ᠬᠦᠪᠡᠬᠡᠳᠣ ᠰᠢᠷ᠎ᠡ ᠬᠤᠰᠢᠭᠤ ︽15 ᠮᠢᠨᠦ᠋ᠲ ᠤᠨ ᠡᠮᠨᠡᠯᠭᠡ ᠶᠢᠨ ᠳᠠᠭᠠᠳᠬᠠᠯ ᠤᠨ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠲᠣᠭᠤᠷᠢᠭ︾ ᠢᠶᠠᠷ ᠠᠷᠠᠳ ᠲᠤ ᠦᠢᠯᠡᠴᠢᠯᠡᠵᠤ ᠪᠤᠢ
ᠨᠡᠶᠢᠲᠡᠯᠡᠭᠰᠡᠨ ᠴᠠᠭ᠄
2023/8/24
      ᠡᠮᠴᠢᠯᠡᠭᠡ ᠶᠢᠨ ᠪᠠᠲᠤᠯᠠᠭ᠎ᠠ ᠶᠢᠨ ᠠᠵᠢᠯ ᠲᠦᠭ ᠲᠦᠮᠡᠨ ᠠᠶᠢᠯ ᠡᠷᠦᠬᠡ ᠳᠤ ᠬᠤᠯᠪᠣᠭᠳᠠᠵᠤ᠂ ᠦᠷ᠎ᠡ ᠪᠦᠲᠦᠮᠵᠢᠲᠡᠶ ᠪᠥᠭᠡᠳ ᠠᠷᠠᠳ ᠲᠤ ᠲᠥᠬᠦᠮ ᠦᠵᠡᠭᠦᠯᠬᠦ ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠶᠴᠡᠳᠬᠡᠬᠦ ᠦᠶᠯᠡᠴᠢᠯᠡᠭᠡᠨ ᠤ ᠰᠢᠰᠲ᠋ᠧᠮ ᠢ ᠪᠠᠶᠢᠭᠤᠯᠬᠤ ᠨᠢ ᠠᠷᠠᠳ ᠣᠯᠠᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠬᠥᠪᠡᠭᠡᠲᠦ ᠰᠢᠷ᠎ᠠ ᠬᠤᠰᠢᠭᠤᠨ ᠤ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠨᠢ ︽15 ᠮᠢᠨᠦ᠋ᠲ ᠤᠨ ᠡᠮᠨᠡᠯᠭᠡ ᠶᠢᠨ ᠳᠠᠭᠠᠳᠬᠠᠯ ᠤᠨ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠲᠣᠭᠤᠷᠢᠭ︾᠂ ᠳᠠᠷᠤᠢ ᠠᠷᠠᠳ ᠤᠯᠠᠨ ᠤ ᠬᠦᠢᠴᠡᠳᠬᠡᠬᠦ ᠡᠮᠨᠡᠯᠭᠡ ᠶᠢᠨ ᠳᠠᠭᠠᠳᠬᠠᠯ  ᠤᠨ ᠭᠠᠷ ᠬᠦᠢᠴᠡᠳᠬᠡᠯ ᠢ ᠳᠠᠷᠤᠶᠢᠬᠠᠨ ᠪᠡᠶᠡᠯᠡᠬᠦᠯᠵᠤ ᠬᠦᠢᠴᠡᠳᠬᠡᠬᠦ ᠦᠢᠯᠡᠴᠢᠯᠡᠭᠡᠨ ᠤ ᠲᠤᠭᠤᠷᠢᠭ ᠢ ᠬᠦᠴᠦᠯᠡᠨ ᠪᠠᠶᠢᠭᠤᠯᠵᠤ᠂ ᠪᠣᠳᠠᠲᠤ ᠪᠠᠶᠢᠳᠠᠯ ᠳᠤ ᠰᠠᠭᠤᠷᠢᠯᠠᠨ᠂ ᠠᠷᠠᠳ ᠲᠤ ᠠᠰᠢᠭ ᠬᠦᠷᠲᠡᠭᠡᠬᠦ ᠦᠶᠯᠡᠴᠢᠯᠡᠭᠡ ᠶᠢ ᠦᠨᠳᠦᠰᠦᠨ ᠱᠠᠲᠤᠨ ᠳᠤ ᠪᠠᠭᠤᠯᠭᠠᠵᠤ᠂ ᠣᠯᠠᠨ ᠲᠦᠮᠡᠨ ᠤ ᠳᠡᠷᠭᠡᠳᠡ ᠬᠦᠷᠬᠡᠵᠣ ᠪᠣᠢ᠃      ᠰᠤᠷᠪᠤᠯᠵᠢᠯᠠᠭᠴᠢ ᠬᠥᠪᠡᠭᠡᠲᠦ ᠰᠢᠷ᠎ᠠ ᠬᠤᠰᠢᠭᠤᠨ ᠤ ᠪᠣᠭᠳᠠ ᠶᠢᠨ ᠭᠤᠤᠯ ᠰᠤᠮᠤᠨ ᠤ ᠨᠠᠮ ᠤᠨ ᠬᠡᠰᠢᠬᠦᠨ ᠪᠠ ᠣᠯᠠᠨ ᠲᠦᠮᠡᠨ ᠳᠤ ᠦᠢᠯᠡᠴᠢᠯᠡᠬᠦ ᠲᠥᠪ ᠲᠤ ᠬᠦᠷᠬᠦ ᠳᠤ ᠮᠠᠯᠴᠢᠨ ᠪᠢᠯᠢᠭᠲᠦ ᠡᠮᠴᠢᠯᠡᠭᠡ ᠶᠢᠨ ᠪᠠᠳᠣᠯᠠᠭᠠᠨ ᠤ ᠦᠶᠯᠡᠴᠢᠯᠡᠭᠡᠨ ᠤ ᠴᠤᠩᠬᠤᠪᠴᠢ ᠳᠤ ᠡᠮᠨᠡᠯᠭᠡ ᠳᠤ ᠰᠠᠭᠤᠭᠰᠠᠨ ᠰᠦᠢᠳᠬᠡᠯ ᠢᠶᠠᠨ ᠴᠠᠶᠢᠷᠠᠭᠤᠯᠬᠤ ᠭᠠᠷ ᠭᠦᠶᠴᠡᠳᠬᠡᠯ   ᠢᠶᠠᠨ ᠬᠢᠵᠣ᠂ ᠠᠵᠢᠯᠲᠠᠳ ᠲᠡᠭᠦᠨ ᠳᠤ ᠨᠠᠷᠢᠨ ᠨᠢᠮᠪᠠᠶ ᠦᠶᠯᠡᠴᠢᠯᠡᠭᠡ ᠬᠠᠩᠭᠠᠵᠤ ᠪᠠᠶᠢᠯ᠎ᠠ᠃ ︽ᠡᠶᠢᠮᠣᠷᠬᠦᠦ ᠦᠢᠯᠡᠴᠢᠯᠡᠭᠡ ᠶᠢᠨ ᠦᠷᠳᠡᠭᠡ ᠪᠠᠶᠢᠭᠤᠯᠣᠬᠰᠠᠨ ᠨᠢ ᠪᠢᠳᠠᠨ ᠳᠤ ᠶᠡᠭᠡ ᠲᠦᠬᠦᠮ ᠪᠤᠯᠵᠤ᠂ ᠣᠣᠯ ᠢᠶᠠᠨ ᠪᠣᠳᠣᠪᠠᠯ ᠬᠡᠷ  ᠠᠴᠠ ᠣᠶᠢᠷᠡᠬᠠᠨ᠂ ᠴᠠᠭ ᠲᠤ ᠠᠷᠪᠢᠲᠠᠢ ᠪᠠᠶᠢᠨ᠎ᠠ︾ ᠭᠡᠵᠤ ᠮᠠᠯᠴᠢᠨ ᠪᠢᠯᠢᠭᠳᠦ ᠶᠠᠷᠢᠯ᠎ᠠ᠃       ᠬᠥᠪᠡᠭᠡᠲᠦ ᠰᠢᠷ᠎ᠠ ᠬᠤᠰᠢᠭᠤᠨ ᠤ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠡᠮᠴᠢᠯᠡᠭᠡᠨ ᠤ ᠳᠠᠭᠠᠳᠬᠠᠯ ᠤᠨ ᠦᠷᠬᠦᠯᠵᠢ ᠬᠦᠢᠴᠡᠳᠬᠡᠳᠡᠭ ᠠᠵᠢᠯ ᠲᠦᠷᠣᠯ ᠪᠠ ᠠᠰᠠᠭᠤᠨ ᠯᠠᠪᠯᠠᠬᠤ ᠵᠦᠶᠯᠡᠰ ᠢ ᠰᠤᠮᠤ ᠪᠠᠯᠭᠠᠰᠤ᠂ ᠭᠠᠴᠠᠭ᠎ᠠ ︵ᠨᠡᠶᠢᠭᠡᠮ ᠲᠣᠭᠤᠷᠢᠭ︶ ᠳᠤ ᠪᠠᠭᠤᠯᠭᠠᠬᠤ ᠶᠢ ᠢᠳᠡᠪᠬᠢᠲᠡᠶ ᠠᠬᠢᠭᠤᠯᠵᠤ᠂ ᠬᠤᠰᠢᠭᠤ᠂ ᠰᠤᠮᠤ ᠪᠠᠯᠭᠠᠰᠤ ᠬᠤᠶᠠᠷ ᠱᠠᠲᠤᠨ ᠤ ᠭᠠᠷᠲᠠᠨ ᠭᠦᠶᠴᠡᠳᠬᠡᠬᠦ ᠲᠤᠤᠷ ᠰᠦᠯᠵᠢᠶ᠎ᠡ ᠶᠢᠨ ᠰᠠᠭᠤᠷᠢᠨ ᠳᠡᠭᠡᠷ᠎ᠡ᠂ ᠦᠶᠯᠡᠴᠢᠯᠡᠭᠡᠨ ᠤ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠵᠦ᠂ ᠬᠤᠰᠢᠭᠤ᠂ ᠰᠤᠮᠤ ᠪᠠᠯᠭᠠᠰᠤ᠂ ᠭᠠᠴᠠᠭ᠎ᠠ ︵ᠨᠡᠶᠢᠭᠡᠮ ᠲᠣᠭᠤᠷᠢᠭ︶ ᠭᠤᠷᠪᠠᠨ ᠱᠠᠲᠤᠨ ᠤ ᠡᠮᠴᠢᠯᠡᠭᠡᠨ ᠤ ᠪᠠᠳᠣᠯᠠᠭ᠎ᠠ ᠶᠢᠨ ᠦᠶᠯᠡᠴᠢᠯᠡᠭᠡᠨ ᠤ ᠰᠢᠰᠲ᠋ᠧᠮ ᠢ ᠬᠦᠴᠦᠯᠡᠨ ᠪᠠᠶᠢᠭᠤᠯᠪᠠ᠃ ᠪᠠᠶᠢᠭᠤᠯᠭ᠎ᠠ ᠨᠢᠬᠡᠴᠡ  ᠶᠢᠨ ᠳᠠᠭᠠᠳᠬᠠᠯ ᠳᠤ ᠤᠷᠤᠯᠴᠠᠭᠰᠠᠳ ᠢ ᠳᠡᠩᠰᠡᠯᠡᠨ ᠲᠡᠮᠳᠡᠭᠯᠡᠬᠦ᠂ ᠡᠭᠦᠳᠡᠨ ᠡᠮᠨᠡᠯᠭᠡ ᠲᠦᠷᠭᠡᠨ ᠤ ᠡᠮᠨᠡᠯᠭᠡ ᠶᠢᠨ ᠵᠠᠷᠤᠳᠠᠯ ᠤᠨ ᠲᠠᠩᠰᠠ ᠴᠠᠶᠢᠷᠠᠭᠤᠯᠬᠤ ᠵᠡᠷᠭᠡ 21 ᠵᠦᠶᠯ ᠤᠨ ᠲᠤᠬᠠᠶᠢᠯᠠᠭᠰᠠᠨ ᠠᠵᠢᠯ ᠢ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠪᠠᠳᠣᠯᠠᠭ᠎ᠠ ᠶᠢᠨ ᠦᠶᠯᠡᠴᠢᠯᠡᠭᠡᠨ ᠤ ᠦᠷᠳᠡᠬᠡᠨ ᠳᠤ ᠪᠠᠭᠤᠯᠭᠠᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠭᠰᠠᠨ ᠮᠡᠳᠡᠭᠡ ᠵᠠᠩᠭᠢ ᠶᠢ ᠳᠡᠩᠰᠡᠯᠡᠨ ᠲᠡᠮᠳᠡᠭᠯᠡᠬᠦ ᠵᠡᠷᠭᠡ 19 ᠵᠦᠶᠯ ᠤᠨ ᠲᠤᠬᠠᠶᠢᠯᠠᠭᠰᠠᠨ ᠠᠵᠢᠯ ᠢ ᠪᠠᠩᠬᠢ ᠶᠢᠨ ᠡᠵᠡᠩᠨᠡᠯᠲᠡ ᠶᠢᠨ ᠲᠤᠤᠷ ᠴᠡᠭ  ᠤᠨ ᠡᠮᠴᠢᠯᠡᠭᠡᠨ ᠤ ᠪᠠᠳᠣᠯᠠᠭ᠎ᠠ ᠶᠢᠨ ᠦᠶᠯᠡᠴᠢᠯᠡᠭᠡᠨ ᠤ ᠥᠷᠲᠡᠭᠡ ᠳᠤ ᠪᠠᠭᠤᠯᠭᠠᠵᠤ᠂ ᠳᠠᠭᠠᠳᠬᠠᠯ ᠳᠤ ᠤᠷᠤᠯᠴᠠᠭᠰᠠᠳ ᠢ ᠳᠡᠩᠰᠡᠯᠡᠨ ᠲᠡᠮᠳᠡᠭᠯᠡᠬᠦ ᠵᠡᠷᠭᠡ 17 ᠵᠦᠶᠯ ᠤᠨ ᠡᠮᠴᠢᠯᠡᠭᠡᠨ ᠤ ᠳᠠᠭᠠᠳᠬᠠᠯ ᠤᠨ ᠲᠤᠬᠠᠶᠢᠯᠠᠭᠰᠠᠨ ᠠᠵᠢᠯ ᠢ ᠰᠤᠮᠤ ᠪᠠᠯᠭᠠᠰᠤᠨ ᠤ ᠡᠮᠴᠢᠯᠡᠭᠡᠨ ᠤ ᠪᠠᠳᠣᠯᠠᠭ᠎ᠠ ᠶᠢᠨ ᠦᠶᠯᠡᠴᠢᠯᠡᠭᠡᠨ ᠤ ᠴᠡᠭ ᠲᠤ ᠪᠠᠭᠤᠯᠭᠠᠵᠤ᠂ ᠮᠡᠳᠡᠭᠡ ᠵᠠᠩᠭᠢ ᠶᠢ ᠬᠠᠶᠢᠨ ᠯᠠᠪᠯᠠᠬᠤ ᠵᠡᠷᠭᠡ 8 ᠵᠦᠶᠯ ᠤᠨ ᠲᠤᠬᠠᠶᠢᠯᠠᠭᠰᠠᠨ ᠠᠵᠢᠯ ᠢ ᠭᠠᠴᠠᠭ᠎ᠠ ︵ᠨᠡᠶᠢᠭᠡᠮ ᠲᠣᠭᠤᠷᠢᠭ︶  ᠶᠢᠨ ᠡᠮᠴᠢᠯᠡᠬᠡᠨ ᠤ ᠪᠠᠳᠣᠯᠠᠭ᠎ᠠ ᠶᠢᠨ ᠦᠶᠯᠡᠴᠢᠯᠡᠭᠡᠨ ᠤ ᠴᠡᠭ ᠲᠤ ᠪᠠᠭᠤᠯᠭᠠᠵᠣ᠂ ᠡᠮᠴᠢᠯᠡᠬᠡᠨ ᠤ ᠪᠠᠳᠣᠯᠠᠭ᠎ᠠ ᠶᠢᠨ ᠦᠢᠯᠡᠴᠢᠯᠡᠭᠡ ᠶᠢ ᠲᠤᠬᠠᠶ ᠶᠢᠨ ᠲᠠᠯᠠᠪᠤᠷ ᠲᠤ ᠭᠦᠶᠴᠡᠳᠬᠡᠬᠦ᠂ ᠣᠶᠢᠷ᠎ᠠ ᠬᠠᠪᠢ ᠳᠤᠨᠢ ᠭᠦᠶᠴᠡᠳᠬᠡᠬᠦ᠂ ᠬᠡᠷ ᠲᠤᠨᠢ ᠭᠦᠶᠴᠡᠳᠬᠡᠬᠦ ᠶᠢ ᠪᠡᠶᠡᠯᠡᠭᠦᠯᠵᠦ᠂ ᠠᠷᠠᠳ ᠣᠯᠠᠨ ᠳᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡ ᠬᠠᠩᠭᠠᠵᠤ᠂ ᠦᠨᠳᠦᠰᠦᠨ ᠱᠠᠲᠤᠨ ᠤ ᠣᠯᠠᠨ ᠲᠦᠮᠡᠨ ᠳᠤ ᠬᠡᠷ ᠤᠨ ᠡᠭᠦᠳᠡᠨ ᠳᠤ ᠪᠠᠨ ᠡᠮᠴᠢᠯᠡᠬᠡᠨ ᠤ ᠪᠠᠳᠣᠯᠠᠭ᠎ᠠ ᠶᠢᠨ ᠦᠶᠯᠡᠴᠢᠯᠡᠭᠡ ᠬᠦᠷᠲᠡᠵᠤ ᠴᠢᠳᠠᠬᠤ ᠶᠢ ᠪᠠᠶᠠᠯᠡᠬᠦᠯᠣᠭ᠍ᠰᠠᠨ ᠪᠠᠶᠢᠨ᠎ᠠ᠃       ᠡᠨᠡ ᠵᠢᠯ ᠠᠴᠠ᠂ ᠬᠥᠪᠡᠭᠡᠲᠦ ᠰᠢᠷ᠎ᠠ ᠬᠤᠰᠢᠭᠤᠨ ᠤ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠨᠢ ᠳᠡᠭᠡᠳᠦ ᠱᠠᠲᠤᠨ ᠤ ᠱᠠᠭᠠᠷᠳᠠᠯᠭ᠎ᠠ ᠶᠣᠰᠣᠭᠠᠷ᠂ ᠴᠢᠩᠭ᠎ᠠ ᠬᠦᠴᠦᠲᠡᠶ ᠠᠷᠭ᠎ᠠ ᠬᠡᠮᠵᠢᠶ᠎ᠡ ᠠᠪᠴᠤ᠂ ᠦᠨᠳᠦᠰᠦᠨ ᠱᠠᠲᠤᠨ ᠤ ᠡᠮᠴᠢᠯᠡᠭᠡᠨ ᠤ ᠪᠠᠳᠣᠯᠠᠭ᠎ᠠ ᠶᠢᠨ ᠦᠶᠯᠡᠴᠢᠯᠡᠭᠡᠨ ᠤ ᠥᠷᠲᠡᠭᠡ ︵ᠴᠡᠭ︶ ᠶᠢᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠣ᠂ ᠣᠳᠣ ᠪᠣᠯᠲᠠᠯ᠎ᠠ᠂ ᠡᠮᠴᠢᠯᠡᠭᠡᠨ ᠤ ᠪᠠᠳᠣᠯᠠᠭ᠎ᠠ ᠶᠢᠨ ᠦᠶᠯᠡᠴᠢᠯᠡᠭᠡᠨ ᠤ ᠥᠷᠲᠡᠭᠡ ︵ᠴᠡᠭ︶ ᠶᠢ ᠨᠡᠶᠢᠲᠡ 79 ᠶᠢ ᠪᠠᠶᠢᠭᠤᠯᠵᠤ᠂ ᠡᠭᠦᠷᠭᠡ ᠪᠠᠨ ᠳᠠᠪᠠᠭᠤᠯᠤᠨ ᠤᠷᠢᠳᠴᠢᠯᠠᠨ ᠪᠠᠶᠠᠯᠠᠬᠦᠯᠵᠣ᠂ ᠣᠳᠣᠬᠠᠨ ᠪᠣᠯᠲᠠᠯ᠎ᠠ ᠡᠮᠴᠢᠯᠡᠭᠡᠨ ᠤ ᠪᠠᠳᠣᠯᠠᠭ᠎ᠠ ᠶᠢᠨ ᠦᠶᠯᠡᠴᠢᠯᠡᠭᠡᠨ ᠤ ᠥᠷᠲᠡᠭᠡ ︵ᠴᠡᠭ︶ ᠶᠢᠨ ᠭᠠᠷᠲᠠᠨ ᠬᠦᠢᠴᠡᠳᠬᠡᠭᠰᠠᠨ ᠡᠯ᠎ᠡ ᠵᠦᠶᠯ ᠤᠨ ᠲᠤᠬᠠᠶᠢᠯᠠᠭᠰᠠᠨ ᠠᠵᠢᠯ 15237 ᠳᠤ ᠬᠦᠷᠴᠦ᠂ 15152 ᠬᠥᠮᠦᠨ ᠤᠳᠠᠭ᠎ᠠ ᠠᠰᠢᠭ ᠬᠦᠷᠲᠡᠭᠡᠪᠡ᠃ ︽ᠬᠤᠶᠢᠰᠢᠳᠠ ᠮᠠᠨ ᠤ ᠲᠣᠪᠴᠢᠶ᠎ᠠ ᠨᠢ ︿ᠪᠠᠷᠢᠮᠵᠢᠶᠠᠵᠢᠭᠤᠯᠬᠤ﹀ ︿ᠵᠢᠷᠤᠮᠵᠢᠭᠤᠯᠬᠤ﹀ ᠪᠥᠲᠥᠭᠡᠨ ᠪᠠᠶᠢᠭᠤᠯᠤᠯᠲᠠ ᠪᠠᠷ ᠬᠦᠴᠦᠯᠡᠬᠦ ᠴᠡᠭ ᠢᠶᠠᠨ ᠪᠣᠯᠭᠠᠵᠤ᠂ ᠲᠤᠬᠠᠶᠢᠯᠠᠭᠰᠠᠨ ᠠᠵᠢᠯ ᠢᠶᠠᠨ ᠤᠷᠲᠤᠳᠬᠠᠨ ᠦᠶᠯᠡᠴᠢᠯᠡᠬᠦ ᠪᠠᠷ ᠲᠤᠰᠤᠯᠲᠠ ᠪᠠᠨ ᠪᠣᠯᠭᠠᠵᠤ᠂ ︿15 ᠮᠢᠨᠦ᠋ᠲ ᠤᠨ ᠡᠮᠨᠡᠯᠭᠡ ᠶᠢᠨ ᠳᠠᠭᠠᠳᠬᠠᠯ ᠤᠨ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠲᠣᠭᠤᠷᠢᠭ﹀ ᠤᠨ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ︿ᠠᠷᠠᠳ ᠲᠤ ᠲᠥᠬᠦᠮ ᠦᠵᠡᠭᠦᠯᠬᠦ᠂ ᠴᠢᠨᠠᠷ ᠰᠠᠶᠢᠲᠠᠶ᠂ ᠥᠨᠳᠥᠷ ᠪᠦᠲᠦᠮᠵᠢᠲᠡᠶ﹀ ᠡᠮᠴᠢᠯᠡᠭᠡ  ᠶᠢᠨ ᠪᠠᠳᠣᠯᠠᠭ᠎ᠠ ᠶᠢᠨ ᠣᠯᠠᠨ ᠨᠡᠶᠢᠲᠡ ᠶᠢᠨ ᠦᠶᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠠᠷᠠᠳ ᠣᠯᠠᠨ ᠳᠤ ᠠᠵᠠ ᠪᠤᠶᠠᠨ ᠬᠦᠷᠲᠡᠭᠡᠨ᠎ᠠ ︾ ᠭᠡᠵᠤ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠵᠢᠮᠢᠰ ᠶᠠᠷᠢᠯ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号