ᠠᠷᠠᠳ ᠤᠨ ᠨᠠᠶᠢᠷ ᠤᠨ ᠬᠤᠭᠤᠴᠠᠭᠠᠨ ᠳᠤ ᠠᠷᠠᠯᠵᠢᠶ᠎ᠠ ᠬᠤᠳᠠᠯᠳᠤᠭ᠎ᠠ ᠬᠦᠭᠵᠢᠶᠡᠨ ᠲᠠᠢ
ᠨᠡᠶᠢᠲᠡᠯᠡᠭᠰᠡᠨ ᠴᠠᠭ᠄
2023/8/24
     ᠬᠦᠪᠡᠭᠡᠲᠦ ᠰᠢᠷ᠎ᠠ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠶᠡᠭᠡ ᠨᠠᠶᠢᠷ ᠢᠶᠠᠷ ᠨᠠᠶᠢᠷ ᠤᠨ ᠲᠠᠯᠠᠪᠠᠢ ᠳᠠᠬᠢ ᠵᠢᠵᠢᠭ ᠬᠤᠭᠤᠯᠠᠨ ᠭᠡᠷ᠂ ᠬᠤᠳᠠᠯᠳᠤᠭ᠎ᠠ ᠳᠡᠯᠭᠡᠭᠦᠷ ᠨᠢ ᠵᠢᠭᠤᠯᠴᠢᠯᠠᠭᠰᠠᠳ ᠲᠤ ᠳᠦᠭᠦᠮ ᠦᠵᠡᠭᠦᠯᠵᠦ᠂ ᠠᠷᠠᠯᠵᠢᠶ᠎ᠠ ᠮᠠᠶᠢᠮᠠᠢ ᠭᠦᠷ ᠭᠦᠭᠵᠢᠶᠡᠨ ᠢᠶᠠᠷ ᠪᠢᠯᠬᠠᠨ᠂ ᠪᠥᠬᠦ ᠬᠤᠰᠢᠭᠤᠨ ᠤ ᠠᠵᠤ ᠠᠬᠤᠶ ᠶᠢᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠡᠢ᠃      ᠦᠳᠡ ᠪᠣᠯᠬᠤ ᠳᠤ᠂ ᠨᠠᠶᠢᠷ ᠤᠨ ᠲᠠᠯᠠᠪᠠᠢ ᠶᠢᠨ ᠬᠤᠳᠠᠯᠳᠤᠭᠠᠨ ᠤ ᠲᠣᠭᠤᠷᠢᠭ ᠨᠢ ᠬᠠᠮᠤᠭ ᠤᠨ ᠬᠦᠭᠵᠢᠶᠡᠨ  ᠲᠠᠢ ᠬᠤᠭᠤᠴᠠᠭᠠᠨ ᠳᠤ ᠪᠠᠨ ᠤᠷᠣᠵᠤ᠂ ᠡᠯ᠎ᠡ ᠵᠦᠢᠯ ᠤᠨ ᠢᠳᠡᠭᠡᠨ ᠤ ᠳᠡᠯᠭᠡᠭᠦᠷ᠂ ᠮᠢᠬᠠᠨ ᠱᠥᠯᠥ᠂ ᠪᠤᠤᠵᠠ᠂ ᠱᠠᠯᠪᠢᠩ᠂ ᠬᠤᠷᠣᠳ ᠪᠢᠰᠢᠯᠠᠭ᠂ ᠠᠶᠢᠷᠠᠭ ᠴᠡᠭᠡ ᠵᠡᠷᠭᠡ ᠦᠨᠳᠦᠰᠦᠲᠡᠨ ᠤ ᠣᠨᠴᠠᠯᠢᠬᠳᠣ ᠢᠳᠡᠭᠡᠨ ᠣᠮᠳᠠᠭᠠᠨ ᠨᠢ ᠨᠠᠭᠠᠳᠤᠮᠴᠢᠨ ᠵᠢᠭᠤᠯᠴᠢᠯᠠᠬᠰᠠᠳ ᠤᠨ ᠰᠢᠯᠦᠰᠦ ᠶᠢ ᠬᠤᠷᠠᠭᠤᠯᠵᠤ᠂ ᠡᠯ᠎ᠡ ᠵᠦᠢᠯ ᠤᠨ ᠪᠠᠷᠠᠭ᠎ᠠ ᠲᠠᠸᠠᠷ ᠨᠢ ᠴᠦ ᠵᠣᠴᠢᠳ ᠤᠨ  ᠬᠠᠷᠠᠭ᠎ᠠ ᠶᠢ ᠪᠤᠯᠢᠶᠠᠵᠤ᠂ ᠨᠠᠶᠢᠷ ᠤᠨ ᠲᠠᠯᠠᠪᠠᠢ ᠨᠠᠷᠭᠢᠶᠠᠨ ᠢᠶᠠᠷ ᠪᠢᠯᠬᠠᠵᠦ ᠪᠠᠶᠢᠯ᠎ᠠ᠃ ︽ᠨᠠᠶᠢᠷ ᠤᠨ ᠲᠠᠯᠠᠪᠠᠢ ᠶᠢᠨ ᠤᠯᠠᠨ ᠬᠤᠳᠠᠯᠳᠤᠭᠠᠴᠢᠨ ᠨᠢ ᠪᠢᠳᠡᠨ ᠳᠤ ᠶᠡᠭᠡ ᠲᠦᠭᠦᠮ ᠦᠵᠡᠭᠦᠯᠥᠯ᠎ᠡ︔ ᠡᠯᠳᠡᠪ ᠵᠦᠢᠯ ᠤᠨ ᠢᠳᠡᠭᠡᠨ ᠤᠮᠳᠠᠭᠠᠨ ᠪᠠᠶᠢᠨ᠎ᠠ︔ ᠡᠭᠦᠨ ᠠᠴᠠ ᠭᠠᠳᠠᠨ᠎ᠠ ᠲᠡᠵᠢᠭᠡᠯ ᠪᠣᠷᠳᠤᠭ᠎ᠠ ᠪᠣᠷᠣᠯᠠᠭᠤᠯᠳᠠᠭ ᠬᠥᠮᠦᠰ ᠴᠦ ᠬᠠᠮᠢᠶ᠎ᠠ ᠪᠦᠬᠦᠢ ᠮᠡᠳᠡᠯᠭᠡ ᠶᠢ ᠣᠬᠠᠭᠤᠯᠵᠤ᠂ ᠠᠬᠤᠶ ᠲᠠᠯᠠᠪᠠᠢ ᠶᠢᠨ ᠠᠭᠤᠷ ᠠᠮᠢᠰᠬᠤᠯ ᠶᠡᠭᠡ ᠰᠠᠶᠢᠬᠠᠨ ᠪᠠᠶᠢᠨ᠎ᠠ︾ ᠭᠡᠵᠦ ᠨᠠᠭᠠᠳᠤᠮᠴᠢᠨ ᠰᠤᠨᠳᠤᠷ ᠶᠠᠷᠢᠯ᠎ᠠ᠃       ᠨᠠᠶᠢᠷ ᠤᠨ ᠬᠤᠭᠤᠴᠠᠭᠠᠨ ᠳᠠᠬᠢ ᠠᠷᠠᠯᠵᠢᠶ᠎ᠠ ᠬᠤᠳᠠᠯᠳᠤᠭ᠎ᠠ ᠨᠢ ᠬᠤᠳᠠᠯᠳᠣᠭᠠᠴᠢᠳ ᠤᠨ ᠤᠷᠣᠯᠭ᠎ᠠ ᠶᠢ ᠨᠡᠮᠡᠭᠳᠡᠭᠦᠯᠥᠭᠰᠡᠨ ᠢᠶᠠᠷ ᠪᠠᠷᠠᠬᠤ ᠦᠭᠡᠢ᠂ ᠮᠠᠨ ᠤ ᠬᠤᠰᠢᠭᠤᠨ ᠤ ᠪᠠᠨ ᠤᠨᠴᠠᠯᠢᠭᠳᠤ ᠪᠦᠲᠦᠭᠡᠭᠳᠡᠬᠦᠨ ᠢ ᠨᠠᠩ ᠣᠯᠠᠨ ᠬᠥᠮᠦᠰ ᠲᠤ ᠲᠠᠨᠢᠭᠤᠯᠵᠤ᠂ ᠲᠤᠬᠠᠶ ᠶᠢᠨ ᠭᠠᠵᠠᠷ ᠤᠨ ᠠᠷᠠᠳ ᠢᠷᠭᠡᠳ ᠤᠨ ᠠᠵᠤ ᠠᠬᠤᠶ ᠶᠢᠨ ᠣᠷᠣᠯᠭ᠎ᠠ ᠶᠢ  ᠳᠡᠭᠡᠭᠰᠢᠯᠡᠬᠦᠯᠦᠭᠰᠡᠨ ᠪᠠᠶᠢᠨ᠎ᠠ᠃ ︽ᠮᠠᠨ ᠤ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠶᠡᠭᠡ ᠨᠠᠶᠢᠷ ᠢᠶᠠᠷ ᠪᠢ ᠨᠠᠭᠠᠳᠤᠮ ᠤᠨ ᠬᠤᠳᠠᠯᠳᠤᠭᠠᠨ ᠤ ᠵᠡᠭᠡᠯᠢ ᠳᠤ ᠬᠤᠭᠤᠯᠠᠨ ᠭᠡᠷ ᠨᠡᠭᠡᠭᠡᠵᠡᠢ︔ ᠣᠷᠣᠯᠭ᠎ᠠ ᠴᠦ ᠰᠠᠶᠢᠨ᠂ ᠬᠤᠰᠢᠭᠤ ᠵᠠᠰᠠᠭ ᠤᠨ ᠤᠷᠳᠤᠨ ᠠᠴᠠ ᠪᠢᠳᠡᠨ ᠳᠤ ᠬᠤᠭᠤᠯᠠᠨ ᠭᠡᠷ ᠨᠡᠭᠡᠭᠡᠬᠦ ᠭᠠᠵᠠᠷ ᠪᠣᠯᠤᠨ ᠤᠰᠤ ᠴᠠᠬᠢᠯᠭᠠᠨ ᠤ ᠪᠠᠲᠤᠯᠠᠭ᠎ᠠ ᠬᠠᠩᠭᠠᠭᠰᠠᠨ ᠳᠤ ᠲᠠᠯᠠᠷᠬᠠᠵᠤ ᠪᠠᠶᠢᠨ᠎ᠠ︾ ᠭᠡᠵᠦ ᠪᠣᠭᠳᠠ ᠶᠢᠨ ᠭᠤᠣᠯ ᠰᠤᠮᠤᠨ ᠤ ᠮᠠᠯᠴᠢᠨ ᠬᠦᠰᠡᠯᠡᠩᠲᠦ ᠶᠠᠷᠢᠵᠤ ᠪᠠᠶᠢᠯ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号