ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠡᠮᠴᠢᠯᠡᠭᠡᠨ ᠤ ᠪᠠᠲᠤᠯᠠᠭ᠎ᠠ ᠶᠢᠨ ᠳᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠦᠬᠦ ᠠᠷᠠᠳ ᠢ | ᠬᠠᠮᠤᠷᠤᠭᠰᠠᠨ᠂ ᠬᠤᠳᠠ ᠬᠥᠳᠡᠭᠡ ᠶᠢ ᠨᠢᠭᠡᠳᠦᠯᠲᠡᠢ ᠲᠥᠯᠥᠪᠯᠡᠭᠰᠡᠨ᠂ ᠡᠷᠬᠡ ᠲᠡᠭᠰᠢ ᠨᠢᠭᠡᠳᠦᠯᠲᠡᠢ᠂ ᠠᠮᠤᠷ ᠲᠦᠪᠰᠢᠨ | ᠵᠢᠷᠤᠮᠵᠢᠭᠤᠨ᠂ ᠦᠷᠭᠦᠯᠵᠢᠯᠡᠭᠰᠡᠨ ᠤᠯᠠᠨ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠲᠣᠭᠲᠠᠯᠴᠠᠭ᠎ᠠ ᠶᠢ | ᠲᠡᠭᠦᠯᠳᠡᠷᠵᠢᠭᠦᠯᠬᠦ ᠶᠢᠨ ᠲᠥᠯᠥᠭᠡ ᠶᠤᠮ᠃ ︽2023 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ | ᠡᠮᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠲᠤᠬᠠᠢ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ | ᠡᠳ᠋ ᠤᠨ ᠵᠠᠰᠠᠭ ᠤᠨ ᠶᠠᠮᠤᠨ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠮᠡᠳᠡᠭᠳᠡᠯ︾ ︵ᠡᠮᠴᠢᠯᠡᠭᠡ | ᠪᠠᠲᠤᠯᠠᠭ᠎ᠠ ᠲᠠᠷᠬᠠᠭᠠᠭᠰᠠᠨ ﹇2023﹈ 24 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ | ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ᠂ ᠭᠠᠶᠢᠯᠢ ᠶᠢᠨ | ᠶᠠᠪᠤᠳᠠᠯ ᠤᠨ ᠰᠠᠯᠠᠭ᠎ᠠ ᠮᠥᠴᠢᠷ ᠯᠦᠭᠡ ᠬᠠᠮᠲᠤᠷᠠᠨ ︽2023 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ᠥᠪᠥᠷ ᠡᠮᠴᠢᠯᠡᠭᠡ ᠪᠠᠲᠤᠯᠠᠭ᠎ᠠ | ᠲᠠᠷᠬᠠᠭᠠᠭᠰᠠᠨ ﹇2023﹈ 18 ᠳ᠋ᠤᠭᠠᠷ ᠲᠣᠭᠠᠲᠤ︶ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ | ᠲᠠᠷᠬᠠᠭᠠᠪᠠ᠃ ᠡᠳᠦᠭᠡ ᠬᠤᠯᠪᠣᠭᠳᠠᠯ ᠪᠦᠬᠦᠢ ᠠᠭᠤᠯᠭ᠎ᠠ ᠶᠢᠨ ᠲᠤᠬᠠᠢ ᠳᠣᠣᠷᠠᠬᠢ ᠮᠡᠲᠦ ᠲᠠᠶᠢᠯᠤᠮᠵᠢ ᠬᠢᠪᠡ᠄ | ᠨᠢᠭᠡ᠂ 2023 ᠣᠨ ᠤ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ | ᠪᠠᠲᠤᠯᠠᠭ᠎ᠠ ᠶᠢᠨ ᠪᠡᠯᠡ ᠴᠤᠭᠯᠠᠭᠤᠯᠬᠤ ᠪᠠ ᠬᠠᠷᠠᠭᠠᠯᠵᠠᠯ ᠢ ᠪᠠᠲᠤᠯᠠᠬᠤ ᠠᠵᠢᠯ ᠤᠨ ᠪᠣᠳᠠᠲᠠᠢ ᠲᠣᠬᠢᠷᠠᠭᠤᠯᠤᠯᠲᠠ ᠨᠢ ᠶᠠᠭᠤ | ᠪᠤᠢ︖ | ᠪᠡᠯᠡ ᠴᠤᠭᠯᠠᠭᠤᠯᠬᠤ ᠪᠠᠷᠢᠮᠵᠢᠶ᠎ᠠ ᠶᠢᠨ ᠲᠠᠯ᠎ᠠ ᠪᠠᠷ᠂ ︽ᠮᠡᠳᠡᠭᠳᠡᠯ︾ ᠳᠤ ᠠᠵᠤ ᠠᠬᠤᠢ ᠨᠡᠶᠢᠭᠡᠮ ᠤᠨ ᠬᠥᠭᠵᠢᠯᠲᠡ ᠪᠠ | ᠳᠠᠭᠠᠳᠬᠠᠯ ᠳᠤ ᠣᠷᠣᠯᠴᠠᠭᠰᠠᠳ ᠤᠨ ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠬᠡᠷᠡᠭᠴᠡᠭᠡ ᠶᠢ ᠨᠢᠭᠡᠳᠦᠯᠲᠡᠢ | ᠪᠣᠳᠣᠯᠬᠢᠯᠠᠵᠤ᠂ ᠳᠠᠭᠠᠳᠬᠠᠯ ᠳᠤ ᠣᠷᠣᠯᠴᠠᠭᠰᠠᠳ ᠤᠨ ᠡᠮᠴᠢᠯᠡᠭᠡᠨ ᠤ ᠳᠠᠭᠠᠳᠬᠠᠯ ᠤᠨ ᠡᠷᠬᠡ ᠠᠰᠢᠭ ᠢ ᠬᠠᠮᠠᠭᠠᠯᠠᠨ᠎ᠠ᠃ | ︽2023 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠠᠵᠢᠯ ᠢ | ᠰᠠᠶᠢᠲᠤᠷ ᠬᠢᠬᠦ ᠲᠤᠬᠠᠢ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠡᠳ᠋ ᠤᠨ ᠵᠠᠰᠠᠭ ᠤᠨ ᠶᠠᠮᠤᠨ | ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠮᠡᠳᠡᠭᠳᠡᠯ︾ ᠳᠠᠬᠢ ︽2023 ᠣᠨ ᠤ ᠰᠠᠭᠤᠭᠠᠯᠢ | ᠠᠷᠠᠳ ᠤᠨ ᠡᠮᠴᠢᠯᠡᠭᠡᠨ ᠤ ᠳᠠᠭᠠᠳᠬᠠᠯ ᠤᠨ ᠪᠡᠯᠡ ᠴᠤᠭᠯᠠᠭᠤᠯᠬᠤ ᠪᠠᠷᠢᠮᠵᠢᠶ᠎ᠠ ᠶᠢ 1020 ᠲᠥᠭᠦᠷᠢᠭ ᠪᠣᠯᠭᠠᠵᠤ᠂ ᠡᠭᠦᠨ ᠳᠤ | ᠬᠥᠮᠥᠨ ᠳᠤᠮᠳᠠᠴᠢ ᠶᠢᠨ ᠡᠳ᠋ ᠤᠨ ᠵᠠᠰᠠᠭ ᠤᠨ ᠨᠥᠬᠦᠪᠦᠷᠢ ᠶᠢᠨ ᠪᠠᠷᠢᠮᠵᠢᠶ᠎ᠠ ᠶᠢ ᠬᠥᠮᠥᠨ ᠪᠦᠷᠢ ᠵᠢᠯ ᠳᠤ 640 | ᠲᠥᠭᠦᠷᠢᠭ ᠠᠴᠠ ᠳᠣᠣᠷ᠎ᠠ ᠪᠠᠶᠢᠯᠭᠠᠬᠤ ᠦᠭᠡᠢ᠂ ᠬᠤᠪᠢ ᠬᠥᠮᠥᠨ ᠤ ᠰᠦᠢᠳᠬᠡᠯ ᠲᠤᠰᠢᠶᠠᠬᠤ ᠪᠠᠷᠢᠮᠵᠢᠶ᠎ᠠ ᠶᠢ ᠬᠥᠮᠥᠨ ᠪᠦᠷᠢ | ᠵᠢᠯ ᠳᠤ 380 ᠲᠥᠭᠦᠷᠢᠭ ᠲᠤ ᠬᠦᠷᠭᠡᠬᠦ︾ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ 2023 ᠣᠨ ᠳᠤ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ︵ᠳᠣᠷᠣᠭᠰᠢ ︽ᠰᠠᠭᠤᠭᠠᠯᠢ ᠠᠷᠠᠳ ᠤᠨ | ᠡᠮᠴᠢᠯᠡᠭᠡᠨ ᠤ ᠳᠠᠭᠠᠳᠬᠠᠯ︾ ᠭᠡᠵᠦ ᠲᠣᠪᠴᠢᠯᠠᠨ᠎ᠠ︶ ᠤᠨ ᠪᠡᠯᠡ ᠴᠤᠭᠯᠠᠭᠤᠯᠬᠤ ᠪᠠᠷᠢᠮᠵᠢᠶ᠎ᠠ ᠶᠢ ᠦᠷᠭᠦᠯᠵᠢᠯᠡᠨ | ᠳᠡᠭᠡᠭᠰᠢᠯᠡᠭᠦᠯᠵᠦ᠂ 1020 ᠲᠥᠭᠦᠷᠢᠭ ᠠᠴᠠ ᠳᠣᠣᠷ᠎ᠠ ᠪᠠᠶᠢᠯᠭᠠᠬᠤ ᠦᠭᠡᠢ᠂ ᠡᠭᠦᠨ ᠳᠤ ᠬᠥᠮᠥᠨ ᠳᠤᠮᠳᠠᠴᠢ ᠶᠢᠨ ᠡᠳ᠋ ᠤᠨ | ᠵᠠᠰᠠᠭ ᠤᠨ ᠨᠥᠬᠦᠪᠦᠷᠢ ᠶᠢᠨ ᠪᠠᠷᠢᠮᠵᠢᠶ᠎ᠠ ᠶᠢ 30 ᠲᠥᠭᠦᠷᠢᠭ ᠨᠡᠮᠡᠭᠳᠡᠭᠦᠯᠵᠦ᠂ ᠬᠥᠮᠥᠨ ᠪᠦᠷᠢ ᠵᠢᠯ ᠳᠤ 640 | ᠲᠥᠭᠦᠷᠢᠭ ᠠᠴᠠ ᠳᠣᠣᠷ᠎ᠠ ᠪᠠᠶᠢᠯᠭᠠᠬᠤ ᠦᠭᠡᠢ᠂ ᠬᠤᠪᠢ ᠬᠥᠮᠥᠨ ᠤ ᠰᠦᠢᠳᠬᠡᠯ ᠲᠤᠰᠢᠶᠠᠬᠤ ᠪᠠᠷᠢᠮᠵᠢᠶ᠎ᠠ ᠶᠢ ᠬᠥᠮᠥᠨ ᠪᠦᠷᠢ | ᠵᠢᠯ ᠳᠤ 380 ᠲᠥᠭᠦᠷᠢᠭ ᠠᠴᠠ ᠳᠣᠣᠷ᠎ᠠ ᠪᠠᠶᠢᠯᠭᠠᠬᠤ ᠦᠭᠡᠢ ᠭᠡᠵᠦ ᠲᠣᠳᠣᠷᠬᠠᠢ ᠲᠣᠭᠲᠠᠭᠠᠪᠠ᠃ ᠡᠭᠦᠨ ᠤ ᠬᠠᠮᠲᠤ᠂ | ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠢ ᠦᠨᠳᠦᠰᠦᠯᠡᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ | ᠡᠪᠡᠳᠴᠢᠨ ᠤ ᠳᠠᠭᠠᠳᠬᠠᠯ ᠤᠨ ᠪᠣᠳᠠᠲᠠᠢ ᠪᠡᠯᠡ ᠴᠤᠭᠯᠠᠭᠤᠯᠬᠤ ᠪᠠᠷᠢᠮᠵᠢᠶ᠎ᠠ ᠶᠢ ᠵᠦᠢ ᠵᠣᠬᠢᠰᠲᠠᠢ ᠲᠣᠭᠲᠠᠭᠠᠵᠤ᠂ | ᠬᠥᠳᠡᠯᠦᠩᠭᠦᠢ ᠪᠠᠷ ᠲᠣᠬᠢᠷᠠᠭᠤᠯᠬᠤ ᠬᠡᠷᠡᠭᠲᠡᠢ ᠭᠡᠵᠦ ᠱᠠᠭᠠᠷᠳᠠᠪᠠ᠃ ᠬᠠᠷᠠᠭᠠᠯᠵᠠᠯ ᠤᠨ ᠪᠠᠲᠤᠯᠠᠭ᠎ᠠ ᠶᠢᠨ ᠲᠠᠯ᠎ᠠ ᠪᠠᠷ᠂ ︽ᠮᠡᠳᠡᠭᠳᠡᠯ︾ | ᠳᠤ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠬᠠᠷᠠᠭᠠᠯᠵᠠᠯ ᠤᠨ ᠲᠣᠳᠣᠷᠬᠠᠢ ᠬᠠᠭᠤᠳᠠᠰᠤ ᠶᠢᠨ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠳᠦᠷᠢᠮ ᠢ ᠵᠢᠷᠤᠮᠵᠢᠭᠤᠨ ᠪᠥᠭᠡᠳ ᠨᠢᠭᠡᠳᠦᠯᠲᠡᠢ ᠪᠠᠶᠢᠯᠭᠠᠬᠤ᠂ ᠬᠠᠷᠠᠭᠠᠯᠵᠠᠯ ᠤᠨ ᠪᠠᠲᠤᠯᠠᠭ᠎ᠠ ᠶᠢ | ᠲᠡᠩᠴᠡᠭᠦᠯᠬᠦ ᠶᠢ ᠪᠠᠷᠢᠮᠲᠠᠯᠠᠨ᠂ ᠭᠤᠥᠯᠴᠢ ᠪᠠᠲᠤᠯᠠᠭ᠎ᠠ ᠶᠢ ᠬᠡᠷᠡᠭᠵᠢᠭᠦᠯᠬᠦ ᠬᠡᠷᠡᠭᠲᠡᠢ ᠭᠡᠵᠦ ᠱᠠᠭᠠᠷᠳᠠᠪᠠ᠃ ᠡᠭᠦᠨ ᠳᠤ | ᠭᠤᠣᠯᠳᠠᠭᠤ ᠭᠤᠷᠪᠠᠨ ᠲᠠᠯ᠎ᠠ ᠪᠠᠭᠲᠠᠨ᠎ᠠ᠂ ᠨᠢᠭᠡ ᠳᠤ᠂ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠡᠮᠨᠡᠯᠭᠡ ᠳᠤ | ᠰᠠᠭᠤᠬᠤ ᠬᠠᠷᠠᠭᠠᠯᠵᠠᠯ ᠤᠨ ᠲᠦᠪᠰᠢᠨ ᠢ ᠪᠠᠬᠢᠵᠢᠭᠦᠯᠵᠦ᠂ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠰᠠᠭᠤᠷᠢ | ᠮᠥᠩᠭᠦ ᠶᠢᠨ ᠲᠥᠯᠥᠬᠦ ᠬᠠᠷᠢᠴᠠᠯ ᠢ 70% ᠣᠷᠴᠢᠮ ᠳᠤ ᠪᠠᠶᠢᠯᠭᠠᠬᠤ ᠶᠢ ᠦᠨᠡᠨ ᠬᠦ ᠪᠠᠲᠤᠯᠠᠨ᠎ᠠ᠃ ᠬᠤᠶᠠᠷ ᠲᠤ᠂ ᠡᠭᠦᠳᠡᠨ | ᠡᠮᠨᠡᠯᠭᠡ ᠶᠢᠨ ᠪᠠᠲᠤᠯᠠᠪᠤᠷᠢ ᠶᠢᠨ ᠲᠦᠪᠰᠢᠨ ᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ ᠰᠠᠭᠤᠭᠠᠯᠢ ᠠᠷᠠᠳ ᠤᠨ ᠡᠭᠦᠳᠡᠨ | ᠡᠮᠨᠡᠯᠭᠡ ᠶᠢᠨ ᠨᠢᠭᠡᠳᠦᠯᠲᠡᠢ ᠲᠥᠯᠥᠪᠯᠡᠬᠦ ᠳᠦᠷᠢᠮ ᠢ ᠪᠥᠬᠦ ᠲᠠᠯ᠎ᠠ ᠪᠠᠷ ᠥᠷᠨᠢᠭᠦᠯᠵᠦ᠂ ᠨᠥᠬᠦᠴᠡᠯ ᠲᠠᠢ ᠭᠠᠵᠠᠷ ᠣᠷᠣᠨ ᠨᠢ | ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠣᠨ ᠤ ᠰᠢᠨ᠎ᠡ ᠪᠠᠷ ᠨᠡᠮᠡᠭᠳᠡᠭᠰᠡᠨ ᠪᠡᠯᠡ ᠴᠤᠭᠯᠠᠭᠤᠯᠤᠯᠲᠠ ᠶᠢᠨ | ᠵᠣᠬᠢᠬᠤ ᠬᠠᠷᠢᠴᠠᠯ ᠢ ᠡᠭᠦᠳᠡᠨ ᠡᠮᠨᠡᠯᠭᠡ ᠶᠢᠨ ᠪᠠᠲᠤᠯᠠᠭ᠎ᠠ ᠶᠢ ᠴᠢᠩᠭᠠᠳᠬᠠᠬᠤ ᠳᠤ ᠬᠡᠷᠡᠭᠯᠡᠵᠦ᠂ ᠦᠨᠳᠦᠰᠦᠨ ᠱᠠᠲᠤᠨ ᠤ | ᠡᠮᠴᠢᠯᠡᠭᠡᠨ ᠤ ᠪᠠᠶᠢᠭᠤᠯᠤᠮᠵᠢ ᠲᠡᠶᠢᠰᠢ ᠦᠷᠭᠦᠯᠵᠢᠯᠡᠨ ᠬᠡᠯᠪᠡᠶᠢᠯᠭᠡᠵᠦ ᠪᠣᠯᠣᠨ᠎ᠠ᠃ ᠣᠲᠣ ᠶᠢᠨ ᠪᠠᠶᠢᠭ᠎ᠠ ᠡᠭᠦᠳᠡᠨ ᠡᠮᠨᠡᠯᠭᠡ ᠶᠢᠨ | ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠨᠢᠭᠡᠳᠦᠯᠲᠡᠢ ᠲᠥᠯᠥᠪᠯᠡᠵᠦ᠂ ᠪᠠᠲᠤᠯᠠᠭ᠎ᠠ ᠶᠢᠨ ᠴᠢᠳᠠᠯ ᠢᠶᠠᠨ ᠳᠡᠭᠡᠭᠰᠢᠯᠡᠭᠦᠯᠦᠨ᠎ᠡ᠃ | ᠤᠯᠤᠰ ᠤᠨ ᠪᠠᠶᠢᠷᠢᠯᠠᠭᠤᠯᠤᠯᠲᠠ ᠶᠣᠰᠣᠭᠠᠷ᠂ ᠡᠭᠦᠳᠡᠨ ᠡᠮᠨᠡᠯᠭᠡ ᠶᠢᠨ ᠡᠮ ᠬᠡᠷᠡᠭᠯᠡᠬᠦ ᠪᠠᠲᠤᠯᠠᠭ᠎ᠠ ᠶᠢᠨ ᠲᠣᠭᠲᠠᠴᠠ ᠶᠢᠨ | ᠬᠠᠮᠤᠷᠬᠤ ᠬᠡᠪᠴᠢᠶ᠎ᠡ ᠶᠢ ᠠᠯᠬᠤᠮ ᠠᠯᠬᠤᠮ ᠢᠶᠠᠷ ᠵᠢᠷᠦᠬᠡ ᠲᠠᠷᠢᠬᠢ ᠴᠢᠰᠤᠨ ᠰᠤᠳᠠᠯ ᠤᠨ ᠡᠪᠡᠳᠴᠢᠨ ᠳᠤ ᠬᠦᠷᠲᠡᠯ᠎ᠡ | ᠥᠷᠭᠡᠳᠬᠡᠨ᠎ᠡ᠃ ᠭᠤᠷᠪᠠ ᠳᠤ᠂ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠦᠷᠡᠵᠢᠯ ᠤᠨ ᠡᠮᠴᠢᠯᠡᠭᠡᠨ ᠤ | ᠵᠠᠷᠤᠳᠠᠯ ᠤᠨ ᠪᠠᠲᠤᠯᠠᠭ᠎ᠠ ᠶᠢ ᠴᠢᠩᠭᠠᠳᠬᠠᠵᠤ᠂ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠤᠨ ᠦᠷᠡᠵᠢᠯ ᠤᠨ | ᠡᠮᠴᠢᠯᠡᠭᠡᠨ ᠤ ᠵᠠᠷᠤᠳᠠᠯ ᠤᠨ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠦᠨ᠎ᠡ᠃ ᠡᠭᠦᠨ ᠠᠴᠠ ᠭᠠᠳᠠᠨ᠎ᠠ᠂ ︽ᠮᠡᠳᠡᠭᠳᠡᠯ︾ | ᠳᠤ ᠪᠠᠰᠠ ᠦᠨᠳᠦᠰᠦᠨ ᠡᠮᠴᠢᠯᠡᠭᠡᠨ ᠤ ᠳᠠᠭᠠᠳᠬᠠᠯ ᠤᠨ ᠥᠪᠡᠷᠲᠡᠭᠡᠨ ᠵᠠᠰᠠᠬᠤ ᠣᠷᠣᠨ ᠤ ᠱᠠᠲᠤᠨ ᠤ ᠨᠢᠭᠡᠳᠦᠯᠲᠡᠢ | ᠲᠥᠯᠥᠪᠯᠡᠭᠡ ᠶᠢ ᠲᠣᠭᠲᠠᠭᠤᠨ ᠢᠶᠠᠷ ᠠᠬᠢᠭᠤᠯᠬᠤ ᠶᠢ ᠲᠣᠳᠣᠷᠬᠠᠶᠢᠯᠠᠪᠠ᠃ | ᠬᠤᠶᠠᠷ᠂ ᠡᠮᠴᠢᠯᠡᠭᠡᠨ ᠤ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠥᠷᠭᠡᠳᠬᠡᠬᠦ᠂ ᠪᠥᠬᠦ ᠠᠷᠠᠳ ᠤᠨ ᠡᠮᠴᠢᠯᠡᠭᠡᠨ ᠤ | ᠪᠠᠲᠤᠯᠠᠭ᠎ᠠ ᠶᠢ ᠪᠠᠬᠢᠵᠢᠭᠦᠯᠦᠨ ᠪᠦᠷᠢᠨᠰᠢᠭᠦᠯᠬᠦ ᠲᠠᠯ᠎ᠠ ᠪᠠᠷ ᠶᠠᠮᠠᠷ ᠶᠠᠮᠠᠷ ᠪᠣᠳᠠᠲᠠᠢ ᠱᠠᠭᠠᠷᠳᠠᠯᠭ᠎ᠠ ᠪᠠᠶᠢᠬᠤ ᠪᠣᠶ︖ | ︽ᠮᠡᠳᠡᠭᠳᠡᠯ︾ ᠳᠤ᠂ ᠥᠪᠡᠷᠲᠡᠭᠡᠨ ᠵᠠᠰᠠᠬᠤ ᠣᠷᠣᠨ ᠤ ︽ᠦᠨᠳᠦᠰᠦᠨ ᠡᠮᠴᠢᠯᠡᠭᠡᠨ ᠤ ᠳᠠᠭᠠᠳᠬᠠᠯ ᠳᠤ ᠪᠥᠬᠦ | ᠠᠷᠠᠳ ᠢᠶᠠᠷ ᠢᠶᠠᠨ ᠣᠷᠣᠯᠴᠠᠬᠤ ᠣᠷᠳᠣ ᠬᠤᠭᠤᠴᠠᠭᠠᠨ ᠤ ᠪᠦᠲᠦᠮᠵᠢᠲᠡᠶ ᠠᠵᠢᠯ ᠤᠨ ᠲᠣᠭᠲᠠᠴᠠ ᠶᠢ ᠪᠠᠶᠢᠭᠤᠯᠬᠤ ᠲᠤᠬᠠᠢ | ᠰᠠᠨᠠᠯ︾ ︵ᠥᠪᠥᠷ ᠡᠮᠴᠢᠯᠡᠭᠡ ᠪᠠᠲᠤᠯᠠᠭ᠎ᠠ ᠲᠠᠷᠬᠠᠭᠠᠭᠰᠠᠨ ﹇2022﹈ 24 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ | ᠶᠣᠰᠣᠭᠠᠷ᠂ ᠵᠠᠰᠠᠭ ᠤᠨ ᠣᠷᠳᠣᠨ ᠢᠶᠠᠷ ᠤᠳᠤᠷᠢᠳᠤᠭᠤᠯᠬᠤ ᠶᠢ ᠪᠠᠷᠢᠮᠲᠠᠯᠠᠨ᠂ ᠠᠶᠢᠮᠠᠭ ᠬᠤᠲᠠ᠂ ᠬᠤᠰᠢᠭᠤ ᠰᠢᠶᠠᠨ ᠲᠣᠭᠤᠷᠢᠭ᠂ | ᠰᠢᠶᠠᠩ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠥᠷᠪᠡᠨ ᠱᠠᠲᠤ ᠪᠠᠷ ᠬᠤᠯᠪᠤᠭᠠᠯᠠᠨ | ᠬᠥᠳᠡᠯᠦᠯᠴᠡᠵᠦ ᠪᠠᠶᠢᠭᠠᠳ ᠳᠠᠭᠠᠳᠬᠠᠯ ᠳᠤ ᠣᠷᠣᠯᠴᠠᠬᠤ ᠲᠣᠭᠲᠠᠯᠴᠠᠭ᠎ᠠ ᠶᠢ ᠪᠠᠶᠢᠭᠤᠯᠵᠤ᠂ ᠡᠭᠦᠷᠭᠡ ᠶᠢᠨ ᠬᠠᠷᠠᠯᠲᠠ᠂ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠪᠠ ᠠᠵᠢᠯ ᠤᠨ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠡᠯ᠎ᠡ ᠱᠠᠲᠤ᠂ ᠡᠯ᠎ᠡ | ᠬᠠᠮᠢᠶ᠎ᠠ ᠪᠦᠬᠦᠢ ᠰᠠᠯᠠᠭ᠎ᠠ ᠮᠥᠴᠢᠷ ᠤᠳ ᠤᠨ ᠠᠵᠢᠯ ᠤᠨ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠬᠤ ᠪᠠᠷ | ᠱᠠᠭᠠᠷᠳᠠᠪᠠ᠃ ᠨᠢᠭᠡ ᠳᠤ᠂ ᠰᠠᠯᠠᠭ᠎ᠠ ᠮᠥᠴᠢᠷ ᠤᠳ ᠤᠨ ᠬᠤᠭᠤᠷᠣᠨᠳᠣᠬᠢ ᠬᠠᠮᠵᠢᠯᠴᠠᠭ᠎ᠠ ᠶᠢ ᠴᠢᠩᠭᠠᠳᠬᠠᠵᠤ᠂ ᠰᠠᠭᠤᠷᠢ | ᠲᠤᠭ᠎ᠠ ᠶᠢ ᠣᠨᠣᠪᠴᠢᠲᠠᠢ ᠡᠵᠡᠮᠰᠢᠨ᠎ᠡ᠃ ᠬᠤᠶᠠᠷ ᠲᠤ᠂ ᠭᠤᠣᠯᠳᠠᠯᠭ᠎ᠠ ᠲᠠᠢ ᠬᠥᠮᠥᠰ ᠢ ᠠᠩᠬᠠᠷᠴᠤ᠂ ᠬᠡᠪᠴᠢᠶ᠎ᠡ ᠶᠢ | ᠣᠨᠣᠪᠴᠢᠲᠠᠢ ᠥᠷᠭᠡᠳᠬᠡᠨ᠎ᠡ᠃ ᠭᠤᠷᠪᠠ ᠳᠤ᠂ ᠣᠷᠣᠰᠢᠨ ᠰᠠᠭᠤᠬᠤ ᠦᠨᠡᠮᠯᠡᠯ ᠢᠶᠠᠷ ᠢᠶᠠᠨ ᠳᠠᠭᠠᠳᠬᠠᠯ ᠳᠤ ᠣᠷᠣᠯᠴᠠᠬᠤ | ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠡᠳ᠋ ᠤᠨ ᠵᠠᠰᠠᠭ ᠨᠢ ᠲᠤᠬᠠᠢ ᠶᠢᠨ | ᠭᠠᠵᠠᠷ ᠤᠨ ᠰᠠᠭᠤᠭᠠᠯᠢ ᠠᠷᠠᠳ ᠤᠨ ᠬᠢ ᠲᠠᠢ ᠠᠳᠠᠯᠢ ᠪᠠᠷᠢᠮᠵᠢᠶ᠎ᠠ ᠪᠠᠷ ᠨᠥᠬᠦᠪᠦᠷᠢ ᠣᠯᠭᠤᠨ᠎ᠠ᠃ ᠳᠥᠷᠪᠡ ᠳᠤ᠂ | ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠰᠢᠨ᠎ᠡ ᠠᠷᠭ᠎ᠠ ᠶᠢ ᠡᠭᠦᠳᠴᠦ᠂ ᠠᠷᠠᠳ ᠤᠨ ᠣᠯᠠᠨ ᠠᠷᠭ᠎ᠠ ᠪᠠᠷ | ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠳᠤ ᠲᠥᠬᠦᠮ ᠦᠵᠡᠭᠦᠯᠬᠦ ᠦᠢᠯᠡᠴᠢᠯᠡᠭᠡ ᠬᠠᠩᠭᠠᠨ᠎ᠠ᠃ ᠲᠠᠪᠤ ᠳᠤ᠂ | ᠳᠠᠭᠠᠳᠬᠠᠯ ᠳᠤ ᠣᠷᠣᠯᠴᠠᠭᠰᠠᠨ ᠬᠡᠪᠴᠢᠶ᠎ᠡ ᠶᠢ ᠥᠷᠭᠡᠳᠬᠡᠭᠰᠡᠨ ᠠᠵᠢᠯ ᠤᠨ ᠦᠷ᠎ᠡ ᠪᠦᠲᠦᠭᠡᠯ ᠢ ᠣᠨ ᠤ ᠰᠢᠮᠳᠠᠭᠤᠯᠤᠨ | ᠪᠠᠶᠢᠴᠠᠭᠠᠵᠤ ᠰᠢᠯᠭᠠᠨ ᠬᠢᠨᠠᠬᠤ ᠲᠠᠢ ᠬᠤᠯᠪᠣᠭᠳᠠᠭᠤᠯᠵᠤ᠂ ᠦᠷᠭᠦᠯᠵᠢᠯᠡᠨ ᠳᠠᠭᠠᠳᠬᠠᠯ ᠳᠤ ᠣᠷᠣᠯᠴᠠᠵᠤ ᠰᠦᠢᠳᠬᠡᠯ | ᠲᠤᠰᠢᠶᠠᠬᠤ ᠶᠢᠨ ᠤᠷᠮᠠᠰᠢᠭᠤᠯᠵᠤ ᠬᠢᠵᠠᠭᠠᠷᠯᠠᠬᠤ ᠲᠣᠭᠲᠠᠴᠠ ᠶᠢ ᠰᠦᠪᠡᠭᠴᠢᠯᠡᠨ᠎ᠡ᠃ | ᠭᠤᠷᠪᠠ᠂ ᠬᠡᠷᠬᠢᠨ ᠡᠮᠴᠢᠯᠡᠭᠡᠨ ᠤ ᠪᠠᠲᠤᠯᠠᠭ᠎ᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ | ᠬᠦᠴᠦᠨ ᠨᠡᠮᠡᠷᠢᠯᠡᠬᠦ ᠶᠢ ᠤᠯᠠᠮ ᠨᠢᠭᠡ ᠠᠯᠬᠤᠮ ᠠᠬᠢᠭᠤᠯᠬᠤ ᠪᠤᠢ︖ | ︽ᠦᠨᠳᠦᠰᠦᠨ ᠡᠮᠴᠢᠯᠡᠭᠡ ᠪᠠᠲᠤᠯᠠᠭ᠎ᠠ ᠲᠠᠢ︾ ᠶᠢᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ | ᠰᠢᠯᠵᠢᠯᠲᠡ ᠶᠢᠨ ᠬᠤᠭᠤᠴᠠᠭᠠᠨ ᠳᠠᠬᠢ ᠡᠮᠴᠢᠯᠡᠭᠡᠨ ᠤ ᠳᠠᠭᠠᠳᠬᠠᠯ ᠤᠨ ᠶᠡᠷᠦᠩᠬᠡᠶᠢᠯᠡᠭᠰᠡᠨ ᠬᠠᠪᠰᠤᠷᠤᠨ ᠲᠡᠳᠬᠦᠬᠦ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠬᠥᠳᠡᠭᠡ ᠲᠣᠰᠬᠤᠨ ᠤ ᠣᠷᠣᠯᠭ᠎ᠠ ᠪᠠᠭᠠᠲᠠᠢ ᠬᠥᠮᠥᠨ ᠠᠮᠠ ᠪᠠ ᠶᠠᠳᠠᠭᠤ ᠠᠴᠠ | ᠠᠩᠭᠢᠵᠢᠷᠠᠭᠰᠠᠨ ᠬᠥᠮᠥᠨ ᠠᠮᠠ ᠶᠢᠨ ᠪᠠᠲᠤᠯᠠᠪᠠᠰᠤ ᠵᠣᠬᠢᠬᠤ ᠶᠢ ᠨᠢ ᠴᠥᠮ ᠪᠠᠲᠤᠯᠠᠬᠤ ᠶᠢ ᠯᠠᠪᠳᠠᠭᠤᠨ ᠢᠶᠠᠷ ᠪᠡᠶᠡᠯᠡᠭᠦᠯᠵᠦ᠂ | ᠭᠤᠷᠪᠠᠨ ᠳᠠᠪᠬᠤᠷ ᠳᠦᠷᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠴᠢᠳᠠᠪᠤᠷᠢ ᠶᠢ ᠴᠢᠩᠭᠠᠷᠠᠭᠤᠯᠤᠨ᠂ ᠡᠪᠡᠳᠴᠢᠨ ᠠᠴᠠ | ᠪᠣᠯᠤᠭᠰᠠᠨ ᠶᠡᠭᠡ ᠬᠡᠪᠴᠢᠶᠡᠨ ᠤ ᠳᠠᠬᠢᠨ ᠶᠠᠳᠠᠭᠤᠷᠠᠯ ᠡᠭᠦᠰᠬᠦ ᠦᠭᠡᠢ ᠶᠢᠨ ᠬᠢᠵᠠᠭᠠᠷ ᠢ ᠰᠠᠶᠢᠲᠤᠷ ᠰᠠᠬᠢᠨ᠎ᠠ᠃ ︽ᠮᠡᠳᠡᠭᠳᠡᠯ︾ | ᠳᠤ ᠭᠤᠷᠪᠠᠨ ᠱᠠᠭᠠᠷᠳᠠᠯᠭ᠎ᠠ ᠳᠤᠷᠠᠳᠴᠠᠢ᠂ ᠨᠢᠭᠡ ᠳᠤ᠂ ᠡᠮᠴᠢᠯᠡᠭᠡᠨ ᠤ ᠠᠪᠤᠷᠠᠨ ᠲᠤᠰᠠᠯᠠᠬᠤ ᠰᠠᠭᠤᠷᠢ ᠮᠥᠩᠭᠦ ᠶᠢᠨ | ᠲᠤᠰᠠᠯᠠᠬᠤ ᠴᠢᠳᠠᠪᠤᠷᠢ ᠪᠠ ᠬᠦᠴᠢᠷᠳᠡᠯᠲᠡᠢ ᠣᠯᠠᠨ ᠲᠦᠮᠡᠨ ᠤ ᠪᠣᠳᠠᠲᠠᠢ ᠬᠡᠷᠡᠭᠴᠡᠭᠡ ᠳᠤ ᠰᠠᠭᠤᠷᠢᠯᠠᠨ᠂ ᠳᠠᠭᠠᠳᠬᠠᠯ ᠳᠤ | ᠣᠷᠣᠯᠴᠠᠬᠤ ᠶᠢ ᠲᠥᠷᠥᠯ ᠬᠤᠪᠢᠶᠠᠨ ᠳᠡᠮᠵᠢᠬᠦ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠦᠨ᠎ᠡ᠃ ᠬᠤᠶᠠᠷ ᠲᠤ᠂ | ᠡᠪᠡᠳᠴᠢᠨ ᠠᠴᠠ ᠪᠣᠯᠵᠤ ᠲᠠᠬᠢᠨ ᠶᠠᠳᠠᠭᠤᠷᠠᠬᠤ ᠪᠠ ᠶᠠᠳᠠᠭᠤᠷᠠᠬᠤ ᠶᠢ ᠰᠡᠷᠭᠡᠶᠢᠯᠡᠨ ᠠᠷᠢᠯᠭᠠᠬᠤ ᠤᠷᠳᠤ ᠬᠤᠭᠤᠴᠠᠭᠠᠨ ᠤ | ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠶᠡᠭᠡ ᠬᠡᠮᠵᠢᠶᠡᠨ ᠤ ᠡᠮᠴᠢᠯᠡᠭᠡᠨ ᠤ ᠵᠠᠷᠤᠳᠠᠯ ᠤᠨ | ᠳᠠᠷᠤᠭᠠᠰᠤ ᠲᠠᠢ ᠡᠪᠡᠳᠴᠢᠲᠡᠨ ᠢ ᠬᠢᠨᠠᠵᠤ ᠰᠡᠷᠡᠮᠵᠢᠯᠡᠭᠦᠯᠬᠦ ᠪᠠᠷᠢᠮᠵᠢᠶ᠎ᠠ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ | ᠬᠢᠨᠠᠵᠤ ᠰᠡᠷᠡᠮᠵᠢᠯᠡᠭᠦᠯᠬᠦ ᠶᠢᠨ ᠬᠤᠭᠤᠴᠠᠭᠠᠲᠤ ᠴᠢᠨᠠᠷ ᠪᠠ ᠣᠨᠣᠪᠴᠢᠲᠤ ᠴᠢᠨᠠᠷ ᠢ ᠳᠡᠭᠡᠭᠰᠢᠯᠡᠭᠦᠯᠦᠨ᠎ᠡ᠃ ᠭᠤᠷᠪᠠ ᠳᠤ᠂ | ᠰᠠᠯᠠᠭ᠎ᠠ ᠮᠥᠴᠢᠷ ᠤᠨ ᠬᠤᠭᠤᠷᠣᠨᠳᠣᠬᠢ ᠬᠠᠮᠵᠢᠯᠴᠠᠭ᠎ᠠ ᠶᠢ ᠴᠢᠩᠭᠠᠳᠬᠠᠵᠤ᠂ ᠨᠡᠶᠢᠭᠡᠮ ᠤᠨ ᠬᠦᠴᠦᠨ ᠢᠶᠠᠷ ᠬᠦᠴᠢᠷᠳᠡᠯᠲᠡᠢ | ᠬᠦᠨᠳᠦ ᠡᠪᠡᠳᠴᠢᠲᠡᠨ ᠢ ᠲᠤᠰᠠᠯᠠᠵᠤ ᠲᠡᠳᠬᠦᠬᠦ ᠶᠢ ᠢᠳᠡᠪᠬᠢᠲᠡᠢ ᠵᠢᠯᠤᠭᠤᠳᠴᠤ᠂ ᠣᠯᠠᠨ ᠡᠰᠢᠵᠢᠭᠰᠡᠨ ᠠᠪᠤᠷᠠᠨ ᠲᠤᠰᠠᠯᠠᠬᠤ | ᠵᠠᠭᠪᠤᠷ ᠪᠦᠲᠦᠭᠡᠬᠦ ᠶᠢ ᠠᠬᠢᠭᠤᠯᠤᠨ᠎ᠠ᠃ | ᠳᠥᠷᠪᠡ᠂ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠠᠮᠢᠶᠠᠷᠤᠯᠲᠠ᠂ ᠡᠮ ᠡᠮᠨᠡᠯᠭᠡ ᠶᠢᠨ ᠲᠥᠪᠯᠡᠷᠡᠭᠦᠯᠦᠨ | ᠬᠤᠳᠠᠯᠳᠤᠨ ᠠᠪᠬᠤ ᠪᠠ ᠦᠨ᠎ᠡ ᠶᠢᠨ ᠬᠠᠮᠢᠶᠠᠷᠤᠯᠲᠠ ᠵᠡᠷᠭᠡ ᠲᠠᠯ᠎ᠠ ᠪᠠᠷ ᠶᠠᠮᠠᠷ ᠶᠠᠮᠠᠷ ᠪᠣᠳᠠᠲᠠᠢ ᠲᠣᠬᠢᠷᠠᠭᠤᠯᠤᠯᠲᠠ ᠪᠠᠶᠢᠬᠤ | ᠪᠣᠶ︖ | ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠠᠮᠢᠶᠠᠷᠤᠯᠲᠠ ᠶᠢᠨ ᠲᠠᠯ᠎ᠠ ᠪᠠᠷ᠂ ᠲᠠᠪᠤᠨ ᠪᠣᠳᠠᠲᠠᠢ ᠱᠠᠭᠠᠷᠳᠠᠯᠭ᠎ᠠ | ᠳᠤᠷᠠᠳᠪᠠ᠂ ᠨᠢᠭᠡ ᠳᠤ᠂ 2022 ᠣᠨ ᠤ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠢ | ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠠᠬᠢᠭᠤᠯᠵᠤ᠂ ᠬᠡᠯᠡᠯᠴᠡᠭᠡ ᠬᠢᠬᠦ ᠡᠮ ᠤᠨ ᠵᠦᠢᠯ ᠤᠨ ︽ᠬᠤᠣᠰ ᠵᠠᠮ︾ ᠤᠨ | ᠬᠠᠮᠢᠶᠠᠷᠤᠯᠲᠠ ᠶᠢ ᠲᠡᠭᠦᠯᠳᠡᠷᠵᠢᠭᠦᠯᠦᠨ ᠵᠢᠷᠤᠮᠵᠢᠭᠤᠯᠵᠤ᠂ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠵᠣᠷ ᠤᠨ ᠲᠥᠪ ᠤᠨ | ᠬᠡᠷᠡᠭᠯᠡᠯᠲᠡ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠬᠤᠶᠠᠷ ᠲᠤ᠂ ᠦᠨᠳᠦᠰᠦᠲᠡᠨ ᠤ ᠡᠮ᠂ ᠡᠮᠴᠢᠯᠡᠭᠡᠨ ᠤ | ᠪᠠᠶᠢᠭᠤᠯᠤᠮᠵᠢ ᠶᠢᠨ ᠨᠠᠶᠢᠷᠠᠭᠤᠯᠭ᠎ᠠ ᠪᠠ ᠬᠢᠲᠠᠳ ᠬᠡᠷᠴᠢᠮᠡᠯ ᠡᠮ ᠤᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ | ᠵᠥᠪᠰᠢᠶᠡᠷᠡᠯ ᠤᠨ ᠬᠠᠮᠢᠶᠠᠷᠤᠯᠲᠠ ᠶᠢ ᠵᠢᠷᠤᠮᠵᠢᠭᠤᠯᠤᠨ ᠴᠢᠩᠭᠠᠳᠬᠠᠬᠤ ᠶᠢᠨ ᠬᠠᠮᠲᠤ ᠬᠥᠳᠡᠯᠦᠩᠭᠦᠢ ᠪᠠᠷ ᠲᠣᠬᠢᠷᠠᠭᠤᠯᠤᠨ᠎ᠠ᠃ | ᠭᠤᠷᠪᠠ ᠳᠤ᠂ ᠨᠥᠬᠦᠴᠡᠯ ᠳᠤ ᠨᠡᠶᠢᠴᠡᠬᠦ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠂ ᠡᠮᠴᠢᠯᠡᠭᠡᠨ ᠤ ᠦᠢᠯᠡᠴᠢᠯᠡᠭᠡᠨ ᠤ | ᠲᠥᠰᠥᠯ ᠢ ᠴᠠᠭ ᠲᠤᠬᠠᠢ ᠳᠤ ᠨᠢ ᠡᠮᠴᠢᠯᠡᠭᠡᠨ ᠤ ᠳᠠᠭᠠᠳᠬᠠᠯ ᠤᠨ ᠲᠥᠯᠥᠬᠦ ᠬᠡᠪᠴᠢᠶᠡᠨ ᠳᠤ ᠣᠷᠣᠭᠤᠯᠤᠨ᠎ᠠ᠃ ᠳᠥᠷᠪᠡ ᠳᠤ᠂ | ᠲᠣᠭᠠᠴᠠᠭ᠎ᠠ ᠬᠢᠬᠦ ᠠᠷᠭ᠎ᠠ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ 2023 ᠣᠨ ᠳᠤ ᠨᠥᠬᠦᠴᠡᠯ ᠳᠤ | ᠨᠡᠶᠢᠴᠡᠬᠦ ᠡᠮᠨᠡᠯᠭᠡ ᠳᠤ ᠰᠠᠭᠤᠬᠤ ᠦᠢᠯᠡᠴᠢᠯᠡᠭᠡ ᠥᠷᠨᠢᠭᠦᠯᠵᠦ ᠪᠠᠶᠢᠭ᠎ᠠ ᠡᠮᠴᠢᠯᠡᠭᠡᠨ ᠤ ᠪᠠᠶᠢᠭᠤᠯᠤᠮᠵᠢ ᠶᠢ ᠪᠦᠬᠦᠨ ᠢ | ᠬᠠᠮᠤᠷᠤᠨ᠎ᠠ᠃ ᠲᠠᠪᠤ ᠳᠤ᠂ ᠡᠮᠴᠢᠯᠡᠭᠡᠨ ᠤ ᠳᠠᠭᠠᠳᠬᠠᠯ ᠢᠶᠠᠷ ︽ᠢᠨᠲ᠋ᠧᠷ ᠰᠦᠯᠵᠢᠶ᠎ᠡ +︾ ᠡᠮᠴᠢᠯᠡᠭᠡᠨ ᠤ ᠦᠢᠯᠡᠴᠢᠯᠡᠭᠡ ᠶᠢᠨ | ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠶᠢ ᠳᠡᠮᠵᠢᠬᠦ᠂ ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ | ᠰᠢᠨ᠎ᠡ ᠶᠢ ᠡᠭᠦᠳᠦᠨ ᠬᠥᠭᠵᠢᠭᠦᠯᠬᠦ ᠶᠢ ᠳᠡᠮᠵᠢᠬᠦ ᠬᠤᠯᠪᠣᠭᠳᠠᠯ ᠪᠦᠬᠦᠢ ᠠᠵᠢᠯ ᠢ ᠰᠠᠶᠢᠲᠤᠷ ᠨᠢᠭᠡᠳᠦᠯᠲᠡᠢ ᠲᠥᠯᠥᠪᠯᠡᠨ᠎ᠡ᠃ ᠡᠮ | ᠡᠮᠨᠡᠯᠭᠡ ᠶᠢᠨ ᠲᠥᠪᠯᠡᠷᠡᠭᠦᠯᠦᠨ ᠬᠤᠳᠠᠯᠳᠤᠨ ᠠᠪᠬᠤ ᠪᠠ ᠦᠨ᠎ᠡ ᠬᠠᠩᠰᠢ ᠶᠢᠨ ᠬᠠᠮᠢᠶᠠᠷᠤᠯᠲᠠ ᠶᠢᠨ ᠲᠠᠯ᠎ᠠ ᠪᠠᠷ᠂ ᠳᠥᠷᠪᠡᠨ | ᠪᠣᠳᠠᠲᠠᠢ ᠱᠠᠭᠠᠷᠳᠠᠯᠭ᠎ᠠ ᠳᠤᠷᠠᠳᠪᠠ᠂ ᠨᠢᠭᠡ ᠳᠤ᠂ ᠡᠮ ᠤᠨ ᠵᠦᠢᠯ ᠤᠨ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ | ᠬᠡᠮᠵᠢᠶ᠎ᠡ ᠲᠠᠢ ᠪᠠᠷ ᠬᠤᠳᠠᠯᠳᠤᠨ ᠠᠪᠬᠤ ᠶᠢᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠤᠯᠤᠰ ᠠᠴᠠ | ᠵᠣᠬᠢᠶᠠᠨ ᠪᠠᠶᠢᠭᠤᠯᠤᠭᠰᠠᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ | ᠬᠤᠳᠠᠯᠳᠤᠨ ᠠᠪᠤᠭᠰᠠᠨ ᠳ᠋ᠦᠩ ᠢ ᠨᠠᠶᠢᠳᠠᠪᠤᠷᠢᠵᠢᠭᠤᠯᠤᠨ᠎ᠠ᠃ ᠬᠤᠶᠠᠷ ᠲᠤ᠂ ᠡᠮ ᠡᠮᠨᠡᠯᠭᠡ ᠶᠢᠨ ᠲᠥᠪᠯᠡᠷᠡᠭᠦᠯᠦᠨ ᠬᠤᠳᠠᠯᠳᠤᠨ | ᠠᠪᠬᠤ ᠲᠠᠪᠴᠠᠩ ᠤᠨ ᠴᠢᠳᠠᠮᠵᠢ ᠶᠢ ᠰᠢᠯᠢᠳᠡᠭᠵᠢᠭᠦᠯᠵᠦ᠂ ᠡᠮ ᠤᠨ ᠵᠦᠢᠯ ᠤᠨ ᠬᠤᠷᠣᠭᠳᠠᠯ ᠮᠠᠲ᠋ᠧᠷᠢᠶᠠᠯ ᠤᠨ | ︽ᠰᠦᠯᠵᠢᠶ᠎ᠡ ᠪᠠᠷ ᠬᠤᠳᠠᠯᠳᠤᠨ ᠠᠪᠬᠤ ᠨᠣᠷᠮ᠎ᠠ︾ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠭᠤᠷᠪᠠ ᠳᠤ᠂ ᠡᠮ ᠤᠨ ᠵᠦᠢᠯ ᠢ | ᠰᠦᠯᠵᠢᠶᠡᠨ ᠳᠤ ᠭᠠᠷᠭᠠᠬᠤ ᠪᠠ ᠰᠦᠯᠵᠢᠶᠡᠨ ᠠᠴᠠ ᠪᠠᠭᠤᠯᠭᠠᠬᠤ ᠠᠵᠢᠯ ᠢ ᠵᠢᠷᠤᠮᠵᠢᠭᠤᠯᠤᠨ ᠥᠷᠨᠢᠭᠦᠯᠦᠨ᠎ᠡ᠃ ᠳᠥᠷᠪᠡ ᠳᠤ᠂ | ᠡᠮ ᠡᠮᠨᠡᠯᠭᠡ ᠶᠢᠨ ᠦᠨ᠎ᠡ ᠪᠣᠯᠣᠨ ᠳᠠᠭᠠᠭᠠᠴᠢᠯᠠᠯᠲᠠ ᠵᠠᠷᠯᠠᠬᠤ ᠪᠠ ᠬᠤᠳᠠᠯᠳᠤᠨ ᠠᠪᠬᠤ ᠶᠢᠨ ᠢᠲᠡᠭᠡᠮᠵᠢ ᠶᠢᠨ | ᠦᠨᠡᠯᠡᠯᠲᠡ ᠶᠢ ᠰᠠᠶᠢᠲᠤᠷ ᠬᠢᠨ᠎ᠡ᠃ | ᠲᠠᠪᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠪᠠ ᠠᠵᠢᠯ ᠤᠨ | ᠪᠦᠲᠦᠮᠵᠢ ᠶᠢᠨ ᠬᠠᠮᠢᠶᠠᠷᠤᠯᠲᠠ ᠶᠢ ᠬᠡᠷᠬᠢᠨ ᠦᠷᠭᠦᠯᠵᠢᠯᠡᠨ ᠴᠢᠩᠭᠠᠳᠬᠠᠬᠤ ᠪᠣᠶ︖ | ︽ᠮᠡᠳᠡᠭᠳᠡᠯ︾ ᠳᠤ 2023 ᠣᠨ ᠳᠤ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ | ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃ ᠨᠢᠭᠡ ᠳᠤ᠂ ᠡᠮᠴᠢᠯᠡᠭᠡᠨ ᠤ | ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠮᠤᠷ ᠲᠦᠪᠰᠢᠨ ᠤ ᠵᠢᠷᠤᠮᠵᠢᠯ ᠤᠨ ᠣᠨ ᠤ | ᠠᠵᠢᠯᠯᠠᠭ᠎ᠠ ᠶᠢ ᠬᠡᠷᠡᠭᠵᠢᠭᠦᠯᠵᠦ᠂ ᠰᠠᠭᠤᠷᠢ ᠮᠥᠩᠭᠦ ᠶᠢᠨ ᠪᠠᠶᠢᠩᠭᠤ ᠶᠢᠨ ᠬᠢᠨᠠᠯᠲᠠ ᠬᠠᠮᠢᠶᠠᠷᠤᠯᠲᠠ ᠶᠢ ᠪᠣᠳᠠᠲᠠᠶᠢᠵᠢᠭᠤᠯᠵᠤ᠂ | ᠭᠡᠨᠡᠳᠲᠡ ᠪᠠᠷ ᠪᠠᠶᠢᠴᠠᠭᠠᠬᠤ ᠶᠢ ᠦᠷᠭᠦᠯᠵᠢᠯᠡᠨ ᠥᠷᠨᠢᠭᠦᠯᠦᠨ᠎ᠡ᠃ ᠬᠤᠶᠠᠷ ᠲᠤ᠂ ᠳᠠᠭᠠᠳᠬᠠᠯ ᠢ ᠮᠡᠬᠡᠯᠡᠨ ᠠᠪᠬᠤ ᠳᠤ | ᠴᠣᠬᠢᠯᠲᠠ ᠥᠭᠬᠦ ᠲᠤᠰᠬᠠᠢ ᠴᠡᠭᠴᠡᠯᠡᠨ ᠵᠠᠰᠠᠯᠲᠠ ᠶᠢ ᠭᠦᠨᠵᠡᠭᠡᠢ ᠥᠷᠨᠢᠭᠦᠯᠦᠨ᠎ᠡ᠃ ᠭᠤᠷᠪᠠ ᠳᠤ᠂ ᠬᠢᠨᠠᠨ ᠬᠠᠮᠢᠶᠠᠷᠬᠤ ᠡᠩᠨᠡᠭᠡ | ᠪᠣᠯᠣᠨ ᠬᠢᠨᠠᠨ ᠬᠠᠮᠢᠶᠠᠷᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠡᠶᠢᠲᠡᠯᠢᠭ ᠬᠡᠷᠡᠭ ᠤᠨ ᠵᠢᠱᠢᠶ᠎ᠡ ᠶᠢ | ᠢᠯᠡᠴᠢᠯᠡᠬᠦ ᠡᠷᠴᠢᠮ ᠢ ᠴᠢᠩᠭᠠᠷᠠᠭᠤᠯᠵᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠨ ᠬᠠᠮᠢᠶᠠᠷᠤᠯᠲᠠ ᠶᠢᠨ | ᠬᠦᠷᠢᠶᠡᠨ ᠳᠠᠬᠢ ᠴᠢᠬᠡᠴᠢ ᠰᠣᠶᠣᠯ ᠤᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠥᠷᠨᠢᠭᠦᠯᠦᠨ᠎ᠡ᠃ | ᠳᠥᠷᠪᠡ ᠳᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦᠨ ᠤ ᠲᠥᠰᠥᠪ ᠤᠨ ᠬᠠᠮᠢᠶᠠᠷᠤᠯᠲᠠ ᠶᠢ ᠴᠢᠩᠭᠠᠳᠬᠠᠵᠤ᠂ | ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦᠨ ᠤ ᠲᠥᠰᠥᠪ ᠤᠨ ᠪᠦᠲᠦᠮᠵᠢ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ | ᠬᠡᠷᠡᠭᠵᠢᠭᠦᠯᠦᠨ᠎ᠡ᠃ | ᠵᠢᠷᠭᠤᠭ᠎ᠠ᠂ ᠭᠠᠷᠲᠠᠨ ᠭᠦᠢᠴᠡᠳᠬᠡᠬᠦ ᠬᠠᠮᠢᠶᠠᠷᠤᠯᠲᠠ ᠦᠢᠯᠡᠴᠢᠯᠡᠭᠡᠨ ᠤ ᠲᠦᠪᠰᠢᠨ ᠢ ᠬᠡᠷᠬᠢᠨ ᠦᠷᠭᠦᠯᠵᠢᠯᠡᠨ | ᠳᠡᠭᠡᠭᠰᠢᠯᠡᠭᠦᠯᠬᠦ ᠪᠣᠶ︖ | ︽ᠮᠡᠳᠡᠭᠳᠡᠯ︾ ᠳᠤ ᠭᠠᠷᠲᠠᠨ ᠭᠦᠢᠴᠡᠳᠬᠡᠬᠦ ᠬᠠᠮᠢᠶᠠᠷᠤᠯᠲᠠ ᠦᠢᠯᠡᠴᠢᠯᠡᠭᠡ ᠶᠢ ᠳᠥᠷᠪᠡᠨ ᠲᠠᠯ᠎ᠠ ᠪᠠᠷ ᠱᠠᠭᠠᠷᠳᠠᠪᠠ᠂ | ᠨᠢᠭᠡ ᠳᠤ᠂ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠲᠣᠭᠲᠠᠯᠴᠠᠭ᠎ᠠ ᠶᠢ ᠪᠦᠷᠢᠨᠰᠢᠭᠦᠯᠵᠦ᠂ | ᠦᠢᠯᠡᠴᠢᠯᠡᠭᠡ ᠶᠢ ᠳᠣᠷᠣᠭᠰᠢ ᠪᠠᠭᠤᠯᠭᠠᠬᠤ ᠶᠢ ᠶᠡᠭᠡ ᠪᠠᠷ ᠠᠬᠢᠭᠤᠯᠵᠤ᠂ ᠡᠮᠴᠢᠯᠡᠭᠡᠨ ᠤ ᠳᠠᠭᠠᠳᠬᠠᠯ ᠤᠨ ᠭᠠᠷᠲᠠᠨ | ᠭᠦᠢᠴᠡᠳᠬᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠲᠣᠳᠣᠷᠬᠠᠢ ᠬᠠᠭᠤᠳᠠᠰᠤ ᠪᠠ ᠠᠵᠢᠯᠯᠠᠭᠠᠨ ᠤ | ᠵᠢᠷᠤᠮᠵᠢᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠠᠷᠢᠮᠵᠢᠶᠠᠵᠢᠭᠤᠯᠤᠨ ᠵᠢᠷᠤᠮᠵᠢᠭᠤᠯᠬᠤ ᠪᠠᠶᠢᠭᠤᠯᠤᠯᠲᠠ ᠶᠢ | ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠬᠤᠶᠠᠷ ᠲᠤ᠂ ᠦᠨᠳᠦᠰᠦᠨ ᠡᠮᠴᠢᠯᠡᠭᠡᠨ ᠤ ᠳᠠᠭᠠᠳᠬᠠᠯ ᠤᠨ ᠳᠠᠭᠠᠳᠬᠠᠯ ᠳᠤ | ᠣᠷᠣᠯᠴᠠᠬᠤ ᠬᠠᠮᠢᠶᠠᠷᠤᠯᠲᠠ ᠶᠢᠨ ᠭᠠᠷᠲᠠᠨ ᠭᠦᠢᠴᠡᠳᠬᠡᠬᠦ ᠳᠦᠷᠢᠮ ᠢ ᠨᠠᠶᠢᠳᠠᠪᠤᠷᠢᠵᠢᠭᠤᠯᠵᠤ᠂ ᠳᠠᠭᠠᠳᠬᠠᠯ ᠳᠤ ᠣᠷᠣᠯᠴᠠᠵᠤ | ᠰᠦᠢᠳᠬᠡᠯ ᠲᠤᠰᠢᠶᠠᠬᠤ ᠶᠢ ᠰᠠᠶᠢᠲᠤᠷ ᠳᠠᠶᠢᠴᠢᠯᠠᠵᠤ᠂ ᠣᠯᠠᠨ ᠲᠦᠮᠡᠨ ᠤ ᠳᠠᠭᠠᠳᠬᠠᠯ ᠳᠤ ᠣᠷᠣᠯᠴᠠᠵᠤ ᠰᠦᠢᠳᠬᠡᠯ | ᠲᠤᠰᠢᠶᠠᠬᠤ ᠢᠳᠡᠪᠬᠢᠵᠢᠯ ᠢ ᠳᠠᠶᠢᠴᠢᠯᠠᠨ᠂ ᠳᠠᠬᠢᠨ ᠳᠠᠪᠲᠠᠨ ᠳᠠᠭᠠᠳᠬᠠᠯ ᠳᠤ ᠣᠷᠣᠯᠴᠠᠭᠰᠠᠨ ᠳ᠋ᠠᠶᠢᠲ᠋ᠠ ᠶᠢᠨ ᠵᠠᠰᠠᠯᠲᠠ ᠶᠢ | ᠦᠷᠭᠦᠯᠵᠢᠯᠡᠨ ᠥᠷᠨᠢᠭᠦᠯᠦᠨ᠎ᠡ᠃ ᠭᠤᠷᠪᠠ ᠳᠤ᠂ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠠᠷᠠᠳ ᠲᠤ ᠲᠥᠬᠦᠮ | ᠦᠵᠡᠭᠦᠯᠬᠦ ᠨᠢᠭᠡ ᠪᠦᠯᠦᠭ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠡᠮᠴᠢᠯᠡᠭᠡᠨ ᠤ ᠳᠠᠭᠠᠳᠬᠠᠯ ᠤᠨ ᠬᠠᠷᠢᠴᠠᠭ᠎ᠠ ᠶᠢ | ᠰᠢᠯᠵᠢᠭᠦᠯᠦᠨ ᠦᠷᠭᠦᠯᠵᠢᠯᠡᠭᠦᠯᠬᠦ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠶᠢ ᠦᠷᠭᠦᠯᠵᠢᠯᠡᠨ ᠰᠢᠯᠢᠳᠡᠭᠵᠢᠭᠦᠯᠵᠦ᠂ | ᠡᠮᠨᠡᠯᠭᠡ ᠳᠤ ᠰᠠᠭᠤᠬᠤ ᠵᠠᠷᠤᠳᠠᠯ ᠢ ᠮᠤᠵᠢ ᠠᠯᠤᠰᠯᠠᠨ ᠰᠢᠭᠤᠳ ᠳ᠋ᠦᠩᠨᠡᠨ ᠪᠤᠳᠤᠬᠤ ᠨᠣᠷᠮ᠎ᠠ ᠶᠢ ᠯᠠᠪᠳᠠᠭᠤᠨ ᠢᠶᠠᠷ | ᠳᠡᠭᠡᠭᠰᠢᠯᠡᠭᠦᠯᠵᠦ᠂ 5 ᠵᠦᠢᠯ ᠤᠨ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠣᠨᠴᠠ ᠡᠪᠡᠳᠴᠢᠨ ᠤ ᠵᠠᠷᠤᠳᠠᠯ ᠢ ᠮᠤᠵᠢ | ᠠᠯᠤᠰᠯᠠᠨ ᠰᠢᠭᠤᠳ ᠳ᠋ᠦᠩᠨᠡᠨ ᠪᠤᠳᠤᠬᠤ ᠶᠢ ᠰᠢᠶᠠᠨ ᠤ ᠬᠡᠪᠴᠢᠶᠡᠨ ᠳᠤ ᠬᠦᠷᠭᠡᠬᠦ ᠶᠢ ᠠᠬᠢᠭᠤᠯᠤᠨ᠎ᠠ᠃ ᠳᠥᠷᠪᠡ ᠳᠤ᠂ | ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠰᠢᠰᠲ᠋ᠧᠮ ᠤᠨ ᠰᠣᠷᠢᠯᠲᠠ ᠪᠠᠷ ᠳᠠᠮᠵᠢᠭᠤᠯᠤᠨ᠂ ᠭᠠᠷᠲᠠᠨ | ᠭᠦᠢᠴᠡᠳᠬᠡᠬᠦ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠡ᠃ ᠡᠭᠦᠨ ᠠᠴᠠ ᠭᠠᠳᠠᠨ᠎ᠠ᠂ ᠡᠮᠴᠢᠯᠡᠭᠡᠨ ᠤ ᠳᠠᠭᠠᠳᠬᠠᠯ ᠤᠨ | ᠮᠡᠳᠡᠭᠡᠯᠡᠯ ᠤᠨ ᠲᠠᠪᠴᠠᠩ ᠪᠠ ᠳ᠋ᠠᠶᠢᠲ᠋ᠠ ᠶᠢᠨ ᠬᠡᠷᠡᠭᠯᠡᠯᠲᠡ ᠶᠢ ᠭᠦᠨᠵᠡᠭᠡᠶᠢᠷᠡᠭᠦᠯᠬᠦ ᠲᠠᠯ᠎ᠠ ᠪᠠᠷ᠂ ︽ᠮᠡᠳᠡᠭᠳᠡᠯ︾ ᠳᠤ ᠪᠠᠰᠠ ᠪᠥᠬᠦ | ᠤᠯᠤᠰ ᠤᠨ ᠨᠢᠭᠡᠳᠦᠯᠲᠡᠢ ᠡᠮᠴᠢᠯᠡᠭᠡᠨ ᠤ ᠳᠠᠭᠠᠳᠬᠠᠯ ᠤᠨ ᠮᠡᠳᠡᠭᠡᠯᠡᠯ ᠤᠨ ᠲᠠᠪᠴᠠᠩ ᠳᠤ ᠲᠦᠰᠢᠭᠯᠡᠨ᠂ ᠡᠮᠴᠢᠯᠡᠭᠡᠨ ᠤ | ᠳᠠᠭᠠᠳᠬᠠᠯ ᠤᠨ ᠡᠯᠧᠺᠲᠷᠣᠨ ᠪᠠᠷᠢᠮᠲᠠ᠂ ᠰᠢᠯᠵᠢᠮᠡᠯ ᠲᠣᠭᠠᠴᠠᠭ᠎ᠠ ᠵᠡᠷᠭᠡ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ | ᠬᠡᠷᠡᠭᠯᠡᠯᠲᠡ ᠶᠢ ᠭᠦᠨᠵᠡᠭᠡᠶᠢᠷᠡᠭᠦᠯᠵᠦ᠂ ᠡᠮᠴᠢᠯᠡᠭᠡᠨ ᠤ ᠳᠠᠭᠠᠳᠬᠠᠯ ᠤᠨ ᠳ᠋ᠠᠶᠢᠲ᠋ᠠ ᠶᠢᠨ ᠰᠠᠭᠤᠷᠢ ᠳᠦᠷᠢᠮ ᠤᠨ | ᠲᠣᠭᠲᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠵᠤ᠂ ᠳ᠋ᠠᠶᠢᠲ᠋ᠠ ᠪᠠᠷ ᠡᠮᠴᠢᠯᠡᠭᠡᠨ ᠤ ᠳᠠᠭᠠᠳᠬᠠᠯ ᠤᠨ ᠬᠠᠮᠢᠶᠠᠷᠤᠯᠲᠠ᠂ | ᠦᠢᠯᠡᠴᠢᠯᠡᠭᠡ᠂ ᠥᠭᠡᠷᠡᠴᠢᠯᠡᠯᠲᠡ ᠳᠤ ᠬᠦᠴᠦᠨ ᠨᠡᠮᠡᠷᠢᠯᠡᠬᠦ ᠶᠢ ᠴᠢᠩᠭᠠᠳᠬᠠᠬᠤ ᠬᠡᠷᠡᠭᠲᠡᠢ ᠭᠡᠵᠦ ᠱᠠᠭᠠᠷᠳᠠᠪᠠ᠃ | ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠦᠨᠡᠨ ᠬᠦ ᠰᠠᠶᠢᠲᠤᠷ ᠠᠳᠬᠤᠬᠤ ᠶᠢᠨ ᠲᠥᠯᠥᠭᠡ᠂ ︽ᠮᠡᠳᠡᠭᠳᠡᠯ︾ ᠳᠤ | ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤ ᠠᠵᠢᠯ ᠤᠨ ᠱᠠᠭᠠᠷᠳᠠᠯᠭ᠎ᠠ ᠳᠤᠷᠠᠳᠴᠤ᠂ ᠠᠵᠢᠯ ᠤᠨ | ᠬᠠᠷᠢᠭᠤᠴᠠᠯᠭ᠎ᠠ ᠢᠶᠠᠨ ᠪᠣᠳᠠᠲᠠᠶᠢᠵᠢᠭᠤᠯᠵᠤ᠂ ᠰᠠᠯᠠᠭ᠎ᠠ ᠮᠥᠴᠢᠷ ᠤᠳ ᠬᠠᠮᠵᠢᠯᠴᠠᠭ᠎ᠠ ᠢᠶᠠᠨ ᠴᠢᠩᠭᠠᠳᠬᠠᠨ᠂ ᠤᠬᠠᠭᠤᠯᠬᠤ | ᠡᠷᠴᠢᠮ ᠢᠶᠠᠨ ᠴᠢᠩᠭᠠᠷᠠᠭᠤᠯᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ | ᠪᠦᠲᠦᠮᠵᠢ ᠣᠯᠬᠤ ᠶᠢ ᠦᠨᠡᠨ ᠬᠦ ᠪᠠᠲᠤᠯᠠᠵᠤ᠂ ᠡᠮᠴᠢᠯᠡᠭᠡᠨ ᠤ ᠳᠠᠭᠠᠳᠬᠠᠯ ᠤᠨ ᠴᠢᠨᠠᠷ ᠰᠠᠶᠢᠲᠠᠢ ᠬᠥᠭᠵᠢᠯᠲᠡ ᠶᠢᠨ ᠦᠷ᠎ᠡ | ᠪᠦᠲᠦᠭᠡᠯ ᠢᠶᠠᠷ ᠳᠠᠭᠠᠳᠬᠠᠯ ᠳᠤ ᠣᠷᠣᠯᠴᠠᠭᠰᠠᠳ ᠲᠤ ᠨᠠᠩ ᠰᠠᠶᠢᠨ ᠠᠰᠢᠭ ᠬᠦᠷᠲᠡᠭᠡᠬᠦ ᠶᠢ ᠠᠬᠢᠭᠤᠯᠬᠤ ᠬᠡᠷᠡᠭᠲᠡᠢ ᠭᠡᠵᠦ | ᠱᠠᠭᠠᠷᠳᠠᠪᠠ᠃ | |