ᠨᠢᠭᠡ᠂ ᠶᠡᠷᠦᠩᠬᠡᠶ ᠬᠠᠷᠠᠯᠲᠠ ᠪᠠ ᠦᠨᠳᠦᠰᠦᠨ ᠵᠠᠷᠴᠢᠮ | ᠪᠥᠬᠦ ᠠᠷᠠᠳ ᠢ ᠬᠠᠮᠤᠷᠬᠤ᠂ ᠬᠠᠤᠯᠢ ᠶᠣᠰᠣᠭᠠᠷ ᠳᠠᠭᠠᠳᠬᠠᠯ ᠳᠤ ᠣᠷᠣᠯᠴᠠᠬᠤ ᠶᠢ ᠪᠡᠶᠡᠯᠡᠭᠦᠯᠬᠦ ᠪᠠᠷ ᠬᠠᠷᠠᠯᠲᠠ | ᠪᠣᠯᠭᠠᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ | ᠳᠠᠭᠠᠳᠬᠠᠯ ᠳᠤ ᠣᠷᠤᠯᠴᠠᠬᠤ ᠨᠣᠷᠮ᠎ᠠ ᠶᠢ 95% ᠠᠴᠠ ᠳᠡᠭᠡᠭᠰᠢ ᠪᠠᠶᠢᠬᠤ ᠶᠢ ᠦᠨᠡᠨᠬᠦ ᠪᠠᠲᠤᠯᠠᠨ᠎ᠠ᠃ | ︵ᠨᠢᠭᠡ︶ ᠬᠠᠷᠢᠶ᠎ᠠ ᠭᠠᠵᠠᠷ ᠠᠴᠠ ᠬᠠᠮᠢᠶᠠᠷᠬᠤ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ | ᠡᠮᠨᠡᠯᠭᠡ ᠶᠢᠨ ᠳᠠᠭᠠᠳᠬᠠᠯ ᠤᠨ ᠳᠠᠭᠠᠳᠬᠠᠯ ᠳᠤ ᠣᠷᠣᠯᠴᠠᠬᠤ ᠳᠤ ᠬᠠᠷᠢᠶ᠎ᠠ ᠭᠠᠵᠠᠷ ᠠᠴᠠ ᠬᠠᠮᠢᠶᠠᠷᠤᠨ᠎ᠠ᠃ ︽ᠵᠠᠰᠠᠭ ᠤᠨ | ᠣᠷᠳᠣᠨ ᠵᠣᠬᠢᠶᠠᠨ ᠪᠠᠶᠢᠭᠤᠯᠵᠤ᠂ ᠰᠠᠯᠠᠭ᠎ᠠ ᠮᠥᠴᠢᠷ ᠬᠠᠮᠵᠢᠯᠴᠠᠨ᠂ ᠳᠡᠭᠡᠳᠦ ᠳᠣᠤᠷᠠᠳᠤ ᠱᠠᠲᠤ ᠬᠠᠮᠳᠤᠷᠠᠵᠤ᠂ ᠰᠢᠯᠭᠠᠨ | ᠬᠢᠨᠠᠯᠲᠠ ᠶᠢ ᠴᠢᠩᠭᠠᠷᠠᠭᠤᠯᠬᠤ︾ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠤᠨ ᠳᠠᠭᠠᠳᠬᠠᠯ ᠳᠤ ᠣᠷᠤᠯᠴᠠᠬᠤ ᠠᠵᠢᠯ ᠤᠨ ᠲᠣᠭᠲᠠᠴᠠ ᠶᠢ ᠪᠠᠶᠢᠭᠤᠯᠤᠨ᠎ᠠ᠃ | ︵ᠬᠤᠶᠠᠷ︶ ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠪᠴᠢᠲᠠᠢ ᠬᠡᠷᠡᠭᠵᠢᠭᠦᠯᠦᠨ᠎ᠡ᠃ ᠦᠨᠳᠦᠰᠦᠨ ᠵᠦᠢᠯ ᠢ | ᠪᠠᠲᠤᠯᠠᠬᠤ᠂ ᠪᠦᠬᠦᠨ ᠢ ᠬᠠᠮᠤᠷᠬᠤ ᠶᠢ ᠪᠠᠳᠤᠯᠠᠨ᠎ᠠ᠃ ᠭᠤᠤᠯᠳᠠᠯᠭ᠎ᠠ ᠲᠠᠢ ᠬᠥᠮᠦᠰ᠂ ᠢᠯᠠᠩᠭᠤᠶ᠎ᠠ ᠶᠠᠳᠠᠭᠤ ᠬᠦᠴᠢᠷᠳᠡᠯᠲᠡᠶ | ᠬᠥᠮᠦᠰ ᠤᠨ ᠳᠠᠭᠠᠳᠬᠠᠯ ᠳᠤ ᠣᠷᠤᠯᠴᠠᠬᠤ ᠠᠵᠢᠯ ᠢ ᠰᠠᠶᠢᠲᠤᠷ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠰᠠᠨ ᠬᠥᠮᠦᠨ | ᠠᠮᠠ᠂ ᠣᠨᠴᠠ ᠬᠦᠴᠢᠷᠳᠡᠯᠲᠡᠶ ᠬᠥᠮᠦᠰ᠂ ᠬᠠᠮᠤᠭ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠳᠡᠭᠰᠡᠳ ᠵᠡᠷᠭᠡ | ᠳᠠᠭᠠᠳᠬᠠᠯ ᠳᠤ ᠣᠷᠣᠯᠴᠠᠬᠤ ᠡᠲᠡᠭᠡᠳ ᠲᠤ ᠴᠢᠭᠯᠡᠯᠲᠦ ᠴᠢᠨᠠᠷᠲᠠᠶ ᠠᠷᠭ᠎ᠠ ᠬᠡᠮᠵᠢᠶ᠎ᠡ ᠶᠢ ᠲᠥᠷᠥᠯ ᠬᠤᠪᠢᠶᠠᠨ ᠲᠣᠭᠲᠠᠭᠠᠵᠤ᠂ | ᠣᠷᠣᠯᠴᠠᠬᠤ ᠶᠣᠰᠣᠲᠠᠶ ᠶᠢ ᠨᠢ ᠴᠥᠮ ᠣᠷᠤᠯᠴᠠᠭᠤᠯᠬᠤ᠂ ᠪᠠᠲᠤᠯᠠᠬᠤ ᠶᠣᠰᠣᠲᠠᠶ ᠶᠢ ᠨᠢ ᠴᠥᠮ ᠪᠠᠲᠤᠯᠠᠬᠤ ᠶᠢ ᠦᠨᠡᠨᠬᠦ | ᠪᠠᠲᠤᠯᠠᠬᠤ ᠬᠡᠷᠡᠭᠲᠡᠶ᠃ | ︵ᠭᠤᠷᠪᠠ︶ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠬᠤ | ᠦᠢᠯᠡᠴᠢᠯᠡᠭᠡᠨ ᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠰᠦᠢᠳᠭᠡᠯ ᠲᠤᠰᠢᠶᠠᠬᠤ ᠠᠷᠭ᠎ᠠ ᠮᠠᠶ᠋ᠢᠭ ᠢ ᠲᠠᠰᠤᠷᠠᠯᠲᠠ | ᠥᠬᠡᠶ ᠰᠢᠯᠢᠳᠡᠭᠵᠢᠭᠦᠯᠦᠨ᠂ ᠭᠠᠷ ᠤᠲᠠᠰᠤ᠂ ᠸᠢᠴᠠᠲ᠂ POS ᠮᠠᠰᠢᠨ ᠵᠡᠷᠭᠡ ᠶᠢ ᠬᠦᠢᠴᠡᠳ ᠠᠰᠢᠭᠯᠠᠵᠤ᠂ | ᠳᠠᠭᠠᠳᠬᠠᠯ ᠳᠤ ᠣᠷᠣᠯᠴᠠᠭᠰᠠᠳ ᠲᠤ ᠨᠠᠩ ᠲᠥᠬᠦᠮ ᠲᠦᠲᠡ ᠦᠢᠯᠡᠴᠢᠯᠡᠭᠡ ᠬᠠᠩᠭᠠᠨ᠎ᠠ᠃ | ᠬᠤᠶᠠᠷ᠂ ᠳᠠᠭᠠᠳᠬᠠᠯ ᠳᠤ ᠣᠷᠤᠯᠴᠠᠬᠤ ᠬᠦᠷᠢᠶ᠎ᠡ ᠬᠡᠪᠴᠢᠶ᠎ᠡ | ᠮᠠᠨ ᠤ ᠬᠤᠰᠢᠭᠤᠨ ᠤ ᠵᠠᠰᠠᠭ ᠵᠠᠬᠢᠷᠭᠠᠨ ᠤ ᠬᠦᠷᠢᠶ᠎ᠡ ᠬᠡᠪᠴᠢᠶᠡᠨ ᠳᠠᠬᠢ ᠠᠵᠢᠯᠲᠠᠨ ᠠᠵᠢᠯᠴᠢᠨ ᠤ ᠦᠨᠳᠦᠰᠦᠨ ᠡᠮ | ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠬᠡᠪᠴᠢᠶᠡᠨ ᠳᠤ ᠪᠠᠭᠲᠠᠬᠤ ᠥᠬᠡᠶ ᠬᠤᠲᠠ ᠬᠥᠳᠡᠭᠡ ᠶᠢᠨ ᠰᠠᠭᠤᠭᠠᠯᠢ ᠠᠷᠠᠳ᠂ | ᠡᠭᠦᠨ ᠳᠤ ᠬᠤᠲᠠ ᠪᠠᠯᠭᠠᠰᠤᠨ ᠤ ᠠᠵᠢᠯ ᠥᠬᠡᠶ ᠰᠠᠭᠤᠭᠠᠯᠢ ᠠᠷᠠᠳ᠂ ᠮᠠᠯᠵᠢᠬᠤ ᠣᠷᠣᠨ ᠤ ᠰᠠᠭᠤᠭᠠᠯᠢ ᠠᠷᠠᠳ᠂ | ᠰᠤᠷᠭᠠᠭᠤᠯᠢ ᠳᠤ ᠪᠠᠶᠢᠭ᠎ᠠ ᠰᠣᠷᠣᠭᠴᠢ᠂ ᠰᠤᠷᠬᠤ ᠨᠠᠰᠤᠨ ᠠᠴᠠ ᠡᠮᠦᠨᠡᠬᠢ ᠬᠡᠤᠬᠡᠳ᠂ ᠤᠯᠤᠰ ᠪᠠ ᠥᠪᠡᠷᠲᠡᠭᠡᠨ ᠵᠠᠰᠠᠬᠤ | ᠣᠷᠣᠨ ᠠᠴᠠ ᠲᠣᠭᠲᠠᠭᠠᠭᠰᠠᠨ ᠪᠤᠰᠤᠳ ᠬᠥᠮᠦᠰ ᠢ ᠪᠠᠭᠲᠠᠭᠠᠨ᠎ᠠ᠃ | ᠭᠤᠷᠪᠠ᠂ ᠰᠦᠢᠳᠭᠡᠯ ᠲᠤᠰᠢᠶᠠᠬᠤ ᠪᠠᠷᠢᠮᠵᠢᠶ᠎ᠠ ᠵᠢᠴᠢ ᠴᠠᠭ ᠬᠤᠭᠤᠴᠠᠭ᠎ᠠ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ | ᠨᠢᠭᠡ ᠵᠢᠯ ᠤᠨ ᠰᠦᠢᠳᠭᠡᠯ ᠲᠤᠰᠢᠶᠠᠬᠤ ᠪᠠᠷᠢᠮᠵᠢᠶ᠎ᠠ᠄ ᠠᠶᠢᠮᠠᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠠᠴᠠ | ᠵᠢᠱᠢᠨ ᠪᠤᠳᠤᠭᠰᠠᠨ ᠤ ᠳᠠᠷᠠᠭ᠎ᠠ ᠨᠢᠭᠡᠳᠦᠯᠲᠡᠶ ᠨᠡᠶᠢᠭᠡᠮ ᠳᠤ ᠢᠯᠡ ᠨᠡᠶᠢᠲᠡᠯᠡᠨ᠎ᠡ᠃ | ᠰᠦᠢᠳᠭᠡᠯ ᠲᠤᠰᠢᠶᠠᠬᠤ ᠬᠤᠭᠤᠴᠠᠭ᠎ᠠ᠄ ᠲᠦᠷᠦᠭᠦᠤ ᠵᠢᠯ ᠤᠨ 9 ᠰᠠᠷ᠎ᠠ ᠶᠢᠨ 1 ᠤ ᠡᠳᠦᠷ ᠠᠴᠠ ᠡᠬᠢᠯᠡᠨ ᠲᠣᠰ | ᠵᠢᠯ ᠤᠨ 3 ᠰᠠᠷ᠎ᠠ ᠶᠢᠨ 31 ᠤ ᠡᠳᠦᠷ ᠬᠦᠷᠳᠡᠯ᠎ᠡ᠃ | ᠶᠠᠳᠠᠭᠤ ᠬᠦᠴᠢᠷᠳᠡᠯᠳᠡᠢ ᠬᠥᠮᠦᠰ ᠤᠨ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠳᠤ ᠣᠷᠤᠯᠴᠠᠬᠤ ᠳᠤ ᠨᠦᠬᠦᠪᠦᠷᠢᠯᠡᠬᠦ ᠲᠥᠷᠦ ᠶᠢᠨ ᠪᠣᠳᠣᠯᠭ᠎ᠠ ᠶᠢ ᠬᠡᠷᠡᠭᠵᠢᠬᠦᠯᠵᠦ᠂ ᠡᠳ᠋ ᠤᠨ ᠵᠠᠰᠠᠭ ᠠᠴᠠ | ᠲᠣᠭᠲᠠᠭᠠᠭᠰᠠᠨ ᠬᠠᠷᠢᠴᠠᠯ ᠢᠶᠠᠷ ᠲᠤᠰᠢᠶᠠᠵᠤ᠂ ᠬᠤᠪᠢ ᠬᠥᠮᠦᠨ ᠵᠥᠪᠭᠡᠨ ᠦᠯᠡᠳᠡᠭᠰᠡᠨ ᠬᠡᠰᠡᠭ ᠢ ᠯᠡ ᠲᠤᠰᠢᠶᠠᠬᠤ ᠶᠢᠨ | ᠬᠠᠮᠲᠤ᠂ ᠣᠯᠠᠨ ᠲᠥᠷᠦᠯ ᠲᠠᠪᠬᠤᠴᠠᠭᠰᠠᠨ ᠶᠠᠳᠠᠭᠤ ᠬᠦᠴᠢᠷᠳᠡᠯᠲᠡᠶ ᠬᠦᠮᠦᠰ ᠲᠤ ᠳᠠᠭᠠᠳᠬᠠᠯ ᠳᠤ ᠣᠷᠣᠯᠴᠠᠬᠤ ᠶᠢ | ᠨᠦᠬᠦᠪᠦᠷᠢᠯᠡᠬᠦ ᠲᠥᠷᠥ ᠶᠢᠨ ᠪᠣᠳᠣᠯᠭ᠎ᠠ ᠶᠢ ᠬᠦᠷᠳᠡᠭᠡᠵᠦ᠂ ᠳᠠᠪᠬᠤᠷᠳᠠᠭᠤᠯᠤᠨ ᠲᠡᠳᠬᠦᠵᠦ ᠪᠣᠯᠬᠤ ᠥᠬᠡᠶ᠃ ᠣᠨᠴᠠ | ᠬᠦᠴᠢᠷᠳᠡᠯᠲᠡᠶ ᠬᠥᠮᠦᠰ᠂ ᠥᠨᠥᠴᠢᠨ ᠬᠡᠤᠬᠡᠳ ᠪᠠ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠬᠡᠤᠬᠡᠳ ᠤᠨ | ᠳᠠᠭᠠᠳᠬᠠᠯ ᠳᠤ ᠣᠷᠣᠯᠴᠠᠵᠤ ᠰᠦᠢᠳᠭᠡᠯ ᠢ ᠪᠦᠬᠦᠨ ᠢ ᠲᠡᠳᠬᠦᠨ ᠲᠤᠰᠢᠶᠠᠨ᠎ᠠ︔ ᠬᠠᠮᠤᠭ ᠨᠠᠭᠠᠳᠤ ᠵᠠᠬ᠎ᠠ ᠶᠢᠨ | ᠠᠮᠢᠳᠤᠷᠠᠯ ᠤᠨ ᠪᠠᠲᠤᠯᠠᠭᠠᠲᠤ ᠡᠷᠦᠬᠡ᠂ ᠳᠠᠬᠢᠨ ᠶᠠᠳᠠᠭᠤᠷᠠᠭᠰᠠᠨ ᠠᠴᠠ ᠪᠣᠯᠵᠣ ᠶᠠᠳᠠᠭᠤᠷᠠᠭᠰᠠᠨ ᠬᠥᠮᠦᠨ ᠠᠮᠠ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠤᠨ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠶ | ᠬᠥᠮᠦᠨ ᠠᠮᠠ ᠶᠢ ᠬᠢᠨᠠᠨ ᠬᠡᠮᠵᠢᠬᠦ ᠬᠡᠪᠴᠢᠶᠡᠨ ᠳᠤ ᠣᠷᠣᠭᠤᠯᠤᠭᠰᠠᠨ ᠶᠠᠳᠠᠭᠤ ᠠᠴᠠ ᠠᠩᠭᠢᠵᠢᠷᠠᠭᠤᠯᠤᠭᠰᠠᠨ ᠲᠣᠭᠲᠠᠭᠤᠨ | ᠪᠤᠰᠤ ᠬᠥᠮᠦᠰ᠂ ᠵᠠᠬ᠎ᠠ ᠬᠢᠵᠠᠭᠠᠷ ᠤᠨ ᠠᠮᠠᠷᠬᠠᠨ ᠶᠠᠳᠠᠭᠤᠷᠠᠬᠤ ᠬᠥᠮᠦᠰ ᠪᠠ ᠭᠡᠨᠡᠳᠲᠡ ᠡᠭᠦᠰᠬᠦ ᠬᠦᠨᠳᠦ ᠨᠣᠴᠢᠲᠠᠶ | ᠬᠦᠴᠢᠷᠳᠡᠯ ᠲᠠᠢ ᠡᠷᠦᠬᠡ ᠶᠢᠨ ᠶᠠᠳᠠᠭᠤ ᠠᠴᠠ ᠠᠩᠭᠢᠵᠢᠷᠠᠭᠤᠯᠬᠤ ᠲᠥᠷᠥ ᠶᠢᠨ ᠪᠣᠳᠣᠯᠭ᠎ᠠ ᠶᠢ ᠭᠥᠷᠳᠡᠬᠦ ᠬᠥᠮᠦᠨ ᠠᠮᠠ ᠶᠢᠨ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠬᠤᠪᠢ | ᠬᠥᠮᠦᠨ ᠤ ᠰᠦᠢᠳᠭᠡᠯ ᠲᠤᠰᠢᠶᠠᠬᠤ ᠬᠡᠰᠡᠭ ᠲᠤ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠶᠣᠰᠣᠭᠠᠷ ᠲᠣᠭᠲᠠᠭᠰᠠᠨ | ᠬᠡᠮᠵᠢᠶᠡᠨ ᠤ ᠲᠤᠰᠠᠯᠠᠮᠵᠢ ᠣᠯᠭᠤᠨ᠎ᠠ᠃ | |