᠨ ᠶᠠᠪᠤᠳᠠᠯ ᠪᠣᠯᠭᠠᠨ ᠢ ᠰᠠᠶᠢᠲᠤᠷ ᠬᠢᠵᠦ᠂ ᠵᠠᠯᠠᠭᠤ ᠨᠠᠰᠤᠨ ᠤ ᠵᠤᠯᠪᠤᠭ᠎ᠠ ᠪᠠᠨ ᠪᠠᠳᠠᠷᠠᠭᠤᠯᠤᠨ᠎ᠠ︾ ᠭᠡᠵᠦ ᠪᠠᠶᠢᠯ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号