ᠲᠦᠷᠭᠡᠨ ᠬᠦᠷᠭᠡᠯᠲᠡ ᠶᠢᠨ ᠲᠥᠯᠥᠪᠦᠷᠢ ᠥᠭᠬᠦ ︽ᠰᠠᠶᠢᠨ ᠶᠠᠪᠤᠳᠠᠯ︾ ᠳᠤ ᠰᠣᠨᠣᠷ ᠰᠡᠷᠡᠮᠵᠢ ᠲᠠᠢ ᠪᠠᠶᠢᠭᠠᠷᠠᠢ︕
ᠨᠡᠶᠢᠲᠡᠯᠡᠭᠰᠡᠨ ᠴᠠᠭ᠄
2023/8/3
     ᠲᠦᠷᠭᠡᠨ ᠬᠦᠷᠭᠡᠯᠲᠡ ᠴᠢᠨᠢ ᠰᠢᠨ᠎ᠡ ᠲᠢᠲᠢᠮᠯᠢᠭ ᠸᠢᠷᠦ᠋ᠰ ᠤᠨ ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠵᠦ᠂ ᠰᠢᠲᠠᠭᠠᠬᠤ ᠴᠢᠬᠤᠯᠠᠲᠠᠢ ᠲᠤᠯᠠ ᠲᠥᠯᠥᠪᠦᠷᠢ ᠥᠭᠭᠦᠨ᠎ᠡ ᠭᠡᠳᠡᠭ ᠢ ᠲᠠ ᠢᠲᠡᠭᠡᠨ᠎ᠡ ᠦᠦ︖ ᠡᠶᠢᠮᠦ ︽ᠰᠠᠶᠢᠨ ᠶᠠᠪᠤᠳᠠᠯ︾ ᠲᠣᠬᠢᠶᠠᠯᠳᠤᠪᠠᠯ ᠵᠠᠪᠠᠯ ᠰᠣᠨᠣᠷ ᠰᠡᠷᠡᠮᠵᠢ ᠲᠠᠢ ᠪᠠᠶᠢᠭᠠᠷᠠᠢ︕    ᠣᠶᠢᠷ᠎ᠠ ᠳᠤ᠂ ᠸᠠᠩ ᠠᠪᠠᠭ᠋ᠠᠢ ᠲᠦᠷᠭᠡᠨ ᠬᠦᠷᠭᠡᠯᠲᠡ ᠶᠢᠨ ᠺᠤᠮᠫᠠᠨᠢ ᠶᠢᠨ ᠤᠲᠠᠰᠤ ᠶᠢ ᠲᠤᠰᠴᠤ᠂ ᠨᠥᠭᠦᠭᠡ ᠡᠲᠡᠭᠡᠳ ᠨᠢ ᠸᠠᠩ ᠠᠪᠠᠭ᠋ᠠᠢ ᠶᠢᠨ ᠲᠦᠷᠭᠡᠨ ᠬᠦᠷᠭᠡᠯᠲᠡ ᠨᠢ ᠰᠢᠨ᠎ᠡ ᠲᠢᠲᠢᠮᠯᠢᠭ ᠸᠢᠷᠦ᠋ᠰ ᠤᠨ ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠵᠦ᠂ ᠲᠦᠷᠭᠡᠨ ᠬᠦᠷᠭᠡᠯᠲᠡ ᠶᠢ ᠨᠢ ᠭᠠᠯᠳᠠᠬᠤ ᠪᠣᠯᠤᠭᠰᠠᠨ ᠠᠴᠠ ᠲᠡᠭᠦᠨ ᠳᠤ ᠲᠥᠯᠥᠪᠦᠷᠢ ᠥᠭᠭᠦᠨ᠎ᠡ ᠭᠡᠵᠦ ᠮᠡᠳᠡᠭᠳᠡᠪᠡ᠃ ᠸᠠᠩ ᠠᠪᠠᠭ᠋ᠠᠢ ᠡᠭᠦᠨ ᠢ ᠰᠣᠨᠣᠰᠤᠮᠠᠭᠴᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠢ ᠬᠤᠯᠪᠣᠭᠳᠠᠭᠰᠠᠨ ᠪᠣᠯᠬᠤᠷ ᠥᠴᠥᠬᠡᠨ ᠴᠦ ᠲᠠᠲᠠᠭᠠᠯᠵᠠᠯ ᠦᠭᠡᠢ ᠪᠠᠷ ᠵᠣᠭᠤᠰ ᠢᠶᠠᠨ ᠪᠤᠴᠠᠭᠠᠵᠤ ᠠᠪᠬᠤ ᠪᠠᠷ ᠪᠣᠯᠪᠠ᠃     ᠸᠠᠩ ᠠᠪᠠᠭ᠋ᠠᠢ ᠨᠦᠭᠦᠭᠡ ᠡᠲᠡᠭᠡᠳ ᠤᠨ ᠬᠡᠯᠡᠭᠰᠡᠨ ᠶᠣᠰᠣᠭᠠᠷ᠂ ᠲᠡᠳᠡ ᠨᠠᠷ ᠤᠨ ᠶᠠᠪᠤᠭᠤᠯᠤᠭᠰᠠᠨ ᠬᠤᠶᠠᠷ ᠬᠡᠮᠵᠢᠯᠲᠦ ᠺᠣᠳ᠋ ᠢ ᠰᠢᠷᠪᠢᠵᠦ ᠨᠢᠭᠡᠨ ᠵᠥᠭᠡᠯᠡᠨ ᠲᠣᠨᠤᠭ ᠪᠠᠭᠤᠯᠭᠠᠭᠰᠠᠨ ᠤ ᠲᠠᠷᠠᠭ᠎ᠠ ᠥᠪᠡᠷ ᠤᠨ ᠪᠠᠩᠬᠢ ᠶᠢᠨ ᠺᠠᠷᠲ ᠤᠨ ᠨᠣᠮᠧᠷ᠂ ᠰᠢᠯᠭᠠᠨ ᠪᠠᠲᠤᠯᠠᠬᠤ ᠨᠣᠮᠧᠷ ᠵᠢᠴᠢ ᠲᠣᠭᠠᠴᠠᠭ᠎ᠠ ᠬᠢᠬᠦ ᠨᠢᠭᠤᠴᠠ ᠨᠣᠮᠧᠷ ᠢᠶᠠᠨ ᠲᠠᠭᠯᠠᠪᠠ᠃ ᠳᠡᠮᠡᠢ ᠤᠳᠠᠯ ᠦᠭᠡᠢ ᠸᠠᠩ ᠠᠪᠠᠭ᠋ᠠᠢ ᠪᠠᠩᠬᠢ ᠶᠢᠨ ᠣᠬᠤᠷ ᠮᠡᠳᠡᠭᠡ ᠶᠢ ᠲᠤᠰᠴᠤ᠂  ᠪᠠᠩᠬᠢ ᠶᠢᠨ ᠺᠠᠷᠲ ᠤᠨ 49000 ᠲᠥᠭᠦᠷᠢᠭ ᠨᠢ ᠠᠯᠠᠭ᠎ᠠ  ᠪᠣᠯᠤᠭᠰᠠᠨ ᠢ ᠦᠵᠡᠭᠡᠳ᠂ ᠲᠡᠷᠡ ᠰᠠᠶ᠋ᠢ ᠮᠡᠬᠡᠯᠡᠭᠳᠡᠭᠰᠡᠨ ᠢᠶᠠᠨ ᠮᠡᠳᠡᠪᠡ᠃     ᠠᠷᠠᠳ ᠤᠨ ᠴᠠᠭᠳᠠᠭ᠎ᠠ ᠠᠴᠠ᠂ ᠡᠨᠡ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠷ ᠰᠢᠯᠲᠠᠭ ᠪᠤᠯᠭᠠᠬᠰᠠᠨ ᠴᠠᠭᠢᠯᠭᠠᠨ ᠬᠤᠯᠪᠣᠭᠠᠨ ᠤ ᠮᠡᠬᠡᠯᠡᠯ ᠪᠣᠯᠣᠨ᠎ᠠ᠃ ᠡᠯ᠎ᠡ ᠵᠦᠢᠯ ᠤᠨ ᠬᠤᠳᠠᠯᠳᠤᠭᠰᠠᠨ ᠤ ᠳᠠᠷᠠᠭᠠᠬᠢ ᠲᠤᠬᠠᠶᠢᠯᠠᠭᠰᠠᠨ ᠠᠵᠢᠯ ᠢ ᠭᠦᠢᠴᠡᠳᠬᠡᠬᠦ ᠴᠢᠬᠤᠯᠠᠲᠠᠢ ᠪᠣᠯ  ᠠᠯᠪᠠᠨ ᠤ ᠡᠯᠧᠺᠲᠷᠣᠨ ᠬᠤᠳᠠᠯᠳᠤᠭᠠᠨ ᠤ ᠲᠠᠪᠴᠠᠩ  ᠢᠶᠠᠷ ᠭᠦᠢᠴᠡᠳᠬᠡᠵᠦ᠂ ᠲᠠᠨᠢᠯ ᠪᠤᠰᠤ ᠤᠲᠠᠰᠤ ᠶᠢ ᠠᠮᠠᠷᠬᠠᠨ ᠢᠲᠡᠭᠡᠵᠦ ᠪᠤᠯᠬᠤ ᠦᠭᠡᠢ᠂ ︽ᠦᠢᠯᠡᠴᠢᠯᠡᠭᠴᠢ︾ ᠶᠢᠨ ᠢᠷᠡᠭᠦᠯᠦᠭᠰᠡᠨ ᠬᠤᠶᠠᠷ ᠬᠡᠮᠵᠢᠯᠲᠦ ᠺᠣᠳ᠋ ᠢ ᠰᠢᠷᠪᠢᠵᠦ ᠪᠤᠯᠬᠤ ᠦᠭᠡᠢ᠂ ᠰᠢᠯᠭᠠᠨ ᠪᠠᠲᠤᠯᠠᠬᠤ ᠺᠣᠳ᠋ ᠢ ᠵᠠᠳᠠᠷᠠᠭᠤᠯᠵᠤ ᠪᠤᠯᠬᠤ ᠦᠭᠡᠢ᠃ ᠬᠡᠷᠪᠡ ᠠᠵᠠ ᠪᠤᠰᠤ ᠪᠠᠷ ᠮᠡᠬᠡᠯᠡᠭᠳᠡᠭᠰᠡᠨ ᠪᠠᠶᠢᠪᠠᠯ᠂ ᠭᠡᠷᠡᠴᠢ ᠪᠠᠷᠢᠮᠲᠠ ᠴᠤᠭᠯᠠᠭᠤᠯᠬᠤ ᠶᠢᠨ ᠬᠠᠮᠲᠤ ᠪᠦᠭᠦ ᠤᠯᠤᠰ ᠤᠨ ᠮᠡᠬᠡᠯᠡᠯ ᠢ ᠡᠰᠡᠷᠭᠦᠴᠡᠬᠦ ᠬᠠᠯᠠᠮᠰᠢᠯ ᠤᠲᠠᠰᠤ ︽96110︾ ᠳᠤ ᠤᠲᠠᠰᠤᠳᠠᠵᠤ ᠪᠣᠯᠣᠨ᠎ᠠ ᠭᠡᠵᠦ ᠰᠠᠨᠠᠭᠤᠯᠵᠤ ᠪᠤᠢ᠃ 
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号