ᠮᠠᠨ ᠤ ᠣᠷᠣᠨ ᠨᠢᠭᠡᠳᠦᠯᠲᠡᠢ ᠬᠤᠳᠠᠯᠳᠤᠵᠤ ᠠᠪᠤᠭᠰᠠᠨ ᠡᠮ ᠤᠨ ᠵᠦᠢᠯᠡᠰ ᠢ ᠡᠮ ᠤᠨ ᠳᠡᠯᠭᠡᠭᠦᠷ ᠲᠤ ᠣᠷᠣᠭᠤᠯᠬᠤ ᠲᠤᠷᠰᠢᠯᠲᠠ ᠶᠢᠨ ᠴᠡᠭ ᠤᠨ ᠠᠵᠢᠯ ᠢ ᠡᠬᠢᠯᠡᠭᠦᠯᠦᠯ᠎ᠡ
ᠨᠡᠶᠢᠲᠡᠯᠡᠭᠰᠡᠨ ᠴᠠᠭ᠄
2023/8/3
     ᠲᠦᠷᠦᠭᠦᠬᠡᠨ᠂ ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂  ᠮᠠᠨ ᠤ ᠣᠷᠣᠨ ᠨᠢᠭᠡᠳᠦᠯᠲᠡᠢ ᠬᠤᠳᠠᠯᠳᠤᠵᠤ ᠠᠪᠤᠭᠰᠠᠨ ᠡᠮ ᠤᠨ ᠵᠦᠢᠯᠡᠰ ᠢ ᠡᠮ ᠤᠨ ᠳᠡᠯᠭᠡᠭᠦᠷ ᠲᠤ ᠣᠷᠣᠭᠤᠯᠬᠤ ᠲᠤᠷᠰᠢᠯᠲᠠ ᠶᠢᠨ ᠴᠡᠭ ᠤᠨ ᠠᠵᠢᠯ ᠢ ᠡᠬᠢᠯᠡᠭᠦᠯᠪᠡ᠃     ᠲᠣᠰ ᠤᠳᠠᠭᠠᠨ ᠤ ᠲᠤᠷᠰᠢᠯᠲᠠ ᠶᠢᠨ ᠴᠡᠭ ᠤᠨ ᠠᠵᠢᠯ ᠨᠢ ︽ᠲᠤᠷᠰᠢᠯᠲᠠ ᠶᠢᠨ ᠴᠡᠭ ᠲᠤ ᠤᠷᠢᠳ ᠢᠶᠠᠷ ᠬᠡᠷᠡᠭᠵᠢᠭᠦᠯᠵᠦ᠂ ᠴᠡᠭ ᠢᠶᠠᠷ ᠨᠡᠶᠢᠳᠡᠮ ᠢ ᠳᠠᠶᠢᠴᠢᠯᠠᠨ᠂ ᠪᠦᠬᠦᠯᠢ ᠴᠣᠭᠴᠠ ᠪᠠᠷ ᠠᠬᠢᠭᠤᠯᠬᠤ︾ ᠵᠠᠷᠴᠢᠮ ᠶᠣᠰᠣᠭᠠᠷ᠂ 4  ᠬᠡᠯᠬᠢᠶ᠎ᠡ ᠡᠮ ᠤᠨ ᠳᠡᠯᠭᠡᠭᠦᠷ ᠤᠨ 81 ᠡᠭᠦᠳᠡᠨ ᠳᠡᠯᠭᠡᠭᠦᠷ ᠢ ᠨᠢᠭᠡᠳᠦᠯᠲᠡᠢ ᠬᠤᠳᠠᠯᠳᠤᠨ ᠠᠪᠤᠭᠰᠠᠨ ᠡᠮ ᠤᠨ ᠵᠦᠢᠯᠡᠰ ᠢ ᠤᠷᠤᠭᠤᠯᠬᠤ ᠲᠣᠭᠲᠠᠭᠰᠠᠨ ᠡᠮ ᠤᠨ ᠳᠡᠯᠭᠡᠭᠦᠷ ᠪᠤᠯᠭᠠᠬᠤ ᠪᠠᠷ ᠲᠣᠭᠲᠠᠵᠤ᠂ ᠡᠯ᠎ᠡ ᠨᠢᠭᠡᠳᠦᠯᠲᠡᠢ ᠬᠤᠳᠠᠯᠳᠤᠨ ᠠᠪᠤᠭᠰᠠᠨ ᠡᠮ ᠤᠨ ᠵᠦᠢᠯᠡᠰ ᠢ ᠤᠷᠤᠭᠤᠯᠬᠤ ᠪᠠᠷ ᠲᠣᠭᠲᠠᠭᠰᠠᠨ ᠡᠮ ᠤᠨ ᠳᠡᠯᠭᠡᠭᠦᠷ ᠲᠤ ᠨᠢᠭᠡᠳᠦᠯᠲᠡᠢ ᠬᠤᠳᠠᠯᠳᠤᠨ ᠠᠪᠤᠭᠰᠠᠨ ᠡᠮ ᠤᠨ ᠵᠦᠢᠯᠡᠰ ᠢ ᠪᠣᠷᠣᠯᠠᠭᠤᠯᠬᠤ ᠲᠤᠰᠬᠠᠢ ᠪᠤᠯᠤᠩ ᠭᠠᠷᠭᠠᠵᠤ᠂ ᠵᠢᠷᠦᠬᠡ ᠲᠠᠷᠢᠬᠢ ᠴᠢᠰᠤᠨ ᠰᠤᠳᠠᠯ ᠤᠨ ᠡᠪᠡᠳᠴᠢᠨ᠂ ᠠᠮᠢᠰᠬᠤᠯ ᠤᠨ ᠰᠢᠰᠲ᠋ᠧᠮ ᠤᠨ ᠡᠪᠡᠳᠴᠢᠨ᠂ ᠦᠷᠪᠢᠰᠦᠯ ᠢ ᠳᠠᠷᠤᠵᠤ ᠸᠢᠷᠦ᠋ᠰ ᠢ ᠡᠰᠡᠷᠭᠦᠴᠡᠬᠦ ᠵᠡᠷᠭᠡ 12 ᠲᠥᠷᠥᠯ ᠤᠨ 46 ᠵᠦᠢᠯ ᠤᠨ ᠨᠢᠭᠡᠳᠦᠯᠲᠡᠢ ᠬᠤᠳᠠᠯᠳᠤᠨ ᠠᠪᠤᠭᠰᠠᠨ ᠡᠮ ᠳᠤ ᠬᠤᠯᠪᠣᠭᠳᠠᠵᠠᠢ᠃      ᠨᠢᠭᠡᠳᠦᠯᠲᠡᠢ ᠬᠤᠳᠠᠯᠳᠤᠨ ᠠᠪᠤᠭᠰᠠᠨ ᠡᠮ ᠢ ᠤᠷᠤᠭᠤᠯᠬᠤ ᠪᠠᠷ ᠲᠣᠭᠲᠠᠭᠰᠠᠨ ᠡᠮ ᠤᠨ ᠳᠡᠯᠭᠡᠭᠦᠷ ᠤᠨ ᠡᠭᠦᠳᠡᠨ ᠳᠤ ᠨᠢᠭᠡᠳᠦᠯᠲᠡᠢ ᠲᠡᠮᠳᠡᠭ ᠫᠠᠶᠢᠰᠠ ᠡᠯᠭᠦᠵᠦ᠂ ᠨᠢᠭᠡᠳᠦᠯᠲᠡᠢ ᠬᠤᠳᠠᠯᠳᠤᠨ ᠠᠪᠤᠭᠰᠠᠨ ᠡᠮ ᠤᠨ ᠵᠦᠢᠯᠡᠰ ᠢ ᠪᠣᠷᠣᠯᠠᠭᠤᠯᠬᠤ ᠲᠤᠰᠬᠠᠢ ᠪᠤᠯᠤᠩ ᠭᠠᠷᠭᠠᠵᠤ᠂ ᠨᠢᠭᠡᠳᠦᠯᠲᠡᠢ ᠬᠤᠳᠠᠯᠳᠤᠨ ᠠᠪᠤᠭᠰᠠᠨ ᠡᠮ ᠤᠨ ᠵᠦᠢᠯᠡᠰ ᠤᠨ ᠨᠡᠷᠡᠶᠢᠳᠦᠯ᠂ ᠪᠣᠷᠤᠯᠠᠭᠤᠯᠭ᠎ᠠ ᠶᠢᠨ ᠦᠨ᠎ᠡ ᠬᠠᠩᠰᠢ ᠵᠡᠷᠭᠡ ᠮᠡᠳᠡᠭᠡ ᠵᠠᠩᠭᠢ ᠶᠢ ᠪᠦᠭᠦ ᠲᠠᠯ᠎ᠠ ᠪᠠᠷ ᠨᠡᠶᠢᠲᠡᠯᠡᠵᠦ᠂ ᠨᠢᠭᠡᠳᠦᠯᠲᠡᠢ ᠬᠤᠳᠠᠯᠳᠤᠨ ᠠᠪᠤᠭᠰᠠᠨ ᠡᠮ ᠤᠨ ᠵᠦᠢᠯᠡᠰ ᠢ ᠡᠮ ᠤᠨ ᠳᠡᠯᠭᠡᠭᠦᠷ ᠲᠤ ᠨᠢᠭᠡᠳᠦᠯᠲᠡᠢ ᠬᠤᠳᠠᠯᠳᠤᠨ ᠠᠪᠤᠭᠰᠠᠨ ᠦᠨ᠎ᠡ ᠪᠠᠷ ᠨᠢ ᠪᠣᠷᠣᠯᠠᠭᠤᠯᠬᠤ ᠶᠢ ᠦᠨᠡᠨ ᠬᠦ ᠪᠠᠲᠤᠯᠠᠨ᠎ᠠ᠃ ᠮᠠᠨ ᠤ ᠣᠷᠣᠨ ᠲᠤᠷᠰᠢᠯᠲᠠ ᠶᠢᠨ ᠴᠡᠭ ᠤᠨ ᠠᠵᠢᠯ ᠤᠨ ᠰᠠᠭᠤᠷᠢᠨ ᠳᠡᠭᠡᠷ᠎ᠡ ᠲᠤᠷᠰᠢᠯᠭ᠎ᠠ ᠪᠠᠨ ᠳ᠋ᠦᠩᠨᠡᠵᠦ᠂ ᠨᠥᠬᠦᠴᠡᠯ ᠳᠤ ᠨᠡᠶᠢᠴᠡᠬᠦ ᠡᠮ ᠤᠨ ᠳᠡᠯᠭᠡᠭᠦᠷ ᠢ ᠠᠯᠬᠤᠮ ᠠᠯᠬᠤᠮ ᠢᠶᠠᠷ ᠬᠠᠮᠤᠷᠤᠨ ᠣᠷᠣᠭᠤᠯᠵᠤ᠂ ᠡᠪᠡᠳᠴᠢᠲᠡᠨ ᠤ ᠣᠶᠢᠷ᠎ᠠ ᠬᠠᠪᠢ ᠠᠴᠠ ᠪᠠᠨ ᠬᠢᠮᠳᠠ ᠦᠨ᠎ᠡ ᠪᠠᠷ ᠡᠮ ᠬᠤᠳᠠᠯᠳᠤᠨ ᠠᠪᠬᠤ ᠬᠡᠷᠡᠭᠴᠡᠭᠡ ᠶᠢ ᠬᠠᠩᠭᠠᠨ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠨᠠᠩ ᠣᠯᠠᠨ ᠬᠥᠮᠥᠰ ᠲᠤ ᠡᠳ᠋ᠯᠡᠭᠦᠯᠵᠦ᠂ ᠠᠷᠠᠳ ᠣᠯᠠᠨ ᠤ  ᠵᠢᠷᠭᠠᠯᠲᠤ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠪᠣᠯᠣᠨ᠎ᠠ᠃ 
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号