ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠄ ᠡᠮᠴᠢᠯᠡᠭᠡᠨ ᠤ ᠲᠤᠰᠬᠠᠢ ᠰᠠᠯᠠᠭᠠᠨ ᠤ ᠴᠢᠳᠠᠪᠤᠷᠢ ᠶᠢᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠨ᠎ᠠ
ᠨᠡᠶᠢᠲᠡᠯᠡᠭᠰᠡᠨ ᠴᠠᠭ᠄
2023/8/3
      ᠰᠤᠷᠪᠤᠯᠵᠢᠯᠠᠬᠴᠢ 17 ᠤ ᠡᠳᠦᠷ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠣᠶᠢᠯᠠᠭᠠᠭᠰᠠᠨ ᠢᠶᠠᠷ᠂ ᠡᠮᠴᠢᠯᠡᠭᠡᠨ ᠤ ᠲᠤᠰᠬᠠᠢ ᠰᠠᠯᠠᠭᠠᠨ ᠤ ᠴᠢᠳᠠᠪᠤᠷᠢ ᠶᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠤᠨ ᠪᠠᠭᠲᠠᠭᠠᠮᠵᠢ ᠶᠢ ᠥᠷᠭᠡᠳᠬᠡᠬᠦ ᠪᠠ ᠣᠷᠣᠨ ᠪᠦᠰᠡ ᠶᠢ ᠲᠡᠩᠴᠡᠭᠦᠷᠢᠲᠡᠢ ᠪᠠᠶᠢᠷᠢᠯᠠᠭᠤᠯᠬᠤ ᠶᠢ ᠠᠬᠢᠭᠤᠯᠬᠤ ᠶᠢᠨ ᠲᠥᠯᠥᠭᠡ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠣᠶᠢᠷ᠎ᠠ ᠳᠤ ︽ᠡᠮᠴᠢᠯᠡᠭᠡᠨ ᠤ ᠲᠤᠰᠬᠠᠢ ᠰᠠᠯᠠᠭᠠᠨ ᠤ ᠴᠢᠳᠠᠪᠤᠷᠢ ᠶᠢᠨ ᠪᠠᠶᠢᠭᠤᠯᠤᠯᠲᠠ ᠶᠢ ᠠᠬᠢᠭᠤᠯᠬᠤ ᠲᠤᠬᠠᠢ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠵᠢᠯᠤᠭᠤᠳᠬᠤ ᠰᠠᠨᠠᠯ︾ ᠢ ᠳᠠᠷᠤᠮᠠᠯᠯᠠᠨ ᠲᠠᠷᠬᠠᠭᠠᠵᠤ᠂ ᠡᠮᠴᠢᠯᠡᠭᠡᠨ ᠤ ᠲᠤᠰᠬᠠᠢ ᠰᠠᠯᠠᠭᠠᠨ ᠤ ᠴᠢᠳᠠᠪᠤᠷᠢ ᠶᠢᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ ᠮᠠᠨ ᠤ ᠤᠯᠤᠰ ᠤᠨ ᠡᠮᠴᠢᠯᠡᠭᠡᠨ ᠤ ᠲᠤᠰᠬᠠᠢ ᠰᠠᠯᠠᠭᠠᠨ ᠤ ᠪᠠᠶᠢᠭᠤᠯᠤᠯᠲᠠ ᠶᠢᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠠᠶᠢᠭᠤᠯᠵᠤ᠂ ᠡᠮᠴᠢᠯᠡᠭᠡᠨ ᠤ ᠲᠤᠰᠬᠠᠢ ᠰᠠᠯᠠᠭᠠᠨ ᠤ ᠦᠢᠯᠡᠴᠢᠯᠡᠭᠡᠨ ᠤ ᠴᠢᠳᠠᠪᠤᠷᠢ ᠪᠠ ᠶᠠᠰᠤ ᠴᠢᠨᠠᠷ ᠠᠮᠤᠷ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ ᠭᠡᠵᠦ ᠱᠠᠭᠠᠷᠳᠠᠪᠠ᠃      ᠡᠮᠴᠢᠯᠡᠭᠡᠨ ᠤ ᠲᠤᠰᠬᠠᠢ ᠰᠠᠯᠠᠭᠠᠨ ᠤ ᠴᠢᠳᠠᠪᠤᠷᠢ ᠶᠢᠨ ᠪᠠᠶᠢᠭᠤᠯᠤᠯᠲᠠ ᠪᠣᠯ ᠡᠮᠨᠡᠯᠭᠡ ᠶᠢᠨ ᠬᠤᠷᠢᠶᠠᠨ ᠤ ᠪᠠᠶᠢᠭᠤᠯᠤᠯᠲᠠ ᠬᠥᠭᠵᠢᠯᠲᠡ ᠶᠢᠨ ᠦᠨᠳᠦᠰᠦᠨ ᠡᠭᠦᠷᠭᠡ ᠮᠥᠨ᠂ ᠡᠮᠴᠢᠯᠡᠭᠡᠨ ᠤ ᠪᠠᠶᠢᠭᠤᠯᠤᠮᠵᠢ ᠶᠢᠨ ᠡᠪᠡᠳᠴᠢᠲᠡᠨ ᠳᠤ ᠦᠢᠯᠡᠴᠢᠯᠡᠬᠦ ᠴᠢᠬᠤᠯᠠ ᠰᠠᠭᠤᠷᠢ ᠮᠥᠨ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠬᠤ ᠴᠢᠬᠤᠯᠠ ᠠᠭᠤᠯᠭ᠎ᠠ ᠮᠥᠨ᠂ ᠡᠨᠡ ᠨᠢ ᠴᠢᠨᠠᠷ ᠰᠠᠶᠢᠲᠠᠢ ᠥᠨᠳᠥᠷ ᠪᠦᠲᠦᠮᠵᠢᠲᠡᠶ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ ᠪᠠ ᠠᠷᠠᠳ ᠲᠦᠮᠡᠨ ᠤ ᠡᠷᠡᠭᠦᠯ ᠮᠡᠨᠳᠦ ᠶᠢ ᠪᠠᠲᠤᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃      ᠵᠢᠯᠤᠭᠤᠳᠬᠤ ᠰᠠᠨᠠᠯ ᠳᠤ ᠡᠯ᠎ᠡ ᠭᠠᠵᠠᠷ ᠤᠨ ᠡᠮᠴᠢᠯᠡᠭᠡᠨ ᠤ ᠲᠤᠰᠬᠠᠢ ᠰᠠᠯᠠᠭᠠᠨ ᠤ ᠴᠢᠳᠠᠪᠤᠷᠢ ᠶᠢᠨ ᠪᠠᠶᠢᠭᠤᠯᠤᠯᠲᠠ ᠶᠢᠨ ᠳᠦᠷᠢᠮ ᠪᠠ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢ ᠤᠯᠠᠮ ᠴᠢᠨᠠᠭᠰᠢᠳᠠ ᠴᠢᠩᠭᠠᠳᠬᠠᠵᠤ᠂ ᠲᠣᠭᠲᠠᠪᠤᠷᠢᠲᠠᠢ ᠣᠷᠣᠭᠤᠯᠤᠯᠲᠠ ᠶᠢᠨ ᠲᠣᠭᠲᠠᠴᠠ ᠪᠠ ᠭᠠᠷᠭᠠᠯᠲᠠ ᠶᠢ ᠬᠢᠨᠠᠨ ᠰᠢᠯᠭᠠᠵᠤ ᠦᠨᠡᠯᠡᠬᠦ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠲᠤᠰᠬᠠᠢ ᠰᠠᠯᠠᠭᠠᠨ ᠤ ᠵᠣᠬᠢᠶᠠᠨ ᠪᠠᠶᠢᠭᠤᠯᠤᠯᠲᠠ ᠶᠢᠨ ᠭᠡᠯᠪᠡᠷᠢ ᠶᠢ ᠰᠢᠯᠢᠳᠡᠭᠵᠢᠭᠦᠯᠬᠦ᠂ ᠬᠠᠮᠢᠶᠠᠷᠤᠯᠲᠠ ᠶᠢᠨ ᠠᠵᠢᠯᠯᠠᠭᠠᠨ ᠤ ᠲᠣᠭᠲᠠᠴᠠ ᠶᠢ ᠲᠡᠭᠦᠯᠳᠡᠷᠵᠢᠭᠦᠯᠬᠦ᠂ ᠴᠢᠳᠠᠪᠤᠷᠢᠲᠠᠨ ᠤ ᠡᠩᠨᠡᠭᠡ ᠶᠢ ᠬᠥᠮᠥᠵᠢᠭᠦᠯᠬᠦ ᠶᠢ ᠴᠢᠩᠭᠠᠳᠬᠠᠬᠤ᠂ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠬᠤ᠂ ᠡᠮᠴᠢᠯᠡᠭᠡᠨ ᠤ ᠶᠠᠰᠤ ᠴᠢᠨᠠᠷ ᠤᠨ ᠠᠮᠤᠷ ᠲᠦᠪᠰᠢᠨ ᠢ ᠳᠡᠭᠡᠭᠰᠢᠯᠡᠭᠦᠯᠭᠦ ᠪᠠᠷ ᠭᠤᠣᠯᠳᠠᠯᠭ᠎ᠠ ᠪᠤᠯᠭᠠᠵᠤ᠂ ᠮᠠᠨ ᠤ ᠤᠯᠤᠰ ᠤᠨ ᠡᠮᠴᠢᠯᠡᠭᠡᠨ ᠤ ᠲᠤᠰᠬᠠᠢ ᠰᠠᠯᠠᠭᠠᠨ ᠤ ᠴᠢᠳᠠᠪᠤᠷᠢ ᠶᠢᠨ ᠦᠷᠭᠦᠯᠵᠢᠯᠡᠨ ᠳᠡᠭᠡᠭᠰᠢᠯᠡᠬᠦ ᠶᠢ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃      ᠵᠢᠯᠤᠭᠤᠳᠬᠤ ᠰᠠᠨᠠᠯ ᠳᠤ ᠨᠡᠶᠢᠲᠡ 13 ᠵᠤᠷᠪᠤᠰ ᠪᠣᠳᠠᠲᠠᠢ ᠠᠷᠭ᠎ᠠ ᠬᠡᠮᠵᠢᠶ᠎ᠡ ᠳᠤᠷᠠᠳᠴᠤ᠂ ᠡᠭᠦᠨ ᠳᠤ᠂ ᠬᠤᠶᠠᠳᠤᠭᠠᠷ ᠳᠡᠰ ᠠᠴᠠ ᠳᠡᠭᠡᠭᠰᠢᠬᠢ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠨᠢ ᠳᠣᠲᠣᠷ ᠰᠠᠯᠠᠭ᠎ᠠ᠂ ᠭᠠᠳᠠᠷ ᠰᠠᠯᠠᠭ᠎ᠠ᠂ ᠬᠥᠩᠭᠡᠵᠢᠭᠦᠯᠬᠦ ᠰᠠᠯᠠᠭ᠎ᠠ᠂ ᠬᠡᠦᠬᠡᠳ ᠤᠨ ᠰᠠᠯᠠᠭ᠎ᠠ᠂ ᠲᠦᠷᠭᠡᠨ ᠡᠮᠴᠢᠯᠡᠭᠡ᠂ ᠮᠡᠳᠡᠷᠡᠯ ᠤᠨ ᠰᠠᠯᠠᠭ᠎ᠠ ᠵᠡᠷᠭᠡ ᠠᠷᠠᠳ ᠣᠯᠠᠨ ᠤ ᠡᠪᠡᠳᠴᠢᠨ ᠦᠵᠡᠭᠦᠯᠭᠦ ᠬᠡᠷᠡᠭᠴᠡᠭᠡ ᠪᠠᠷ ᠥᠨᠳᠥᠷ᠂ ᠡᠪᠡᠳᠴᠢᠨ ᠦᠵᠡᠭᠦᠯᠭᠦ ᠬᠡᠮᠵᠢᠶ᠎ᠡ ᠪᠠᠷ ᠶᠡᠭᠡ ᠰᠠᠭᠤᠷᠢ ᠰᠢᠨᠵᠢᠯᠡᠭᠡᠨ ᠤ ᠰᠠᠯᠠᠭ᠎ᠠ ᠶᠢᠨ ᠦᠢᠯᠡᠴᠢᠯᠡᠭᠡᠨ ᠤ ᠴᠢᠳᠠᠪᠤᠷᠢ ᠪᠠᠨ ᠪᠦᠭᠦ ᠲᠠᠯ᠎ᠠ ᠪᠠᠷ ᠳᠡᠭᠡᠭᠰᠢᠯᠡᠭᠦᠯᠵᠦ᠂ ᠠᠷᠠᠳ ᠣᠯᠠᠨ ᠤ ᠡᠪᠡᠳᠴᠢᠨ ᠦᠵᠡᠭᠦᠯᠵᠦ ᠡᠮᠨᠡᠭᠦᠯᠭᠦ ᠦᠨᠳᠦᠰᠦᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠭᠡᠷᠡᠭᠲᠡᠢ; ᠮᠢᠨᠴᠦᠭᠦᠷᠡᠭᠦᠯᠬᠦ᠂ ᠵᠢᠷᠤᠭ ᠳᠦᠷᠰᠦ ᠪᠠᠷ ᠲᠣᠳᠣᠯᠠᠬᠤ᠂ ᠰᠢᠯᠭᠠᠨ ᠪᠠᠶᠢᠴᠠᠭᠠᠬᠤ᠂ ᠬᠦᠨᠳᠦ ᠡᠪᠡᠳᠴᠢᠨ᠂ ᠡᠪᠡᠳᠴᠢᠨ ᠤ ᠵᠦᠢ ᠵᠡᠷᠭᠡ ᠲᠠᠪᠴᠠᠩᠳᠤ ᠰᠢᠨᠵᠢᠯᠡᠭᠡᠨ ᠤ ᠰᠠᠯᠠᠭ᠎ᠠ ᠶᠢᠨ ᠲᠤᠰᠬᠠᠢ ᠮᠡᠷᠭᠡᠵᠢᠯ ᠤᠨ ᠲᠦᠪᠰᠢᠨ ᠢ ᠴᠢᠩᠭᠠᠷᠠᠭᠤᠯᠵᠤ᠂ ᠲᠠᠪᠴᠠᠩᠳᠤ ᠰᠢᠨᠵᠢᠯᠡᠭᠡᠨ ᠤ ᠰᠠᠯᠠᠭ᠎ᠠ ᠶᠢᠨ ᠡᠮᠴᠢᠯᠡᠭᠡᠨ ᠤ ᠦᠢᠯᠡᠴᠢᠯᠡᠭᠡ ᠶᠢᠨ ᠲᠤᠯᠭᠠᠭᠤᠷᠢᠯᠠᠬᠤ ᠦᠢᠯᠡᠳᠦᠯ ᠢ ᠳᠡᠭᠡᠭᠰᠢᠯᠡᠭᠦᠯᠦᠨ᠎ᠡ᠃ ᠡᠭᠦᠨ ᠤ ᠬᠠᠮᠲᠤ᠂ ᠳᠠᠪᠠᠭᠤᠯᠢᠭ ᠲᠤᠰᠬᠠᠢ ᠰᠠᠯᠠᠭ᠎ᠠ ᠪᠣᠯᠣᠨ ᠣᠨᠴᠠᠯᠢᠭᠲᠤ ᠲᠤᠰᠬᠠᠢ ᠰᠠᠯᠠᠭ᠎ᠠ ᠶᠢ ᠲᠥᠯᠥᠪᠵᠢᠭᠦᠯᠦᠨ ᠪᠠᠶᠢᠭᠤᠯᠵᠤ᠂ ᠤᠯᠠᠨ ᠰᠢᠨᠵᠢᠯᠡᠭᠡᠨ ᠤ ᠰᠠᠯᠠᠭ᠎ᠠ ᠶᠢ ᠠᠭᠤᠰᠤᠯᠴᠠᠭᠤᠯᠵᠤ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠵᠤ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠵᠡᠷᠭᠡ ᠶᠢ ᠳᠡᠮᠵᠢᠬᠦ ᠬᠡᠷᠡᠭᠲᠡᠢ ᠭᠡᠵᠦ ᠲᠣᠳᠣᠷᠬᠠᠶᠢᠯᠠᠪᠠ᠃     ᠵᠢᠯᠤᠭᠤᠳᠬᠤ ᠰᠠᠨᠠᠯ ᠢ ᠦᠨᠳᠦᠰᠦᠯᠡᠪᠡᠯ᠂ 2025 ᠣᠨ ᠤ ᠡᠴᠦᠰ ᠪᠤᠯᠬᠤ ᠳᠤ᠂ ᠰᠠᠭᠤᠷᠢ ᠲᠤᠰᠬᠠᠢ ᠰᠠᠯᠠᠭ᠎ᠠ ᠪᠠ ᠲᠠᠪᠴᠠᠩᠳᠤ ᠲᠤᠰᠬᠠᠢ ᠰᠠᠯᠠᠭ᠎ᠠ ᠶᠢᠨ ᠴᠢᠳᠠᠪᠤᠷᠢ ᠶᠢᠨ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠡᠪᠡᠳᠴᠢᠨ ᠡᠭᠦᠰᠬᠦ ᠨᠣᠷᠮ᠎ᠠ ᠪᠠᠷ ᠥᠨᠳᠥᠷ ᠮᠥᠷᠲᠡᠭᠡᠨ ᠠᠷᠠᠳ ᠣᠯᠠᠨ ᠤ ᠡᠷᠡᠭᠦᠯ ᠮᠡᠨᠳᠦ ᠳᠤ ᠬᠦᠨᠳᠦ ᠨᠣᠴᠢᠲᠠᠢ ᠬᠤᠣᠷ ᠬᠥᠨᠥᠭᠡᠯ ᠤᠴᠠᠷᠠᠭᠤᠯᠬᠤ ᠬᠡᠰᠡᠭ ᠬᠦᠨᠳᠦ ᠶᠡᠭᠡ ᠲᠤᠰᠬᠠᠢ ᠡᠪᠡᠳᠴᠢᠨ ᠤ ᠣᠨᠣᠰᠢᠯᠠᠨ ᠡᠮᠨᠡᠬᠦ ᠵᠠᠭᠪᠤᠷ ᠪᠠ ᠰᠢᠨᠵᠢᠯᠡᠭᠡᠨ ᠤ ᠰᠠᠯᠠᠭ᠎ᠠ ᠶᠢᠨ ᠵᠣᠬᠢᠶᠠᠨ ᠪᠠᠶᠢᠭᠤᠯᠬᠤ ᠭᠡᠯᠪᠡᠷᠢ ᠶᠢᠨ ᠲᠠᠯ᠎ᠠ ᠪᠠᠷ ᠰᠢᠨ᠎ᠡ ᠶᠢ ᠡᠭᠦᠳᠬᠦ ᠴᠢᠨᠠᠷᠲᠠᠢ ᠰᠢᠪᠲᠤᠯᠤᠯᠲᠠ ᠲᠠᠢ ᠪᠤᠯᠭᠠᠵᠤ᠂ ᠨᠢᠭᠡ ᠪᠦᠯᠦᠭ ᠣᠨᠴᠠᠯᠢᠭᠲᠤ ᠡᠮᠴᠢᠯᠡᠭᠡᠨ ᠤ ᠲᠤᠰᠬᠠᠢ ᠰᠠᠯᠠᠭ᠎ᠠ ᠶᠢ ᠪᠠᠶᠢᠭᠤᠯᠵᠤ᠂ ᠡᠪᠡᠳᠴᠢᠲᠡᠨ ᠳᠤ ᠨᠢᠭᠡ ᠥᠷᠲᠡᠭᠡ ᠮᠠᠶ᠋ᠢᠭ ᠤᠨ᠂ ᠪᠦᠭᠦ ᠴᠤᠪᠤᠷᠠᠯ ᠤᠨ ᠣᠨᠣᠰᠢᠯᠠᠨ ᠡᠮᠨᠡᠬᠦ ᠦᠢᠯᠡᠴᠢᠯᠡᠭᠡ ᠬᠠᠩᠭᠠᠨ᠎ᠠ᠃2030 ᠣᠨ ᠪᠤᠯᠬᠤ ᠳᠤ᠂ ᠬᠤᠲᠠ ᠪᠠᠷ ᠨᠢᠭᠡᠴᠢ ᠪᠤᠯᠭᠠᠬᠤ ᠶᠢ ᠪᠡᠶᠡᠯᠡᠭᠦᠯᠵᠦ᠂ ᠠᠷᠠᠳ ᠣᠯᠠᠨ ᠤ ᠡᠷᠡᠭᠦᠯ ᠮᠡᠨᠳᠦ ᠶᠢ ᠨᠥᠯᠥᠭᠡᠯᠡᠬᠦ ᠬᠦᠨᠳᠦ ᠶᠡᠭᠡ ᠡᠪᠡᠳᠴᠢᠨ ᠳᠤ ᠴᠥᠮ ᠳᠠᠪᠠᠭᠤᠯᠢᠭ ᠲᠤᠰᠬᠠᠢ ᠰᠠᠯᠠᠭ᠎ᠠ ᠲᠠᠢ ᠪᠤᠯᠭᠠᠨ᠎ᠠ; ᠮᠤᠵᠢ ᠶᠢᠨ ᠬᠡᠪᠴᠢᠶᠡᠨ ᠳᠤ ᠰᠢᠰᠲ᠋ᠧᠮ ᠨᠢ ᠦᠷᠭᠦᠯᠵᠢᠯᠡᠭᠰᠡᠨ᠂ ᠣᠨᠴᠠᠯᠢᠭ ᠨᠢ ᠢᠯᠡ ᠲᠣᠳᠣ᠂ ᠰᠢᠨᠵᠢᠯᠡᠭᠡᠨ ᠤ ᠰᠠᠯᠠᠭ᠎ᠠ ᠨᠢ ᠠᠭᠤᠰᠤᠯᠴᠠᠭᠰᠠᠨ᠂ ᠴᠢᠨᠠᠷ ᠰᠠᠶᠢᠲᠠᠢ ᠥᠨᠳᠥᠷ ᠪᠦᠲᠦᠮᠵᠢᠲᠡᠶ ᠥᠨᠳᠥᠷ ᠲᠦᠪᠰᠢᠨ ᠪᠦᠬᠦᠢ ᠡᠮᠴᠢᠯᠡᠭᠡᠨ ᠤ ᠲᠤᠰᠬᠠᠢ ᠰᠠᠯᠠᠭᠠᠨ ᠤ ᠪᠦᠯᠦᠭᠵᠢᠯ ᠢ ᠦᠨᠳᠦᠰᠦᠨ ᠳᠡᠭᠡᠨ ᠪᠠᠶᠢᠭᠤᠯᠵᠤ᠂ ᠡᠮᠴᠢᠯᠡᠭᠡᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠪᠠ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠶᠢ ᠢᠯᠡᠳᠲᠡ ᠳᠡᠭᠡᠭᠰᠢᠯᠡᠭᠦᠯᠵᠦ᠂ ᠬᠦᠨᠳᠦ ᠡᠪᠡᠳᠴᠢᠨ ᠢ ᠮᠤᠵᠢ ᠠᠴᠠ ᠭᠠᠷᠬᠤ ᠦᠭᠡᠢ ᠪᠠᠷ ᠡᠮᠨᠡᠵᠦ ᠳᠡᠶᠢᠯᠭᠦ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ 
 
ᠢᠷᠡᠯᠲᠡ᠄ ᠰᠢᠨᠬᠤᠸᠠ ᠬᠤᠷᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号