ᠬᠤᠰᠢᠭᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯᠳᠤᠭᠠᠨ ᠳᠡᠭᠡᠷᠡᠬᠢ ᠶᠠᠷᠢᠶ᠎ᠠ
ᠨᠡᠶᠢᠲᠡᠯᠡᠭᠰᠡᠨ ᠴᠠᠭ᠄
2023/9/7
                    2023 ᠣᠨ ᠤ 5 ᠰᠠᠷ᠎ᠠ ᠶᠢᠨ 23᠎ ᠤ ᠡᠳᠦᠷ                               ᠯᠢ ᠵᠢᠶᠠᠨ ᠴᠢᠶᠠᠩ ᠨᠥᠬᠦᠳ ᠠ᠋᠄       ᠥᠨᠥᠳᠥᠷ᠂ ᠪᠢᠳᠡ ᠬᠤᠰᠢᠭᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯᠳᠤᠭᠠᠨ ᠢ ᠬᠤᠷᠠᠯᠳᠤᠭᠤᠯᠵᠤ᠂ ᠤᠳᠤᠬᠠᠨ ᠤ ᠪᠠᠶᠢᠳᠠᠯ ᠢ ᠵᠠᠳᠠᠯᠤᠨ ᠰᠤᠳᠤᠯᠵᠤ᠂ ᠪᠦᠬᠦ ᠬᠤᠰᠢᠭᠤᠨ ᠤ ︽ᠮᠠᠯ ᠠᠵᠤ ᠠᠬᠤᠢ᠂ ᠮᠠᠯᠵᠢᠬᠤ ᠤᠷᠤᠨ᠂ ᠮᠠᠯᠴᠢᠳ︾᠎ ᠤᠨ ᠠᠵᠢᠯ ᠢ ᠪᠤᠳᠠᠳᠠᠢ ᠪᠠᠶᠢᠷᠢᠯᠠᠭᠤᠯᠵᠤ᠂ ᠡᠯ᠎ᠡ ᠰᠣᠮᠣ ᠪᠠᠯᠭᠠᠰᠤ᠂ ᠭᠠᠴᠠᠭ᠎ᠠ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠢ ᠲᠠᠶᠢᠴᠢᠯᠠᠵᠤ᠂ ᠢᠲᠡᠭᠡᠯ ᠢᠶᠠᠨ ᠬᠥᠪᠴᠢᠯᠡᠨ᠂ ᠵᠤᠭᠰᠤᠯᠲᠠ ᠪᠠᠨ ᠪᠠᠳᠤᠵᠢᠭᠤᠯᠵᠤ᠂ ᠯᠠᠪᠳᠠᠭᠤᠨ ᠠᠵᠢᠯᠯᠠᠨ᠂ ᠰᠢᠨ᠎ᠡ ᠶᠢ ᠡᠷᠢᠯᠬᠢᠯᠡᠵᠦ᠂ ᠮᠠᠨ ᠤ ᠬᠤᠰᠢᠭᠤᠨ ᠤ ︽ᠮᠠᠯ ᠠᠵᠤ ᠠᠬᠤᠢ᠂ ᠮᠠᠯᠵᠢᠬᠤ ᠤᠷᠤᠨ᠂ ᠮᠠᠯᠴᠢᠳ︾᠎ ᠤᠨ ᠠᠵᠢᠯ ᠤᠨ ᠰᠢᠨ᠎ᠡ ᠪᠠᠶᠢᠳᠠᠯ ᠢ ᠪᠤᠢ ᠪᠣᠯᠭᠠᠬᠤ ᠪᠠᠷ ᠴᠢᠷᠮᠠᠶᠢᠨ᠎ᠠ᠃ ᠮᠦᠳᠳᠤ ᠬᠤᠰᠢᠭᠤ ᠨᠠᠮ ᠤᠨ ᠬᠤᠷᠢᠶᠠᠨ ᠤ ᠱᠦᠵᠢ ᠬᠤᠪᠢᠰᠬᠠᠯᠲᠤ ᠨᠦᠬᠦᠷ ᠠᠴᠠ ᠴᠢᠬᠤᠯᠠ ᠶᠠᠷᠢᠶ᠎ᠠ ᠲᠠᠯᠪᠢᠬᠤ ᠪᠤᠯᠤᠨ᠎ᠠ᠂ ᠤᠯᠠᠨ ᠢᠶᠠᠷ ᠢᠶᠠᠨ ᠨᠠᠷᠢᠨ ᠬᠢᠨᠠᠮᠠᠭᠠᠢ ᠰᠤᠷᠤᠯᠴᠠᠵᠤ᠂ ᠬᠤᠷᠠᠯᠳᠤᠭᠠᠨ ᠤ ᠵᠣᠷᠢᠭ ᠰᠠᠨᠠᠭ᠎ᠠ ᠶᠢ ᠰᠠᠶᠢᠲᠤᠷ ᠲᠤᠤᠱᠯᠠᠭᠤᠯᠤᠨ ᠨᠠᠶᠢᠳᠠᠪᠦᠷᠢᠵᠢᠭᠤᠯᠤᠶ᠎ᠠ᠃ ᠳᠣᠣᠷ᠎ᠠ ᠪᠢ ᠳᠦᠷᠪᠡᠨ ᠲᠠᠯ᠎ᠠ ᠪᠠᠷ ᠰᠠᠨᠠᠯ ᠢᠶᠠᠨ ᠶᠠᠷᠢᠶ᠎ᠠ᠃       ᠨᠢᠭᠡ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ ︽ᠮᠠᠯ ᠠᠵᠤ ᠠᠬᠤᠢ᠂ ᠮᠠᠯᠵᠢᠬᠤ ᠤᠷᠤᠨ᠂ ᠮᠠᠯᠴᠢᠳ ︾᠎ ᠤᠨ ᠠᠵᠢᠯ ᠢ ᠰᠠᠶᠢᠲᠤᠷ ᠬᠢᠬᠦ ᠢᠲᠡᠭᠡᠯ ᠵᠣᠷᠢᠭ ᠢᠶᠠᠨ ᠪᠠᠳᠤᠳᠬᠠᠶ᠎ᠠ       2022 ᠣᠨ ᠳᠤ᠂ ᠪᠡᠷᠭᠡ ᠪᠤᠳᠤᠯᠢᠶᠠᠨᠲᠠᠢ ᠠᠵᠤ ᠠᠬᠤᠢ ᠶᠢᠨ ᠪᠠᠶᠢᠳᠠᠯ᠂ ᠢᠯᠠᠩᠭᠤᠶ᠎ᠠ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠬᠦᠨᠳᠦ ᠬᠡᠴᠡᠭᠦᠦ ᠪᠠᠶᠢᠳᠠᠯ ᠤᠨ ᠲᠤᠤᠷ᠎ᠠ᠂ ᠪᠥᠬᠦ ᠬᠤᠰᠢᠭᠤᠨ ᠤ ᠡᠯ᠎ᠡ ᠱᠠᠲᠤᠨ ᠤ ᠬᠢᠨ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠷᠡᠮᠡᠭᠡᠶᠢᠯᠡᠨ ᠲᠡᠮᠡᠴᠡᠵᠦ᠂ ᠡᠷᠡᠯᠭᠡᠭᠯᠡᠨ ᠤᠷᠤᠭᠰᠢᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠵᠢᠯ ᠤᠨ ᠡᠬᠢᠨ ᠳᠤ ᠲᠣᠭᠲᠠᠭᠠᠭᠰᠠᠨ ᠡᠯ᠎ᠡ ᠲᠥᠷᠦᠯ ᠤᠨ ︽ᠮᠠᠯ ᠠᠵᠤ ᠠᠬᠤᠢ᠂ ᠮᠠᠯᠵᠢᠬᠤ ᠤᠷᠤᠨ᠂ ᠮᠠᠯᠴᠢᠳ︾᠎ ᠤᠨ ᠠᠵᠢᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠬᠦᠯᠪᠡ᠃ ᠨᠢᠭᠡ ᠳᠤ᠂ ᠮᠠᠯ ᠠᠵᠤ ᠠᠬᠤᠢ ᠶᠢᠨ ᠬᠥᠭᠵᠢᠯᠲᠡ ᠶᠢᠨ ᠰᠠᠭᠤᠷᠢ ᠤᠯᠠᠮ ᠪᠠᠬᠢᠵᠢᠪᠡ᠃ᠵᠢᠯ ᠤᠨ ᠡᠴᠦᠰ ᠤᠨ ᠮᠠᠯ ᠤᠨ ᠲᠤᠭ᠎ᠠ 34.5 ᠲᠦᠮᠡᠨ ᠲᠤᠯᠤᠭᠠᠢ ᠳᠤ ᠬᠦᠷᠴᠦ᠂ ᠮᠠᠯ ᠤᠨ ᠭᠠᠷᠭᠠᠯᠲᠠ 19.7 ᠲᠦᠮᠡᠨ ᠲᠤᠯᠤᠭᠠᠢ ᠳᠤ ᠬᠦᠷᠪᠡ᠃ 2.6 ᠲᠦᠮᠡᠨ ᠲᠤᠯᠤᠭᠠᠢ ᠦᠬᠡᠷ ᠤᠨ ᠡᠬᠦᠯᠳᠡᠷ ᠢ ᠰᠠᠶᠢᠵᠢᠷᠠᠭᠤᠯᠵᠣ᠂ ᠬᠤᠸᠠ ᠰᠢ ᠦᠬᠡᠷ ᠤᠨ ᠡᠬᠦᠯᠳᠡᠷ ᠤᠨ ᠪᠤᠶᠢᠵᠢᠭᠤᠯᠤᠯᠲᠠ ᠶᠢ ᠲᠤᠭᠲᠠᠭᠠᠬᠤ ᠠᠵᠢᠯ ᠢ ᠪᠡᠶᠡᠯᠡᠬᠦᠯᠵᠦ᠂ ᠰᠢᠮᠧᠨ᠋ᠲᠷ ᠦᠬᠡᠷ ᠤᠨ ᠭᠤᠣᠯᠳᠠᠯᠭᠠᠲᠤ ᠰᠦᠷᠦᠭ 18 ᠪᠣᠯᠪᠠ᠃ ᠴᠠᠬᠠᠷ ᠬᠤᠨᠢᠨ ᠤ ᠭᠤᠣᠯᠳᠠᠯᠭᠠᠲᠤ ᠰᠦᠷᠦᠭ 213 ᠪᠣᠯᠵᠤ᠂ ᠴᠠᠬᠠᠷ ᠬᠤᠨᠢᠨ ᠤ ᠦᠷ᠎ᠡ ᠶᠢᠨ ᠮᠠᠯ ᠤᠨ ᠲᠠᠯᠠᠪᠠᠢ ᠨᠢ ᠥᠪᠡᠷᠲᠡᠭᠡᠨ ᠵᠠᠰᠠᠬᠤ ᠣᠷᠣᠨ ᠤ ᠳᠡᠰ ᠤᠨ ᠭᠤᠣᠯ ᠪᠣᠯᠬᠤ ᠡᠭᠦᠯᠳᠡᠷ ᠪᠣᠶᠢᠵᠢᠭᠤᠯᠬᠤ ᠲᠠᠯᠠᠪᠠᠢ ᠪᠠᠷ ᠨᠤᠲᠠᠯᠠᠨ ᠲᠤᠭᠲᠠᠭᠠᠭᠳᠠᠵᠤ᠂ ᠴᠠᠬᠠᠷ ᠬᠤᠨᠢᠨ ᠤ ᠠᠵᠤ ᠦᠢᠯᠡᠰ ᠤᠨ ᠶᠡᠭᠡ ᠳ᠋ᠠᠶᠢᠲ᠋ᠠ ᠶᠢᠨ ᠬᠠᠮᠢᠶᠠᠷᠤᠯᠲᠠ ᠶᠢᠨ ᠲᠠᠪᠴᠠᠩ ᠤᠨ ᠢᠨᠵᠧᠨᠧᠷᠢᠩ ᠢ ᠪᠠᠶᠢᠭᠤᠯᠵᠤ ᠲᠠᠭᠤᠰᠬᠠᠪᠠ᠃ 1500 ᠮᠦ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠵᠤ ᠂ 1 ᠲᠦᠮᠡᠨ ᠮᠦ ᠮᠣᠷᠢᠨ ᠲᠡᠰᠬᠢ ᠲᠠᠷᠢᠵᠤ ᠪᠤᠶᠢᠵᠢᠭᠤᠯᠬᠤ ᠰᠠᠭᠤᠷᠢᠨ ᠭᠠᠵᠠᠷ ᠪᠠ 50 ᠮᠦ ᠮᠣᠷᠢᠨ ᠲᠡᠰᠬᠢ ᠶᠢᠨ ᠴᠢᠬᠢ ᠪᠤᠶᠢᠵᠢᠭᠤᠯᠬᠤ ᠰᠠᠭᠤᠷᠢᠨ ᠭᠠᠵᠠᠷ ᠢ ᠦᠷᠬᠦᠯᠵᠢᠯᠡᠨ ᠪᠠᠶᠢᠭᠤᠯᠪᠠ᠃ 7 ᠰᠠᠭᠠᠯᠢ ᠶᠢᠨ ᠦᠨᠢᠶᠡᠨ ᠤ ᠳᠤᠮᠳᠠ ᠵᠢᠵᠢᠭ ᠮᠠᠯᠵᠢᠯ ᠤᠨ ᠲᠠᠯᠠᠪᠠᠢ ᠶᠢ ᠲᠡᠰ ᠲᠡᠪᠰᠢᠬᠦᠯᠦᠨ ᠦᠭᠡᠷᠡᠴᠢᠯᠡᠵᠦ᠂ 4 ᠪᠠᠷᠢᠮᠵᠢᠶᠠᠵᠢᠭᠰᠠᠨ ᠴᠠᠭᠠᠨ ᠢᠳᠡᠭᠡᠨ ᠤ ᠭᠠᠷ ᠦᠢᠯᠡᠳᠭᠡᠯ ᠤᠨ ᠭᠠᠵᠠᠷ ᠢ ᠪᠠᠶᠢᠭᠤᠯᠪᠠ᠃ ᠰᠠᠭᠠᠯᠢ ᠶᠢᠨ ᠦᠨᠢᠶᠡᠨ ᠤ ᠲᠤᠭ᠎ᠠ ᠲᠤᠯᠤᠭᠠᠢ 4200᠎ ᠳᠤ ᠬᠦᠷᠴᠦ ᠂ ᠵᠢᠯ ᠤᠨ ᠰᠦᠨ ᠤ ᠭᠠᠷᠤᠯᠲᠠ 5 ᠲᠦᠮᠡᠨ ᠲᠣᠨ ᠳᠤ ᠬᠦᠷᠪᠡ᠃ 2 ᠴᠠᠭᠠᠨ ᠢᠳᠡᠭᠡᠨ ᠤ ᠭᠠᠷ ᠦᠢᠯᠡᠳᠬᠡᠯ ᠤᠨ ᠭᠠᠵᠠᠷ ᠨᠢ SC ᠵᠥᠪᠰᠢᠶᠡᠷᠡᠯ ᠤᠨ ᠬᠢᠷᠢ ᠬᠡᠮ ᠪᠠ ᠰᠢᠯᠢ ᠶᠢᠨ ᠭᠤᠣᠯ ᠤᠨ ᠴᠠᠭᠠᠨ ᠢᠳᠡᠭᠡᠨ ᠤ ᠭᠠᠵᠠᠷ ᠣᠷᠤᠨ ᠤ ᠨᠡᠶᠢᠲᠡᠯᠢᠭ ᠨᠡᠷᠡᠲᠦ ᠲᠡᠮᠳᠡᠭᠳᠦ ᠪᠠ ᠭᠠᠵᠠᠷ ᠵᠦᠢ ᠶᠢᠨ ᠢᠯᠡᠳᠭᠡᠮᠵᠢᠲᠦ ᠲᠡᠸᠠᠷ ᠤᠨ ᠲᠡᠮᠳᠡᠭ ᠤᠨ ᠬᠢᠷᠢ ᠬᠡᠮ ᠤᠨ ᠡᠷᠬᠡ ᠶᠢ ᠣᠯᠪᠠ᠃ ᠴᠠᠭᠠᠨ ᠢᠳᠡᠭᠡᠨ ᠤ ᠰᠢᠯᠭᠠᠨ ᠪᠠᠶᠢᠴᠠᠭᠠᠯᠲᠠ ᠶᠢᠨ ᠲᠥᠪ ᠨᠢ CMA ᠵᠥᠪᠰᠢᠶᠡᠷᠡᠯ ᠤᠨ ᠬᠢᠷᠢ ᠬᠡᠮ ᠢ ᠭᠥᠷᠳᠡᠪᠡ᠃ ᠠᠭᠤᠯᠠᠨᠳᠤ ᠭᠡᠷ ᠪᠦᠯᠢ ᠶᠢᠨ ᠮᠠᠯᠵᠢᠯ ᠤᠨ ᠲᠠᠯᠠᠪᠠᠶ ᠨᠢ ᠠᠶᠢᠮᠠᠭ ᠤᠨ ᠲᠠᠰ ᠤᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠭᠡ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠤᠭᠤᠷᠢᠭ ᠢᠶᠠᠷ ᠦᠨᠡᠯᠡᠨ ᠲᠤᠭᠲᠠᠭᠠᠭᠳᠠᠪᠠ᠃ ᠳ᠋ᠠ ᠳ᠋ᠢ ᠠᠮᠢᠳᠤ ᠪᠣᠳᠠᠰ ᠤᠨ ᠺᠣᠮᠫᠠᠨᠢ ᠨᠢ ᠠᠶᠢᠮᠠᠭ ᠤᠨ ᠲᠠᠰ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠯᠡᠰᠵᠢᠯᠲᠡ ᠶᠢᠨ ᠲᠣᠯᠣᠭᠠᠶᠢᠯᠠᠭᠴᠢ ᠠᠵᠤ ᠠᠬᠤᠶᠢᠯᠠᠯ ᠢᠶᠠᠷ ᠦᠨᠡᠯᠡᠭᠳᠡᠪᠡ᠃ 31 ᠭᠡᠷ ᠪᠦᠯᠢ ᠶᠢᠨ ᠮᠠᠯᠵᠢᠯ ᠤᠨ ᠲᠠᠯᠠᠪᠠᠢ ᠶᠢ ᠨᠤᠲᠠᠯᠠᠨ ᠲᠤᠭᠲᠠᠭᠠᠵᠤ᠂ 10 ᠬᠤᠰᠢᠭᠤ ᠲᠡᠰ ᠤᠨ ᠵᠢᠱᠢᠶ᠎ᠡ ᠦᠵᠡᠬᠦᠯᠬᠦ ᠭᠡᠷ ᠪᠦᠯᠢ ᠶᠢᠨ ᠮᠠᠯᠵᠢᠯ ᠤᠨ ᠲᠠᠯᠠᠪᠠᠢ᠂ 2 ᠵᠢᠱᠢᠶ᠎ᠡ ᠦᠵᠡᠬᠦᠯᠬᠦ ᠬᠤᠷᠰᠢᠶᠠᠵᠢᠯ ᠢ ᠡᠬᠦᠳᠦᠨ ᠪᠠᠶᠢᠭᠤᠯᠪᠠ᠃ ᠬᠤᠶᠠᠷ ᠲᠤ᠂ ᠮᠠᠯᠵᠢᠬᠤ ᠣᠷᠣᠨ ᠤ ᠰᠠᠭᠤᠷᠢ ᠲᠦᠬᠦᠭᠡᠷᠦᠮᠵᠢ ᠤᠯᠠᠮ ᠲᠡᠭᠦᠯᠳᠡᠷᠵᠢᠪᠡ᠃ ᠲᠦᠭᠡᠭᠡᠯ ᠤᠰᠤᠨ ᠤ ᠢᠨᠵᠧᠨᠧᠷᠢᠩ ᠢ 16᠎ ᠶᠢ ᠰᠢᠨ᠎ᠡ ᠪᠠᠷ ᠪᠠᠶᠢᠭᠤᠯᠵᠤ᠂ 9᠎ ᠶᠢ ᠰᠡᠯᠪᠢᠨ ᠵᠠᠰᠠᠵᠤ᠂ 2230 ᠬᠥᠮᠥᠨ ᠠᠮᠠ ᠶᠢᠨ ᠤᠰᠤ ᠬᠠᠩᠭᠠᠬᠤ ᠪᠠᠲᠤᠯᠠᠭ᠎ᠠ ᠶᠢᠨ ᠠᠰᠠᠭᠤᠳᠠᠯ ᠢ ᠰᠢᠢᠳᠪᠦᠷᠢᠯᠡᠪᠡ᠃ 10 ᠺᠢᠯᠣᠸᠠᠲ ᠤᠨ ᠬᠥᠳᠡᠭᠡ ᠲᠣᠰᠬᠤᠨ ᠤ ᠴᠠᠬᠢᠯᠭᠠᠨ ᠲᠣᠣᠷ ᠱᠤᠭᠤᠮ ᠢ 87.4 ᠺᠢᠯᠣᠮᠧᠲᠷ᠂ 0.4 ᠺᠢᠯᠣᠸᠠᠲ ᠤᠨ ᠴᠠᠬᠢᠯᠭᠠᠨ ᠲᠤᠤᠷ ᠱᠤᠭᠤᠮ ᠢ 66.6 ᠺᠢᠯᠣᠮᠧᠲᠷ ᠦᠬᠡᠷᠡᠴᠢᠯᠡᠨ ᠪᠠᠶᠢᠭᠤᠯᠵᠤ᠂ 152 ᠰᠠᠤᠷᠢ ᠴᠠᠬᠢᠯᠭᠠᠨ ᠬᠦᠴᠦᠳᠡᠯ ᠥᠭᠡᠷᠡᠴᠢᠯᠡᠭᠴᠢ ᠶᠢ ᠦᠭᠡᠷᠡᠴᠢᠯᠡᠨ ᠰᠢᠨᠡᠳᠭᠡᠵᠦ ᠂ ᠮᠠᠯᠵᠢᠬᠤ ᠣᠷᠣᠨ ᠤ ᠴᠠᠬᠢᠯᠭᠠᠨ ᠲᠣᠣᠷ ᠱᠣᠭᠤᠮ ᠤᠨ ᠲᠣᠭᠲᠠᠭᠤᠨ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠬᠦᠯᠪᠡ᠃ 10 ᠵᠤᠷᠪᠤᠰ ᠮᠠᠯᠵᠢᠬᠤ ᠣᠷᠣᠨ ᠤ ᠵᠠᠰᠠᠮᠠᠯ ᠵᠠᠮ ᠢ 65.5 ᠺᠢᠯᠣᠮᠧᠲᠷ ᠰᠢᠨ᠎ᠡ ᠪᠠᠷ ᠵᠠᠰᠠᠭᠰᠠᠨ ᠪᠠ ᠥᠭᠡᠷᠡᠴᠢᠯᠡᠨ ᠵᠠᠰᠠᠵᠤ᠂ 7 ᠵᠤᠷᠪᠤᠰ ᠵᠠᠰᠠᠮᠠᠯ ᠵᠠᠮ ᠢ 32.9 ᠺᠢᠯᠣᠮᠧᠲᠷ ᠠᠷᠠᠴᠢᠯᠠᠨ ᠬᠠᠮᠠᠭᠠᠯᠠᠵᠤ᠂ ᠮᠠᠯᠴᠢᠳ ᠤᠨ ᠶᠠᠪᠤᠵᠤ ᠰᠠᠭᠤᠬᠤ ᠨᠦᠬᠦᠴᠡᠯ ᠨᠠᠩ ᠲᠥᠬᠦᠮ ᠲᠦᠲᠡ ᠪᠣᠯᠪᠠ᠃ ᠭᠤᠷᠪᠠ ᠳᠤ᠂ ᠮᠠᠯᠴᠢᠳ ᠤᠨ ᠬᠦᠷᠲᠡᠮᠵᠢ ᠶᠢᠨ ᠲᠥᠷᠥᠭᠳᠡᠯ ᠤᠯᠠᠮ ᠨᠡᠮᠡᠭᠳᠡᠪᠡ᠃ ᠮᠠᠯᠴᠢᠳ ᠤᠨ ᠬᠥᠮᠥᠨ ᠳᠤᠮᠳᠠᠴᠢ ᠶᠢᠨ ᠡᠵᠡᠮᠳᠡᠵᠦ ᠪᠤᠯᠬᠤᠶᠢᠴᠠ ᠣᠷᠣᠯᠭ᠎ᠠ 7.3%᠎ ᠪᠠᠷ ᠨᠡᠮᠡᠭᠳᠡᠪᠡ᠃ ᠴᠠᠭᠠᠨ ᠲᠡᠷᠡᠰᠦ᠂ ᠲᠠᠪᠤᠰᠤᠨ ᠭᠤᠣᠯ ᠵᠡᠷᠭᠡ 2 ᠠᠶᠢᠮᠠᠭ ᠤᠨ ᠲᠠᠰ ᠤᠨ ᠵᠢᠱᠢᠶ᠎ᠡ ᠦᠵᠡᠭᠦᠯᠬᠦ ᠭᠠᠴᠠᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠦᠨᠳᠦᠰᠦᠨ ᠳᠡᠭᠡᠨ ᠪᠡᠶᠡᠯᠡᠭᠦᠯᠪᠡ᠃ ᠮᠠᠯᠵᠢᠬᠤ ᠤᠷᠤᠨ ᠤ 136 ᠡᠷᠦᠬᠡ ᠳᠤ ᠪᠠᠶᠢᠰᠢᠩ ᠤᠨ ᠨᠠᠷᠠᠪᠴᠢ ᠪᠠᠷᠢᠵᠤ ᠥᠭᠪᠡ᠃ 6 ᠭᠤᠣᠯᠳᠠᠯᠭ᠎ᠠ ᠲᠠᠢ ᠭᠠᠴᠠᠭᠠᠨ ᠳᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠬᠤ ᠬᠠᠰᠢᠶ᠎ᠠ ᠰᠡᠷᠡᠯᠵᠢ ᠶᠢᠨ ᠪᠦᠳᠦᠭᠡᠨ ᠪᠠᠶᠢᠭᠤᠯᠤᠯᠲᠠ ᠶᠢᠨ ᠲᠥᠷᠦᠯ ᠵᠦᠢᠯ ᠪᠠ ᠲᠡᠮᠦᠷ ᠬᠦᠷᠢᠶ᠎ᠡ ᠬᠠᠰᠢᠶ᠎ᠠ ᠶᠢᠨ ᠲᠥᠷᠦᠯ ᠵᠦᠢᠯ ᠢ ᠬᠡᠷᠡᠭᠵᠢᠬᠦᠯᠪᠡ᠃ 234 ᠡᠷᠦᠬᠡ ᠳᠤ ᠪᠠᠷᠢᠮᠵᠢᠶ᠎ᠠ ᠳᠤ ᠨᠠᠶᠢᠴᠡᠭᠰᠡᠨ ᠵᠤᠷᠯᠤᠩ ᠢ ᠰᠢᠨ᠎ᠡ ᠪᠠᠷ ᠪᠠᠶᠢᠭᠤᠯᠪᠠ᠃ 4 ᠮᠠᠯᠵᠢᠬᠤ ᠣᠷᠣᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠠᠩᠭᠢ ᠶᠢ ᠪᠠᠶᠢᠭᠤᠯᠵᠤ᠂ ᠪᠥᠬᠦ ᠬᠤᠰᠢᠭᠤᠨ ᠤ 60 ᠭᠠᠴᠠᠭᠠᠨ ᠳᠤ ᠨᠡᠶᠢᠭᠡᠮᠴᠢᠯᠡᠭᠰᠡᠨ ᠦᠢᠯᠡᠴᠢᠯᠡᠭᠡ ᠶᠢ ᠪᠦᠷᠬᠦᠬᠦᠯᠬᠦ ᠶᠢᠨ ᠬᠠᠮᠲᠤ᠂ ᠤᠳᠤᠬᠠᠨ ᠤ ᠮᠠᠯᠵᠢᠬᠤ ᠦᠢᠯᠡᠳᠪᠦᠷᠢᠯᠡᠯ ᠠᠮᠢᠳᠤᠷᠠᠯ ᠤᠨ ᠳᠤᠮᠳᠠ ᠤᠷᠤᠰᠢᠵᠤ ᠪᠠᠶᠢᠭ᠎ᠠ ᠲᠤᠳᠠᠭᠤᠳᠠᠯ ᠳᠤ ᠴᠢᠭᠯᠡᠬᠦᠯᠦᠨ᠂ ᠣᠯᠠᠨ ᠡᠰᠢᠲᠦ ᠦᠢᠯᠡᠴᠢᠯᠡᠭᠡᠨ ᠤ ᠵᠠᠭᠪᠤᠷ ᠢ ᠰᠦᠪᠡᠭᠴᠢᠯᠡᠨ ᠬᠡᠷᠡᠭᠵᠢᠬᠦᠯᠪᠡ᠃ ᠡᠨᠡ ᠨᠢ ᠪᠢᠳᠡᠨ ᠤ ᠲᠠᠷᠠᠭᠠᠴᠢ ᠶᠢᠨ ᠠᠯᠬᠤᠮ ᠤᠨ ︽ᠮᠠᠯ ᠠᠵᠤ ᠠᠬᠤᠢ᠂ ᠮᠠᠯᠵᠢᠬᠤ ᠤᠷᠤᠨ᠂ ᠮᠠᠯᠴᠢᠳ︾᠎ ᠤᠨ ᠠᠵᠢᠯ ᠢ ᠰᠠᠶᠢᠲᠤᠷ ᠬᠢᠬᠦ ᠳᠤ ᠪᠠᠲᠤ ᠪᠠᠬᠢ ᠰᠠᠭᠤᠷᠢ ᠶᠢ ᠲᠠᠯᠪᠢᠵᠤ᠂ ᠮᠦᠨᠴᠦ ᠬᠤᠶᠢᠰᠢᠳᠠ ᠶᠢᠨ ᠠᠵᠢᠯ ᠢᠶᠠᠨ ᠨᠡᠩ ᠰᠠᠶᠢᠨ ᠬᠢᠬᠦ ᠢᠲᠡᠭᠡᠯ ᠵᠣᠷᠢᠭ ᠢ ᠬᠥᠪᠴᠢᠯᠡᠪᠡ᠃ ᠬᠡᠪᠡᠴᠦ᠂ ᠪᠢᠳᠡ ᠣᠳᠣᠬᠠᠨ ᠤ ᠪᠥᠬᠦ ᠬᠤᠰᠢᠭᠤᠨ ᠤ ︽ᠮᠠᠯ ᠠᠵᠤ ᠠᠬᠤᠢ᠂ ᠮᠠᠯᠵᠢᠬᠤ ᠤᠷᠤᠨ᠂ ᠮᠠᠯᠴᠢᠳ︾᠎ ᠤᠨ ᠠᠵᠢᠯ ᠳᠤ ᠪᠠᠰᠠ ᠴᠥᠭᠡᠨ ᠪᠤᠰᠤ ᠳᠤᠲᠠᠭᠤᠳᠠᠯ ᠪᠠ ᠪᠠᠭᠤᠷᠠᠢ ᠲᠠᠯ᠎ᠠ ᠪᠠᠶᠢᠬᠤ ᠶᠢ ᠰᠡᠷᠭᠡᠭ ᠢᠶᠠᠷ ᠲᠠᠨᠢᠵᠤ ᠣᠯᠬᠤ ᠬᠡᠷᠡᠭᠲᠡᠢ᠃ ᠵᠢᠱᠢᠶᠡᠯᠡᠪᠡᠯ᠄ ᠮᠠᠯ ᠤᠨ ᠠᠰᠢᠭ ᠰᠢᠮ᠎ᠡ ᠶᠢᠨ ᠪᠦᠳᠦᠭᠡᠭᠳᠡᠬᠦᠨ ᠢ ᠨᠠᠷᠢᠯᠢᠭ ᠡᠳ᠋ᠰᠢᠬᠦᠯᠦᠨ ᠪᠣᠯᠪᠠᠰᠤᠷᠠᠭᠤᠯᠬᠤ ᠴᠢᠳᠠᠪᠦᠷᠢ ᠲᠤᠲᠠᠮᠠᠭ︔ ᠮᠠᠯ ᠠᠵᠤ ᠠᠬᠤᠢ ᠶᠢᠨ ᠦᠢᠯᠡᠳᠪᠦᠷᠢᠯᠡᠯ ᠨᠢ ᠪᠠᠶᠢᠭᠠᠯᠢ ᠶᠢᠨ ᠭᠠᠮᠰᠢᠭ ᠵᠡᠷᠭᠡ ᠪᠠᠶᠢᠳᠠᠯ ᠢ ᠠᠷᠭᠠᠴᠠᠬᠤ ᠴᠢᠳᠠᠪᠤᠷᠢ ᠳᠤᠷᠤᠢ︔ ᠬᠡᠪᠴᠢᠶᠡᠵᠢᠭᠰᠡᠨ ᠲᠡᠵᠢᠭᠡᠨ ᠦᠷᠡᠵᠢᠬᠦᠯᠬᠦ ᠰᠠᠭᠤᠷᠢᠨ ᠭᠠᠵᠠᠷ ᠪᠠ ᠮᠠᠯ ᠤᠨ ᠰᠣᠯᠢᠯᠴᠠᠭᠠᠨ ᠤ ᠵᠠᠬ᠎ᠠ ᠳᠡᠯᠭᠡᠭᠦᠷ ᠪᠠᠶᠢᠬᠤ ᠦᠭᠡᠢ᠂ ᠮᠠᠯ ᠤᠨ ᠭᠠᠷᠭᠠᠯᠲᠠ ᠨᠢ ᠭᠤᠣᠯᠳᠠᠭᠤ ᠵᠠᠪᠰᠠᠷ ᠤᠨ ᠮᠠᠶᠢᠮᠠᠶᠢᠴᠢᠨ ᠳᠤ ᠲᠦᠰᠢᠭᠯᠡᠵᠦ ᠪᠠᠶᠢᠭ᠎ᠠ ᠪᠠᠶᠢᠳᠠᠯ ᠲᠠᠢ︔ ᠲᠠᠬᠢᠪᠠᠯ ᠭᠠᠩ ᠬᠠᠭᠰᠠᠷᠠᠭᠠᠨ᠂ ᠡᠪᠡᠰᠦ ᠪᠤᠷᠳᠤᠭᠠᠨ ᠤ ᠦᠨ᠎ᠡ ᠬᠠᠩᠰᠢ ᠥᠰᠬᠦ ᠪᠠ ᠪᠤᠷᠳᠤᠨ ᠲᠡᠵᠢᠭᠡᠬᠦ ᠬᠠᠮᠢᠶᠠᠷᠤᠯᠲᠠ ᠶᠢᠨ ᠥᠷᠲᠡᠭ ᠳᠡᠭᠡᠭᠰᠢᠯᠡᠬᠦ ᠵᠡᠷᠭᠡ ᠰᠢᠯᠲᠠᠭᠠᠨ ᠠᠴᠠ ᠪᠣᠯᠵᠤ᠂ ᠮᠠᠯᠴᠢᠳ ᠤᠨ ᠮᠠᠯᠵᠢᠯ ᠤᠨ ᠵᠠᠷᠤᠳᠠᠯ ᠤᠨ ᠠᠴᠢᠶᠡᠯᠡᠯ ᠶᠡᠬᠡᠪᠡᠷ ᠬᠦᠨᠳᠦᠷᠡᠪᠡ︔ ︽ᠤᠰᠤ ᠂ ᠴᠠᠬᠢᠯᠭᠠᠨ᠂ ᠵᠠᠮ᠂ ᠴᠢᠮᠡᠭᠡ ᠨᠡᠪᠳᠡᠷᠡᠬᠦᠯᠭᠡ︾ ᠵᠡᠷᠭᠡ ᠮᠠᠯᠵᠢᠬᠤ ᠣᠷᠣᠨ ᠤ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠮᠥᠨ ᠬᠦ ᠴᠢᠩᠭᠠᠳᠬᠠᠬᠤ ᠴᠢᠬᠤᠯᠠᠲᠠᠢ᠃ ᠵᠣᠷᠯᠣᠩ᠂ ᠬᠤᠭ ᠨᠣᠪᠰᠢ᠂ ᠪᠣᠬᠢᠷ ᠤᠰᠤ ᠶᠢ ᠰᠢᠢᠳᠪᠦᠷᠢᠯᠡᠬᠦ ᠵᠡᠷᠭᠡ ᠮᠠᠯᠵᠢᠬᠤ ᠤᠷᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠬᠤ ᠪᠠ ᠨᠡᠶᠢᠭᠡᠮ ᠤᠨ ᠦᠢᠯᠡᠴᠢᠯᠡᠭᠡᠨ ᠤ ᠲᠤᠭᠳᠠᠯᠴᠠᠭ᠎ᠠ ᠶᠢ ᠣᠯᠠᠨ ᠡᠰᠢᠵᠢᠬᠦᠯᠬᠦ ᠵᠡᠷᠭᠡ ᠠᠵᠢᠯ ᠢ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠯᠠᠪᠳᠠᠭᠤᠨ ᠢᠶᠠᠷ ᠠᠬᠢᠭᠤᠯᠬᠤ ᠴᠢᠬᠤᠯᠠᠲᠠᠢ ᠪᠠᠶᠢᠨ᠎ᠠ᠃        ᠥᠨᠦ ᠵᠢᠯ ᠤᠨ ᠡᠬᠢᠨ ᠳᠤ ᠬᠤᠷᠠᠯᠳᠤᠭᠰᠠᠨ ᠠᠶᠢᠮᠠᠭ ᠤᠨ ᠨᠠᠮ ᠤᠨ ᠬᠤᠷᠢᠶᠠᠨ ︵ᠥᠷᠭᠡᠳᠬᠡᠭᠰᠡᠨ︶᠎ ᠤ ᠬᠤᠷᠠᠯᠳᠤᠭᠠᠨ ᠵᠢᠴᠢ ᠪᠦᠬᠦ ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠳᠡᠭᠡᠷ᠎ᠡ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠶᠤᠤ ᠶᠦᠩ ᠪᠥᠸᠧ ᠶᠠᠷᠢᠶᠠᠨ ᠳᠠᠭᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠷ ᠭᠤᠣᠯᠳᠠᠯᠭ᠎ᠠ ᠪᠣᠯᠭᠠᠭᠰᠠᠨ ︽ᠮᠠᠯ ᠠᠵᠤ ᠠᠬᠤᠢ᠂ ᠮᠠᠯᠵᠢᠬᠤ ᠣᠷᠤᠨ᠂ ᠮᠠᠯᠴᠢᠳ︾᠎ ᠤᠨ ᠡᠯ᠎ᠡ ᠲᠥᠷᠦᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠰ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠦᠷ᠎ᠡ ᠠᠰᠢᠭ ᠢ ᠨᠡᠮᠡᠭᠳᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ 4 ᠳ᠋ᠦ᠋ᠭᠡᠷ ᠰᠠᠷ᠎ᠠ ᠶᠢᠨ 12᠎ ᠤᠨ ᠡᠳᠦᠷ ᠬᠤᠷᠠᠯᠳᠤᠭᠰᠠᠨ ᠠᠶᠢᠮᠠᠭ ᠤᠨ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯᠳᠤᠭᠠᠨ ᠳᠡᠭᠡᠷ᠎ᠡ᠂ ᠠᠶᠢᠮᠠᠭ ᠤᠨ ᠳᠠᠷᠤᠭ᠎ᠠ ᠯᠥᠸᠧ ᠴᠢᠩ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠬᠤ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠤᠨ ᠨᠠᠮ ᠤᠨ ᠬᠤᠷᠢᠶᠠᠨ ᠤ ᠰᠢᠨ᠎ᠡ ᠴᠠᠭ ᠦᠶ᠎ᠡ ᠶᠢᠨ ︽ᠮᠠᠯ ᠠᠵᠤ ᠠᠬᠤᠢ᠂ ᠮᠠᠯᠵᠢᠬᠤ ᠣᠷᠤᠨ᠂ ᠮᠠᠯᠴᠢᠳ︾᠎ ᠤᠨ ᠠᠵᠢᠯ ᠢ ᠰᠠᠶᠢᠲᠤᠷ ᠬᠢᠬᠦ ᠶᠢ ᠨᠠᠶᠢᠳᠠᠪᠤᠷᠢᠵᠢᠭᠤᠯᠬᠤ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠪᠠ᠃ 1 ᠳ᠋ᠦ᠋ᠭᠡᠷ ᠰᠠᠷ᠎ᠠ ᠶᠢᠨ 2᠎ ᠤ ᠡᠳᠦᠷ ᠬᠤᠷᠠᠯᠳᠤᠭᠰᠠᠨ ᠬᠦᠪᠡᠭᠡᠲᠦ ᠰᠢᠷ᠎ᠠ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯᠳᠤᠭᠠᠨ ᠤ ᠬᠤᠶᠠᠳᠤᠭᠠᠷ ᠪᠦᠬᠦᠳᠡ ᠬᠤᠷᠠᠯ ᠲᠡᠭᠡᠷ᠎ᠡ᠂ ᠮᠠᠯ ᠠᠵᠤ ᠠᠬᠤᠢ ᠶᠢᠨ ᠠᠵᠢᠯ ᠳᠤ ᠴᠢᠭᠯᠡᠬᠦᠯᠦᠨ᠂ ︽ᠡᠯ᠎ᠡ ᠲᠥᠷᠦᠯ ᠤᠨ ᠲᠥᠷᠦᠯ ᠵᠦᠢᠯ᠂ ᠪᠡᠯᠡ ᠮᠦᠩᠬᠦ ᠶᠢ ᠡᠮᠬᠢᠳᠭᠡᠨ ᠨᠡᠶᠢᠯᠡᠬᠦᠯᠵᠦ᠂ ᠮᠠᠯ ᠠᠵᠤ ᠠᠬᠤᠢ ᠶᠢᠨ ᠴᠢᠨᠠᠷ ᠰᠠᠶᠢᠲᠠᠢ᠂ ᠥᠨᠳᠥᠷ ᠦᠷ᠎ᠡ ᠠᠰᠢᠭ ᠲᠠᠢ ᠬᠥᠭᠵᠢᠯᠲᠡ ᠶᠢ ᠠᠬᠢᠭᠤᠯᠬᠤ ᠢᠨᠵᠧᠨᠧᠷᠢᠩ ᠢ ᠬᠡᠷᠡᠭᠵᠢᠭᠦᠯᠦᠨ᠎ᠡ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠴᠡᠪᠡᠷ ᠡᠭᠦᠯᠳᠡᠷ ᠢ ᠥᠷᠭᠡᠳᠬᠡᠨ ᠦᠷᠡᠵᠢᠭᠦᠯᠬᠦ ᠪᠠ ᠰᠢᠯᠢᠳᠡᠭ ᠡᠭᠦᠯᠳᠡᠷ ᠢ ᠪᠣᠶᠢᠵᠢᠭᠤᠯᠬᠤ ᠶᠢ ᠬᠦᠴᠦᠯᠡᠨ ᠰᠠᠶᠢᠲᠤᠷ ᠠᠳᠬᠤᠨ᠎ᠠ᠃ ︽ᠰᠢᠯᠢ ᠶᠢᠨ ᠭᠤᠣᠯ ᠤᠨ ᠬᠤᠨᠢᠨ ᠮᠢᠬ᠎ᠠ︾ ᠪᠠ ︽ᠰᠢᠯᠢ ᠶᠢᠨ ᠭᠤᠣᠯ ᠤᠨ ᠴᠠᠭᠠᠨ ᠢᠳᠡᠭᠡ︾᠎ ᠶᠢᠨ ᠣᠷᠤᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠦᠯ ᠲᠡᠮᠳᠡᠭ ᠤᠨ ᠨᠦᠯᠦᠭᠡᠯᠡᠯ ᠢ ᠬᠦᠢᠴᠡᠳ ᠪᠠᠳᠠᠷᠠᠭᠤᠯᠵᠤ᠂ ᠰᠢᠯᠢᠳᠡᠭ ᠡᠭᠦᠯᠳᠡᠷ ᠤᠨ ᠮᠢᠬᠠᠨ ᠤ ᠦᠬᠡᠷ᠂ ᠰᠠᠭᠠᠯᠢ ᠶᠢᠨ ᠦᠨᠢᠶ᠎ᠡ ᠪᠠ ᠴᠠᠬᠠᠷ ᠬᠤᠨᠢ ᠲᠡᠵᠢᠭᠡᠨ ᠦᠷᠡᠵᠢᠭᠦᠯᠬᠦ ᠣᠷᠣᠨ ᠪᠦᠰᠡ ᠶᠢᠨ ᠪᠠᠶᠢᠷᠢᠯᠠᠯ ᠢ ᠰᠢᠯᠢᠳᠡᠭᠵᠢᠭᠦᠯᠵᠦ᠂ ᠡᠪᠡᠰᠦ ᠪᠣᠷᠳᠤᠭᠠᠨ ᠤ ᠪᠠᠲᠤᠯᠠᠭ᠎ᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠮᠠᠯ ᠠᠵᠤ ᠠᠬᠤᠢ ᠶᠢᠨ ᠲᠤᠭ᠎ᠠ ᠲᠤᠯᠤᠭᠠᠢ ᠶᠢ ᠴᠢᠬᠤᠯᠠᠴᠢᠯᠠᠵᠤ ᠪᠠᠶᠢᠭᠰᠠᠨ ᠠᠴᠠ ᠪᠠᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠳᠠᠰᠢ ᠬᠤᠪᠢᠷᠠᠭᠤᠯᠬᠤ ᠶᠢ ᠠᠬᠢᠭᠤᠯᠤᠨ᠎ᠠ᠃ ᠰᠠᠭᠠᠯᠢ ᠶᠢᠨ ᠦᠨᠢᠶᠡᠨ ᠤ ᠳᠤᠮᠳᠠ ᠪᠠᠭ᠎ᠠ ᠬᠡᠪᠴᠢᠶᠡᠵᠢᠭᠰᠡᠨ ᠲᠡᠵᠢᠭᠡᠨ ᠦᠷᠡᠵᠢᠬᠦᠯᠬᠦ ᠲᠡᠰ ᠲᠡᠪᠰᠢᠭᠰᠡᠨ ᠢᠨᠵᠧᠨᠧᠷᠢᠩ ᠢ ᠪᠡᠶᠡᠯᠡᠭᠦᠯᠵᠦ᠂ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠡᠷᠦᠬᠡ ᠶᠢ ᠳᠠᠶᠢᠴᠢᠯᠠᠨ ᠦᠢᠯᠡᠳᠪᠦᠷᠢᠯᠡᠬᠦ᠂ ᠡᠳ᠋ᠰᠢᠭᠦᠯᠬᠦ᠂ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠪᠠᠷᠢᠮᠵᠢᠶᠠᠵᠢᠭᠰᠠᠨ ᠴᠢᠭᠯᠡᠯ ᠲᠠᠰᠢ ᠬᠦᠭᠵᠢᠬᠦ ᠶᠢ ᠠᠬᠢᠭᠤᠯᠤᠨ᠎ᠠ︔ ᠰᠦ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠲᠥᠷᠥᠯ ᠵᠦᠢᠯ ᠢ ᠬᠡᠷᠡᠭᠵᠢᠭᠦᠯᠵᠦ᠂ ᠪᠠᠷᠢᠮᠵᠢᠶᠠᠵᠢᠭᠰᠠᠨ ᠪᠦᠲᠦᠭᠡᠨ ᠪᠠᠶᠢᠭᠤᠯᠤᠯᠲᠠ ᠶᠢ ᠲᠣᠪᠣᠶᠢᠮ᠎ᠠ ᠠᠳᠬᠤᠵᠤ᠂ ᠵᠠᠬ᠎ᠠ ᠳᠡᠯᠭᠡᠭᠦᠷ ᠢ ᠬᠦᠴᠦᠯᠡᠨ ᠦᠷᠭᠡᠳᠬᠡᠵᠦ᠂ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠪᠠᠨ ᠦᠷᠭᠦᠯᠵᠢᠯᠡᠨ ᠳᠡᠭᠡᠭᠰᠢᠯᠡᠬᠦᠯᠦᠨ᠎ᠡ᠃ ᠴᠠᠬᠠᠷ ᠬᠤᠨᠢᠨ ᠤ ᠪᠥᠬᠦ ᠠᠵᠤ ᠦᠢᠯᠡᠰ ᠤᠨ ᠬᠡᠯᠬᠢᠶᠡᠵᠢᠯ ᠢ ᠳᠡᠭᠡᠭᠰᠢᠯᠡᠭᠦᠯᠬᠦ ᠶᠢ ᠪᠥᠬᠦ ᠬᠤᠰᠢᠭᠤ ᠪᠠᠷ ᠢᠶᠠᠨ ᠠᠬᠢᠭᠤᠯᠬᠤ ᠲᠥᠷᠥᠯ ᠵᠦᠢᠯ ᠢ ᠲᠦᠯᠬᠢᠨ ᠠᠬᠢᠭᠤᠯᠵᠤ᠂ ᠦᠷ᠎ᠡ ᠶᠢᠨ ᠮᠠᠯ ᠤᠨ ᠲᠠᠯᠠᠪᠠᠶ᠂ ᠭᠤᠤᠯᠳᠠᠯᠭᠠᠲᠤ ᠰᠦᠷᠦᠭ᠂ ᠭᠡᠷ ᠪᠦᠯᠢ ᠶᠢᠨ ᠮᠠᠯᠵᠢᠯ ᠤᠨ ᠲᠠᠯᠠᠪᠠᠶ᠂ ᠲᠤᠰᠬᠠᠢ ᠬᠤᠷᠰᠢᠶᠠᠵᠢᠯ ᠎ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠬᠢᠵᠦ᠂ ᠴᠠᠬᠠᠷ ᠬᠤᠨᠢ ᠲᠡᠵᠢᠭᠡᠨ ᠦᠷᠡᠵᠢᠭᠦᠯᠬᠦ ᠬᠡᠪᠴᠢᠶ᠎ᠡ ᠶᠢ ᠥᠷᠭᠡᠳᠬᠡᠨ᠂ ᠨᠠᠷᠢᠯᠢᠭ ᠲᠡᠵᠢᠭᠡᠨ ᠦᠷᠡᠵᠢᠭᠦᠯᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠰᠢᠨᠵᠢᠯᠡᠭᠡ ᠮᠡᠷᠭᠡᠵᠢᠯ ᠢᠶᠠᠷ ᠮᠠᠯ ᠠᠵᠤ ᠠᠬᠤᠢ ᠶᠢ ᠬᠦᠭᠵᠢᠬᠦᠯᠬᠦ ᠶᠢ ᠠᠬᠢᠭᠤᠯᠵᠤ᠂ ᠴᠠᠬᠠᠷ ᠬᠤᠨᠢᠨ ᠤ ᠢᠬᠢᠷᠡᠯᠡᠬᠦ ᠨᠣᠷᠮ᠎ᠠ ᠶᠢ ᠳᠡᠭᠡᠭᠰᠢᠯᠡᠬᠦᠯᠦᠨ᠎ᠡ᠃ ᠴᠠᠬᠠᠷ ᠬᠤᠨᠢᠨ ᠤ ᠤᠯᠤᠰ ᠤᠨ ᠳᠡᠰ ᠤᠨ ᠭᠤᠣᠯ ᠪᠣᠯᠬᠤ ᠡᠭᠦᠯᠳᠡᠷ ᠪᠣᠶᠢᠵᠢᠭᠤᠯᠬᠤ ᠲᠠᠯᠠᠪᠠᠢ ᠶᠢ ᠦᠷᠬᠦᠯᠵᠢᠯᠡᠨ ᠲᠡᠭᠡᠭᠰᠢ ᠡᠷᠡᠮᠡᠯᠵᠡᠯᠡᠨ᠎ᠡ᠃ ᠴᠢᠨᠠᠷ ᠰᠠᠶᠢᠲᠠᠢ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠭᠤᠤᠯᠳᠠᠯᠭᠠᠲᠤ ᠰᠦᠷᠦᠭ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠬᠤᠸᠠ ᠰᠢ ᠦᠬᠡᠷ ᠤᠨ ᠡᠬᠦᠯᠳᠡᠷ ᠤᠨ ᠪᠤᠶᠢᠵᠢᠭᠤᠯᠤᠯᠲᠠ ᠶᠢ ᠥᠷᠭᠡᠳᠬᠡᠬᠦ ᠶᠢ ᠲᠦᠭᠡᠮᠡᠯᠵᠢᠬᠦᠯᠬᠦ ᠶᠢ ᠠᠬᠢᠭᠤᠯᠵᠤ᠂ ᠰᠢᠯᠢᠳᠡᠭ ᠡᠬᠦᠯᠳᠡᠷ ᠤᠨ ᠮᠢᠬᠠᠨ ᠤ ᠦᠬᠡᠷ ᠤᠨ ᠲᠤᠭ᠎ᠠ ᠶᠢ 3 ᠲᠦᠮᠡ ᠳᠤ ᠬᠦᠷᠭᠡᠬᠦ ᠶᠢ ᠦᠨᠡᠨᠬᠦ ᠪᠠᠲᠤᠯᠠᠵᠤ᠂ ᠰᠢᠯᠢᠳᠡᠭ ᠡᠬᠦᠯᠳᠡᠷ ᠤᠨ ᠮᠢᠬᠠᠨ ᠤ ᠦᠬᠡᠷ ᠤᠨ ᠢᠴᠡᠭᠡᠯ ᠦᠷ᠎ᠡ ᠶᠢᠨ ᠬᠡᠬᠡᠯᠳᠦᠬᠦᠯᠭᠡ ᠶᠢᠨ ᠮᠡᠷᠭᠡᠵᠢᠯ ᠵᠢᠴᠢ ᠬᠡᠭᠡᠯ ᠲᠤᠭᠲᠠᠭᠠᠬᠤ ᠶᠢ ᠲᠦᠭᠡᠮᠡᠯᠵᠢᠬᠦᠯᠬᠦ ᠵᠢᠱᠢᠶ᠎ᠡ ᠦᠵᠡᠭᠦᠯᠬᠦ ᠲᠥᠷᠥᠯ ᠵᠦᠢᠯ ᠢ ᠪᠡᠶᠡᠯᠡᠭᠦᠯᠦᠨ᠎ᠡ᠃ ᠤᠯᠤᠰ ᠤᠨ ᠲᠠᠷᠢᠶᠠᠯᠠᠩ ᠤᠨ ᠦᠢᠯᠡᠰ ᠤᠨ ᠬᠦᠴᠦᠷᠬᠡᠭ ᠪᠠᠯᠭᠠᠰᠤ ᠶᠢ ᠡᠭᠦᠳᠦᠨ ᠪᠠᠶᠢᠭᠤᠯᠬᠤ ᠲᠥᠷᠥᠯ ᠵᠦᠢᠯ ᠢ ᠢᠳᠡᠪᠬᠢᠳᠡᠢ ᠡᠷᠡᠮᠡᠯᠵᠡᠯᠡᠨ ᠣᠯᠵᠤ᠂ ᠮᠠᠯ ᠤᠨ ᠠᠰᠢᠭ ᠰᠢᠮ᠎ᠡ ᠶᠢᠨ ᠪᠦᠳᠦᠭᠡᠭᠳᠡᠬᠦᠨ ᠢ ᠨᠠᠷᠢᠯᠢᠭ ᠡᠳ᠋ᠰᠢᠭᠦᠯᠬᠦ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠮᠠᠯ ᠤᠨ ᠠᠰᠢᠭ ᠰᠢᠮ᠎ᠡ ᠶᠢᠨ ᠪᠥᠬᠦ ᠠᠵᠤ ᠦᠢᠯᠡᠰ ᠤᠨ ᠬᠡᠯᠬᠢᠶᠡᠵᠢᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠴᠢᠨᠠᠷ ᠰᠠᠶᠢᠲᠠᠢ ᠪᠥᠭᠡᠳ ᠥᠨᠳᠥᠷ ᠦᠷ᠎ᠡ ᠠᠰᠢᠭ ᠡᠬᠦᠳᠬᠦ ᠶᠢ ᠪᠡᠶᠡᠯᠡᠭᠦᠯᠦᠨ᠎ᠡ︾ ᠭᠡᠬᠦ ᠬᠠᠷᠠᠯᠲᠠ ᠡᠭᠦᠷᠭᠡ ᠶᠢ ᠳᠤᠷᠠᠳᠪᠠ᠃ ᠪᠢᠳᠡ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠮᠠᠯᠴᠢᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠲᠡᠷᠢᠬᠦᠨ ᠤ ᠬᠥᠭᠡᠭᠡᠴᠡᠯᠳᠦᠯ ᠪᠠ ᠲᠡᠮᠡᠴᠡᠯ ᠤᠨ ᠬᠠᠷᠠᠯᠲᠠ ᠪᠠᠨ ᠪᠣᠯᠭᠠᠵᠤ᠂ ᠬᠥᠭᠵᠢᠯᠲᠡ ᠶᠢᠨ ᠡᠬᠢᠯᠡᠯ ᠪᠠ ᠲᠡᠭᠦᠰᠭᠡᠯ ᠢᠶᠠᠨ ᠠᠷᠠᠳ ᠲᠦᠮᠡᠨ ᠤ ᠵᠣᠯ ᠵᠢᠷᠭᠠᠯ ᠢ ᠨᠡᠮᠡᠭᠳᠡᠭᠦᠯᠬᠦ᠂ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠳᠡᠭᠡᠷ᠎ᠡ ᠲᠠᠯᠪᠢᠵᠤ᠂ ᠮᠠᠯᠵᠢᠬᠤ ᠣᠷᠣᠨ ᠤ ᠮᠠᠯ ᠠᠵᠤ ᠠᠬᠤᠢ ᠶᠢᠨ ᠬᠥᠭᠵᠢᠯᠲᠡ ᠳᠤ ᠬᠠᠮᠤᠭ ᠠᠴᠠ ᠲᠤᠯᠭᠠᠮ᠎ᠠ ᠱᠠᠭᠠᠷᠳᠠᠭᠳᠠᠵᠤ ᠪᠠᠶᠢᠭ᠎ᠠ᠂ ᠮᠠᠯᠵᠢᠬᠤ ᠣᠷᠤᠨ ᠤ ᠠᠮᠢ ᠠᠬᠤᠢ ᠶᠢᠨ ᠬᠠᠮᠠᠭᠠᠯᠠᠯᠲᠠ ᠶᠢᠨ ᠲᠤᠲᠠᠭᠤᠳᠠᠯ ᠪᠠ ᠮᠠᠯᠴᠢᠳ ᠤᠨ ᠬᠠᠮᠤᠭ ᠠᠴᠠ ᠴᠢᠩᠭ᠎ᠠ ᠲᠤᠰᠬᠠᠵᠤ ᠪᠠᠶᠢᠭ᠎ᠠ ᠪᠣᠳᠠᠲᠠᠢ ᠠᠰᠠᠭᠤᠳᠠᠯ ᠢ ᠰᠢᠢᠳᠪᠦᠷᠢᠯᠡᠵᠦ᠂ ᠮᠠᠯ ᠠᠵᠤ ᠠᠬᠤᠢ ᠶᠢᠨ ᠦᠢᠯᠡᠰ ᠴᠢᠨᠠᠷ ᠰᠠᠶᠢᠲᠠᠢ᠂ ᠦᠷ᠎ᠡ ᠠᠰᠢᠭ ᠥᠨᠳᠦᠷ᠂ ᠣᠷᠣᠰᠢᠨ ᠰᠠᠭᠤᠬᠤ ᠣᠷᠴᠢᠨ ᠲᠤᠭᠤᠷᠢᠨ ᠲᠠᠭᠠᠯᠠᠮᠵᠢᠲᠠᠢ᠂ ᠮᠠᠯᠴᠢᠳ ᠪᠠᠶᠠᠨ ᠴᠢᠨᠡᠭᠡᠯᠢᠭ ᠪᠠᠶᠢᠬᠤ ᠶᠢ ᠲᠦᠷᠭᠡᠳᠬᠡᠨ ᠠᠬᠢᠭᠤᠯᠬᠤ ᠬᠡᠷᠡᠭᠳᠡᠢ᠃       ᠬᠤᠶᠠᠷ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠮᠠᠯ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠤᠶ᠎ᠠ       ᠨᠢᠭᠡ ᠳᠤ᠂ ᠮᠠᠯ ᠰᠦᠷᠦᠭ ᠤᠨ ᠲᠡᠵᠢᠭᠡᠨ ᠦᠷᠡᠵᠢᠬᠦᠯᠬᠦ ᠪᠦᠳᠦᠴᠡ ᠶᠢ ᠰᠢᠯᠢᠳᠡᠭᠵᠢᠬᠦᠯᠦᠨ᠎ᠡ᠃ ︽ᠴᠠᠬᠠᠷ ᠬᠤᠨᠢᠨ︾᠎ ᠤ ᠭᠠᠵᠠᠷ ᠣᠷᠤᠨ ᠤ ᠳᠠᠪᠠᠭᠤᠯᠢᠭ ᠢ ᠪᠠᠬᠢᠵᠢᠬᠦᠯᠵᠦ᠂ ᠤᠳᠤᠬᠢᠴᠢᠯᠠᠭᠰᠠᠨ ᠰᠢᠯᠢᠳᠡᠭ ᠡᠬᠦᠯᠳᠡᠷ ᠪᠤᠶᠢᠵᠢᠭᠤᠯᠬᠤ ᠦᠢᠯᠡᠰ ᠤᠨ ᠲᠡᠰ ᠲᠡᠪᠰᠢᠬᠦᠯᠬᠦ ᠢᠨᠵᠧᠨᠧᠷᠢᠩ ᠤᠨ ᠲᠥᠷᠦᠯ ᠵᠦᠢᠯ ᠢ ᠬᠡᠷᠡᠭᠵᠢᠬᠦᠯᠵᠦ᠂ ᠴᠠᠬᠠᠷ ᠬᠤᠨᠢᠨ ᠤ ᠤᠯᠤᠰ ᠤᠨ ᠳᠡᠰ ᠤᠨ ᠭᠤᠣᠯ ᠪᠣᠯᠬᠤ ᠡᠭᠦᠯᠳᠡᠷ ᠪᠣᠶᠢᠵᠢᠭᠤᠯᠬᠤ ᠲᠠᠯᠠᠪᠠᠢ ᠶᠢ ᠦᠷᠬᠦᠯᠵᠢᠯᠡᠨ ᠲᠡᠭᠡᠭᠰᠢ ᠡᠷᠡᠮᠡᠯᠵᠡᠯᠡᠵᠦ᠂ ᠵᠢᠯ ᠤᠨ ᠳᠤᠳᠤᠷ᠎ᠠ 5 ᠴᠠᠬᠠᠷ ᠬᠤᠨᠢᠨ ᠤ ᠭᠤᠤᠯᠳᠠᠯᠭᠠᠲᠤ ᠰᠦᠷᠦᠭ ᠢ ᠰᠢᠨ᠎ᠡ ᠪᠠᠷ ᠨᠤᠲᠠᠯᠠᠨ ᠲᠤᠭᠲᠠᠭᠠᠵᠤ᠂ 7 ᠦᠷᠭᠡᠳᠬᠡᠨ ᠲᠡᠵᠢᠭᠡᠨ ᠦᠷᠡᠵᠢᠬᠦᠯᠬᠦ ᠲᠠᠯᠠᠪᠠᠢ ᠶᠢ ᠪᠠᠶᠢᠭᠤᠯᠤᠨ᠎ᠠ᠃ ︽ᠬᠦᠪᠡᠭᠡᠲᠦ ᠰᠢᠷ᠎ᠠ ᠬᠤᠰᠢᠭᠤᠨ ᠤ ᠴᠠᠬᠠᠷ ᠬᠤᠨᠢᠨ ᠤ ᠶᠡᠭᠡ ᠳ᠋ᠠᠶᠢᠲ᠋ᠠ ᠶᠢᠨ ᠬᠦᠮᠦᠷᠭᠡ︾᠎ ᠶᠢᠨ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠬᠤ ᠪᠠᠷ ᠳᠠᠮᠵᠢᠨ᠂ ᠴᠠᠬᠠᠷ ᠬᠤᠨᠢᠨ ᠤ ᠠᠵᠤ ᠦᠢᠯᠡᠰ ᠤᠨ ᠤᠳᠤᠬᠢᠴᠢᠯᠠᠭᠰᠠᠨ ᠠᠵᠢᠯ ᠤᠨ ᠵᠠᠭᠪᠤᠷ ᠢ ᠠᠬᠢᠭᠤᠯᠵᠤ᠂ ᠴᠠᠬᠠᠷ ᠬᠤᠨᠢᠨ ᠤ ᠨᠢᠭᠡ ᠴᠤᠭᠴᠠᠵᠢᠭᠰᠠᠨ᠂ ᠨᠠᠷᠢᠯᠢᠭᠵᠢᠭᠰᠠᠨ ᠪᠠ ᠤᠶᠤᠨᠴᠢᠯᠠᠭᠰᠠᠨ ᠬᠠᠮᠢᠶᠠᠷᠤᠯᠲᠠ ᠶᠢᠨ ᠬᠢᠷᠢ ᠲᠥᠪᠰᠢᠨ ᠢ ᠲᠡᠭᠡᠭᠰᠢᠯᠡᠬᠦᠯᠦᠨ᠎ᠡ᠃ ᠬᠤᠸᠠ ᠰᠢ ᠦᠬᠡᠷ ᠤᠨ ᠡᠬᠦᠯᠳᠡᠷ ᠤᠨ ᠪᠤᠶᠢᠵᠢᠭᠤᠯᠤᠯᠲᠠ ᠶᠢ ᠥᠷᠭᠡᠳᠬᠡᠬᠦ ᠠᠵᠢᠯ ᠢ ᠠᠬᠢᠭᠤᠯᠤᠨ᠂ ᠵᠢᠯ ᠤᠨ ᠳᠤᠳᠤᠷ᠎ᠠ ᠡᠬᠦᠯᠳᠡᠷ ᠪᠤᠶᠢᠵᠢᠭᠤᠯᠬᠤ ᠰᠦᠷᠦᠭ 2᠎ ᠢ ᠰᠢᠨ᠎ᠡ ᠪᠠᠷ ᠪᠠᠶᠢᠭᠤᠯᠤᠨ᠎ᠠ᠃ ᠰᠢᠯᠢᠳᠡᠭ ᠡᠬᠦᠯᠳᠡᠷ ᠤᠨ ᠮᠢᠬᠠᠨ ᠤ ᠦᠬᠡᠷ ᠤᠨ ᠢᠴᠡᠭᠡᠯ ᠦᠷ᠎ᠡ ᠶᠢᠨ ᠬᠡᠬᠡᠯᠳᠦᠬᠦᠯᠭᠡ ᠶᠢᠨ ᠮᠡᠷᠭᠡᠵᠢᠯ ᠵᠢᠴᠢ ᠬᠡᠭᠡᠯ ᠲᠤᠭᠲᠠᠭᠠᠬᠤ ᠶᠢ ᠲᠦᠭᠡᠮᠡᠯᠵᠢᠬᠦᠯᠬᠦ ᠵᠢᠱᠢᠶ᠎ᠡ ᠦᠵᠡᠭᠦᠯᠬᠦ ᠲᠥᠷᠥᠯ ᠵᠦᠢᠯ ᠢ ᠪᠡᠶᠡᠯᠡᠭᠦᠯᠦᠨ᠎ᠡ᠃ ᠰᠦ ᠮᠢᠬᠠᠨ ᠤ ᠬᠤᠣᠰ ᠬᠡᠷᠡᠭᠴᠡᠭᠡᠲᠦ ᠰᠢᠮᠧᠨ᠋ᠲᠷ ᠦᠬᠡᠷ ᠤᠨ ᠭᠤᠣᠯᠳᠠᠯᠭᠠᠲᠤ ᠵᠢᠱᠢᠶ᠎ᠡ ᠦᠵᠡᠬᠦᠯᠬᠦ ᠰᠠᠭᠤᠷᠢᠨ ᠭᠠᠵᠠᠷ ᠤᠨ ᠲᠥᠷᠦᠯ ᠵᠦᠢᠯ ᠢ ᠢᠳᠡᠪᠬᠢᠳᠡᠢ ᠲᠦᠯᠬᠢᠨ ᠠᠬᠢᠭᠤᠯᠵᠤ᠂ ᠰᠢᠯᠢᠳᠡᠭ ᠡᠬᠦᠯᠳᠡᠷ ᠤᠨ ᠦᠷ᠎ᠡ ᠶᠢᠨ ᠮᠠᠯ ᠪᠠ ᠮᠢᠬᠠᠨ ᠤ ᠦᠬᠡᠷ ᠤᠨ ᠬᠦᠪᠦᠷᠡᠯ ᠰᠢᠯᠵᠢᠬᠦᠯᠬᠦ ᠮᠡᠷᠭᠡᠵᠢᠯ ᠢ ᠶᠡᠬᠡᠪᠡᠷ ᠪᠤᠶᠢᠵᠢᠭᠤᠯᠬᠤ ᠪᠠ ᠲᠦᠭᠡᠮᠡᠯᠵᠢᠬᠦᠯᠵᠦ᠂ ᠰᠢᠮᠧᠨ᠋ᠲᠷ ᠦᠬᠡᠷ ᠤᠨ ᠭᠤᠤᠯᠳᠠᠯᠭᠠᠲᠤ ᠰᠦᠷᠦᠭ ᠪᠠ ᠡᠬᠦᠯᠳᠡᠷ ᠰᠠᠶᠢᠵᠢᠷᠠᠭᠤᠯᠬᠤ ᠬᠤᠪᠢ ᠶᠢᠨ ᠵᠢᠩ ᠢ ᠨᠡᠮᠡᠭᠳᠡᠬᠦᠯᠦᠨ᠎ᠡ᠃ ᠤᠯᠤᠰ ᠪᠠ ᠦᠪᠡᠷᠲᠡᠭᠡᠨ ᠵᠠᠰᠠᠬᠤ ᠣᠷᠤᠨ ᠤ ᠰᠦ ᠰᠠᠭᠠᠯᠢ ᠶᠢᠨ ᠦᠢᠯᠡᠰ ᠢ ᠬᠦᠭᠵᠢᠬᠦᠯᠬᠦ ᠪᠠᠶᠢᠯᠳᠤᠬᠤ ᠪᠤᠳᠣᠯᠭ᠎ᠠ ᠶᠢᠨ ᠠᠵᠠ ᠲᠤᠬᠢᠶᠠᠯ ᠲᠠᠢ ᠤᠶᠠᠯᠳᠤᠭᠤᠯᠤᠨ᠂ ᠲᠡᠭᠡᠳᠦ ᠱᠠᠳᠣᠨ ᠤ ᠲᠥᠷᠦᠯ ᠵᠦᠢᠯ ᠤᠨ ᠪᠡᠯᠡ ᠮᠦᠩᠬᠦ ᠶᠢ ᠢᠳᠡᠪᠬᠢᠳᠡᠢ ᠡᠷᠡᠮᠡᠯᠵᠡᠯᠡᠨ ᠣᠯᠵᠤ᠂ ᠮᠠᠨ ᠤ ᠬᠤᠰᠢᠭᠤᠨ ᠤ ᠰᠦ ᠰᠠᠭᠠᠯᠢ ᠶᠢᠨ ᠦᠢᠯᠡᠰ ᠢ ᠬᠦᠭᠵᠢᠬᠦᠯᠬᠦ ᠲᠦᠯᠦᠪᠵᠢᠬᠦᠯᠭᠡ ᠶᠢ ᠦᠷᠬᠦᠯᠵᠢᠯᠡᠨ ᠠᠬᠢᠭᠤᠯᠵᠤ᠂ 50 ︱ 100 ᠲᠤᠯᠤᠭᠠᠢ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ 4 ᠰᠢᠨ᠎ᠡ ᠪᠠᠷ ᠪᠠᠶᠢᠭᠤᠯᠵᠤ᠂ 10 ᠡᠷᠦᠬᠡ ᠳᠤ ᠰᠠᠭᠠᠯᠢ ᠶᠢᠨ ᠦᠨᠢᠶᠡᠨ ᠤ ᠳᠤᠮᠳᠠ ᠪᠠᠭ᠎ᠠ ᠬᠡᠪᠴᠢᠶᠡᠵᠢᠭᠰᠡᠨ ᠲᠡᠵᠢᠭᠡᠨ ᠦᠷᠡᠵᠢᠬᠦᠯᠬᠦ ᠲᠡᠰ ᠲᠡᠪᠰᠢᠭᠰᠡᠨ ᠲᠥᠷᠦᠯ ᠵᠦᠢᠯ ᠢ ᠪᠡᠶᠡᠯᠡᠭᠦᠯᠵᠦ᠂ 2 ᠳᠤᠮᠳᠠ ᠵᠢᠵᠢᠭ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ ᠶᠢᠨ ᠰᠦᠨ ᠤ ᠥᠷᠲᠡᠭᠡ ᠶᠢ ᠰᠢᠨ᠎ᠡ ᠪᠠᠷ ᠪᠠᠶᠢᠭᠤᠯᠤᠨ᠎ᠠ᠃ ᠪᠥᠬᠦ ᠬᠤᠰᠢᠭᠤᠨ ᠤ ᠰᠠᠭᠠᠯᠢ ᠶᠢᠨ ᠦᠨᠢᠶᠡᠨ ᠤ ᠲᠤᠭ᠎ᠠ ᠶᠢ  ᠲᠦᠮᠡᠨ ᠲᠤᠯᠤᠭᠠᠢ ᠳᠤ ᠬᠦᠷᠭᠡᠵᠦ᠂ ᠰᠦᠨ ᠤ ᠭᠠᠷᠤᠯᠲᠠ ᠶᠢ ᠤᠯᠠᠮ ᠨᠡᠮᠡᠭᠳᠡᠬᠦᠯᠵᠦ᠂ ᠰᠢᠨᠡᠪᠤᠯᠠᠭ ᠪᠠᠯᠭᠠᠰᠤᠨ ᠤ ᠣᠶᠢᠷᠠᠯᠴᠠᠭᠠᠬᠢ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠡᠷᠦᠬᠡ ᠶᠢ ᠳᠠᠶᠢᠴᠢᠯᠠᠨ ᠲᠡᠵᠢᠭᠡᠨ ᠦᠷᠡᠵᠢᠬᠦᠯᠬᠦ᠂ ᠦᠢᠯᠡᠳᠪᠦᠷᠢᠯᠡᠬᠦ᠂ ᠡᠳ᠋ᠰᠢᠭᠦᠯᠬᠦ᠂ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠪᠠᠷᠢᠮᠵᠢᠶᠠᠵᠢᠭᠰᠠᠨ ᠴᠢᠭᠯᠡᠯ ᠲᠠᠰᠢ ᠬᠦᠭᠵᠢᠬᠦ ᠶᠢ ᠠᠬᠢᠭᠤᠯᠤᠨ᠎ᠠ᠃       ᠬᠤᠶᠠᠷ ᠲᠤ᠂ ᠨᠡᠷᠡᠲᠦ ᠳᠡᠮᠳᠡᠭ ᠤᠨ ᠪᠠᠶᠢᠭᠤᠯᠤᠯᠲᠠ ᠶᠢᠨ ᠬᠦᠴᠦᠯᠡᠴᠡ ᠪᠠᠨ ᠴᠢᠩᠭᠠᠳᠬᠠᠨ᠎ᠠ᠃ ᠡᠯ᠎ᠡ ᠰᠣᠮᠣ ᠪᠠᠯᠭᠠᠰᠤ᠂ ᠬᠠᠮᠢᠶ᠎ᠠ ᠪᠦᠬᠦᠢ ᠰᠠᠯᠠᠭ᠎ᠠ ᠮᠦᠴᠢᠷ ︽ᠰᠢᠯᠢ ᠶᠢᠨ ᠭᠤᠣᠯ ᠤᠨ ᠬᠤᠨᠢᠨ ᠮᠢᠬ᠎ᠠ︾ ᠪᠠ ︽ᠰᠢᠯᠢ ᠶᠢᠨ ᠭᠤᠣᠯ ᠤᠨ ᠴᠠᠭᠠᠨ ᠢᠳᠡᠭᠡ︾᠎ ᠶᠢᠨ ᠤᠷᠤᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠦᠯ ᠲᠡᠮᠳᠡᠭ ᠪᠠ ᠭᠠᠵᠠᠷ ᠵᠦᠢ ᠶᠢᠨ ᠢᠯᠡᠳᠭᠡᠮᠵᠢᠲᠦ ᠲᠡᠸᠠᠷ ᠤᠨ ᠲᠡᠮᠳᠡᠭ ᠤᠨ ᠠᠯᠳᠠᠷᠰᠢᠯ ᠢ ᠤᠬᠠᠭᠤᠯᠤᠨ ᠰᠤᠷᠳᠠᠯᠴᠢᠯᠠᠬᠤ ᠶᠢ ᠢᠳᠡᠪᠬᠢᠳᠡᠢ ᠵᠢᠯᠤᠭᠤᠳᠤᠨ ᠠᠬᠢᠭᠤᠯᠵᠤ᠂ ᠮᠠᠨ ᠤ ᠬᠤᠰᠢᠭᠤᠨ ᠤ ᠪᠤᠳᠠᠳᠤ ᠪᠠᠶᠢᠳᠠᠯ ᠲᠠᠢ ᠤᠶᠠᠯᠳᠤᠭᠤᠯᠤᠨ᠂ ︽ᠴᠠᠬᠠᠷ ᠬᠤᠨᠢ᠂ ᠴᠠᠬᠠᠷ ᠴᠠᠭᠠᠨ ᠢᠳᠡᠭᠡ︾᠎ ᠶᠢᠨ ᠠᠵᠤ ᠦᠢᠯᠡᠰ ᠢ ᠪᠦᠬᠦ ᠲᠠᠯ᠎ᠠ ᠪᠠᠷ ᠴᠤᠭᠴᠠᠯᠠᠨ ᠪᠠᠶᠢᠭᠤᠯᠤᠨ᠎ᠠ᠃ ᠤᠯᠠᠮᠵᠢᠯᠠᠯᠲᠤ ᠴᠠᠭᠠᠨ ᠢᠳᠡᠭᠡᠨ ᠤ ᠦᠢᠯᠡᠳᠪᠦᠷᠢᠯᠡᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠲᠥᠪᠯᠡᠷᠡᠨ ᠬᠦᠭᠵᠢᠭᠰᠡᠨ ᠳᠠᠪᠠᠭᠤᠯᠢᠭ ᠢ ᠪᠠᠳᠠᠷᠠᠭᠤᠯᠤᠨ᠂ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠨᠥᠯᠥᠭᠡᠯᠡᠬᠦ ᠬᠦᠴᠦᠨ ᠪᠠ ᠠᠵᠤ ᠦᠢᠯᠡᠰ ᠤᠨ ᠬᠥᠭᠵᠢᠯᠲᠡ ᠶᠢᠨ ᠲᠦᠯᠬᠢᠴᠡ ᠬᠦᠴᠦᠨ ᠢᠶᠠᠨ ᠴᠢᠩᠭᠠᠷᠠᠭᠤᠯᠤᠨ᠎ᠠ᠃ ᠡᠯᠧᠺᠲᠷᠣᠨ ᠬᠤᠳᠠᠯᠳᠤᠭᠠᠨ ᠤ ᠶᠠᠪᠤᠳᠠᠯ ᠢ ᠮᠠᠯᠵᠢᠬᠤ ᠣᠷᠣᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠬᠤᠰᠢᠭᠤ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠲᠠᠢ ᠤᠶᠠᠯᠳᠤᠭᠤᠯᠤᠨ᠂ ᠣᠷᠣᠨ ᠨᠤᠲᠤᠭ ᠤᠨ ᠣᠨᠴᠠᠯᠢᠭᠲᠤ ᠲᠠᠸᠠᠷ ᠤᠨ ᠨᠠᠷᠠᠲᠤ ᠲᠡᠮᠳᠡᠭᠲᠦ ᠶᠢ ᠡᠬᠦᠳᠦᠨ ᠪᠤᠶᠢᠵᠢᠭᠤᠯᠤᠨ᠎ᠠ᠃ ᠨᠢᠭᠡ ᠪᠦᠯᠦᠭ ᠰᠦᠯᠵᠢᠶᠡᠨ ᠳᠡᠭᠡᠷᠡᠬᠢ ᠪᠠ ᠪᠤᠳᠠᠳᠤ ᠵᠠᠬ᠎ᠠ ᠳᠡᠯᠭᠡᠬᠦᠷ ᠲᠠᠬᠢ ᠨᠠᠷᠠᠲᠤ ᠲᠡᠮᠳᠡᠭᠲᠦ ᠶᠢ ᠳᠡᠯᠭᠡᠷᠡᠭᠦᠯᠬᠦ ᠠᠵᠢᠯᠯᠠᠭ᠎ᠠ ᠶᠢ ᠲᠦᠰᠦᠪᠯᠡᠨ ᠬᠡᠷᠡᠭᠵᠢᠭᠦᠯᠵᠦ᠂ ︽ᠴᠠᠬᠠᠷ ᠬᠤᠨᠢ︾ ᠪᠠ ︽ᠴᠠᠭᠠᠨ ᠢᠳᠡᠭᠡᠨ ᠤ ᠨᠤᠲᠤᠭ︾᠎ ᠤᠨ ᠨᠡᠷ᠎ᠡ ᠠᠯᠳᠠᠷᠰᠢᠯ ᠢ ᠤᠯᠠᠮ ᠨᠡᠮᠡᠭᠳᠡᠬᠦᠯᠦᠨ᠎ᠡ᠃ ᠪᠦᠬᠦ ᠠᠶᠢᠮᠠᠭ ᠤᠨ ᠰᠤᠶᠤᠯ ᠵᠢᠭᠤᠯᠴᠢᠯᠠᠯ ᠤᠨ ᠠᠵᠢᠯᠯᠠᠭ᠎ᠠ ᠲᠠᠢ ᠤᠶᠠᠯᠳᠤᠭᠤᠯᠤᠨ᠂ ᠵᠢᠭᠤᠯᠴᠢᠯᠠᠭᠰᠠᠳ ᠲᠤ ᠵᠢᠩᠬᠢᠨᠢ ᠦᠨᠦᠷ ᠠᠮᠲᠠᠲᠤ ︽ᠴᠠᠬᠠᠷ ᠬᠤᠨᠢᠨ ᠮᠢᠬ᠎ᠠ︾᠂ ︽ᠰᠢᠯᠢ ᠶᠢᠨ ᠭᠤᠣᠯ ᠤᠨ ᠴᠠᠭᠠᠨ ᠢᠳᠡᠭᠡ ᠶᠢᠨ ᠰᠢᠷᠢᠰ ᠪᠦᠳᠦᠭᠡᠭᠳᠡᠬᠦᠨ︱ ᠬᠦᠪᠡᠭᠡᠲᠦ ᠰᠢᠷ᠎ᠠ ᠶᠢᠨ ᠴᠠᠭᠠᠨ ᠢᠳᠡᠭᠡ︾᠎ ᠶᠢ ᠲᠠᠨᠢᠭᠤᠯᠤᠨ᠎ᠠ᠃       ᠭᠤᠷᠪᠠ ᠳᠤ᠂ ᠠᠵᠤ ᠦᠢᠯᠡᠰ ᠤᠨ ᠠᠭᠤᠰᠤᠯᠴᠠᠭᠰᠠᠨ ᠬᠦᠭᠵᠢᠯᠲᠡ ᠶᠢ ᠴᠢᠩᠭᠠᠳᠬᠠᠨ᠎ᠠ᠃ ᠡᠯ᠎ᠡ ᠰᠣᠮᠣ ᠪᠠᠯᠭᠠᠰᠤ ᠵᠢᠴᠢ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠨᠢ ᠤᠯᠤᠰ ᠤᠨ ᠲᠠᠷᠢᠶᠠᠯᠠᠩ ᠤᠨ ᠦᠢᠯᠡᠰ ᠤᠨ ᠬᠦᠴᠦᠷᠬᠡᠭ ᠪᠠᠯᠭᠠᠰᠤ ᠶᠢ ᠡᠭᠦᠳᠦᠨ ᠪᠠᠶᠢᠭᠤᠯᠬᠤ ᠲᠥᠷᠥᠯ ᠵᠦᠢᠯ ᠢ ᠢᠳᠡᠪᠬᠢᠳᠡᠢ ᠡᠷᠡᠮᠡᠯᠵᠡᠯᠡᠨ ᠣᠯᠬᠤ ᠶᠢᠨ ᠬᠠᠮᠲᠤ᠂ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠬᠦᠴᠦᠯᠡᠴᠡ ᠪᠠᠨ ᠤᠯᠠᠮ ᠴᠢᠩᠭᠠᠳᠬᠠᠵᠤ᠂ ᠨᠡᠶᠢᠭᠡᠮ ᠤᠨ ᠪᠡᠯᠡ ᠮᠦᠩᠬᠦ ᠶᠢ ᠲᠠᠲᠠᠨ ᠠᠪᠴᠢᠷᠠᠵᠤ᠂ ᠮᠠᠯ ᠤᠨ ᠠᠰᠢᠭ ᠰᠢᠮ᠎ᠡ ᠶᠢᠨ ᠪᠦᠳᠦᠭᠡᠭᠳᠡᠬᠦᠨ ᠤ ᠪᠦᠬᠦ ᠠᠵᠤ ᠦᠢᠯᠡᠰ ᠤᠨ ᠬᠡᠯᠬᠢᠶᠡᠵᠢᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠠᠵᠤ ᠦᠢᠯᠡᠰ ᠤᠨ ᠬᠥᠭᠵᠢᠯᠲᠡ ᠶᠢᠨ ᠲᠥᠷᠥᠯ ᠵᠦᠢᠯ ᠢ ᠠᠯᠢ ᠲᠦᠷᠭᠡᠨ ᠢᠶᠠᠷ ᠬᠡᠷᠡᠭᠵᠢᠭᠦᠯᠵᠦ᠂ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ᠂ ᠮᠢᠬᠠᠨ ᠤ ᠬᠤᠨᠢᠨ ᠤ ᠪᠥᠬᠦ ᠠᠵᠤ ᠦᠢᠯᠡᠰ ᠤᠨ ᠬᠡᠯᠬᠢᠶᠡᠵᠢᠯ ᠤᠨ ᠰᠠᠭᠤᠷᠢ ᠪᠦᠲᠦᠭᠡᠨ ᠪᠠᠶᠢᠭᠤᠯᠤᠯᠲᠠ ᠶᠢ ᠪᠡᠶᠡᠯᠡᠬᠦᠯᠦᠨ᠎ᠡ᠃ ᠴᠠᠭᠠᠨ ᠢᠳᠡᠭᠡ ᠶᠢ ᠡᠳ᠋ᠰᠢᠬᠦᠯᠦᠨ ᠪᠤᠯᠪᠠᠰᠤᠷᠠᠭᠤᠯᠬᠤ ᠪᠠᠷᠢᠮᠵᠢᠶᠠᠵᠢᠭᠰᠠᠨ ᠦᠢᠯᠡᠳᠭᠡᠯ ᠤᠨ ᠲᠠᠰᠤᠭ ᠢ ᠰᠢᠨ᠎ᠡ ᠪᠠᠷ ᠪᠠᠶᠢᠭᠤᠯᠬᠤ ᠲᠥᠷᠥᠯ ᠵᠦᠢᠯ ᠢ ᠠᠯᠢ ᠲᠦᠷᠭᠡᠨ ᠢᠶᠠᠷ ᠬᠡᠷᠡᠭᠵᠢᠭᠦᠯᠵᠦ᠂ 1︱2 ᠪᠠᠷᠢᠮᠵᠢᠶᠠᠵᠢᠭᠰᠠᠨ SC ᠦᠢᠯᠡᠳᠪᠦᠷᠢᠯᠡᠯ ᠤᠨ ᠠᠵᠤ ᠠᠬᠤᠶᠢᠯᠠᠯ ᠢ ᠲᠡᠰ ᠲᠡᠪᠰᠢᠬᠦᠯᠵᠦ᠂ ᠰᠢᠨ᠎ᠡ ᠪᠦᠳᠦᠭᠡᠭᠳᠡᠬᠦᠨ ᠢ ᠰᠤᠳᠤᠯᠤᠨ ᠪᠦᠳᠦᠭᠡᠵᠦ᠂ ᠵᠠᠬ᠎ᠠ ᠳᠡᠯᠭᠡᠭᠦᠷ ᠢ ᠬᠦᠴᠦᠯᠡᠨ ᠦᠷᠭᠡᠳᠬᠡᠨ᠎ᠡ ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠᠷ ᠳᠡᠮᠵᠢᠨ᠂ ᠳᠠᠪᠠᠭᠤᠯᠢᠭ ᠣᠨᠴᠠᠯᠢᠭᠲᠤ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠮᠢᠬ᠎ᠠ᠂ ᠰᠦ᠂ ᠠᠷᠠᠰᠤ ᠰᠢᠷᠢ᠂ ᠨᠤᠤᠰᠤ ᠨᠤᠤᠯᠤᠷ ᠵᠡᠷᠭᠡ ᠮᠠᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠬᠦᠯᠦᠨ ᠪᠤᠯᠪᠠᠰᠤᠷᠠᠭᠤᠯᠬᠤ ᠪᠠ ᠶᠡᠷᠦᠩᠬᠡᠶᠢᠯᠡᠨ ᠠᠰᠢᠭᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠰᠦ ᠰᠠᠭᠠᠯᠢ ᠪᠤᠯᠪᠠᠰᠤᠷᠠᠭᠤᠯᠬᠤ ᠪᠠ ᠰᠠᠭᠠᠯᠢ ᠶᠢᠨ ᠦᠨᠢᠶ᠎ᠡ ᠲᠡᠵᠢᠭᠡᠨ ᠦᠷᠡᠵᠢᠬᠦᠯᠬᠦ ᠲᠠᠯ᠎ᠠ ᠪᠠᠷ᠂ ᠤᠯᠠᠮᠵᠢᠯᠠᠯᠲᠤ ᠦᠢᠯᠡᠳᠪᠦᠷᠢᠯᠡᠯ ᠪᠠ ᠲᠡᠵᠢᠭᠡᠨ ᠦᠷᠡᠵᠢᠭᠦᠯᠬᠦ ᠶᠢ ᠨᠥᠯᠥᠭᠡᠯᠡᠬᠦ ᠦᠭᠡᠢ ᠪᠠᠶᠢᠳᠠᠯ ᠤᠨ ᠳᠣᠣᠷ᠎ᠠ᠂ ᠲᠤᠯᠤᠭᠠᠶᠢᠯᠠᠭᠴᠢ ᠠᠵᠤ ᠠᠬᠤᠶᠢᠯᠠᠯ ᠢ ᠣᠷᠣᠭᠤᠯᠤᠨ ᠠᠪᠴᠢᠷᠠᠵᠤ ᠪᠣᠶᠢᠵᠢᠭᠤᠯᠤᠨ᠂ ᠴᠠᠭᠠᠨ ᠢᠳᠡᠭᠡ ᠶᠢ ᠬᠡᠪᠴᠢᠶᠡᠵᠢᠭᠦᠯᠦᠨ ᠦᠢᠯᠡᠳᠪᠦᠷᠢᠯᠡᠬᠦ ᠪᠠ ᠦᠬᠡᠷ ᠬᠤᠨᠢ ᠵᠡᠷᠭᠡ ᠶᠢ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠶᠢ ᠢᠳᠡᠪᠬᠢᠲᠡᠢ ᠪᠠᠷ ᠠᠬᠢᠭᠤᠯᠤᠨ ᠬᠥᠭᠵᠢᠭᠦᠯᠦᠨ᠎ᠡ᠃ ᠮᠠᠯ ᠠᠵᠤ ᠠᠬᠤᠢ ᠬᠢᠭᠡᠳ ᠵᠢᠭᠤᠯᠴᠢᠯᠠᠯ᠂ ᠰᠣᠶᠣᠯ᠂ ᠡᠷᠡᠭᠦᠯᠵᠢᠯ ᠰᠤᠪᠢᠯᠠᠯᠲᠠ ᠵᠡᠷᠭᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠮᠠᠯ ᠠᠵᠤ ᠠᠬᠤᠢ ᠶᠢᠨ ᠲᠠᠩ ᠭᠠᠭᠴᠠ ᠦᠢᠯᠡᠳᠪᠦᠷᠢᠯᠡᠯ ᠤᠨ ᠴᠢᠳᠠᠮᠵᠢ ᠠᠴᠠ ᠠᠮᠢ ᠠᠬᠤᠢ᠂ ᠠᠮᠢᠳᠤᠷᠠᠯ ᠤᠨ ᠴᠢᠳᠠᠮᠵᠢ ᠳᠠᠰᠢ ᠥᠷᠭᠡᠳᠬᠦ ᠶᠢ ᠠᠬᠢᠭᠤᠯᠵᠤ᠂ ᠨᠢᠭᠡ ᠬᠤᠶᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠲᠦᠷᠭᠡᠳᠬᠡᠨ᠎ᠡ᠃       ᠭᠤᠷᠪᠠ᠂ ᠮᠠᠯᠵᠢᠬᠤ ᠣᠷᠣᠨ ᠤ ᠰᠠᠭᠤᠷᠢ ᠲᠦᠬᠦᠭᠡᠷᠦᠮᠵᠢ ᠶᠢ ᠲᠠᠰᠤᠷᠠᠯᠲᠠ ᠦᠭᠡᠢ ᠲᠡᠬᠦᠯᠳᠡᠷᠵᠢᠬᠦᠯᠵᠦ᠂ ᠣᠷᠣᠰᠢᠨ ᠰᠠᠭᠤᠬᠤ ᠣᠷᠴᠢᠨ ᠲᠤᠭᠤᠷᠢᠨ ᠢ ᠰᠠᠶᠢᠵᠢᠷᠠᠭᠤᠯᠤᠶ᠎ᠠ      ᠨᠢᠭᠡ ᠳᠤ᠂ ᠮᠠᠯᠵᠢᠬᠤ ᠣᠷᠣᠨ ᠤ ᠰᠠᠭᠤᠷᠢ ᠲᠦᠬᠦᠭᠡᠷᠦᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠳᠤᠲᠠᠭᠤᠳᠠᠯ ᠢ ᠨᠥᠬᠦᠪᠦᠷᠢᠯᠡᠨ᠎ᠡ᠃ ᠬᠥᠭᠵᠢᠯᠲᠡ ᠶᠢᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠮᠠᠯᠵᠢᠬᠤ ᠣᠷᠤᠨ ᠤ ᠪᠤᠳᠠᠳᠠᠢ ᠲᠠᠢ ᠤᠶᠠᠯᠳᠤᠭᠤᠯᠵᠤ᠂ ︽ᠮᠠᠯ ᠤᠨ ᠪᠠᠷᠢᠮᠵᠢᠶᠠᠵᠢᠭᠰᠠᠨ ᠫᠧᠩ᠂ ᠡᠪᠡᠰᠦ ᠨᠦᠭᠡᠴᠡᠯᠡᠬᠦ ᠫᠧᠩ᠂ ᠡᠪᠡᠰᠦ ᠲᠠᠷᠢᠮᠠᠯ ᠤᠨ ᠰᠠᠭᠤᠷᠢᠨ ᠭᠠᠵᠠᠷ︾᠎ ᠤᠨ ᠲᠥᠷᠥᠯ ᠵᠦᠢᠯ ᠢ ᠨᠢᠭᠡᠳᠦᠯᠲᠡᠢ ᠲᠥᠯᠥᠪᠯᠡᠨ ᠬᠡᠷᠡᠭᠵᠢᠭᠦᠯᠦᠨ᠎ᠡ᠃ ᠲᠦᠭᠡᠭᠡᠯ ᠣᠰᠣᠨ ᠤ ᠢᠨᠵᠧᠨᠧᠷᠢᠩ ᠢ 6᠎ ᠶᠢ ᠰᠢᠨ᠎ᠡ ᠪᠠᠷ ᠪᠠᠶᠢᠭᠤᠯᠵᠤ᠂ 20 ᠰᠠᠤᠷᠢ ᠬᠤᠳᠳᠤᠭ ᠮᠠᠯᠲᠠᠨ᠂ 36 ᠢᠵᠢ ᠤᠰᠤ ᠬᠠᠳᠠᠭᠠᠯᠠᠬᠤ ᠵᠣᠭᠤᠷᠢ ᠶᠢ ᠰᠢᠨ᠎ᠡ ᠪᠠᠷ ᠪᠠᠶᠢᠭᠤᠯᠵᠤ᠂ ᠮᠠᠯᠵᠢᠬᠤ ᠣᠷᠣᠨ ᠤ ᠤᠰᠤ ᠬᠠᠩᠭᠠᠬᠤ ᠪᠠᠲᠤᠯᠠᠭ᠎ᠠ ᠶᠢᠨ ᠴᠢᠳᠠᠪᠤᠷᠢ ᠶᠢ ᠦᠨᠡᠨᠬᠦ ᠳᠡᠭᠡᠭᠰᠢᠯᠡᠭᠦᠯᠦᠨ᠎ᠡ᠃ ᠮᠠᠯᠵᠢᠬᠤ ᠣᠷᠤᠨ ᠤ 10 ᠺᠢᠯᠣᠸᠠᠲ ᠤᠨ ᠴᠠᠬᠢᠯᠭᠠᠨ ᠲᠤᠤᠷ ᠱᠤᠭᠤᠮ ᠢ 73.4 ᠺᠢᠯᠣᠮᠧᠲᠷ᠂ 0.4 ᠺᠢᠯᠣᠸᠠᠲ ᠤᠨ ᠴᠠᠬᠢᠯᠭᠠᠨ ᠲᠣᠣᠷ ᠱᠤᠭᠤᠮ ᠢ 59.7 ᠺᠢᠯᠣᠮᠧᠲᠷ ᠦᠬᠡᠷᠡᠴᠢᠯᠡᠨ ᠪᠠᠶᠢᠭᠤᠯᠵᠤ᠂ 162 ᠰᠠᠤᠷᠢ ᠴᠠᠬᠢᠯᠭᠠᠨ ᠬᠦᠴᠦᠳᠡᠯ ᠥᠭᠡᠷᠡᠴᠢᠯᠡᠭᠴᠢ ᠶᠢ ᠦᠭᠡᠷᠡᠴᠢᠯᠡᠨ ᠰᠢᠨᠡᠳᠭᠡᠵᠦ ᠂ ᠰᠢᠨᠡᠪᠤᠯᠠᠭ ᠪᠠᠯᠭᠠᠰᠤᠨ ᠤ ᠪᠠᠷᠠᠭᠤᠨ ᠲᠡᠭᠦᠷᠭᠡ ᠶᠢᠨ 110 ᠺᠢᠯᠣᠸᠠᠲ ᠤᠨ ᠴᠠᠬᠢᠯᠭᠠᠨ ᠳᠠᠮᠵᠢᠭᠤᠯᠬᠤ ᠬᠦᠴᠦᠳᠡᠯ ᠥᠭᠡᠷᠡᠴᠢᠯᠡᠬᠦ ᠢᠨᠵᠧᠨᠧᠷᠢᠩ ᠢ ᠪᠡᠶᠡᠯᠡᠭᠦᠯᠦᠨ᠎ᠡ᠃ 46.2 ᠺᠢᠯᠣᠮᠧᠲᠷ ᠮᠠᠯᠵᠢᠬᠤ ᠣᠷᠣᠨ ᠤ ᠵᠠᠰᠠᠮᠠᠯ ᠵᠠᠮ ᠢ ᠰᠢᠨ᠎ᠡ ᠪᠠᠷ ᠪᠠᠶᠢᠭᠤᠯᠵᠤ᠂ 70.77 ᠺᠢᠯᠣᠮᠧᠲᠷ ᠵᠠᠰᠠᠮᠠᠯ ᠵᠠᠮ ᠢ ᠠᠷᠠᠴᠢᠯᠠᠨ ᠬᠠᠮᠠᠭᠠᠯᠠᠨ᠎ᠠ᠃ ᠵᠠᠮ ᠤᠨ ᠳᠠᠷᠤᠭ᠎ᠠ ᠶᠢᠨ ᠳᠦᠷᠢᠮ ᠢ ᠭᠦᠨᠵᠡᠭᠡᠢ ᠨᠠᠶᠢᠳᠠᠪᠦᠷᠢᠵᠢᠭᠤᠯᠤᠨ᠎ᠠ᠃ 4G ᠴᠠᠬᠢᠯᠭᠠᠨ ᠬᠤᠯᠪᠣᠭᠠᠨ ᠤ ᠲᠦᠭᠡᠮᠡᠯ ᠦᠢᠯᠡᠴᠢᠯᠡᠭᠡ ᠶᠢᠨ ᠰᠠᠭᠤᠷᠢ ᠥᠷᠲᠡᠭᠡ ᠶᠢ 6᠂ 5G ᠴᠠᠬᠢᠯᠭᠠᠨ ᠬᠤᠯᠪᠤᠭᠠᠨ ᠤ ᠰᠠᠭᠤᠷᠢ ᠥᠷᠲᠡᠭᠡ 10᠎ ᠶᠢ ᠰᠢᠨ᠎ᠡ ᠪᠠᠷ ᠪᠠᠶᠢᠭᠤᠯᠤᠨ᠎ᠠ᠃ ︽ᠣᠶᠤᠨᠲᠤ ᠷᠠᠳᠢᠣ᠋ ᠲᠧᠯᠸᠢᠰ︾᠎ ᠢ ᠪᠦᠷᠬᠦᠬᠦᠯᠬᠦ ᠨᠣᠷᠮ᠎ᠠ ᠶᠢ ᠳᠡᠭᠡᠭᠰᠢᠯᠡᠭᠦᠯᠵᠦ᠂ 120 ᠡᠷᠦᠬᠡ ᠳᠤ ᠦᠷᠭᠡᠨ ᠪᠦᠰᠡᠲᠦ ᠰᠦᠯᠵᠢᠶ᠎ᠡ ᠤᠭᠰᠠᠷᠠᠵᠤ᠂ ᠲᠤᠤᠷ ᠰᠦᠯᠵᠢᠶ᠎ᠡ ᠴᠢᠮᠡᠭᠡ ᠨᠡᠪᠳᠡᠷᠡᠬᠦᠯᠭᠡ ᠳᠥᠬᠦᠮ ᠦᠭᠡᠢ ᠪᠠᠶᠢᠳᠠᠯ ᠢ ᠬᠤᠪᠢᠷᠠᠭᠤᠯᠤᠨ᠎ᠠ᠃ ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠦᠨᠳᠦᠰᠦᠨ ᠠᠮᠢᠳᠤᠷᠠᠯ ᠢ ᠪᠠᠲᠤᠯᠠᠬᠤ ᠴᠢᠨᠠᠷᠲᠠᠢ᠂ ᠦᠨᠳᠦᠰᠦᠨ ᠴᠢᠨᠠᠷᠲᠠᠢ ᠠᠷᠠᠳ ᠤᠨ ᠠᠮᠢᠳᠤᠷᠠᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠡᠷᠡᠭᠦᠯ ᠡᠩᠬᠡ ᠮᠠᠯᠵᠢᠬᠤ ᠣᠷᠣᠨ ᠤ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ ᠦᠨᠳᠦᠰᠦᠨ ᠡᠮ ᠡᠮᠨᠡᠯᠭᠡ᠂ ᠨᠠᠰᠤᠵᠢᠯ ᠤᠨ ᠳᠠᠭᠠᠳᠬᠠᠯ ᠤᠨ ᠲᠥᠷᠢᠮ ᠢ ᠲᠡᠬᠦᠯᠳᠡᠷᠵᠢᠬᠦᠯᠦᠨ᠎ᠡ᠃ ᠠᠵᠢᠯ ᠣᠯᠭᠤᠯᠲᠠ ᠪᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠤᠭᠲᠠᠯᠴᠠᠭ᠎ᠠ ᠎ ᠶᠢ ᠪᠦᠷᠢᠨᠰᠢᠭᠦᠯᠵᠦ᠂ ᠮᠠᠯᠵᠢᠬᠤ ᠣᠷᠣᠨ ᠤ ᠤᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠲᠠᠰᠤᠷᠠᠯᠳᠠ ᠦᠭᠡᠢ ᠳᠡᠭᠡᠭᠰᠢᠯᠡᠬᠦᠯᠦᠨ᠎ᠡ᠃       ᠬᠤᠶᠠᠷ ᠲᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠬᠦᠴᠦᠯᠡᠴᠡ ᠶᠢ ᠴᠢᠩᠭᠠᠳᠬᠠᠨ᠎ᠠ᠃ ᠴᠠᠭᠠᠨᠨᠠᠭᠤᠷ ᠤᠨ ᠰᠠᠪᠠ ᠤᠷᠤᠰᠬᠠᠯ ᠤᠨ ᠠᠮᠢ ᠠᠬᠤᠢ ᠶᠢᠨ ᠬᠠᠮᠠᠭᠠᠯᠠᠯᠲᠠ ᠪᠠ ᠰᠡᠷᠭᠦᠭᠡᠯᠲᠡ ᠶᠢ ᠴᠢᠩᠭᠠᠳᠬᠠᠵᠤ᠂ ᠦᠪᠡᠷᠲᠡᠭᠡᠨ ᠵᠠᠰᠠᠬᠤ ᠣᠷᠤᠨ ᠤ ᠴᠠᠭᠠᠨᠨᠠᠭᠤᠷ ᠤᠨ ᠰᠠᠪᠠ ᠤᠷᠤᠰᠬᠠᠯ ᠤᠨ ᠠᠮᠢ ᠠᠬᠤᠢ ᠶᠢᠨ ᠶᠡᠷᠦᠩᠬᠡᠶᠢᠯᠡᠭᠰᠡᠨ ᠵᠠᠰᠠᠯᠲᠠ ᠶᠢᠨ ᠲᠥᠷᠦᠯ ᠵᠦᠢᠯ ᠢ ᠴᠢᠨᠠᠷ ᠰᠠᠶᠢᠲᠠᠢ ᠪᠡᠶᠡᠯᠡᠬᠦᠯᠦᠭᠰᠡᠨ ᠰᠠᠭᠤᠷᠢᠨ ᠳᠡᠭᠡᠷ᠎ᠡ᠂ ᠣᠷᠤᠨ ᠬᠡᠪᠴᠢᠶᠡᠨ ᠤ ᠳᠤᠳᠤᠷᠠᠬᠢ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠠᠪᠠ ᠤᠷᠤᠰᠬᠠᠯ ᠤᠨ ᠬᠡᠰᠡᠭ ᠤᠨ ᠤᠷᠭᠤᠮᠠᠯ ᠤᠨ ᠬᠤᠴᠢᠯᠭ᠎ᠠ ᠶᠢ ᠰᠡᠷᠭᠦᠬᠡᠬᠦ ᠠᠵᠢᠯ ᠢ ᠲᠦᠷᠭᠡᠳᠬᠡᠨ ᠠᠬᠢᠭᠤᠯᠤᠨ᠎ᠠ᠃ ᠭᠠᠵᠠᠷ ᠲᠤᠤᠷᠠᠬᠢ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢ ᠰᠠᠶᠢᠲᠤᠷ ᠬᠡᠷᠡᠭᠵᠢᠬᠦᠯᠵᠦ᠂ ᠬᠠᠤᠯᠢ ᠬᠡᠷᠡᠭᠵᠢᠬᠦᠯᠦᠯᠲᠡ ᠶᠢ ᠴᠢᠩᠭᠠᠳᠬᠠᠨ᠂ ᠲᠠᠯ᠎ᠠ ᠨᠤᠲᠤᠭ ᠤᠨ ᠠᠮᠢ ᠠᠬᠤᠢ ᠶᠢᠨ ᠴᠢᠳᠠᠮᠵᠢ ᠪᠠ ᠦᠢᠯᠡᠳᠪᠦᠷᠢᠯᠡᠯ ᠤᠨ ᠴᠢᠳᠠᠮᠵᠢ ᠶᠢ ᠲᠠᠰᠤᠷᠠᠯᠲᠠ ᠦᠭᠡᠢ ᠲᠡᠭᠡᠭᠰᠢᠯᠡᠬᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠵᠡᠭᠦᠨ ᠬᠡᠰᠡᠭ ᠤᠨ ᠲᠠᠯ᠎ᠠ ᠨᠤᠲᠤᠭ ᠤᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ᠂ ᠴᠠᠭ ᠠᠭᠤᠷ ᠤᠨ ᠤᠰᠤᠨ ᠵᠦᠢ ᠶᠢᠨ ᠬᠢᠨᠠᠨ ᠬᠡᠮᠵᠢᠬᠦ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ᠂ ᠠᠭᠤᠯᠠᠨ ᠤ ᠦᠶᠡᠷ ᠤᠨ ᠭᠤᠤ ᠶᠢ ᠵᠠᠰᠠᠬᠤ᠂ ᠬᠦᠢᠲᠡᠨ ᠭᠤᠣᠯ ᠰᠡᠬᠦᠵᠢ ᠭᠠᠴᠠᠭᠠᠨ ᠤ ᠬᠡᠰᠡᠭ ᠤᠨ ᠦᠶᠡᠷ ᠢ ᠰᠡᠷᠭᠡᠶᠢᠯᠡᠬᠦ ᠪᠠᠷᠢᠯᠭ᠎ᠠ ᠵᠡᠷᠭᠡ ᠲᠥᠷᠥᠯ ᠵᠦᠢᠯ ᠢ ᠬᠡᠷᠡᠭᠵᠢᠭᠦᠯᠦᠨ᠎ᠡ᠃ ᠲᠥᠪᠯᠡᠷᠡᠭᠰᠡᠨ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠣᠷᠴᠢᠨ ᠠᠬᠤᠢ ᠶᠢᠨ ᠪᠠᠶᠢᠳᠠᠯ ᠢ ᠰᠢᠨᠵᠢᠯᠡᠨ ᠪᠠᠶᠢᠴᠠᠭᠠᠵᠤ ᠦᠨᠡᠯᠡᠨ ᠵᠢᠱᠢᠬᠦ ᠪᠠ ᠤᠰᠤᠨ ᠤ ᠴᠢᠨᠠᠷ ᠢ ᠬᠢᠨᠠᠨ ᠬᠡᠮᠵᠢᠬᠦ ᠠᠵᠢᠯ ᠢ ᠬᠦᠨᠵᠡᠭᠡᠢ ᠥᠷᠨᠢᠭᠦᠯᠵᠦ᠂ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠭᠤᠣᠯ ᠤᠨ ᠳᠠᠷᠤᠭ᠎ᠠ ᠶᠢᠨ ᠳᠦᠷᠢᠮ᠂ ᠤᠢ ᠰᠢᠭᠤᠢ ᠨᠤᠲᠤᠭ ᠪᠡᠯᠴᠢᠭᠡᠷ ᠤᠨ ᠳᠠᠷᠤᠭ᠎ᠠ ᠶᠢᠨ ᠳᠦᠷᠢᠮ ᠵᠡᠷᠭᠡ ᠶᠢ ᠴᠢᠩᠭ᠎ᠠ ᠨᠠᠶᠢᠳᠠᠪᠦᠷᠢᠵᠢᠭᠤᠯᠤᠨ᠎ᠠ᠃ ᠤᠳᠤᠨ ᠵᠢᠷᠤᠭ ᠰᠡᠬᠦᠳᠡᠷ ᠢᠶᠠᠷ ᠬᠠᠤᠯᠢ ᠬᠡᠷᠡᠭᠵᠢᠬᠦᠯᠦᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠭᠰᠡᠨ ᠠᠵᠢᠯᠯᠠᠭ᠎ᠠ ᠶᠢ ᠢᠯᠡᠴᠢᠯᠡᠨ ᠮᠡᠳᠡᠬᠦᠯᠬᠦ ᠶᠢ ᠱᠠᠩᠨᠠᠨ ᠬᠥᠬᠢᠭᠦᠯᠬᠦ ᠳᠦᠷᠢᠮ ᠢ ᠲᠡᠭᠦᠯᠳᠡᠷᠵᠢᠭᠦᠯᠦᠨ᠂ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠭᠡᠨ᠎ᠡ᠃ ᠨᠤᠲᠤᠭ ᠪᠡᠯᠴᠢᠭᠡᠷ ᠢ ᠵᠦᠢ ᠵᠣᠬᠢᠰᠲᠠᠢ ᠠᠰᠢᠭᠯᠠᠬᠤ ᠶᠢ ᠭᠦᠨᠵᠡᠭᠡᠢ ᠲᠦᠯᠬᠢᠨ ᠠᠬᠢᠭᠤᠯᠵᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠳᠦᠷᠢᠮ ᠪᠠ ᠨᠤᠲᠤᠭ ᠪᠡᠯᠴᠢᠭᠡᠷ ᠤᠨ ᠠᠮᠢ ᠠᠬᠤᠢ ᠶᠢᠨ ᠨᠦᠬᠦᠪᠦᠷᠢᠯᠡᠨ ᠱᠠᠩᠨᠠᠬᠤ ᠲᠦᠷᠦ ᠶᠢᠨ ᠪᠣᠳᠣᠯᠭ᠎ᠠ ᠶᠢ ᠴᠢᠩᠭ᠎ᠠ ᠨᠠᠶᠢᠳᠠᠪᠦᠷᠢᠵᠭᠤᠯᠤᠨ᠎ᠠ᠃ ᠣᠯᠠᠨ ᠤ ᠬᠠᠮᠲᠤ ᠶᠢᠨ ᠴᠢᠷᠮᠠᠶᠢᠯᠭ᠎ᠠ ᠳᠣᠣᠷ᠎ᠠ᠂ ᠥᠨᠦ ᠵᠢᠯ ᠤᠨ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠬᠡᠬᠦ ᠠᠵᠢᠯ ᠢ ᠲᠡᠭᠦᠰ ᠠᠮᠵᠢᠯᠲᠠᠲᠠᠢ ᠪᠡᠶᠡᠯᠡᠬᠦᠯᠵᠦ᠂ ᠮᠠᠯᠴᠢᠳ ᠢ ᠬᠠᠪᠰᠤᠷᠤᠨ ᠠᠮᠢ ᠠᠬᠤᠢ ᠶᠢᠨ ᠪᠠ ᠠᠵᠤ ᠠᠬᠤᠢ ᠶᠢᠨ ᠲᠠᠩᠰᠠ ᠶᠢ ᠰᠠᠶᠢᠲᠤᠷ ᠪᠤᠳᠤᠵᠤ᠂ ᠲᠠᠷᠠᠭ᠎ᠠ ᠵᠢᠯ ᠤᠨ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠠᠵᠢᠯ ᠤᠨ ᠪᠡᠯᠡᠳᠭᠡᠯ ᠠᠵᠢᠯ ᠢ ᠰᠠᠶᠢᠲᠤᠷ ᠬᠢᠵᠤ᠂ ᠨᠤᠲᠤᠭ ᠪᠡᠯᠴᠢᠭᠡᠷ ᠤᠨ ᠰᠡᠷᠭᠦᠭᠡᠯᠲᠡ ᠶᠢ ᠦᠨᠡᠨᠬᠦ ᠪᠠᠲᠤᠯᠠᠨ᠎ᠠ᠃       ᠭᠤᠷᠪᠠ ᠳᠤ᠂ ᠮᠠᠯᠵᠢᠬᠤ ᠣᠷᠤᠨ ᠤ ᠤᠶᠤᠨ ᠤ ᠪᠤᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ᠎ᠠ᠃ ︽ᠭᠠᠴᠠᠭᠠᠨ ᠤ ᠲᠥᠷᠢᠮ ᠢᠷᠭᠡᠳ ᠤᠨ ᠭᠡᠷ᠎ᠡ︾ ᠪᠠ ︽ᠲᠦᠷᠪᠡᠨ ᠬᠤᠷᠠᠯ︾ ᠵᠡᠷᠭᠡ ᠣᠯᠠᠨ ᠲᠥᠮᠡᠨᠴᠢ ᠥᠪᠡᠷᠲᠡᠭᠡᠨ ᠵᠠᠰᠠᠬᠤ ᠵᠤᠬᠢᠶᠠᠨ ᠪᠠᠶᠢᠭᠤᠯᠤᠯᠲᠠ ᠶᠢᠨ ᠦᠢᠯᠡᠳᠦᠯ ᠢ ᠬᠦᠢᠴᠡᠳ ᠪᠠᠳᠠᠷᠠᠭᠤᠯᠵᠤ᠂ ᠮᠠᠯᠴᠢᠳ ᠢ ᠬᠠᠤᠯᠢ ᠴᠠᠭᠠᠵᠠ ᠲᠥᠷᠢᠮ ᠲᠤᠭᠲᠠᠭᠠᠯ ᠢ ᠵᠢᠷᠤᠮᠯᠠᠨ ᠰᠠᠬᠢᠬᠤ ᠶᠢ ᠢᠳᠡᠪᠬᠢᠳᠡᠢ ᠵᠢᠯᠤᠭᠤᠳᠤᠨ᠂ ᠨᠡᠶᠢᠭᠡᠮ ᠵᠢᠷᠦᠮ ᠤᠨ ᠭᠤᠤᠯᠯᠠᠭᠴᠢ ᠦᠷᠲᠡᠭ ᠤᠨ ᠦᠵᠡᠯᠲᠡ ᠶᠢ ᠦᠢᠯᠡᠳᠦᠯᠭᠡᠵᠢᠬᠦᠯᠦᠨ᠎ᠡ᠃ ᠠᠯᠵᠠᠭᠤ ᠬᠤᠶᠢᠷᠭᠤ᠂ ︽ᠪᠡᠯᠡᠨ ᠳᠤ ᠲᠦᠰᠢᠭᠯᠡᠬᠦ︾ ᠵᠡᠷᠭᠡ ᠮᠠᠭᠤ ᠰᠤᠷᠲᠠᠯ ᠢ ᠡᠷᠡᠰ ᠲᠡᠪᠴᠢᠵᠤ᠂ ᠲᠡᠰᠪᠦᠷᠢ ᠬᠠᠲᠠᠭᠤᠵᠢᠯᠲᠠᠢ ᠲᠡᠮᠡᠴᠡᠬᠦ᠂ ᠦᠢᠯᠡᠰ ᠪᠣᠰᠬᠠᠵᠤ ᠥᠪᠡᠷ ᠢ ᠪᠠᠨ ᠬᠦᠴᠦᠷᠬᠡᠭᠵᠢᠭᠦᠯᠬᠦ ᠳᠣᠲᠣᠭᠠᠳᠤ ᠬᠦᠳᠡᠯᠭᠡᠭᠴᠢ ᠬᠦᠴᠦᠨ ᠢ ᠬᠥᠭᠵᠢᠭᠡᠵᠦ᠂ ᠮᠠᠯᠴᠢᠳ ᠤᠨ ᠰᠢᠷᠭᠠᠭᠤ ᠬᠥᠳᠡᠯᠮᠦᠷᠢ ᠪᠠᠷ ᠢᠶᠠᠨ ᠰᠠᠶᠢᠨ ᠰᠠᠶᠢᠬᠠᠨ ᠠᠮᠢᠳᠤᠷᠠᠯ ᠢᠶᠠᠨ ᠴᠣᠭᠴᠠᠯᠠᠬᠤ ᠶᠢ ᠢᠳᠡᠪᠬᠢᠳᠡᠢ ᠬᠥᠲᠥᠯᠥᠨ ᠵᠢᠯᠤᠭᠤᠳᠤᠨ᠎ᠠ ᠃ ᠭᠠᠵᠢᠭᠤ ᠨᠣᠮᠯᠠᠯ᠂ ᠬᠠᠤᠯᠢ ᠪᠤᠰᠤ ᠱᠠᠰᠢᠨ ᠰᠤᠷᠲᠠᠬᠤᠨ ᠵᠢᠴᠢ ᠱᠠᠰᠢᠨ ᠰᠤᠷᠲᠠᠬᠤᠨ ᠤ ᠬᠡᠲᠦᠷᠡᠮᠡᠬᠡᠢ ᠦᠵᠡᠯ ᠳᠤ ᠡᠷᠡᠰ ᠴᠣᠬᠢᠯᠲᠠ ᠥᠭᠴᠦ᠂ ᠮᠠᠯᠴᠢᠳ ᠤᠨ ᠰᠢᠨᠵᠢᠯᠡᠬᠦ ᠤᠬᠠᠭᠠᠨ ᠢ ᠡᠷᠬᠢᠮᠯᠡᠨ᠂ ᠮᠤᠬᠤᠷ ᠪᠢᠰᠢᠷᠡᠯ ᠢ ᠡᠰᠡᠷᠭᠦᠴᠡᠬᠦ ᠶᠢ ᠬᠦᠳᠦᠯᠦᠨ ᠵᠢᠯᠤᠭᠤᠳᠤᠨ᠎ᠠ᠃ ᠴᠤᠤᠷᠬᠠᠯ ᠵᠤᠬᠢᠶᠠᠨ ᠴᠤᠤᠷᠬᠠᠯ ᠲᠠᠷᠬᠠᠭᠠᠬᠤ᠂ ᠵᠣᠷᠢᠯᠭ᠎ᠠ ᠲᠠᠢ ᠪᠠᠷ ᠬᠡᠷᠡᠭ ᠦᠳᠦᠭᠡᠬᠦ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠮᠠᠯᠴᠢᠳ ᠤᠨ ᠬᠦᠰᠡᠯ ᠱᠠᠭᠠᠷᠳᠠᠯᠭ᠎ᠠ ᠪᠠᠨ ᠣᠶᠤᠨᠴᠢ ᠪᠠᠷ ᠢᠯᠡᠳᠭᠡᠬᠦ ᠶᠢ ᠬᠦᠳᠦᠯᠦᠨ ᠵᠢᠯᠤᠭᠤᠳᠤᠨ᠎ᠠ᠃ ᠮᠠᠯᠴᠢᠳ ᠤᠨ ᠦᠵᠡᠯ ᠰᠠᠨᠠᠭ᠎ᠠ᠂ ᠬᠠᠤᠯᠢ ᠪᠠᠷ ᠵᠠᠰᠠᠬᠤ ᠦᠵᠡᠯᠲᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠢ ᠬᠦᠨᠵᠡᠭᠡᠶᠢᠷᠡᠬᠦᠯᠦᠨ᠎ᠡ᠃ ᠮᠠᠯᠴᠢᠳ ᠤᠨ ᠶᠡᠷᠦᠩᠬᠡᠶᠢᠯᠡᠭᠰᠡᠨ ᠬᠡᠪ ᠴᠢᠨᠠᠷ ᠢ ᠳᠡᠭᠡᠭᠰᠢᠯᠡᠭᠦᠯᠦᠨ᠂ ᠰᠣᠶᠣᠯ ᠲᠠᠢ᠂ ᠮᠡᠷᠭᠡᠵᠢᠯ ᠲᠠᠢ᠂ ᠡᠵᠡᠩᠨᠡᠵᠦ ᠴᠢᠳᠠᠬᠤ᠂ ᠪᠠᠶᠠᠵᠢᠵᠤ ᠴᠢᠳᠠᠬᠤ᠂ ᠬᠠᠤᠯᠢ ᠳᠥᠷᠢᠮ ᠢ ᠰᠠᠬᠢᠭᠰᠠᠨ ᠰᠢᠨ᠎ᠡ ᠮᠠᠶ᠋ᠢᠭ ᠤᠨ ᠮᠠᠯᠴᠢᠳ ᠢ ᠬᠦᠴᠦᠯᠡᠨ ᠬᠥᠮᠥᠵᠢᠭᠦᠯᠦᠨ᠎ᠡ᠃       ᠲᠥᠷᠪᠡ ᠳᠤ᠂ ᠮᠠᠯᠵᠢᠬᠤ ᠣᠷᠣᠨ ᠤ ᠣᠷᠣᠰᠢᠨ ᠰᠠᠭᠤᠬᠤ ᠣᠷᠴᠢᠨ ᠨᠦᠬᠦᠴᠡᠯ ᠤᠨ ᠴᠡᠭᠴᠡᠯᠡᠨ ᠰᠠᠶᠢᠵᠢᠷᠠᠭᠤᠯᠤᠯᠲᠠ ᠶᠢ ᠠᠬᠢᠭᠤᠯᠤᠨ᠎ᠠ᠃ ᠮᠠᠯᠵᠢᠬᠤ ᠣᠷᠤᠨ ᠤ ᠣᠷᠣᠰᠢᠨ ᠰᠠᠭᠤᠬᠤ ᠣᠷᠴᠢᠨ ᠨᠦᠬᠦᠴᠡᠯ ᠢ ᠴᠡᠭᠴᠡᠯᠡᠨ ᠰᠠᠶᠢᠵᠢᠷᠠᠭᠤᠯᠬᠤ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠬᠦᠯᠦᠨ᠎ᠡ᠃ ᠨᠡᠶᠢᠭᠡᠮᠴᠢᠯᠡᠭᠰᠡᠨ ᠦᠢᠯᠡᠴᠢᠯᠡᠭᠡᠨ ᠤ ᠠᠩᠭᠢ ᠶᠢᠨ ᠬᠢᠨᠠᠨ ᠰᠢᠯᠭᠠᠬᠤ ᠬᠠᠮᠢᠶᠠᠷᠤᠯᠲᠠ ᠶᠢᠨ ᠠᠷᠭ᠎ᠠ ᠶᠢ ᠲᠠᠰᠤᠷᠠᠯᠲᠠ ᠦᠭᠡᠢ ᠨᠠᠷᠢᠯᠢᠭᠵᠢᠭᠤᠯᠵᠤ᠂ ᠢᠯᠡ ᠪᠠᠷ ᠬᠤᠪᠢ ᠳᠡᠮᠳᠡᠭᠯᠡᠬᠦ ᠠᠷᠭ᠎ᠠ ᠪᠠᠷ ᠨᠡᠶᠢᠭᠡᠮ ᠤᠨ ᠬᠢᠨᠠᠯᠲᠠ ᠶᠢ ᠴᠢᠩᠭᠠᠳᠬᠠᠵᠤ᠂ 4 ᠨᠡᠶᠢᠭᠡᠮ ᠤᠨ ᠦᠢᠯᠡᠴᠢᠯᠡᠭᠡᠨ ᠤ ᠠᠩᠭᠢ ᠶᠢᠨ ᠣᠯᠠᠨ ᠲᠥᠷᠦᠯ ᠤᠨ ᠠᠷᠭ᠎ᠠ ᠠᠪᠴᠠᠯ ᠢᠶᠠᠷ ᠲᠣᠰ ᠪᠡᠶ᠎ᠡ ᠶᠢᠨ ᠡᠵᠡᠩᠨᠡᠯᠲᠡ ᠶᠢᠨ ᠴᠢᠳᠠᠪᠤᠷᠢ ᠢᠶᠠᠨ ᠴᠢᠩᠭᠠᠳᠬᠠᠬᠤ ᠶᠢ ᠬᠦᠳᠦᠯᠦᠨ ᠵᠢᠯᠤᠭᠤᠳᠴᠤ᠂ ᠦᠢᠯᠡᠴᠢᠯᠡᠭᠡᠨ ᠤ ᠬᠢᠷᠢ ᠬᠡᠮᠵᠢᠶ᠎ᠡ ᠪᠠ ᠴᠢᠨᠠᠷ ᠴᠢᠨᠰᠠᠭ᠎ᠠ ᠶᠢ ᠦᠨᠡᠨᠬᠦ ᠳᠡᠭᠡᠭᠰᠢᠯᠡᠭᠦᠯᠦᠨ᠎ᠡ᠃ 2 ᠠᠶᠢᠮᠠᠭ ᠤᠨ ᠲᠠᠰ ᠤᠨ ᠵᠢᠱᠢᠶ᠎ᠡ ᠦᠵᠡᠭᠦᠯᠬᠦ ᠭᠠᠴᠠᠭ᠎ᠠ ᠶᠢᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ 1 ᠤᠯᠤᠰ ᠤᠨ ᠲᠠᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠭᠠᠴᠠᠭ᠎ᠠ᠂ 1 ᠥᠪᠡᠷᠲᠡᠭᠡᠨ ᠵᠠᠰᠠᠬᠤ ᠣᠷᠣᠨ ᠤ ᠲᠠᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠭᠠᠴᠠᠭ᠎ᠠ᠂ 3 ᠠᠶᠢᠮᠠᠭ ᠤᠨ ᠲᠠᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠭᠠᠴᠠᠭ᠎ᠠ ᠶᠢ ᠰᠢᠨ᠎ᠡ ᠪᠠᠷ ᠪᠠᠶᠢᠭᠤᠯᠤᠨ᠎ᠠ᠃ ︽ᠵᠣᠷᠯᠣᠩ ᠤᠨ ᠬᠤᠪᠢᠰᠬᠠᠯ︾᠎ ᠢ ᠯᠠᠪᠳᠠᠭᠤᠨ ᠢᠶᠠᠷ ᠠᠬᠢᠭᠤᠯᠵᠤ᠂ ᠤᠳᠤ ᠪᠠᠶᠢᠭ᠎ᠠ ᠵᠣᠷᠯᠣᠩ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠡᠳᠦᠷ ᠲᠤᠲᠤᠮ ᠤᠨ ᠬᠠᠮᠢᠶᠠᠷᠤᠯᠲᠠ ᠪᠠ ᠬᠠᠮᠠᠭᠠᠯᠠᠯᠲᠠ ᠶᠢ ᠰᠠᠶᠢᠲᠤᠷ ᠬᠢᠵᠦ᠂ ᠵᠢᠯ ᠤᠨ ᠳᠣᠲᠣᠷ᠎ᠠ 60 ᠡᠷᠦᠬᠡ ᠶᠢᠨ ᠵᠣᠷᠯᠣᠩ ᠢ ᠰᠢᠨ᠎ᠡ ᠪᠠᠷ ᠪᠠᠶᠢᠭᠤᠯᠤᠨ᠎ᠠ᠃ ᠭᠦᠸᠧ ᠹᠧᠩ ᠮᠢᠨ ᠢᠦᠢ ᠮᠠᠯ ᠵᠢᠭᠦᠷᠲᠡᠨ ᠤ ᠢᠯᠭᠠᠲᠠᠰᠤ ᠶᠢ ᠡᠬᠢ ᠪᠠᠶᠠᠯᠢᠭ ᠪᠤᠯᠭᠠᠨ ᠠᠰᠢᠭᠯᠠᠵᠤ ᠪᠥᠬᠦ ᠬᠤᠰᠢᠭᠤ ᠪᠠᠷ ᠢᠶᠠᠨ ᠲᠦᠯᠬᠢᠨ ᠠᠬᠢᠭᠤᠯᠬᠤ ᠲᠥᠷᠥᠯ ᠵᠦᠢᠯ ᠢ ᠠᠰᠢᠭᠯᠠᠯᠲᠠ ᠳᠤ ᠣᠷᠣᠭᠤᠯᠣᠨ᠎ᠠ᠃ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠳᠤᠯᠠᠭᠠᠯᠠᠭ᠎ᠠ ᠶᠢᠨ ᠲᠥᠷᠥᠯ ᠵᠦᠢᠯ ᠢ ᠢᠳᠡᠪᠬᠢᠳᠡᠢ ᠲᠦᠭᠡᠮᠡᠯᠵᠢᠬᠦᠯᠵᠦ᠂ 3 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠶ ᠲᠠᠢ ᠲᠤᠯᠠᠭᠠᠯᠭ᠎ᠠ ᠶᠢᠨ ᠲᠥᠷᠦᠯ ᠵᠦᠢᠯ ᠢ ᠪᠡᠶᠡᠯᠡᠬᠦᠯᠦᠨ᠎ᠡ᠃ ᠤᠷᠤᠰᠢᠨ ᠰᠠᠭᠤᠬᠤ ᠣᠷᠴᠢᠨ ᠨᠦᠬᠦᠴᠡᠯ ᠤᠨ ᠴᠡᠭᠴᠡᠯᠡᠨ ᠰᠠᠶᠢᠵᠢᠷᠠᠭᠤᠯᠤᠯᠲᠠ ᠶᠢ ᠴᠢᠩᠭᠠᠳᠬᠠᠵᠤ ᠂ ᠤᠷᠤᠰᠢᠨ ᠰᠠᠭᠤᠬᠤ ᠳᠤ ᠲᠠᠭᠠᠯᠠᠮᠵᠢᠲᠠᠢ᠂ ᠪᠤᠯᠪᠠᠰᠤᠨ᠂ ᠡᠶ᠎ᠡ ᠵᠤᠬᠢᠴᠠᠩᠭᠤᠢ᠂ ᠦᠵᠡᠰᠬᠦᠯᠡᠩᠳᠦ ᠰᠠᠶᠢᠬᠠᠨ ᠬᠦᠳᠡᠭᠡ ᠲᠤᠰᠬᠤᠨ ᠢ ᠴᠤᠭᠴᠠᠯᠠᠨ ᠪᠠᠶᠢᠭᠤᠯᠤᠨ᠎ᠠ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠢ ᠥᠷᠨᠢᠭᠦᠯᠦᠨ᠎ᠡ᠃ ᠬᠤᠯᠤᠭᠠᠨ᠎ᠠ ᠶᠢᠨ ᠬᠢᠵᠢᠭ᠂ ᠪᠷᠦ᠋ᠼᠧᠯ ᠡᠪᠡᠳᠴᠢᠨ ᠵᠡᠷᠭᠡ ᠬᠥᠮᠥᠨ ᠮᠠᠯ ᠳᠤ ᠴᠦᠮ ᠬᠠᠯᠳᠠᠪᠤᠷᠢᠯᠠᠳᠠᠭ ᠬᠠᠯᠳᠠᠪᠤᠷᠢᠲᠤ ᠡᠪᠡᠳᠴᠢᠨ᠂ ᠣᠷᠣᠨ ᠨᠤᠲᠤᠭ ᠤᠨ ᠡᠪᠡᠳᠴᠢᠨ ᠵᠡᠷᠭᠡ ᠶᠢ ᠬᠠᠮᠲᠤ ᠪᠠᠷ ᠰᠡᠷᠭᠡᠶᠢᠯᠡᠬᠦ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠤᠯᠠᠨ ᠲᠦᠮᠡᠨ ᠤ ᠡᠷᠡᠭᠦᠯ ᠮᠡᠨᠳᠤ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠬᠠᠮᠠᠭᠠᠯᠠᠵᠤ᠂ ᠮᠠᠯᠴᠢᠳ ᠢ ᠬᠥᠲᠥᠯᠥᠨ ᠵᠢᠯᠤᠭᠤᠳᠴᠤ᠂ ᠦᠵᠡᠯᠲᠡ ᠲᠠᠨᠢᠯᠲᠠ ᠶᠢ ᠨᠢ ᠬᠤᠪᠢᠷᠠᠭᠤᠯᠵᠤ᠂ ᠡᠷᠡᠭᠦᠯ ᠪᠣᠯᠪᠠᠰᠤᠨ ᠠᠮᠢᠳᠤᠷᠠᠯ ᠤᠨ ᠠᠷᠭ᠎ᠠ ᠮᠠᠶ᠋ᠢᠭ ᠢ ᠪᠤᠢ ᠪᠤᠯᠭᠠᠬᠤ ᠶᠢ ᠠᠬᠢᠭᠤᠯᠤᠨ᠎ᠠ᠃       ᠲᠥᠷᠪᠡ᠂ ᠶᠠᠳᠠᠭᠤ ᠠᠴᠠ ᠠᠩᠭᠢᠵᠢᠷᠠᠭᠤᠯᠤᠨ ᠪᠣᠭᠤᠮᠲᠠ ᠰᠢᠪᠳᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠮᠠᠯᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠤᠶ᠎ᠠ       ᠨᠢᠭᠡ ᠳᠤ᠂ ︽ᠮᠠᠯ ᠠᠵᠤ ᠠᠬᠤᠢ᠂ ᠮᠠᠯᠵᠢᠬᠤ ᠤᠷᠤᠨ᠂ ᠮᠠᠯᠴᠢᠳ︾᠎ ᠤᠨ ᠣᠷᠤᠭᠤᠯᠤᠯᠲᠠ ᠪᠠᠨ ᠦᠷᠬᠦᠯᠵᠢᠯᠡᠨ ᠨᠡᠮᠡᠭᠳᠡᠭᠦᠯᠦᠨ᠎ᠡ᠃ ᠨᠢᠳᠤᠨᠤᠨ᠂ ︽ᠮᠠᠯ ᠠᠵᠤ ᠠᠬᠤᠢ᠂ ᠮᠠᠯᠵᠢᠬᠤ ᠤᠷᠤᠨ᠂ ᠮᠠᠯᠴᠢᠳ︾᠎ ᠲᠤ 2.3 ᠳ᠋ᠦᠩᠰᠢᠭᠤᠷ ᠲᠥᠭᠦᠷᠢᠭ ᠪᠡᠯᠡ ᠤᠷᠤᠭᠤᠯᠵᠤ᠂ ᠶᠡᠷᠦᠩᠬᠡᠢ ᠵᠠᠷᠤᠯᠭ᠎ᠠ ᠶᠢᠨ 25.27%᠎ ᠶᠢ ᠡᠵᠡᠯᠡᠵᠦ᠂ ᠠᠳᠠᠯᠢ ᠬᠤᠭᠤᠴᠠᠭᠠᠨ ᠤ ᠠᠴᠠ 9%᠎ ᠪᠠᠷ ᠨᠡᠮᠡᠭᠳᠡᠪᠡ᠃ ᠥᠨᠦ ᠵᠢᠯ ᠨᠢ ᠤᠳᠤᠬᠠᠨ ᠪᠤᠯᠲᠠᠯ᠎ᠠ ︽ᠮᠠᠯ ᠠᠵᠤ ᠠᠬᠤᠢ᠂ ᠮᠠᠯᠵᠢᠬᠤ ᠤᠷᠤᠨ᠂ ᠮᠠᠯᠴᠢᠳ︾᠎ ᠲᠤ ᠨᠢᠭᠡᠨᠲᠡ 1.5 ᠳ᠋ᠦᠩᠰᠢᠭᠤᠷ ᠲᠦᠬᠦᠷᠢᠭ ᠪᠡᠯᠡ ᠤᠷᠤᠭᠤᠯᠪᠠ᠃ ᠪᠢᠳᠡ ᠡᠳ᠋ ᠤᠨ ᠵᠠᠰᠠᠭ ᠤᠨ ᠲᠤᠰᠬᠠᠢ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠵᠦ ᠡᠮᠬᠢᠯᠡᠨ ᠨᠡᠶᠢᠯᠡᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ︽ᠮᠠᠯ ᠠᠵᠤ ᠠᠬᠤᠢ᠂ ᠮᠠᠯᠵᠢᠬᠤ ᠤᠷᠤᠨ᠂ ᠮᠠᠯᠴᠢᠳ︾᠎ ᠤᠨ ᠪᠠᠴᠢᠮ ᠱᠠᠭᠠᠷᠳᠠᠭᠳᠠᠵᠤ ᠪᠠᠶᠢᠭ᠎ᠠ ᠭᠤᠣᠯᠳᠠᠯᠭ᠎ᠠ ᠲᠠᠢ ᠬᠦᠷᠢᠶ᠎ᠡ ᠬᠡᠪᠴᠢᠶᠡᠨ ᠳᠤ ᠬᠡᠷᠡᠭᠯᠡᠵᠦ᠂ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ ᠦᠷ᠎ᠡ ᠪᠦᠲᠦᠭᠡᠯ ᠢ ᠦᠷᠭᠡᠳᠬᠡᠨ ᠪᠠᠬᠢᠵᠢᠬᠦᠯᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠳᠦᠮᠵᠢᠳᠡᠢ ᠵᠤᠯᠭᠠᠭᠤᠯᠵᠦ᠂ ᠮᠠᠯ ᠠᠵᠤ ᠠᠬᠤᠢ ᠶᠢᠨ ᠦᠢᠯᠡᠰ ᠤᠨ ᠦᠷ᠎ᠡ ᠠᠰᠢᠭ ᠢ ᠨᠡᠮᠡᠭᠳᠡᠭᠦᠯᠬᠦ ᠪᠠ ᠮᠠᠯᠴᠢᠳ ᠤᠨ ᠣᠷᠣᠯᠭ᠎ᠠ ᠶᠢᠨ ᠨᠡᠮᠡᠭᠳᠡᠯ ᠢ ᠦᠷᠭᠦᠯᠵᠢᠯᠡᠨ ᠠᠬᠢᠭᠤᠯᠤᠨ᠎ᠠ᠃       ᠬᠤᠶᠠᠷ ᠲᠤ᠂ ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠦᠳᠡᠯᠦᠩᠬᠦᠢ ᠬᠢᠨᠠᠨ ᠬᠡᠮᠵᠢᠯᠲᠡ ᠶᠢ ᠴᠢᠩᠭᠠᠳᠬᠠᠨ᠎ᠠ᠃ ᠨᠢᠭᠡᠳᠦᠭᠡᠷ ᠤᠯᠠᠷᠢᠯ ᠳᠤ ᠬᠥᠳᠡᠯᠦᠩᠭᠦᠢ ᠪᠠᠷ ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ᠮᠠᠨ ᠤ ᠬᠤᠰᠢᠭᠤᠨ ᠳᠤ ᠶᠠᠳᠠᠭᠤ ᠠᠴᠠ ᠠᠩᠭᠢᠵᠢᠷᠠᠭᠰᠠᠨ ᠡᠷᠦᠬᠡ 598 ᠡᠷᠦᠬᠡ 1470 ᠬᠦᠮᠦᠨ ᠠᠮᠠ ᠪᠠᠶᠢᠵᠤ᠂ ᠬᠢᠨᠠᠨ ᠬᠡᠮᠵᠢᠯᠲᠡ ᠶᠢᠨ ᠡᠷᠦᠬᠡ 15 ᠡᠷᠦᠬᠡ 35 ᠬᠦᠮᠦᠨ ᠠᠮᠠ ᠪᠠᠶᠢᠨ᠎ᠠ᠃ ᠡᠯ᠎ᠡ ᠰᠣᠮᠣ ᠪᠠᠯᠭᠠᠰᠤ᠂ ᠬᠠᠮᠢᠶ᠎ᠠ ᠪᠦᠬᠦᠢ ᠰᠠᠯᠠᠭ᠎ᠠ ᠮᠦᠴᠢᠷ ᠨᠢ ᠬᠢᠨᠠᠨ ᠬᠡᠮᠵᠢᠬᠦ ᠪᠠᠷᠢᠮᠵᠢᠶ᠎ᠠ ᠶᠢ ᠬᠥᠳᠡᠯᠦᠩᠭᠦᠢ ᠪᠠᠷ ᠲᠣᠬᠢᠷᠠᠭᠤᠯᠬᠤ ᠲᠤᠭᠲᠠᠯᠴᠠᠭ᠎ᠠ ᠶᠢ ᠪᠦᠷᠢᠨᠰᠢᠭᠦᠯᠵᠦ᠂ ᠲᠠᠬᠢᠨ ᠶᠠᠳᠠᠭᠤᠷᠠᠬᠤ ᠠᠶᠤᠯ ᠲᠦᠭᠰᠢᠬᠦᠷᠢ ᠶᠢᠨ ᠬᠢᠨᠠᠨ ᠬᠡᠮᠵᠢᠯᠲᠡ ᠶᠢ ᠰᠠᠶᠢᠲᠤᠷ ᠬᠢᠵᠤ᠂ ︽ᠰᠠᠭᠠᠳ ᠦᠭᠡᠢ ᠨᠡᠪᠳᠡᠷᠡᠬᠦ︾ ᠶᠠᠳᠠᠭᠤᠷᠠᠬᠤ ᠶᠢ ᠰᠡᠷᠭᠡᠶᠢᠯᠡᠬᠦ ᠭᠤᠣᠯ ᠠᠷᠭ᠎ᠠ ᠠᠪᠴᠠᠯ ᠢ ᠰᠠᠶᠢᠲᠤᠷ ᠬᠡᠷᠡᠭᠯᠡᠨ᠂ ᠲᠠᠬᠢᠨ ᠶᠠᠳᠠᠭᠤᠷᠠᠬᠤ ᠠᠶᠤᠯ ᠲᠦᠭᠰᠢᠬᠦᠷᠢ ᠲᠠᠢ ᠮᠠᠯᠴᠢᠳ ᠤᠨ ᠲᠤᠰᠢᠶᠠᠬᠤ ᠶᠤᠰᠤᠳᠠᠢ ᠪᠦᠬᠦᠨ ᠢ ᠨᠢ ᠲᠤᠰᠢᠶᠠᠨ᠎ᠠ᠃ ᠬᠢᠨᠠᠨ ᠬᠡᠮᠵᠢᠭᠳᠡᠵᠦ ᠪᠠᠶᠢᠭ᠎ᠠ ᠡᠷᠦᠬᠡ ᠶᠢᠨ ︽ᠡᠷᠬᠢᠨ ᠬᠠᠷᠠᠬᠤ︾ ᠠᠵᠢᠯ ᠢ ᠦᠷᠬᠦᠯᠵᠢᠯᠡᠨ ᠰᠠᠶᠢᠲᠤᠷ ᠬᠢᠵᠤ᠂ ᠢᠯᠭᠠᠨ ᠲᠠᠨᠢᠬᠤ ᠪᠠ ᠠᠶᠤᠯ ᠲᠦᠭᠰᠢᠬᠦᠷᠢ ᠶᠢ ᠠᠷᠢᠯᠭᠠᠭᠰᠠᠨ ᠪᠠᠶᠢᠳᠠᠯ ᠨᠢ ᠨᠠᠷᠢᠯᠢᠭ ᠤᠨᠤᠪᠴᠢ ᠦᠭᠡᠢ ᠪᠠᠶᠢᠪᠠᠯ᠂ ᠴᠠᠭ ᠲᠤᠬᠠᠢ ᠳᠤᠨᠢ ᠲᠡᠭᠡᠭᠰᠢ ᠮᠡᠳᠡᠬᠦᠯᠦᠨ᠎ᠡ᠃ ᠠᠶᠤᠯ ᠲᠦᠭᠰᠢᠬᠦᠷᠢ ᠶᠢ ᠠᠷᠢᠯᠭᠠᠭᠰᠠᠨ ᠬᠤᠶᠢᠨ᠎ᠠ᠂ ᠰᠢᠨ᠎ᠡ ᠲᠦᠭᠰᠢᠬᠦᠷᠢ ᠶᠢᠨ ᠴᠡᠭ ᠢᠯᠡᠷᠡᠪᠡᠯ᠂ ᠲᠠᠬᠢᠨ ᠬᠢᠨᠠᠨ ᠬᠡᠮᠵᠢᠯᠲᠡ ᠶᠢᠨ ᠬᠦᠷᠢᠶ᠎ᠡ ᠬᠡᠪᠴᠢᠶᠡᠨ ᠳᠤ ᠤᠷᠤᠭᠤᠯᠵᠤ᠂ ᠬᠠᠪᠰᠤᠷᠤᠨ ᠳᠡᠳᠬᠦᠨ᠎ᠡ᠃ ᠬᠠᠪᠰᠤᠷᠤᠨ ᠲᠡᠳᠬᠦᠭᠰᠡᠨ ᠦᠷ᠎ᠡ ᠪᠦᠳᠦᠮᠵᠢ ᠢᠯᠡ ᠲᠤᠳᠤ ᠪᠢᠰᠢ ᠪᠣᠯ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠪᠠᠨ ᠴᠠᠭ ᠲᠤᠬᠠᠢ ᠳᠤᠨᠢ ᠲᠤᠬᠢᠷᠠᠭᠤᠯᠤᠨ᠎ᠠ᠃ ᠤᠨᠤᠪᠴᠢ ᠦᠭᠡᠢ ᠲᠤᠭ᠎ᠠ ᠪᠠᠷᠢᠮᠲᠠ ᠶᠢ ᠴᠠᠭ ᠲᠤᠬᠠᠢ ᠳᠤᠨᠢ ᠪᠠᠶᠢᠴᠠᠭᠠᠵᠤ ᠵᠠᠰᠠᠨ ᠵᠠᠯᠠᠷᠠᠭᠤᠯᠤᠨ᠎ᠠ᠃       ᠭᠤᠷᠪᠠ ᠳᠤ᠂ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠲᠣᠭᠲᠠᠪᠤᠷᠢᠵᠢᠭᠤᠯᠤᠨ᠎ᠠ᠃ ᠰᠠᠯᠠᠭ᠎ᠠ ᠮᠦᠴᠢᠷ ᠠᠴᠠ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠠᠷᠢᠯᠴᠠᠨ ᠤᠶᠠᠯᠳᠤᠭᠤᠯᠬᠤ ᠬᠠᠷᠢᠴᠠᠭ᠎ᠠ ᠶᠢ ᠰᠠᠶᠢᠲᠤᠷ ᠲᠣᠬᠢᠷᠠᠭᠤᠯᠤᠨ ᠲᠡᠬᠦᠯᠳᠡᠷᠵᠢᠬᠦᠯᠦᠨ᠎ᠡ᠃ ᠶᠠᠳᠠᠭᠤ ᠠᠴᠠ ᠠᠩᠭᠢᠵᠢᠷᠠᠭᠤᠯᠬᠤ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠠᠵᠢᠯ ᠢ ᠯᠠᠪᠳᠠᠭᠤᠨ ᠬᠢᠨ᠎ᠡ᠃ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠬᠥᠮᠥᠨ ᠪᠦᠷᠢ ᠳᠤ 50 ᠲᠥᠭᠦᠷᠢᠭ ᠤᠨ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠳᠠᠭᠠᠳᠬᠠᠯ ᠢ ᠨᠢ ᠦᠷᠭᠦᠯᠵᠢᠯᠡᠨ ᠲᠤᠰᠢᠶᠠᠨ᠎ᠠ᠃ ᠬᠠᠮᠤᠭ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠥᠰ ᠤᠨ ᠨᠥᠬᠦᠪᠦᠷᠢ᠂ ᠵᠡᠮᠳᠡᠭᠴᠦᠳ ᠤᠨ ᠬᠤᠶᠠᠷ ᠲᠥᠷᠦᠯ ᠤᠨ ᠨᠥᠬᠦᠪᠦᠷᠢ᠂ ᠭᠡᠷ ᠲᠦᠷᠢᠶᠡᠰᠦᠯᠡᠬᠦ ᠨᠥᠬᠦᠪᠦᠷᠢ ᠵᠡᠷᠭᠡ ᠠᠷᠠᠳ ᠤᠨ ᠠᠮᠢᠳᠤᠷᠠᠯ ᠤᠨ ᠳᠡᠮᠵᠢᠨ ᠲᠤᠰᠠᠯᠠᠬᠤ ᠪᠡᠯᠡ ᠮᠥᠩᠭᠦ ᠶᠢ ᠴᠠᠭ ᠲᠤᠬᠠᠢ ᠳᠤᠨᠢ ᠲᠤᠭ᠎ᠠ ᠶᠣᠰᠣᠭᠠᠷ ᠪᠠᠭᠤᠯᠭᠠᠨ᠎ᠠ᠃ ᠣᠨᠳᠣᠣ ᠭᠠᠵᠠᠷ ᠲᠤ ᠨᠡᠭᠦᠯᠭᠡᠵᠦ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠲᠤᠰᠬᠠᠢ ᠠᠵᠢᠯᠯᠠᠭ᠎ᠠ ᠪᠠ ᠨᠡᠭᠦᠯᠭᠡᠭᠰᠡᠨ ᠤᠯᠠᠨ ᠲᠦᠮᠡᠨ ᠳᠤ ᠲᠠᠬᠢᠨ ᠠᠵᠢᠯ ᠣᠯᠭᠤᠵᠤ ᠬᠠᠪᠰᠤᠷᠤᠨ ᠲᠡᠳᠬᠦᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠠᠵᠤ ᠦᠢᠯᠡᠰ ᠢᠶᠠᠷ ᠠᠵᠢᠯ ᠣᠯᠭᠤᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠣᠯᠭ᠎ᠠ ᠶᠢᠨ ᠵᠥᠷᠢᠶ᠎ᠡ᠂ ᠬᠥᠭᠵᠢᠯᠲᠡ ᠶᠢᠨ ᠵᠥᠷᠢᠶ᠎ᠡ ᠶᠢ ᠲᠠᠰᠤᠷᠠᠯᠲᠠ ᠦᠭᠡᠢ ᠪᠠᠭᠠᠰᠬᠠᠵᠤ᠂ ᠶᠠᠳᠠᠭᠤ ᠠᠴᠠ ᠠᠩᠭᠢᠵᠢᠷᠠᠭᠰᠠᠨ ᠤᠯᠠᠨ ᠲᠦᠮᠡᠨ ᠤ ᠬᠥᠭᠵᠢᠯᠲᠡ ᠶᠢᠨ ᠳᠣᠲᠣᠭᠠᠳᠤ ᠬᠦᠳᠡᠯᠭᠡᠭᠴᠢ ᠬᠦᠴᠦᠨ ᠢ ᠨᠢ ᠨᠡᠮᠡᠭᠳᠡᠬᠦᠯᠦᠨ᠎ᠡ᠃        ᠳᠥᠷᠪᠡ ᠳᠤ᠂ ᠭᠠᠮᠰᠢᠭ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠶᠢ ᠴᠢᠩᠭᠠᠳᠬᠠᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠡᠵᠢᠭᠡᠯ ᠡᠪᠡᠰᠦ ᠪᠣᠷᠳᠣᠭᠠᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠲᠡᠵᠢᠭᠡᠯ ᠡᠪᠡᠰᠦ ᠪᠣᠷᠳᠣᠭᠠᠨ ᠤ ᠪᠠᠲᠤᠯᠠᠭ᠎ᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠬᠦᠯᠦᠨ᠎ᠡ᠃ ᠴᠠᠭ ᠠᠭᠤᠷ ᠤᠨ ᠰᠠᠯᠠᠭ᠎ᠠ ᠮᠦᠴᠢᠷ ᠨᠢ ᠬᠡᠨᠡᠳᠳᠡ ᠡᠬᠦᠰᠬᠦ ᠴᠠᠭ ᠠᠭᠤᠷ ᠤᠨ ᠬᠢᠨᠠᠨ ᠬᠡᠮᠵᠢᠯᠲᠡ ᠶᠢ ᠴᠢᠩᠭᠠᠳᠬᠠᠵᠤ᠂ ᠡᠯ᠎ᠡ ᠲᠥᠷᠦᠯ ᠤᠨ ᠤᠬᠠᠭᠤᠯᠭ᠎ᠠ ᠶᠢᠨ ᠵᠠᠭᠤᠴᠢᠯᠠᠭᠤᠷ ᠢᠶᠠᠷ ᠳᠠᠮᠵᠢᠭᠤᠯᠤᠨ᠂ ᠤᠷᠢᠳᠴᠢᠯᠠᠨ ᠰᠡᠷᠡᠮᠵᠢᠯᠡᠬᠦᠯᠦᠨ ᠰᠡᠷᠭᠡᠶᠢᠯᠡᠬᠦ ᠮᠡᠳᠡᠭᠳᠡᠯ ᠨᠡᠶᠢᠲᠡᠯᠡᠨ᠎ᠡ᠃ ᠡᠬᠦᠨ ᠤ ᠬᠠᠮᠳᠤ᠂ ᠡᠯ᠎ᠡ ᠰᠣᠮᠣ ᠪᠠᠯᠭᠠᠰᠤ᠂ ᠭᠠᠴᠠᠭ᠎ᠠ ᠪᠠ ᠪᠠᠴᠢᠮ ᠪᠠᠶᠢᠳᠠᠯ ᠢ ᠠᠷᠭᠠᠴᠠᠬᠤ ᠰᠠᠯᠠᠭ᠎ᠠ ᠮᠦᠴᠢᠷ ᠲᠠᠢ ᠬᠤᠯᠪᠤᠭᠠᠯᠠᠨ᠂ ᠴᠠᠭ ᠠᠭᠤᠷ ᠤᠨ ᠭᠠᠮᠰᠢᠭ ᠤᠨ ᠠᠶᠤᠯ ᠲᠦᠭᠰᠢᠬᠦᠷᠢ ᠶᠢᠨ ᠬᠠᠮᠢᠶᠠᠷᠤᠯᠲᠠ ᠵᠢᠴᠢ ᠰᠢᠨᠵᠢᠯᠡᠭᠡ ᠮᠡᠷᠭᠡᠵᠢᠯ ᠢᠶᠠᠷ ᠭᠠᠮᠰᠢᠭ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠮᠡᠷᠭᠡᠵᠢᠯ ᠤᠨ ᠪᠤᠯᠪᠠᠰᠤᠷᠠᠯ ᠢ ᠴᠢᠩᠭᠠᠳᠬᠠᠵᠤ᠂ ᠮᠠᠯᠴᠢᠳ ᠤᠨ ᠪᠠᠶᠢᠭᠠᠯᠢ ᠶᠢᠨ ᠭᠠᠮᠰᠢᠭ ᠢ ᠪᠦᠳᠦᠮᠵᠢᠳᠡᠢ ᠰᠡᠷᠭᠡᠶᠢᠯᠡᠨ ᠠᠷᠭᠠᠴᠠᠬᠤ ᠶᠢ ᠢᠳᠡᠪᠬᠢᠳᠡᠢ ᠬᠦᠳᠦᠯᠦᠨ ᠵᠢᠯᠤᠭᠤᠳᠤᠨ᠎ᠠ᠃ ᠡᠪᠡᠰᠦᠨ ᠤ ᠦᠢᠯᠡᠰ ᠤᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢ ᠰᠢᠯᠢᠳᠡᠭᠵᠢᠭᠦᠯᠵᠦ᠂ 2023 ᠣᠨ ᠤ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠰᠠᠶᠢᠲᠤᠷ ᠬᠡᠷᠡᠭᠯᠡᠬᠦ ᠪᠠᠷ ᠳᠠᠮᠵᠢᠨ᠂ ᠪᠠᠴᠢᠮ ᠪᠠᠶᠢᠳᠠᠯ ᠢ ᠠᠷᠭᠠᠴᠠᠬᠤ ᠪᠠ ᠬᠢᠮᠲᠠ ᠡᠪᠡᠰᠦ ᠪᠤᠷᠳᠤᠭ᠎ᠠ ᠬᠠᠩᠭᠠᠬᠤ ᠵᠡᠷᠭᠡ ᠦᠢᠯᠡᠳᠦᠯ ᠢ ᠬᠦᠢᠴᠡᠳ ᠪᠠᠳᠠᠷᠠᠭᠤᠯᠤᠨ᠎ᠠ᠃ ᠭᠠᠩ ᠢ ᠡᠰᠡᠷᠭᠦᠴᠡᠬᠦ ᠪᠡᠯᠡᠳᠬᠡᠯ ᠤᠰᠤᠨ ᠤ ᠰᠤᠷᠪᠤᠯᠵᠢ ᠵᠡᠷᠭᠡ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯ ᠢ ᠢᠳᠡᠪᠬᠢᠲᠡᠢ ᠲᠦᠯᠬᠢᠨ ᠠᠬᠢᠭᠤᠯᠵᠤ᠂ ᠦᠢᠯᠡᠳᠦᠯ ᠴᠢᠳᠠᠪᠬᠢ ᠪᠠᠨ ᠦᠨᠡᠨ ᠬᠦ ᠪᠠᠳᠠᠷᠠᠭᠤᠯᠤᠨ᠎ᠠ᠃ 1︱2 ᠠᠮᠢᠳᠤ ᠮᠠᠯ ᠤᠨ ᠰᠣᠯᠢᠯᠴᠠᠭᠠᠨ ᠤ ᠵᠠᠬ᠎ᠠ ᠳᠡᠯᠭᠡᠭᠦᠷ ᠢ ᠪᠠᠶᠢᠭᠤᠯᠵᠤ᠂ ᠮᠠᠯᠴᠢᠳ ᠤᠨ ᠮᠠᠯ ᠤᠨ ᠭᠠᠷᠭᠠᠯᠲᠠ ᠳᠤ ᠲᠥᠬᠦᠮ ᠦᠵᠡᠭᠦᠯᠦᠨ᠂ ᠮᠠᠯᠴᠢᠳ ᠤᠨ ᠠᠰᠢᠭ ᠲᠤᠰᠠ ᠶᠢ ᠬᠠᠮᠠᠭᠠᠯᠠᠨ᠎ᠠ᠃ ᠬᠢᠵᠢᠭ ᠭᠡᠮ᠂ ᠬᠤᠷᠣᠬᠠᠢ ᠶᠢᠨ ᠬᠥᠨᠥᠭᠡᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠣᠣᠷ ᠰᠦᠯᠵᠢᠶ᠎ᠡ ᠶᠢ ᠪᠦᠷᠢᠨᠰᠢᠭᠦᠯᠵᠦ ᠂ ᠥᠨᠳᠥᠷ ᠦᠷ᠎ᠡ ᠪᠦᠲᠦᠮᠵᠢᠲᠡᠢ ᠠᠮᠢ ᠠᠬᠤᠢ ᠶᠢᠨ ᠭᠠᠮᠰᠢᠭ ᠠᠴᠠ ᠵᠠᠶᠢᠯᠠᠬᠤ ᠬᠡᠯᠪᠡᠷᠢ ᠶᠢᠨ ᠤᠳᠤᠬᠢᠴᠢᠯᠠᠭᠰᠠᠨ ᠮᠠᠯ ᠠᠵᠤ ᠠᠬᠤᠢ ᠶᠢᠨ ᠰᠠᠭᠤᠷᠢ ᠶᠢ ᠪᠠᠬᠢᠵᠢᠬᠦᠯᠦᠨ᠎ᠡ᠃       ᠲᠠᠪᠤ ᠳᠤ᠂ ᠮᠠᠯᠴᠢᠳ ᠪᠠ ᠠᠵᠤ ᠠᠬᠤᠶᠢᠯᠠᠯ ᠤᠨ ᠡᠶ᠎ᠡ ᠵᠤᠬᠢᠴᠠᠯ ᠲᠠᠢ ᠬᠠᠷᠢᠴᠠᠭ᠎ᠠ ᠶᠢ ᠪᠠᠶᠢᠭᠤᠯᠤᠨ᠎ᠠ᠃ ᠠᠵᠤ ᠠᠬᠤᠶᠢᠯᠠᠯ ᠤᠨ ᠬᠥᠭᠵᠢᠯᠲᠡ ᠨᠢ ᠨᠡᠶᠢᠭᠡᠮ ᠤᠨ ᠡᠯ᠎ᠡ ᠡᠳᠡᠭᠡᠳ ᠤᠨ ᠬᠢᠨ ᠪᠠ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠲᠤᠯᠭᠠᠭᠤᠷᠢᠯᠠᠯ ᠠᠴᠠ ᠰᠠᠯᠵᠤ ᠴᠢᠳᠠᠬᠤ ᠦᠭᠡᠢ᠃ ᠠᠵᠤ ᠠᠬᠤᠶᠢᠯᠠᠯ ᠤᠨ ᠦᠷᠬᠦᠯᠵᠢᠯᠡᠬᠦᠶᠢᠴᠡ ᠬᠥᠭᠵᠢᠯᠲᠡ ᠨᠢ ᠮᠠᠯᠵᠢᠬᠤ ᠤᠷᠤᠨ ᠤ ᠬᠥᠭᠵᠢᠯᠲᠡ ᠶᠢ ᠳᠠᠶᠢᠴᠢᠯᠠᠵᠤ᠂ ᠲᠣᠬᠠᠢ ᠶᠢᠨ ᠭᠠᠵᠠᠷ ᠤᠷᠤᠨ ᠤ ᠮᠠᠯᠴᠢᠳ ᠤᠨ ᠠᠵᠢᠯ ᠣᠯᠵᠤ᠂ ᠤᠷᠤᠯᠭ᠎ᠠ ᠪᠠᠨ ᠨᠡᠮᠡᠭᠳᠡᠬᠦᠯᠬᠦ ᠳᠤ ᠨᠠᠩ ᠣᠯᠠᠨ ᠠᠵᠠ ᠲᠣᠬᠢᠶᠠᠯ ᠬᠠᠩᠭᠠᠵᠤ᠂ ᠮᠠᠯᠴᠢᠳ ᠪᠠ ᠠᠵᠤ ᠠᠬᠤᠶᠢᠯᠠᠯ ᠤᠨ ᠬᠤᠭᠤᠷᠤᠨᠳᠠᠬᠢ ᠠᠰᠢᠭ ᠲᠤᠰᠠ ᠨᠢ ᠬᠠᠷᠢᠯᠴᠠᠨ ᠬᠤᠯᠪᠤᠯᠳᠤᠵᠤ᠂ ᠬᠠᠷᠢᠯᠴᠠᠨ ᠠᠬᠢᠭᠤᠯᠬᠤ ᠬᠠᠷᠢᠴᠠᠭ᠎ᠠ ᠲᠠᠢ ᠶᠤᠮ᠃ ᠡᠯ᠎ᠡ ᠰᠤᠮᠤ ᠪᠠᠯᠭᠠᠰᠤ᠂ ᠭᠠᠴᠠᠭ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠨᠢ ᠮᠠᠯᠴᠢᠳ ᠪᠠ ᠠᠵᠤ ᠠᠬᠤᠶᠢᠯᠠᠯ ᠤᠨ ᠡᠶ᠎ᠡ ᠵᠤᠬᠢᠴᠠᠯ ᠲᠠᠢ ᠬᠠᠷᠢᠴᠠᠭ᠎ᠠ ᠶᠢ ᠦᠷᠭᠦᠯᠵᠢᠯᠡᠨ ᠰᠠᠶᠢᠲᠤᠷ ᠬᠠᠮᠠᠭᠠᠯᠠᠨ᠎ᠠ᠃ ᠶᠡᠭᠡ ᠲᠠᠯ᠎ᠠ ᠶᠢ ᠡᠷᠬᠢᠮᠯᠡᠬᠦ᠂ ᠪᠦᠬᠦ ᠲᠠᠯ᠎ᠠ ᠶᠢ ᠬᠠᠷᠠᠭᠠᠯᠵᠠᠬᠤ ᠡᠭᠦᠳᠡᠨ ᠠᠴᠠ᠂ ᠮᠠᠯᠴᠢᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠬᠠᠮᠲᠤ᠂ ᠠᠵᠤ ᠠᠬᠤᠶᠢᠯᠠᠯ ᠤᠨ ᠲᠦᠷᠭᠡᠨ ᠠᠰᠢᠭᠯᠠᠯᠲᠠ ᠳᠤ ᠤᠷᠤᠵᠤ ᠦᠷᠬᠦᠯᠵᠢᠯᠡᠨ ᠬᠥᠭᠵᠢᠬᠦ ᠶᠢ ᠦᠨᠨᠡᠬᠦ ᠪᠠᠲᠤᠯᠠᠨ᠎ᠠ᠃ ︽ᠭᠠᠴᠠᠭᠠᠨ ᠤ ᠡᠵᠡᠷᠬᠡᠭᠴᠢ ᠦᠵᠡᠯᠲᠡᠨ︾ ᠵᠡᠷᠭᠡ ᠳᠤ ᠴᠢᠩᠭ᠎ᠠ ᠴᠣᠬᠢᠯᠲᠠ ᠥᠭᠴᠦ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠨᠡᠩ ᠰᠢᠯᠢᠳᠡᠭᠵᠢᠬᠦᠯᠬᠦ ᠪᠠᠷ ᠳᠠᠮᠵᠢᠨ᠂ ᠨᠡᠩ ᠤᠯᠠᠨ ᠨᠡᠶᠢᠭᠡᠮ ᠤᠨ ᠪᠡᠯᠡ ᠮᠦᠩᠬᠦ ᠶᠢ ᠲᠠᠲᠠᠵᠤ᠂ ᠮᠠᠯᠴᠢᠳ ᠤᠨ ᠪᠠᠶᠠᠵᠢᠨ ᠴᠢᠨᠡᠭᠡᠯᠢᠭᠵᠢᠬᠦ ᠶᠢ ᠳᠠᠶᠢᠴᠢᠯᠠᠨ᠎ᠠ᠃       ᠵᠢᠷᠭᠤᠭ᠎ᠠ ᠳᠤ᠂ ᠮᠠᠯᠴᠢᠳ ᠤᠨ ᠣᠷᠣᠯᠭ᠎ᠠ ᠶᠢᠨ ᠨᠡᠮᠡᠭᠳᠡᠯ ᠢ ᠦᠷᠬᠦᠯᠵᠢᠯᠡᠨ ᠠᠬᠢᠭᠤᠯᠤᠨ᠎ᠠ᠃ ᠡᠯ᠎ᠡ ᠰᠤᠮᠤ ᠪᠠᠯᠭᠠᠰᠤ᠂ ᠭᠠᠴᠠᠭ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠨᠢ ᠮᠠᠯᠴᠢᠳ ᠤᠨ ︽ᠴᠥᠬᠡᠨ ᠮᠠᠯᠵᠢᠬᠤ᠂ ᠨᠠᠷᠢᠯᠢᠭ ᠮᠠᠯᠵᠢᠬᠤ᠂ ᠨᠡᠷᠡᠲᠦ ᠲᠡᠮᠳᠡᠭᠳᠦ ᠲᠡᠰᠢ ᠬᠦᠭᠵᠢᠬᠦ︾ ᠰᠢᠨᠵᠢᠯᠡᠬᠦ ᠤᠬᠠᠭᠠᠨᠴᠢ ᠲᠡᠵᠢᠭᠡᠨ ᠦᠷᠡᠵᠢᠬᠦᠯᠬᠦ ᠵᠠᠮ ᠢᠶᠠᠷ ᠵᠠᠮᠨᠠᠬᠤ ᠶᠢ ᠢᠳᠡᠪᠬᠢᠳᠡᠢ ᠬᠦᠳᠦᠯᠦᠨ ᠵᠢᠯᠤᠭᠤᠳᠴᠤ᠂ ᠲᠡᠵᠢᠭᠡᠨ ᠦᠷᠡᠵᠢᠬᠦᠯᠬᠦ ᠲᠤᠭ᠎ᠠ ᠲᠣᠯᠣᠭᠠᠢ ᠶᠢ ᠲᠤᠭᠲᠠᠪᠤᠷᠢᠳᠠᠢ ᠬᠢᠵᠠᠭᠠᠷᠯᠠᠬᠤ ᠶᠢᠨ ᠬᠠᠮᠲᠤ ᠴᠢᠨᠠᠷ ᠴᠢᠨᠰᠠᠭ᠎ᠠ ᠶᠢ ᠪᠠᠲᠤᠯᠠᠨ᠎ᠠ᠃ ᠮᠠᠯᠴᠢᠳ ᠤᠨ ᠮᠠᠯ ᠤᠨ ᠭᠠᠷᠭᠠᠯᠲᠠ ᠶᠢᠨ ᠨᠣᠷᠮ᠎ᠠ ᠪᠠᠨ ᠥᠷᠭᠡᠳᠬᠡᠨ᠂ ᠡᠷᠲᠡ ᠭᠠᠷᠭᠠᠬᠤ᠂ ᠬᠤᠷᠳᠤᠨ ᠭᠠᠷᠭᠠᠬᠤ᠂ ᠣᠯᠠᠨ ᠭᠠᠷᠭᠠᠬᠤ ᠶᠢ ᠢᠳᠡᠪᠬᠢᠳᠡᠢ ᠵᠣᠷᠢᠭᠵᠢᠭᠤᠯᠵᠤ᠂ ᠲᠡᠵᠢᠭᠡᠨ ᠦᠷᠡᠵᠢᠬᠦᠯᠬᠦ ᠥᠪᠡᠷ ᠤᠨ ᠥᠷᠲᠡᠭ ᠢ ᠪᠦᠳᠦᠮᠵᠢᠳᠡᠢ ᠲᠤᠷᠤᠭᠰᠢᠯᠠᠭᠤᠯᠤᠨ ᠂ ᠡᠵᠡᠩᠨᠡᠯᠲᠡ ᠶᠢᠨ ᠤᠷᠤᠯᠭ᠎ᠠ ᠪᠠᠨ ᠨᠡᠮᠡᠭᠳᠡᠬᠦᠯᠬᠦ ᠶᠢ ᠵᠣᠷᠢᠭᠵᠢᠭᠤᠯᠣᠨ᠎ᠠ᠃ ᠲᠤᠰᠬᠠᠢ ᠬᠤᠷᠰᠢᠶᠠᠵᠢᠯ᠂ ᠬᠠᠮᠲᠤ ᠶᠢᠨ ᠠᠵᠤ ᠠᠬᠤᠢ᠂ ᠭᠡᠷ ᠪᠦᠯᠢ ᠶᠢᠨ ᠮᠠᠯᠵᠢᠯ ᠤᠨ ᠲᠠᠯᠠᠪᠠᠢ ᠶᠢᠨ ᠬᠦᠭᠵᠢᠯᠲᠡ ᠶᠢ ᠦᠷᠬᠦᠯᠵᠢᠯᠡᠨ ᠲᠡᠳᠬᠦᠵᠦ᠂ 20 ᠭᠡᠷ ᠪᠦᠯᠢ ᠶᠢᠨ ᠮᠠᠯᠵᠢᠯ ᠤᠨ ᠲᠠᠯᠠᠪᠠᠢ᠂ 7 ᠲᠤᠰᠬᠠᠢ ᠬᠤᠷᠰᠢᠶᠠᠵᠢᠯ ᠢ ᠰᠢᠨ᠎ᠡ ᠪᠠᠷ ᠳᠡᠭᠡᠭᠰᠢ ᠮᠡᠳᠡᠬᠦᠯᠦᠨ᠂ ᠨᠤᠲᠠᠯᠠᠨ ᠲᠤᠭᠲᠠᠭᠠᠵᠤ᠂ 2 ᠵᠢᠱᠢᠶ᠎ᠡ ᠦᠵᠡᠬᠦᠯᠬᠦ ᠡᠷᠦᠬᠡ ᠶᠢ ᠡᠬᠦᠳᠦᠨ ᠪᠠᠶᠢᠭᠤᠯᠤᠨ᠎ᠠ᠃ ᠮᠠᠯᠴᠢᠳ ᠢ ᠬᠤᠷᠰᠢᠭᠰᠠᠨ ᠡᠵᠡᠩᠨᠡᠯᠲᠡ᠂ ᠬᠡᠪᠴᠢᠶᠡᠵᠢᠭᠰᠡᠨ ᠡᠵᠡᠩᠨᠡᠯᠲᠡ ᠳᠤ ᠢᠳᠡᠪᠬᠢᠳᠡᠢ ᠤᠷᠤᠯᠴᠠᠬᠤ ᠶᠢ ᠳᠠᠶᠢᠴᠢᠯᠠᠨ᠂ ᠮᠠᠯᠴᠢᠳ ᠪᠠ ᠠᠵᠤ ᠠᠬᠤᠶᠢᠯᠠᠯ ᠳᠤ ᠬᠠᠷᠢᠯᠴᠠᠨ ᠠᠰᠢᠭᠲᠠᠢ ᠠᠰᠢᠭ ᠲᠤᠰᠠ ᠶᠢᠨ ᠬᠤᠯᠪᠤᠯᠳᠤᠭᠰᠠᠨ ᠲᠤᠭᠲᠠᠯᠴᠠᠭ᠎ᠠ ᠶᠢ ᠰᠦᠪᠡᠭᠴᠢᠯᠡᠨ᠂ ᠮᠠᠯᠴᠢᠳ ᠤᠨ ᠤᠷᠤᠯᠭ᠎ᠠ ᠶᠢ ᠨᠡᠮᠡᠭᠳᠡᠬᠦᠯᠵᠦ᠂ ᠪᠠᠶᠠᠵᠢᠨ ᠴᠢᠨᠡᠭᠡᠯᠢᠭᠵᠢᠬᠦ ᠶᠢ ᠨᠢ ᠠᠬᠢᠭᠤᠯᠤᠨ᠎ᠠ᠃       ᠨᠥᠬᠦᠳ ᠠ᠋︕ 2023 ᠣᠨ ᠤ ︽ᠮᠠᠯ ᠠᠵᠤ ᠠᠬᠤᠢ᠂ ᠮᠠᠯᠵᠢᠬᠤ ᠤᠷᠤᠨ᠂ ᠮᠠᠯᠴᠢᠳ︾᠎ ᠤᠨ ᠠᠵᠢᠯ ᠢ ᠰᠠᠶᠢᠲᠤᠷ ᠬᠢᠬᠦ ᠳᠤ ᠪᠢᠳᠡᠨ ᠤ ᠡᠭᠦᠷᠭᠡ ᠬᠠᠲᠠᠭᠤ᠂ ᠬᠠᠷᠢᠭᠤᠴᠠᠯᠭ᠎ᠠ ᠬᠦᠨᠳᠦ ᠪᠠᠶᠢᠨ᠎ᠠ᠃ ᠪᠢᠳᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠢᠯᠡᠬᠦᠦ ᠨᠢᠭᠲᠠᠷᠠᠨ ᠪᠦᠯᠬᠦᠮᠳᠡᠵᠦ᠂ ᠲᠥᠪ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠦᠷᠢᠵᠢᠭᠤᠯᠬᠤ ᠬᠡᠷᠡᠭᠳᠡᠢ᠃ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠢᠲᠡᠭᠡᠯ ᠵᠣᠷᠢᠭ ᠢᠶᠠᠨ ᠬᠦᠪᠴᠢᠯᠠᠨ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ︽ᠮᠠᠯ ᠠᠵᠤ ᠠᠬᠤᠢ᠂ ᠮᠠᠯᠵᠢᠬᠤ ᠤᠷᠤᠨ᠂ ᠮᠠᠯᠴᠢᠳ︾᠎ ᠤᠨ ᠡᠯ᠎ᠡ ᠲᠥᠷᠦᠯ ᠤᠨ ᠠᠵᠢᠯ ᠤᠨ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠵᠦ᠂ ᠬᠦᠪᠡᠭᠡᠲᠦ ᠰᠢᠷ᠎ᠠ ᠬᠤᠰᠢᠭᠤᠨ ᠤ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠰᠢᠨ᠎ᠡ ᠲᠦᠷᠰᠦ ᠪᠠᠶᠢᠳᠠᠯ ᠢ ᠴᠢᠷᠮᠠᠶᠢᠨ ᠴᠤᠭᠴᠠᠯᠠᠶ᠎ᠠ᠃ 
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号