ᠮᠠᠨ ᠤ ᠣᠷᠣᠨ ᠤ ᠦᠨᠳᠦᠰᠦᠨ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠥᠷᠲᠡᠭᠡ ︵ᠴᠡᠭ︶ 6326 ᠪᠣᠯᠪᠠ
ᠨᠡᠶᠢᠲᠡᠯᠡᠭᠰᠡᠨ ᠴᠠᠭ᠄
2023/8/3
     ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠲᠦᠷᠦᠭᠦᠬᠡᠨ ᠬᠤᠷᠠᠯᠳᠤᠭᠤᠯᠤᠭᠰᠠᠨ ᠪᠦᠭᠦ ᠣᠷᠣᠨ ᠤ ᠦᠨᠳᠦᠰᠦᠨ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠥᠷᠲᠡᠭᠡ ︵ᠴᠡᠭ︶᠎ ᠶᠢᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠶ ᠶᠢᠨ ᠵᠢᠱᠢᠶ᠎ᠡ ᠦᠵᠡᠭᠦᠯᠭᠦ ᠪᠣᠯᠪᠠᠰᠤᠷᠠᠯ ᠤᠨ ᠠᠩᠭᠢ ᠠᠴᠠ ᠣᠶᠢᠯᠠᠭᠠᠭᠰᠠᠨ ᠢᠶᠠᠷ᠂ ᠣᠳᠣᠬᠠᠨ ᠪᠤᠯᠲᠠᠯ᠎ᠠ᠂ ᠮᠠᠨ ᠤ ᠣᠷᠣᠨ ᠨᠢᠭᠡᠨᠲᠡ 1076 ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠎ ᠶᠢᠨ ᠪᠠᠷᠢᠮᠵᠢᠶᠠᠵᠢᠭᠰᠠᠨ ᠦᠨᠳᠦᠰᠦᠨ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠥᠷᠲᠡᠭᠡ ᠪᠠ 5250 ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶᠎ ᠤ ᠦᠨᠳᠦᠰᠦᠨ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠴᠡᠭ ᠢ ᠪᠠᠶᠢᠭᠤᠯᠵᠤ᠂ ᠬᠤᠶᠠᠷ ᠰᠠᠷ᠎ᠠ ᠤᠷᠢᠳᠴᠢᠯᠠᠨ ᠣᠨ ᠤ ᠪᠦᠲᠦᠭᠡᠨ ᠪᠠᠶᠢᠭᠤᠯᠬᠤ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃      ᠣᠶᠢᠯᠠᠭᠠᠭᠰᠠᠨ ᠢᠶᠠᠷ᠂ ᠡᠨᠡ ᠵᠢᠯ ᠮᠠᠨ ᠤ ᠣᠷᠣᠨ ︽ᠥᠪᠥᠷ ᠮᠣᠩᠭᠤᠯ ᠤᠨ 2023 ᠣᠨ ᠤ ᠦᠨᠳᠦᠰᠦᠨ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠥᠷᠲᠡᠭᠡ ︵ᠴᠡᠭ︶᠎ ᠶᠢᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ︾᠎ ᠢ ᠳᠠᠷᠤᠮᠠᠯᠯᠠᠨ ᠲᠠᠷᠬᠠᠭᠠᠵᠤ᠂ ᠡᠮᠴᠢᠯᠡᠭᠡᠨ ᠤ ᠪᠠᠲᠤᠯᠠᠭ᠎ᠠ ᠶᠢᠨ ᠠᠷᠠᠳ ᠲᠤ ᠲᠥᠭᠦᠮ ᠦᠵᠡᠭᠦᠯᠭᠦ ︽15 ᠮᠢᠨᠦ᠋ᠲ ᠤᠨ ᠦᠢᠯᠡᠴᠢᠯᠡᠭᠡᠨ ᠤ ᠲᠣᠭᠤᠷᠢᠭ︾᠎ ᠢ ᠪᠦᠭᠦ ᠬᠦᠴᠦᠨ ᠢᠶᠠᠷ ᠢᠶᠠᠨ ᠪᠠᠶᠢᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡ ᠶᠢ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠂ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ᠂ ᠨᠠᠮ ᠤᠨ ᠭᠡᠰᠢᠭᠦᠨ ᠤ ᠭᠤᠣᠯᠳᠠᠯᠭᠠᠲᠤ ᠡᠷᠦᠭᠡ ᠵᠢᠴᠢ ᠠᠵᠤ ᠠᠬᠤᠶᠢᠯᠠᠯ᠂ ᠰᠤᠷᠭᠠᠭᠤᠯᠢ ᠶᠢᠨ ᠬᠦᠷᠢᠶ᠎ᠡ᠂ ᠪᠠᠩᠬᠢ ᠵᠡᠷᠭᠡ ᠲᠠᠯᠠᠪᠤᠷ ᠭᠠᠵᠠᠷ ᠲᠤ ᠭᠦᠷᠲᠡᠯ᠎ᠡ ᠥᠷᠭᠡᠳᠬᠡᠵᠦ᠂ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾᠎ ᠢ ᠨᠡᠪᠲᠡᠷᠡᠭᠦᠯᠪᠡ᠃ ᠣᠳᠣᠬᠠᠨ ᠪᠤᠯᠲᠠᠯ᠎ᠠ᠂ ᠪᠦᠭᠦ ᠣᠷᠣᠨ ᠤ ᠦᠨᠳᠦᠰᠦᠨ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠥᠷᠲᠡᠭᠡ ᠴᠡᠭ ᠤᠨ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠎ ᠶᠢᠨ ᠪᠦᠷᠬᠦᠴᠡ ᠶᠢᠨ ᠨᠣᠷᠮ᠎ᠠ ᠶᠢ 100%᠎ ᠳᠤ ᠬᠦᠷᠦᠭᠦᠯᠵᠦ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶᠎ ᠤ ᠪᠦᠷᠬᠦᠴᠡ ᠶᠢᠨ ᠨᠣᠷᠮ᠎ᠠ ᠶᠢ 80.43%᠎ ᠳᠤ ᠬᠦᠷᠦᠭᠦᠯᠵᠦ᠂ ᠣᠯᠠᠨ ᠲᠦᠮᠡᠨ ᠳᠤ ᠳᠠᠭᠠᠳᠬᠠᠯ ᠳᠤ ᠣᠷᠤᠯᠴᠠᠬᠤ ᠶᠢ ᠳᠡᠩᠰᠡᠯᠡᠨ ᠲᠡᠮᠳᠡᠭᠯᠡᠬᠦ᠂ ᠣᠨᠳᠣᠣ ᠭᠠᠵᠠᠷ ᠲᠤ ᠡᠮᠨᠡᠭᠦᠯᠦᠭᠰᠡᠨ ᠢ ᠳᠡᠩᠰᠡᠯᠡᠨ ᠲᠡᠮᠳᠡᠭᠯᠡᠬᠦ ᠵᠡᠷᠭᠡ ᠡᠮᠴᠢᠯᠡᠭᠡᠨ ᠤ ᠪᠠᠲᠤᠯᠠᠭ᠎ᠠ ᠶᠢᠨ ᠲᠤᠬᠠᠶᠢᠯᠠᠭᠰᠠᠨ ᠠᠵᠢᠯ ᠢ 107 ᠲᠦᠮᠡᠨ ᠬᠤᠪᠢ ᠭᠦᠢᠴᠡᠳᠬᠡᠵᠦ᠂ ᠣᠯᠠᠨ ᠲᠦᠮᠡᠨ ᠤ ᠡᠮᠴᠢᠯᠡᠭᠡᠨ ᠤ ᠪᠠᠲᠤᠯᠠᠭ᠎ᠠ ᠶᠢᠨ ᠠᠵᠢᠯ ᠶᠠᠪᠤᠳᠠᠯ ᠭᠦᠢᠴᠡᠳᠬᠡᠬᠦ ᠳᠥᠭᠦᠮ ᠳᠥᠲᠡ ᠴᠢᠨᠠᠷ ᠢ ᠳᠡᠭᠡᠭᠰᠢᠯᠡᠭᠦᠯᠪᠡ᠃      ᠲᠠᠷᠠᠭᠠᠴᠢ ᠶᠢᠨ ᠠᠯᠬᠤᠮ ᠳᠤ᠂ ᠪᠦᠭᠦ ᠣᠷᠣᠨ ᠤ ᠡᠯ᠎ᠡ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠠᠵᠢᠯ ᠤᠨ ᠠᠷᠭ᠎ᠠ ᠬᠡᠮᠵᠢᠶ᠎ᠡ ᠪᠠᠨ ᠴᠢᠨᠠᠭᠰᠢᠳᠠ ᠰᠢᠨᠡᠴᠢᠯᠡᠵᠦ᠂ ᠦᠢᠯᠡᠴᠢᠯᠡᠭᠡᠨ ᠤ ᠥᠷᠲᠡᠭᠡ ︵ᠴᠡᠭ︶᠎ ᠶᠢᠨ ᠦᠢᠯᠡᠴᠢᠯᠡᠭᠡᠨ ᠤ ᠬᠡᠪᠴᠢᠶ᠎ᠡ ᠶᠢ ᠥᠷᠭᠡᠳᠬᠡᠬᠦ᠂ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠭᠦ᠂ ᠣᠯᠠᠨ ᠲᠦᠮᠡᠨ ᠤ ᠣᠶᠢᠯᠠᠭᠠᠬᠤ ᠬᠡᠮᠵᠢᠶ᠎ᠡ ᠶᠢ ᠨᠡᠮᠡᠭᠳᠡᠭᠦᠯᠬᠦ ᠳᠡᠭᠡᠷ᠎ᠡ ᠬᠦᠴᠦ ᠲᠠᠯᠪᠢᠵᠤ᠂ ︽ᠨᠢᠭᠡ ᠥᠷᠲᠡᠭᠡ ᠴᠡᠭ ᠢ ᠪᠠᠶᠢᠭᠤᠯᠬᠤ᠂ ᠨᠢᠭᠡ ᠪᠦᠯᠦᠭ ᠲᠤᠰᠬᠠᠢ ᠮᠡᠷᠭᠡᠵᠢᠯᠲᠡᠨ ᠢ ᠬᠥᠮᠥᠵᠢᠭᠦᠯᠬᠦ᠂ ᠨᠢᠭᠡ ᠭᠠᠵᠠᠷ ᠣᠷᠣᠨ ᠤ ᠣᠯᠠᠨ ᠲᠦᠮᠡᠨ ᠳᠤ ᠦᠢᠯᠡᠴᠢᠯᠡᠬᠦ︾ ᠎ ᠪᠠᠷ ᠬᠠᠷᠠᠯᠲᠠ ᠪᠤᠯᠭᠠᠵᠤ᠂ ᠥᠷᠲᠡᠭᠡ ︵ᠴᠡᠭ︶᠎ ᠶᠢᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠦᠨᠡᠨ ᠬᠦ ᠰᠠᠶᠢᠲᠤᠷ ᠪᠠᠳᠠᠷᠠᠭᠤᠯᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ 
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号