ᠬᠤᠰᠢᠭᠤ ᠨᠠᠶᠢᠷ ᠢᠶᠠᠨ ᠴᠢᠮᠡᠭᠰᠡᠨ ᠪᠣᠳᠠᠰ ᠤᠨ ᠪᠣᠰᠦ ᠰᠣᠶᠣᠯ ᠤᠨ ᠥᠪ ᠤᠨ ᠳᠡᠯᠭᠡᠨ ᠦᠵᠡᠭᠦᠯᠦᠯᠭᠡ
ᠨᠡᠶᠢᠲᠡᠯᠡᠭᠰᠡᠨ ᠴᠠᠭ᠄
2023/8/24
      ᠠᠷᠠᠳ ᠤᠯᠠᠨ ᠤ ᠬᠦᠰᠡᠨ ᠬᠦᠯᠢᠶᠡᠵᠦ ᠤᠳᠠᠭᠰᠠᠨ ᠬᠦᠪᠡᠭᠡᠲᠦ ᠰᠢᠷ᠎ᠠ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠶᠡᠭᠡ ᠨᠠᠶᠢᠷ ᠤᠨ ᠬᠤᠭᠤᠴᠠᠭᠠᠨ ᠳᠤ ᠪᠣᠳᠠᠰ ᠤᠨ ᠪᠣᠰᠤ ᠰᠣᠶᠣᠯ ᠤᠨ ᠥᠪ ᠤᠨ ᠳᠡᠯᠭᠡᠨ ᠦᠵᠡᠭᠦᠯᠦᠯᠭᠡ ᠬᠠᠶ᠋ᠢᠩᠬᠢᠷᠸ᠎ᠠ ᠨᠠᠶᠢᠷ ᠤᠨ ᠲᠠᠯᠡᠪᠠᠢ ᠳᠤ ᠶᠠᠪᠤᠭᠳᠠᠵᠤ᠂ ᠰᠤᠶᠤᠯ ᠤᠷᠠᠯᠢᠭ ᠤᠨ ᠦᠪᠡᠷᠮᠢᠴᠡ ᠷᠢᠳᠢ ᠰᠢᠳᠢ ᠪᠠᠷ ᠠᠷᠠᠳ ᠤᠨ ᠨᠠᠶᠢᠷ ᠢᠶᠠᠨ ᠴᠢᠮᠡᠭᠰᠡᠨ ᠪᠠᠶᠢᠨ᠎ᠠ᠃      ᠲᠣᠰ ᠤᠳᠠᠭᠠᠨ ᠤ ᠳᠡᠯᠭᠡᠨ ᠦᠵᠡᠭᠦᠯᠦᠯᠭᠡ ᠳᠤ᠂ ᠬᠦᠪᠡᠭᠡᠲᠦ ᠰᠢᠷ᠎ᠠ ᠬᠤᠰᠢᠭᠤᠨ ᠤ ᠪᠣᠭᠳᠠ ᠶᠢᠨ ᠭᠤᠣᠯ ᠰᠤᠮᠤᠨ ᠤ ᠤᠶᠥᠨᠪᠢᠯᠢᠭ ᠤᠨ ᠤᠷᠠᠯᠠᠭᠰᠠᠨ ︽ᠶᠠᠰᠤᠨ ᠰᠡᠶᠢᠯᠦᠮᠡᠯ︾ ᠤᠨ ᠳᠡᠯᠭᠡᠨ ᠦᠵᠡᠭᠦᠯᠦᠯᠭᠡ᠂ ᠪᠠᠶᠠᠨᠲᠠᠯ᠎ᠠ ᠪᠠᠯᠭᠠᠰᠦᠨ ᠤ ᠢᠰᠡᠭᠡᠢ ᠣᠷᠠᠯᠠᠯ ᠤᠨ ᠳᠡᠯᠭᠡᠨ ᠦᠵᠡᠭᠦᠯᠦᠯᠭᠡ᠂ ᠤᠩᠭᠤᠨ ᠠᠭᠤᠯᠠ ᠰᠣᠮᠣᠨ ᠤ ᠡᠮᠡᠭᠡᠯ ᠪᠣᠯᠣᠨ ᠴᠠᠭᠠᠨ ᠢᠳᠡᠭᠡᠨ ᠪᠤᠤᠵᠠ ᠶᠢᠨ ᠳᠡᠯᠭᠡᠨ ᠦᠵᠡᠭᠦᠯᠦᠯᠭᠡ᠂ ᠰᠢᠨᠡᠪᠤᠯᠠᠭ ᠪᠠᠯᠭᠠᠰᠦᠨ ᠤ ᠴᠠᠭᠠᠨ ᠢᠳᠡᠭᠡᠨ ᠤ ᠳᠡᠯᠭᠡᠨ ᠦᠵᠡᠭᠦᠯᠦᠯᠭᠡ ᠵᠡᠷᠭᠡ ᠠᠭᠤᠯᠭ᠎ᠠ ᠪᠠᠷ ᠶᠠᠪᠤᠭᠳᠠᠵᠠᠢ᠃       ᠲᠣᠰ ᠤᠳᠠᠭᠠᠨ ᠤ ᠳᠡᠯᠭᠡᠨ ᠦᠵᠡᠭᠦᠯᠦᠯᠭᠡ ᠨᠢ ᠦᠷᠭᠡᠨ ᠣᠯᠠᠨ ᠲᠦᠮᠡᠨ ᠳᠤ ᠪᠣᠳᠠᠰ ᠤᠨ ᠪᠣᠰᠤ ᠰᠣᠶᠣᠯ ᠤᠨ ᠥᠪ ᠤᠨ ᠲᠤᠬᠠᠢ ᠤᠶᠢᠯᠠᠭᠠᠭᠤᠯᠬᠤ ᠪᠠ ᠲᠣᠷᠭᠠᠨ ᠨᠤᠲᠤᠭ ᠬᠦᠪᠡᠭᠡᠲᠦ ᠰᠢᠷ᠎ᠠ ᠬᠤᠰᠢᠭᠤᠨ ᠤ ᠰᠣᠶᠣᠯ ᠢᠷᠭᠡᠨᠰᠢᠯ ᠤᠨ ᠡᠬᠢ ᠪᠠᠶᠠᠯᠢᠭ ᠢ ᠤᠯᠠᠮ ᠨᠢᠭᠡ ᠠᠯᠬᠤᠮ ᠰᠤᠷᠲᠠᠯᠴᠢᠯᠠᠨ ᠤᠬᠠᠭᠠᠭᠤᠯᠬᠤ ᠲᠠᠪᠴᠠᠩ ᠬᠠᠩᠭᠠᠭᠰᠠᠨ ᠪᠠᠶᠢᠨ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号