2023 ᠤᠨ ᠤ 1 ᠰᠠᠷ᠎ᠠ ᠶᠢᠨ 2 ᠤ ᠡᠳᠤᠷ ᠤᠨ ᠬᠦᠪᠡᠭᠡᠲᠦ ᠰᠢᠷ᠎ᠠ ᠬᠤᠰᠢᠭᠤᠨ ᠤ ᠠᠷᠪᠠᠨ ᠵᠢᠷᠭᠤᠳᠤᠭᠠᠷ | ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯᠳᠣᠭᠠᠨ ᠳᠡᠭᠡᠷ᠎ᠡ | | ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠯᠢ ᠵᠢᠶᠠᠨ ᠴᠢᠶᠠᠩ | | | ᠲᠦᠯᠦᠭᠡᠯᠡᠭᠴᠢᠳ ᠡ᠄ | ᠣᠳᠣ ᠪᠢ᠂ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠵᠦ᠂ ᠶᠡᠭᠡ ᠬᠤᠷᠠᠯ ᠳᠤ ᠠᠵᠢᠯ ᠤᠨ | ᠢᠯᠡᠳᠬᠡᠯ ᠬᠢᠶ᠎ᠡ᠂ ᠬᠢᠨᠠᠨ ᠵᠥᠪᠯᠡᠮᠦ᠃ ᠤᠯᠣᠰ ᠲᠦᠷᠥ ᠶᠢᠨ ᠵᠦᠪᠯᠡᠯᠭᠡᠨ ᠤ ᠬᠡᠰᠢᠭᠦᠳ ᠪᠤᠯᠤᠨ ᠬᠤᠷᠠᠯ ᠳᠤ ᠰᠣᠯᠠ | ᠣᠷᠣᠯᠴᠠᠭᠰᠠᠨ ᠨᠦᠭᠦᠳ ᠠᠴᠠ ᠰᠠᠨᠠᠯ ᠢᠶᠠᠨ ᠳᠣᠷᠠᠳᠬᠤ ᠶᠢ ᠬᠦᠰᠡᠶ᠎ᠠ︕ | ᠨᠢᠭᠡ᠂ 2022 ᠣᠨ ᠤ ᠠᠵᠢᠯ ᠤᠨ ᠡᠷᠬᠢᠴᠡᠬᠦᠯᠦᠯ | ᠥᠩᠭᠡᠷᠡᠭᠰᠡᠨ ᠨᠢᠭᠡ ᠵᠢᠯ ᠪᠣᠯ ᠲᠣᠰ ᠬᠤᠭᠤᠴᠠᠭᠠᠨ ᠤ ᠵᠠᠰᠠᠭ ᠤᠨ ᠣᠷᠳᠣᠨ ᠤ ᠬᠠᠤᠯᠢ ᠶᠣᠰᠣᠭᠠᠷ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠭᠰᠡᠨ ᠠᠩᠬᠠᠨ ᠤ ᠵᠢᠯ᠂ ᠮᠦᠨᠴᠦ ᠶᠡᠷᠦ ᠪᠤᠰᠤ ᠶᠢᠨ ᠣᠨᠴᠠᠭᠠᠢ ᠨᠢᠭᠡ ᠵᠢᠯ ᠪᠣᠯᠬᠤ ᠶᠤᠮ᠃ | ᠪᠡᠷᠬᠡ ᠪᠤᠳᠤᠯᠢᠶᠠᠨᠲᠠᠢ ᠠᠵᠤ ᠠᠬᠤᠢ ᠶᠢᠨ ᠪᠠᠶᠢᠳᠠᠯ᠂ ᠢᠯᠠᠩᠭᠤᠶ᠎ᠠ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠬᠦᠨᠳᠦ ᠬᠡᠴᠡᠭᠦᠦ ᠪᠠᠶᠢᠳᠠᠯ ᠤᠨ ᠲᠣᠤᠷ᠎ᠠ᠂ ᠬᠤᠰᠢᠭᠤ ᠵᠠᠰᠠᠭ ᠤᠨ ᠣᠷᠳᠣᠨ ᠨᠢ ᠠᠶᠢᠮᠠᠭ ᠤᠨ ᠨᠠᠮ ᠤᠨ | ᠬᠤᠷᠢᠶ᠎ᠠ᠂ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠰᠢᠭᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠮᠵᠢ ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ | ᠬᠤᠭᠤᠴᠠᠭᠠᠨ ᠤ ᠡᠯ᠎ᠡ ᠪᠦᠭᠦᠳᠡ ᠬᠤᠷᠠᠯᠳᠤᠭᠠᠨ ᠪᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ | ᠶᠠᠷᠢᠶ᠎ᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠦᠷᠢᠵᠢᠭᠤᠯᠤᠨ᠂ ᠳᠣᠭᠲᠠᠭᠤᠨ ᠤ ᠳᠤᠮᠳᠠ | ᠯᠠᠪᠳᠠᠭᠤᠨ ᠤᠷᠤᠭᠰᠢᠯᠠᠬᠤ ᠠᠵᠢᠯ ᠤᠨ ᠶᠡᠷᠦᠩᠬᠡᠢ ᠬᠥᠭ ᠠᠶᠢᠵᠢᠮ ᠪᠠ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠬᠦᠢᠴᠡᠳ᠂ ᠵᠥᠪ ᠤᠨᠤᠪᠴᠢᠲᠠᠢ᠂ ᠪᠦᠬᠦ ᠲᠠᠯ᠎ᠠ ᠪᠠᠷ ᠲᠤᠤᠱᠯᠠᠭᠤᠯᠵᠤ᠂ | ᠰᠢᠨ᠎ᠡ ᠬᠦᠭᠵᠢᠯᠲᠡ ᠶᠢᠨ ᠪᠠᠶᠢᠷᠢᠯᠠᠭᠤᠯᠤᠯᠳ᠋ᠨ ᠳᠤ ᠢᠳᠡᠪᠬᠢᠳᠡᠢ ᠦᠢᠯᠡᠴᠢᠯᠡᠬᠦ ᠪᠠ ᠠᠭᠤᠰᠤᠯᠴᠠᠨ᠂ ᠠᠮᠢ ᠠᠬᠤᠢ ᠶᠢ | ᠲᠡᠷᠢᠭᠦᠨ ᠳᠤ ᠲᠠᠯᠪᠢᠨ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ | ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠵᠢᠯ ᠤᠨ ᠡᠬᠢᠨ ᠳᠤ ᠲᠣᠭᠲᠠᠭᠠᠭᠰᠠᠨ | ᠡᠯ᠎ᠡ ᠲᠥᠷᠦᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃ | ︵ᠨᠢᠭᠡ︶ ᠠᠵᠤ ᠠᠬᠤᠢ ᠶᠢᠨ ᠡᠷᠬᠢᠯᠲᠡ ᠶᠢ ᠵᠤᠬᠢᠰᠲᠠᠢ ᠬᠡᠪᠴᠢᠶᠡᠨ ᠳᠤ ᠪᠠᠶᠢᠯᠭᠠᠬᠤ ᠶᠢ ᠪᠠᠲᠤᠯᠠᠪᠠ᠃ ᠣᠷᠣᠨ | ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠵᠢᠱᠢᠯᠲᠡ ᠪᠠᠷ 1.0% ᠪᠠᠷ ᠨᠡᠮᠡᠭᠳᠡᠪᠡ᠃ ᠵᠢᠯ ᠤᠨ ᠡᠬᠢᠨ ᠳᠤ | ᠲᠣᠬᠢᠷᠠᠭᠤᠯᠤᠭᠰᠠᠨ 41 ᠭᠤᠣᠯᠳᠠᠯᠭ᠎ᠠ ᠲᠠᠢ ᠲᠥᠷᠦᠯ ᠵᠦᠢᠯ ᠪᠦᠬᠦᠨ ᠢᠶᠠᠷ ᠢᠶᠠᠨ ᠠᠵᠢᠯ ᠡᠬᠢᠯᠡᠵᠦ᠂ 9.7 ᠳ᠋ᠦᠩᠰᠢᠭᠤᠷ | ᠲᠥᠭᠦᠷᠢᠭ ᠤᠨ ᠪᠡᠯᠡ ᠤᠷᠤᠭᠤᠯᠤᠯᠲᠠ ᠶᠢ ᠪᠡᠶᠡᠯᠡᠬᠦᠯᠵᠦ᠂ ᠵᠢᠯ ᠤᠨ ᠡᠬᠢᠨ ᠳᠤ ᠲᠤᠭᠲᠠᠭᠠᠭᠰᠠᠨ ᠡᠬᠦᠷᠭᠡ ᠶᠢ 112.8% | ᠪᠠᠷ ᠪᠡᠶᠡᠯᠡᠬᠦᠯᠪᠡ᠃ ᠵᠠᠬ᠎ᠠ ᠳᠡᠯᠭᠡᠭᠦᠷ ᠤᠨ ᠭᠤᠣᠯ ᠴᠣᠭᠴᠠ ᠰᠢᠨ᠎ᠡ ᠪᠠᠷ 464 ᠨᠡᠮᠡᠭᠳᠡᠨ᠂ ᠨᠡᠶᠢᠭᠡᠮ ᠤᠨ ᠬᠡᠷᠡᠭᠯᠡᠭᠡᠨ ᠤ | ᠪᠤᠳᠠᠰ ᠤᠨ ᠵᠢᠵᠢᠭᠯᠡᠨ ᠪᠤᠷᠤᠯᠠᠭᠤᠯᠤᠭᠰᠠᠨ ᠶᠡᠷᠦᠩᠬᠡᠢ ᠥᠷᠲᠡᠭ ᠵᠢᠱᠢᠯᠲᠡ ᠪᠠᠷ 3.35 ᠳ᠋ᠦᠩᠰᠢᠭᠤᠷ ᠲᠥᠭᠦᠷᠢᠭ ᠲᠤ | ᠬᠦᠷᠴᠦ᠂ 0.1% ᠪᠠᠷ ᠨᠡᠮᠡᠭᠳᠡᠪᠡ᠃ ᠨᠡᠮᠡᠭᠳᠡᠯ ᠦᠷᠳᠡᠭ ᠤᠨ ᠭᠠᠶᠢᠯᠢ ᠶᠢᠨ ᠦᠯᠡᠳᠡᠭᠳᠡᠯ ᠢ ᠪᠤᠴᠠᠭᠠᠵᠤ ᠲᠦᠯᠦᠬᠦ ᠵᠡᠷᠭᠡ | ᠡᠯᠧᠮᠧᠨ᠋ᠲ ᠠᠴᠠ ᠪᠤᠯᠵᠤ᠂ ᠡᠩ ᠤᠨ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠣᠷᠣᠯᠭ᠎ᠠ 1.85 | ᠳ᠋ᠦᠩᠰᠢᠭᠤᠷ ᠲᠥᠭᠦᠷᠢᠭ ᠪᠡᠶᠡᠯᠡᠬᠦᠯᠵᠦ᠂ 11.4% ᠪᠠᠷ ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠡᠳ᠋ ᠤᠨ | ᠵᠠᠰᠠᠭ ᠤᠨ ᠲᠥᠰᠥᠪ ᠤᠨ ᠵᠠᠷᠤᠯᠭ᠎ᠠ 10.3 ᠳ᠋ᠦᠩᠰᠢᠭᠤᠷ ᠲᠥᠭᠦᠷᠢᠭ ᠪᠡᠶᠡᠯᠡᠬᠦᠯᠵᠦ᠂ 6.7% ᠪᠠᠷ ᠨᠡᠮᠡᠭᠳᠡᠵᠦ᠂ | ᠦᠨᠳᠦᠰᠦᠨ ᠠᠷᠠᠳ ᠤᠨ ᠠᠮᠢᠳᠤᠷᠠᠯ᠂ ᠴᠠᠯᠢᠩ ᠪᠠ ᠡᠷᠬᠢᠯᠲᠡ ᠶᠢ ᠪᠠᠲᠤᠯᠠᠪᠠ︔ 5797 ᠲᠥᠮᠡᠨ ᠲᠥᠭᠦᠷᠢᠭ ᠤᠨ | ᠵᠠᠰᠠᠭ ᠤᠨ ᠴᠢᠨᠠᠷᠲᠠᠢ ᠥᠷᠢ ᠥᠭᠴᠡᠭᠡ ᠶᠢ ᠴᠡᠪᠡᠷᠯᠡᠵᠦ᠂ ᠳᠤᠮᠳᠠ ᠵᠢᠵᠢᠭ ᠠᠵᠤ ᠠᠬᠤᠶᠢᠯᠠᠯ ᠤᠨ 2993 ᠲᠦᠮᠡᠨ | ᠲᠥᠭᠦᠷᠢᠭ ᠤᠨ ᠥᠷᠢ ᠥᠭᠴᠡᠭᠡ ᠶᠢ ᠪᠤᠴᠠᠭᠠᠵᠤ᠂ ᠣᠨ ᠤ ᠡᠬᠦᠷᠭᠡ ᠪᠠᠨ ᠪᠡᠶᠡᠯᠡᠬᠦᠯᠪᠡ᠃ ᠬᠤᠳᠠ ᠬᠥᠳᠡᠭᠡ ᠶᠢᠨ ᠪᠠᠶᠢᠩᠭᠤ | ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠭᠲᠠᠭᠤᠨ ᠢᠶᠠᠷ ᠨᠡᠮᠡᠭᠳᠡᠪᠡ᠃ | ︵ᠬᠤᠶᠠᠷ︶ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ᠂ ᠲᠠᠰ ᠳᠡᠪᠰᠢᠬᠦ ᠠᠬᠢᠴᠠ ᠶᠢ ᠲᠦᠷᠭᠡᠳᠬᠡᠪᠡ᠃ | ᠮᠠᠯ ᠠᠵᠤ ᠠᠬᠤᠢ ᠶᠢᠨ ᠰᠠᠭᠤᠷᠢ ᠶᠢ ᠦᠷᠬᠦᠯᠵᠢᠯᠡᠨ ᠪᠠᠬᠢᠵᠢᠬᠦᠯᠪᠡ᠃ 20.6 ᠲᠦᠮᠡᠨ ᠲᠤᠯᠤᠭᠠᠢ ᠲᠥᠯ ᠲᠤᠰᠴᠤ᠂ | ᠣᠨᠳᠣᠷᠣᠯᠲᠠ ᠶᠢᠨ ᠨᠣᠷᠮ᠎ᠠ 99.9% ᠳᠤ ᠬᠦᠷᠴᠦ᠂ ᠮᠠᠯ ᠤᠨ ᠭᠠᠷᠭᠠᠯᠲᠠ 19.7 ᠲᠥᠮᠡᠨ ᠲᠤᠯᠤᠭᠠᠢ ᠳᠤ ᠬᠦᠷᠪᠡ᠃ | 2.6 ᠲᠦᠮᠡᠨ ᠲᠣᠯᠣᠭᠠᠢ ᠦᠬᠡᠷ ᠤᠨ ᠡᠭᠦᠯᠳᠡᠷ ᠰᠠᠶᠢᠵᠢᠷᠠᠭᠤᠯᠵᠦ᠂ 700 ᠲᠣᠯᠣᠭᠠᠢ ᠰᠢᠯᠢᠳᠡᠭ ᠡᠭᠦᠯᠳᠡᠷ ᠤᠨ ᠮᠢᠬᠠᠨ ᠤ | ᠦᠬᠡᠷ ᠢ ᠣᠷᠣᠭᠤᠯᠤᠨ ᠠᠪᠴᠢᠷᠠᠵᠤ᠂ ᠰᠢᠮᠧᠨ᠋ᠲᠷ ᠦᠬᠡᠷ ᠤᠨ ᠭᠤᠣᠯᠳᠠᠯᠭᠠᠲᠤ ᠰᠦᠷᠦᠭ ᠪᠤᠶᠢᠵᠢᠭᠤᠯᠤᠭᠰᠠᠠᠨ ᠡᠷᠦᠬᠡ 18 | ᠪᠣᠯᠵᠤ᠂ ᠬᠤᠸᠠ ᠰᠢ ᠦᠭᠡᠷ ᠤᠨ ᠡᠬᠦᠯᠳᠡᠷ ᠤᠨ ᠪᠣᠶᠢᠵᠢᠭᠤᠯᠤᠯᠲᠠ ᠶᠢ ᠲᠤᠭᠲᠠᠭᠠᠬᠤ ᠠᠵᠢᠯ ᠢ ᠪᠡᠶᠡᠯᠡᠬᠦᠯᠪᠡ᠃ ᠴᠠᠬᠠᠷ | ᠬᠤᠨᠢᠨ ᠤ ᠭᠤᠣᠯᠳᠠᠯᠭᠠᠲᠤ ᠰᠦᠷᠦᠭ ᠪᠤᠶᠢᠵᠢᠭᠤᠯᠤᠭᠰᠠᠠᠨ ᠡᠷᠦᠬᠡ 213 ᠪᠣᠯᠵᠤ᠂ ᠡᠪᠦᠯᠵᠢᠬᠦ ᠮᠠᠯ ᠤᠨ ᠲᠤᠭ᠎ᠠ 21.5 | ᠲᠥᠮᠡᠨ ᠲᠤᠯᠤᠭᠠᠢ ᠳᠤ ᠬᠦᠷᠪᠡ᠃ ᠴᠠᠬᠠᠷ ᠬᠤᠨᠢᠨ ᠤ ᠦᠷ᠎ᠡ ᠶᠢᠨ ᠮᠠᠯ ᠤᠨ ᠲᠠᠯᠠᠪᠠᠢ ᠨᠢ ᠥᠪᠡᠷᠲᠡᠭᠡᠨ ᠵᠠᠰᠠᠬᠤ ᠣᠷᠤᠨ ᠤ | ᠲᠡᠰ ᠤᠨ ᠡᠬᠦᠯᠳᠡᠷ ᠪᠤᠶᠢᠵᠢᠭᠤᠯᠬᠤ ᠲᠠᠯᠠᠪᠠᠢ ᠪᠠᠷ ᠨᠤᠲᠠᠯᠠᠨ ᠲᠤᠭᠲᠠᠭᠠᠭᠳᠠᠵᠤ᠂ ᠴᠠᠬᠠᠷ ᠬᠤᠨᠢᠨ ᠤ ᠠᠵᠤ ᠦᠢᠯᠡᠰ ᠤᠨ | ᠶᠡᠭᠡ ᠳ᠋ᠡᠶᠢᠲ᠋ᠠ ᠶᠢᠨ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠬᠤ ᠢᠨᠵᠧᠨᠧᠷᠢᠩ ᠢ ᠪᠡᠶᠡᠯᠡᠬᠦᠯᠪᠡ᠃ 1500 ᠮᠦ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠵᠤ᠂ 1 ᠲᠦᠮᠡᠨ ᠮᠦ ᠮᠣᠷᠢᠨ ᠲᠡᠰᠭᠢ ᠲᠠᠷᠢᠵᠤ ᠪᠤᠶᠢᠵᠢᠭᠤᠯᠬᠤ ᠰᠠᠭᠤᠷᠢᠨ | ᠭᠠᠵᠠᠷ ᠪᠠ 50 ᠮᠦ ᠮᠣᠷᠢᠨ ᠲᠡᠰᠭᠢ ᠶᠢᠨ ᠴᠢᠬᠢ ᠪᠣᠶᠢᠵᠢᠭᠤᠯᠬᠤ ᠰᠠᠭᠤᠷᠢᠨ ᠭᠠᠵᠠᠷ ᠢ ᠦᠷᠭᠦᠯᠵᠢᠯᠡᠨ ᠪᠠᠶᠢᠭᠤᠯᠪᠠ᠃ 7 | ᠰᠠᠭᠠᠯᠢ ᠶᠢᠨ ᠦᠨᠢᠶᠡᠨ ᠤ ᠳᠤᠮᠳᠠ ᠵᠢᠵᠢᠭ ᠮᠠᠯᠵᠢᠯ ᠤᠨ ᠲᠠᠯᠠᠪᠠᠶ ᠶᠢ ᠲᠠᠰ ᠳᠡᠪᠰᠢᠭᠦᠯᠦᠨ ᠥᠭᠡᠷᠡᠴᠢᠯᠡᠵᠦ᠂ 4 | ᠪᠠᠷᠢᠮᠵᠢᠶᠠᠵᠢᠭᠰᠠᠨ ᠴᠠᠭᠠᠨ ᠢᠳᠡᠭᠡᠨ ᠤ ᠭᠠᠷ ᠦᠢᠯᠡᠳᠬᠡᠯ ᠤᠨ ᠭᠠᠵᠠᠷ ᠢ ᠪᠠᠶᠢᠭᠤᠯᠵᠤ᠂ 9 ᠴᠠᠭᠠᠨ ᠢᠳᠡᠭᠡᠨ ᠤ ᠭᠠᠷ | ᠦᠢᠯᠡᠳᠭᠡᠯ ᠤᠨ ᠭᠠᠵᠠᠷ ᠨᠢ ᠴᠠᠭᠠᠨ ᠢᠳᠡᠭᠡᠨ ᠤ ᠠᠵᠤ ᠦᠢᠯᠡᠰ ᠤᠨ ᠬᠦᠷᠢᠶᠡᠯᠡᠩ ᠳᠤ ᠰᠢᠨ᠎ᠡ ᠪᠠᠷ ᠨᠡᠬᠦᠨ ᠤᠷᠤᠵᠤ᠂ 2 | ᠴᠠᠭᠠᠨ ᠢᠳᠡᠭᠡᠨ ᠤ ᠭᠠᠷ ᠦᠢᠯᠡᠳᠭᠡᠯ ᠤᠨ ᠭᠠᠵᠠᠷ ᠨᠢ ᠰᠢᠯᠢ ᠶᠢᠨ ᠭᠤᠣᠯ ᠤᠨ ᠬᠤᠷᠤᠳ ᠤᠨ ᠭᠠᠵᠠᠷ ᠤᠷᠤᠨ ᠤ | ᠨᠡᠶᠢᠲᠡᠯᠢᠭ ᠨᠡᠷᠡᠲᠦ ᠲᠡᠮᠳᠡᠭᠳᠦ ᠪᠠ ᠭᠠᠵᠠᠷ ᠵᠦᠢ ᠶᠢᠨ ᠵᠢᠭᠠᠯᠲᠠ ᠶᠢᠨ ᠬᠡᠷᠡᠴᠢᠯᠡᠭᠡᠨ ᠤ ᠲᠠᠸᠠᠷ ᠤᠨ ᠲᠡᠮᠳᠡᠭ ᠤᠨ ᠬᠢᠷᠢ ᠬᠡᠮ | ᠤᠨ ᠡᠷᠬᠡ ᠶᠢ ᠤᠷᠢᠳᠴᠢᠯᠠᠨ ᠣᠯᠵᠤ᠂ ᠴᠠᠭᠠᠨ ᠢᠳᠡᠭᠡᠨ ᠤ ᠰᠢᠯᠭᠠᠨ ᠪᠠᠶᠢᠴᠠᠭᠠᠯᠲᠠ ᠶᠢᠨ ᠲᠥᠪ ᠨᠢ CMA | ᠵᠥᠪᠰᠢᠶᠡᠷᠡᠯ ᠤᠨ ᠬᠢᠷᠢ ᠬᠡᠮ ᠢ ᠬᠦᠷᠲᠡᠪᠡ᠃ ᠠᠭᠤᠯᠠᠨᠲᠤ ᠭᠡᠷ ᠪᠦᠯᠢ ᠶᠢᠨ ᠮᠠᠯᠵᠢᠯ ᠤᠨ ᠲᠠᠯᠠᠪᠠᠢ ᠨᠢ ᠠᠶᠢᠮᠠᠭ ᠤᠨ | ᠲᠡᠰ ᠤᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠭᠡ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢᠶᠠᠷ | ᠦᠨᠡᠯᠡᠨ ᠲᠤᠭᠲᠠᠭᠠᠭᠳᠠᠪᠠ᠃ ᠳ᠋ᠠ ᠳ᠋ᠢ ᠠᠮᠢᠳᠤ ᠪᠤᠳᠠᠰ ᠤᠨ ᠺᠤᠮᠫᠠᠨᠢ ᠨᠢ ᠠᠶᠢᠮᠠᠭ ᠤᠨ ᠲᠡᠰ ᠤᠨ ᠲᠠᠷᠢᠶᠠᠯᠠᠩ ᠮᠠᠯ ᠠᠵᠤ | ᠠᠬᠤᠢ ᠶᠢᠨ ᠠᠵᠤ ᠦᠢᠯᠡᠰᠵᠢᠭᠰᠡᠨ ᠲᠤᠯᠤᠭᠠᠶᠢᠯᠠᠭᠴᠢ ᠠᠵᠤ ᠠᠬᠤᠶᠢᠯᠠᠯ ᠢᠶᠠᠷ ᠦᠨᠡᠯᠡᠭᠳᠡᠪᠡ᠃ 31 ᠭᠡᠷ ᠪᠦᠯᠢ ᠶᠢᠨ | ᠮᠠᠯᠵᠢᠯ ᠤᠨ ᠲᠠᠯᠠᠪᠠᠶ ᠶᠢ ᠰᠢᠨ᠎ᠡ ᠪᠠᠷ ᠨᠤᠲᠠᠯᠠᠨ ᠳᠣᠭᠲᠠᠭᠠᠵᠤ᠂ 10 ᠬᠤᠰᠢᠭᠤ ᠲᠠᠰ ᠤᠨ ᠵᠢᠱᠢᠶ᠎ᠡ ᠦᠵᠡᠭᠦᠯᠬᠦ ᠭᠡᠷ | ᠪᠦᠯᠢ ᠶᠢᠨ ᠮᠠᠯᠵᠢᠯ ᠤᠨ ᠲᠠᠯᠠᠪᠠᠶ᠂ 2 ᠬᠤᠰᠢᠭᠤ ᠲᠠᠰ ᠤᠨ ᠵᠢᠱᠢᠶ᠎ᠡ ᠦᠵᠡᠭᠦᠯᠬᠦ ᠬᠤᠷᠰᠢᠶᠠᠵᠢᠯ ᠢ ᠡᠬᠦᠳᠦᠨ ᠪᠠᠶᠢᠭᠤᠯᠪᠠ᠃ | ᠠᠵᠤ ᠦᠢᠯᠡᠳᠪᠦᠷᠢ ᠶᠢᠨ ᠠᠵᠤ ᠠᠬᠤᠢ ᠲᠤᠭᠲᠠᠭᠤᠨ ᠢᠶᠠᠷ ᠬᠦᠭᠵᠢᠪᠡ᠃ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ | ᠦᠢᠯᠡᠳᠬᠦᠨ ᠤ ᠥᠷᠲᠡᠭ ᠨᠢ ᠵᠢᠱᠢᠯᠲᠡ ᠪᠠᠷ 15.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠠᠴᠠ 6% ᠪᠠᠷ ᠨᠡᠮᠡᠭᠳᠡᠪᠡ᠃ 21 ᠳ᠋ᠦᠩᠰᠢᠭᠤᠷ ᠺᠢᠯᠣᠸᠠᠲ ᠴᠠᠭ ᠴᠠᠬᠢᠯᠭᠠᠨ ᠭᠠᠷᠭᠠᠵᠤ᠂ 65 ᠲᠦᠮᠡᠨ | ᠲᠣᠨ ᠨᠡᠭᠦᠷᠡᠰᠦ ᠦᠢᠯᠡᠳᠪᠦᠷᠢᠯᠡᠵᠦ᠂ 3.2 ᠲᠦᠮᠡᠨ ᠲᠣᠨ ᠲᠦᠭᠦᠬᠡᠢ ᠴᠢᠯᠠᠭᠤᠨ ᠲᠣᠰᠣ ᠪᠣᠷᠣᠯᠠᠭᠤᠯᠵᠤ᠂ 150 ᠲᠦᠮᠡᠨ | ᠲᠡᠭᠰᠢ ᠳᠥᠷᠪᠡᠯᠵᠢᠨ ᠮᠧᠲᠷ ᠴᠢᠯᠠᠭᠤᠨ ᠮᠠᠲ᠋ᠧᠷᠢᠶᠠᠯ ᠦᠢᠯᠡᠳᠪᠦᠷᠢᠯᠡᠵᠦ᠂ ᠦᠢᠯᠡᠳᠬᠦᠨ ᠤ ᠥᠷᠳᠡᠭ ᠨᠢ ᠴᠦᠮ ᠨᠡᠮᠡᠭᠳᠡᠪᠡ᠃ | ᠨᠢᠦᠪᠢ ᠲᠠᠨᠲ᠋ᠠᠯ ᠤᠨ ᠠᠭᠤᠷᠬᠠᠢ ᠶᠢᠨ ᠮᠠᠯᠲᠠᠵᠤ ᠰᠣᠩᠭᠤᠬᠤ ᠲᠥᠷᠦᠯ ᠵᠦᠢᠯ᠂ ᠯᠢᠲ᠋ᠢ ᠶᠢᠨ ᠡᠬᠢ ᠪᠠᠶᠠᠯᠢᠭ ᠢ ᠶᠡᠷᠦᠩᠬᠡᠶᠢᠯᠡᠨ | ᠠᠰᠢᠭᠯᠠᠬᠤ ᠲᠥᠷᠦᠯ ᠵᠦᠢᠯ ᠤᠷᠤᠭᠰᠢᠲᠠᠢ ᠶᠠᠪᠤᠭᠳᠠᠪᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠡᠭᠦᠷᠭᠡ ᠶᠢ ᠪᠡᠶᠡᠯᠡᠬᠦᠯᠪᠡ᠃ ᠰᠢᠶᠧ ᠰᠢᠨ ᠰᠠᠯᠬᠢᠨ | ᠬᠦᠴᠦᠨ ᠢᠶᠠᠷ ᠴᠠᠬᠢᠯᠭᠠᠨ ᠭᠠᠷᠭᠠᠬᠤ ᠠᠵᠤ ᠠᠬᠤᠶᠢᠯᠠᠯ ᠨᠢ ᠠᠮᠵᠢᠯᠲᠠᠲᠠᠢ ᠪᠠᠷ ᠪᠠᠷᠢᠮᠵᠢᠶ᠎ᠠ ᠳᠠᠪᠠᠪᠠ᠃ ᠨᠡᠭᠡᠭᠡᠨ ᠬᠥᠭᠵᠢᠭᠦᠯᠬᠦ | ᠲᠤᠭᠤᠷᠢᠭ ᠤᠨ ᠬᠡᠷᠡᠭ ᠤᠨ ᠵᠢᠱᠢᠶ᠎ᠡ ᠪᠠᠷ ᠬᠠᠯᠠᠨ ᠰᠠᠶᠢᠵᠢᠷᠠᠭᠤᠯᠬᠤ ᠠᠵᠢᠯ ᠢ ᠴᠢᠨᠠᠷ ᠰᠠᠶᠢᠲᠠᠢ ᠪᠡᠶᠡᠯᠡᠭᠦᠯᠪᠡ᠃ ᠤᠳᠤ ᠦᠶ᠎ᠡ | ᠶᠢᠨ ᠦᠢᠯᠡᠴᠢᠯᠡᠭᠡᠨ ᠤ ᠦᠢᠯᠡᠰ ᠡᠷᠡᠬᠦᠯ ᠢᠶᠠᠷ ᠬᠦᠭᠵᠢᠪᠡ᠃ ᠡᠯᠧᠺᠲᠷᠣᠨ ᠬᠤᠳᠠᠯᠳᠤᠭᠠᠨ ᠤ ᠶᠠᠪᠤᠳᠠᠯ ᠢ ᠮᠠᠯᠵᠢᠬᠤ | ᠣᠷᠣᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠬᠤᠰᠢᠭᠤ ᠶᠢ ᠪᠠᠶᠢᠭᠤᠯᠬᠤ ᠲᠥᠷᠥᠯ ᠵᠦᠢᠯ ᠢ ᠯᠠᠪᠳᠠᠭᠤᠨ | ᠠᠬᠢᠭᠤᠯᠵᠤ᠂ ᠭᠤᠷᠪᠠᠳᠤᠭᠠᠷ ᠳᠡᠰ ᠤᠨ ᠪᠠᠷᠠᠭᠠᠨ ᠤ ᠬᠦᠢᠯᠭᠡᠭᠡ ᠶᠢᠨ ᠰᠢᠰᠲ᠋ᠧᠮ ᠨᠢ ᠮᠠᠯᠵᠢᠬᠤ ᠣᠷᠣᠨ ᠤ 60 ᠭᠠᠴᠠᠭ᠎ᠠ ᠶᠢ | ᠬᠠᠮᠤᠷᠴᠦ᠂ 330 ᠬᠥᠮᠥᠨ ᠤᠳᠠᠭᠠᠨ ᠤ ᠡᠯᠧᠺᠲᠷᠣᠨ ᠬᠤᠳᠠᠯᠳᠤᠭᠠᠨ ᠤ ᠪᠤᠯᠪᠠᠰᠤᠷᠠᠯ ᠡᠷᠬᠢᠯᠡᠪᠡ᠃ ᠢᠲᠡᠭᠡᠮᠵᠢᠲᠦ | ᠵᠢᠭᠡᠯᠡᠯᠭᠡ ᠶᠢᠨ ᠪᠦᠲᠦᠴᠡ ᠶᠢ ᠦᠷᠭᠦᠯᠵᠢᠯᠡᠨ ᠰᠠᠶᠢᠵᠢᠷᠠᠭᠤᠯᠤᠨ᠂ ᠪᠣᠳᠠᠲᠤ ᠴᠣᠭᠴᠠ ᠶᠢᠨ ᠠᠵᠤ ᠠᠬᠤᠢ ᠶᠢᠨ | ᠬᠥᠭᠵᠢᠯᠲᠡ ᠳᠤ ᠦᠢᠯᠡᠴᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠬᠦᠯᠵᠦ᠂ ᠮᠥᠩᠭᠦᠨ ᠭᠦᠢᠯᠭᠡᠭᠡᠨ ᠤ | ᠬᠦᠷᠢᠶᠡᠨ ᠳᠠᠬᠢ ᠲᠤᠰᠬᠠᠢ ᠴᠡᠭᠴᠡᠯᠡᠨ ᠵᠠᠰᠠᠬᠤ ᠠᠵᠢᠯ ᠢ ᠴᠢᠨᠠᠷ ᠰᠠᠶᠢᠲᠠᠢ ᠪᠡᠶᠡᠯᠡᠬᠦᠯᠪᠡ᠃ ᠠᠰᠤᠷᠤ ᠰᠣᠶᠣᠯ ᠠᠮᠢ | ᠠᠬᠤᠢ ᠶᠢᠨ ᠬᠠᠮᠠᠭᠠᠯᠠᠯᠲᠠ ᠶᠢᠨ ᠲᠣᠭᠤᠷᠢᠭ ᠪᠠ ᠪᠣᠳᠠᠰ ᠤᠨ ᠪᠤᠰᠤ ᠰᠣᠶᠣᠯ ᠤᠨ ᠥᠪ ᠤᠨ ᠨᠤᠲᠤᠭ ᠤᠨ ᠪᠠᠶᠢᠭᠤᠯᠤᠯᠲᠠ ᠶᠢ | ᠦᠷᠭᠦᠯᠵᠢᠯᠡᠨ ᠠᠬᠢᠭᠤᠯᠵᠤ᠂ ︽ᠴᠢᠭᠤᠯᠤᠯᠲᠦ ᠬᠠᠭᠠᠯᠭ᠎ᠠ ᠠᠴᠠ ᠶᠡᠭᠡ ᠬᠦᠷᠢᠶ᠎ᠡ ᠬᠦᠷᠬᠦ ᠵᠠᠮ︾ ᠤᠯᠠᠭ᠎ᠠ ᠥᠷᠲᠡᠭᠡ ᠶᠢᠨ | ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠵᠤ᠂ ᠰᠣᠶᠣᠯ ᠵᠢᠭᠤᠯᠴᠢᠯᠠᠯ ᠤᠨ ᠤᠬᠠᠭᠤᠯᠭ᠎ᠠ ᠶᠢᠨ | ᠬᠦᠴᠦᠯᠡᠴᠡ ᠶᠢ ᠴᠢᠩᠭᠠᠳᠬᠠᠪᠠ᠃ ᠬᠤᠳᠠᠯᠳᠤᠭ᠎ᠠ ᠳᠡᠯᠭᠡᠬᠦᠷ᠂ ᠢᠳᠡᠭᠡᠨ ᠤᠮᠳᠠᠭᠠᠨ᠂ ᠪᠠᠭᠤᠳᠠᠯ ᠵᠡᠷᠭᠡ ᠤᠯᠠᠮᠵᠢᠯᠠᠯᠲᠤ | ᠦᠢᠯᠡᠴᠢᠯᠡᠭᠡᠨ ᠤ ᠦᠢᠯᠡᠰ ᠡᠮᠬᠢ ᠵᠢᠷᠤᠮ ᠲᠠᠢ ᠬᠥᠭᠵᠢᠪᠡ᠃ ᠰᠦᠯᠵᠢᠶᠡᠨ ᠣᠳᠣᠨ ᠢ ᠵᠣᠬᠢᠶᠠᠨ ᠪᠠᠶᠢᠭᠤᠯᠵᠤ᠂ ᠪᠦᠬᠦ | ᠠᠶᠢᠮᠠᠭ ᠤᠨ ᠰᠦᠯᠵᠢᠶᠡᠨ ᠣᠳᠣᠨ ᠤ ᠤᠷᠤᠯᠳᠤᠭᠠᠨ ᠳᠤ ᠢᠳᠡᠪᠬᠢᠳᠡᠢ ᠤᠷᠤᠯᠴᠠᠵᠤ᠂ ᠡᠯᠧᠺᠲᠷᠣᠨ ᠬᠤᠳᠠᠯᠳᠤᠭᠠᠨ ᠤ | ᠰᠢᠨ᠎ᠡ ᠬᠦᠭᠵᠢᠯᠲᠡ ᠶᠢ ᠠᠬᠢᠭᠤᠯᠪᠠ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠠᠩᠬ᠎ᠠ ᠠᠯᠬᠤᠮ ᠦᠷ᠎ᠡ | ᠪᠦᠳᠦᠮᠵᠢ ᠤᠯᠪᠠ᠃ ︽ᠬᠥᠪᠡᠭᠡᠲᠦ ᠰᠢᠷ᠎ᠠ ᠬᠤᠰᠢᠭᠤᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠱᠠᠩᠨᠠᠨ | ᠬᠦᠬᠢᠬᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ ᠲᠠᠷᠬᠠᠭᠠᠵᠤ᠂ ᠭᠤᠣᠯᠳᠠᠯᠭ᠎ᠠ ᠲᠠᠢ ᠬᠦᠷᠢᠶ᠎ᠡ | ᠴᠠᠷ᠎ᠠ ᠳᠠᠬᠢ ᠠᠷᠠᠯᠵᠢᠶᠠᠴᠢᠨ ᠤᠷᠢᠵᠤ ᠪᠡᠯᠡ ᠣᠷᠣᠭᠤᠯᠬᠤ 169 ᠲᠥᠷᠥᠯ ᠵᠦᠢᠯ ᠢ ᠡᠮᠬᠢᠯᠡᠨ ᠭᠠᠷᠭᠠᠵᠤ᠂ ᠪᠡᠭᠡᠵᠢᠩ᠂ | ᠲᠢᠶᠠᠨᠵᠢᠨ᠂ ᠡᠾᠧᠪᠸᠢ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ᠂ ᠬᠥᠬᠡᠬᠤᠲᠠ᠂ ᠪᠤᠭᠤᠲᠤ᠂ ᠣᠷᠳᠤᠰ ᠵᠡᠷᠭᠡ | ᠭᠠᠵᠠᠷ ᠣᠷᠣᠨ ᠳᠤ ᠬᠦᠷᠴᠦ᠂ 11 ᠲᠥᠷᠥᠯ ᠵᠦᠢᠯ ᠤᠨ ᠬᠡᠯᠡᠯᠴᠡᠭᠡᠷ ᠲᠣᠭᠲᠠᠨ᠂ 31ᠳ᠋ᠦᠩᠰᠢᠭᠤᠷ ᠲᠥᠭᠦᠷᠢᠭ ᠤᠨ ᠪᠡᠯᠡ | ᠤᠷᠤᠭᠤᠯᠤᠯᠲᠠ ᠶᠢᠨ ᠭᠡᠷ᠎ᠡ ᠲᠤᠭᠲᠠᠵᠤ᠂ ᠭᠦᠸᠧ ᠹᠧᠩ ᠮᠢᠨ ᠢᠦᠢ ᠮᠠᠯ ᠵᠢᠭᠦᠷᠲᠡᠨ ᠤ ᠢᠯᠭᠠᠲᠠᠰᠤ ᠶᠢ ᠡᠬᠢ ᠪᠠᠶᠠᠯᠢᠭ | ᠪᠤᠯᠭᠠᠨ ᠠᠰᠢᠭᠯᠠᠬᠤ ᠲᠥᠷᠦᠯ ᠵᠦᠢᠯ ᠪᠠ ᠮᠡᠨᠳᠦ ᠰᠢᠨᠵᠢᠯᠡᠭᠡ ᠮᠡᠷᠭᠡᠵᠢᠯ ᠠᠷᠠᠯᠵᠢᠶᠠᠨ ᠤ ᠬᠢᠵᠠᠭᠠᠷᠲᠤ ᠺᠣᠮᠫᠠᠨᠢ ᠶᠢᠨ ︽ | ᠪᠣᠷᠵᠢᠬᠢᠨ︾ ᠰᠢᠨᠵᠢᠯᠡᠭᠡ ᠮᠡᠷᠭᠡᠵᠢᠯ ᠤᠨ ᠬᠦᠷᠢᠶᠡᠯᠡᠩ ᠤᠨ ᠪᠦᠳᠦᠭᠡᠨ ᠪᠠᠶᠢᠭᠤᠯᠤᠯᠲᠠ ᠶᠢᠨ ᠲᠥᠷᠦᠯ ᠵᠦᠢᠯ ᠤᠨ ᠠᠵᠢᠯ | ᠡᠬᠢᠯᠡᠵᠦ᠂ ᠯᠢᠨ ᠢ ᠬᠢᠮᠢ ᠶᠢᠨ ᠠᠵᠤ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ | ᠺᠣᠮᠫᠠᠨᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠲᠥᠷᠦᠯ ᠵᠦᠢᠯ᠂ ᠯᠢᠦᠢ ᠵᠥᠩ ᠡᠨᠧᠷᠭᠢ | ᠯᠢᠲ᠋ᠢ ᠴᠡᠨᠡᠭ ᠵᠢᠴᠢ ᠴᠠᠬᠢᠯᠭᠠᠨ ᠬᠠᠳᠠᠭᠠᠯᠠᠬᠤ ᠪᠦᠬᠦ ᠠᠵᠤ ᠦᠢᠯᠡᠰ ᠤᠨ ᠬᠡᠯᠬᠢᠶᠡᠵᠢᠯ ᠤᠨ ᠰᠠᠭᠤᠷᠢᠨ ᠭᠠᠵᠠᠷ᠂ ᠷᠥᠩ | ᠹᠧᠩ ᠢᠳᠡᠭᠡᠨ ᠤ ᠰᠢᠷ᠎ᠠ ᠲᠣᠰᠣ ᠶᠢ ᠨᠠᠷᠢᠯᠢᠭ ᠡᠳ᠋ᠰᠢᠬᠦᠯᠦᠨ ᠪᠤᠯᠪᠠᠰᠤᠷᠠᠭᠤᠯᠬᠤ ᠲᠥᠷᠦᠯ ᠵᠦᠢᠯ ᠤᠨ ᠡᠮᠦᠨᠡᠬᠢ | ᠬᠤᠭᠤᠴᠠᠭᠠᠨ ᠤ ᠠᠵᠢᠯ ᠤᠷᠤᠭᠰᠢᠲᠠᠢ ᠶᠠᠪᠤᠭᠳᠠᠪᠠ᠃ | ︵ᠭᠤᠷᠪᠠ︶ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠤᠯᠠᠮ ᠰᠢᠯᠢᠳᠡᠭᠵᠢᠬᠦᠯᠪᠡ᠃ ︽ᠬᠥᠪᠡᠭᠡᠲᠦ ᠰᠢᠷ᠎ᠠ | ᠬᠤᠰᠢᠭᠤᠨ ᠤ ᠨᠡᠩ ᠰᠢᠯᠢᠳᠡᠭ ᠬᠤᠳᠠᠯᠳᠤᠭ᠎ᠠ ᠡᠷᠬᠢᠯᠡᠬᠦ ᠣᠷᠴᠢᠨ ᠢᠶᠠᠷ ᠵᠠᠬ᠎ᠠ ᠳᠡᠯᠭᠡᠭᠦᠷ ᠤᠨ ᠭᠤᠣᠯ ᠴᠣᠭᠴᠠ ᠳᠤ | ᠦᠢᠯᠡᠴᠢᠯᠡᠬᠦ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠵᠤ᠂ ︽ᠨᠢᠭᠡ ᠴᠣᠩᠬᠤ ᠪᠠᠷ ᠭᠥᠯᠢᠶᠡᠨ ᠠᠪᠴᠤ᠂ | ᠲᠥᠪᠯᠡᠷᠡᠭᠦᠯᠦᠨ ᠦᠢᠯᠡᠴᠢᠯᠡᠬᠦ︾ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠢᠩᠬᠢᠮ ᠳᠤ 42 ᠰᠠᠯᠠᠭ᠎ᠠ ᠮᠥᠴᠢᠷ ᠨᠡᠭᠦᠨ ᠣᠷᠤᠵᠤ᠂ 1653 ᠦᠢᠯᠡᠴᠢᠯᠡᠭᠡᠨ ᠤ ᠵᠦᠢᠯᠡᠰ ᠢ ᠲᠢᠩᠬᠢᠮ ᠳᠤ | ᠣᠷᠤᠭᠤᠯᠤᠨ᠂ ᠲᠤᠳᠠᠭᠤᠳᠠᠯ ᠢ ᠭᠥᠯᠢᠶᠡᠨ ᠠᠪᠴᠤ ᠰᠢᠢᠳᠪᠦᠷᠢᠯᠡᠬᠦ᠂ ᠠᠮᠠᠯᠠᠯᠲᠠ ᠪᠠᠨ ᠮᠡᠳᠡᠭᠳᠡᠬᠦ ᠵᠡᠷᠭᠡ ᠠᠷᠠᠳ ᠲᠤ | ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠬᠡᠷᠡᠭᠵᠢᠬᠦᠯᠪᠡ᠃ ︽ᠡᠭᠦᠯᠡᠨ ᠬᠠᠮᠳᠤᠷᠠᠯᠴᠠᠭ᠎ᠠ︾ ᠬᠤᠯᠪᠤᠭᠠᠯᠠᠯ ᠳᠤ ᠢᠳᠡᠪᠬᠢᠳᠡᠢ | ᠤᠷᠤᠯᠴᠠᠵᠤ᠂ 26 ᠮᠤᠵᠢ ᠣᠷᠣᠨ ᠤ 500 ᠭᠠᠷᠤᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠠᠢ | ᠬᠠᠮᠲᠤᠷᠠᠯᠴᠠᠭᠠᠨ ᠤ ᠬᠡᠯᠡᠯᠴᠡᠭᠡᠷ ᠲᠤᠭᠲᠠᠪᠠ᠃ 140 ᠬᠥᠮᠥᠨ ᠢᠶᠠᠷ ᠪᠦᠷᠢᠯᠳᠦᠭᠰᠡᠨ ᠦᠨᠳᠦᠰᠦᠨ ᠱᠠᠲᠤᠨ ᠤ ᠬᠠᠪᠰᠤᠷᠴᠤ | ᠣᠷᠣᠯᠠᠨ ᠭᠦᠢᠴᠡᠳᠬᠡᠬᠦ ᠡᠩᠨᠡᠭᠡ ᠶᠢ ᠵᠣᠬᠢᠶᠠᠨ ᠪᠠᠶᠢᠭᠤᠯᠵᠤ᠂ ︽ᠭᠤᠯᠳᠤ ᠪᠠᠷ ᠭᠤᠷᠪᠠᠨ ᠱᠠᠲᠤ ᠬᠤᠯᠪᠤᠭᠠᠯᠠᠨ | ᠬᠥᠳᠡᠯᠦᠯᠴᠡᠬᠦ᠂ ᠬᠥᠨᠳᠡᠯᠡᠨ ᠢᠶᠠᠷ ᠰᠠᠯᠠᠭ᠎ᠠ ᠮᠥᠴᠢᠷ ᠬᠠᠮᠵᠢᠯᠴᠠᠬᠤ︾ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠵᠢᠯ ᠤᠨ ᠪᠦᠳᠦᠴᠡ ᠶᠢ ᠪᠦᠷᠢᠯᠳᠦᠬᠦᠯᠪᠡ᠃ ᠨᠢᠷᠠᠢ ᠬᠡᠦᠬᠡᠳ᠂ ᠨᠠᠰᠤ ᠨᠦᠭᠴᠢᠭᠰᠡᠳ ᠤᠨ ᠬᠤᠶᠢᠳᠦᠬᠢ | ᠤᠴᠢᠷ᠂ ᠣᠷᠤᠭᠯᠠᠬᠤ᠂ ᠬᠡᠦᠬᠡᠳ ᠠᠪᠬᠤ ᠵᠡᠷᠭᠡ ᠠᠵᠤ ᠠᠬᠤᠶᠢᠯᠠᠯ ᠪᠠ ᠬᠤᠪᠢ ᠬᠥᠮᠥᠨ ᠤ ᠠᠮᠢ ᠨᠠᠰᠤᠨ ᠳᠤ | ᠬᠤᠯᠪᠤᠭᠳᠠᠬᠤ 116 ᠦᠢᠯᠡᠴᠢᠯᠡᠭᠡᠨ ᠤ ᠵᠦᠢᠯᠡᠰ ᠤᠨ 510 ᠬᠡᠷᠡᠭ ᠶᠠᠪᠤᠳᠠᠯ ᠢ ︽ᠨᠢᠭᠡ ᠯᠡ ᠤᠳᠠᠭ᠎ᠠ ᠳᠤ ᠭᠦᠢᠴᠡᠳᠬᠡᠬᠦ | ︾ ᠶᠢ ᠪᠡᠶᠡᠯᠡᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠪᠠ ᠣᠯᠠᠨ ᠲᠦᠮᠡᠨ ᠤ 15.2 ᠲᠦᠮᠡᠨ ᠬᠤᠪᠢ ᠣᠴᠢᠷ | ᠶᠠᠪᠤᠳᠠᠯ ᠢ ᠰᠢᠢᠳᠪᠦᠷᠢᠯᠡᠪᠡ᠃ ᠨᠡᠶᠢᠲᠡ 93 ᠲᠥᠷᠥᠯ ᠤᠨ ᠡᠯᠧᠺᠲᠷᠣᠨ ᠭᠡᠷᠡᠴᠢ ᠦᠨᠡᠮᠯᠡᠯ ᠢ ᠬᠦᠯᠢᠶᠡᠨ ᠠᠪᠴᠤ᠂ 3.3 | ᠲᠦᠮᠡᠨ ᠵᠤᠷᠪᠤᠰ ᠭᠡᠷᠡᠴᠢ ᠦᠨᠡᠮᠯᠡᠯ ᠤᠨ ᠲᠤᠭ᠎ᠠ ᠪᠠᠷᠢᠮᠲᠠ ᠶᠢ ᠴᠣᠭᠯᠠᠭᠤᠯᠤᠨ᠂ ᠲᠠᠮᠠᠭ᠎ᠠ ᠶᠢᠨ ᠡᠯᠧᠺᠲᠷᠥᠨᠵᠢᠭᠰᠡᠨ ᠨᠣᠷᠮ᠎ᠠ | 100% ᠳᠤ ᠬᠥᠷᠪᠡ᠃ ︽ᠮᠧᠩ ᠰᠦ᠋ ᠪᠠᠨ︾ APP ᠤᠨ 9 ᠲᠥᠷᠦᠯ ᠤᠨ ᠠᠷᠠᠳ ᠲᠤ ᠲᠥᠬᠦᠮ ᠦᠵᠡᠭᠦᠯᠬᠦ | ᠬᠡᠷᠡᠭᠯᠡᠯᠲᠡ ᠶᠢᠨ ᠵᠦᠢᠯᠡᠰ ᠢ ᠨᠡᠭᠡᠭᠡᠨ ᠠᠰᠢᠭᠯᠠᠵᠤ᠂ ᠨᠡᠶᠢᠲᠡ 661 ᠵᠠᠬ᠎ᠠ ᠳᠡᠯᠭᠡᠭᠦᠷ ᠤᠨ ᠭᠤᠣᠯ ᠴᠣᠭᠴᠠ ᠶᠢ ︽ᠥᠪᠥᠷ | ᠮᠣᠩᠭᠤᠯ ᠤᠨ ᠠᠵᠤ ᠠᠬᠤᠶᠢᠯᠠᠯ ᠰᠠᠭᠠᠳ ᠦᠭᠡᠢ ᠨᠡᠪᠲᠡᠷᠡᠬᠦ︾ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ | ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠳᠤ ᠳᠠᠩᠰᠠᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠲᠠᠰ ᠤᠨ 7 | ᠵᠢᠱᠢᠶᠡᠴᠢ ᠦᠨᠡᠨᠴᠢ ᠢᠲᠡᠭᠡᠮᠵᠢᠲᠦ ᠠᠵᠤ ᠠᠬᠤᠶᠢᠯᠠᠯ ᠢ ᠠᠮᠵᠢᠯᠲᠠ ᠲᠠᠢ ᠡᠷᠡᠮᠡᠯᠵᠡᠯᠡᠨ ᠮᠡᠳᠡᠬᠦᠯᠪᠡ᠃ | ᠪᠠᠷᠢᠮᠵᠢᠶᠠᠵᠢᠭᠤᠯᠤᠭᠰᠠᠨ ᠳᠠᠭᠠᠭᠠᠴᠢᠯᠠᠯᠲᠠ ᠰᠢᠯᠭᠠᠷᠠᠭᠤᠯᠬᠤ ᠲᠠᠯᠠᠪᠤᠷ ᠢ ᠥᠭᠡᠷᠡᠴᠢᠯᠡᠨ ᠪᠠᠶᠢᠭᠤᠯᠵᠤ ᠠᠰᠢᠭᠯᠠᠯᠲᠠ ᠳᠤ | ᠣᠷᠣᠭᠤᠯᠵᠤ᠂ ᠵᠠᠰᠠᠭ ᠤᠨ ᠣᠷᠳᠣᠨ ᠤ ᠪᠡᠯᠡ ᠣᠷᠣᠭᠤᠯᠵᠤ ᠪᠦᠲᠦᠭᠡᠨ ᠪᠠᠶᠢᠭᠤᠯᠬᠤ ᠢᠨᠵᠧᠨᠧᠷᠢᠩ ᠵᠢᠴᠢ ᠵᠠᠰᠠᠭ ᠤᠨ | ᠣᠷᠳᠣᠨ ᠤ ᠬᠤᠳᠠᠯᠳᠤᠨ ᠠᠪᠬᠤ ᠲᠥᠷᠥᠯ ᠵᠦᠢᠯ ᠢ ᠴᠥᠮ ᠬᠤᠰᠢᠭᠤᠨ ᠤ ᠲᠣᠰ ᠱᠠᠲᠤᠨ ᠳᠤ ᠳᠠᠭᠠᠭᠠᠴᠢᠯᠠᠯᠲᠠ | ᠰᠢᠯᠭᠠᠷᠠᠭᠤᠯᠬᠤ ᠠᠵᠢᠯ ᠢ ᠪᠡᠶᠡᠯᠡᠬᠦᠯᠪᠡ᠃ | ︵ᠳᠥᠷᠪᠡ︶ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠤᠯᠠᠮ ᠪᠠᠬᠢᠵᠢᠬᠦᠯᠪᠡ᠃ ︽ᠤᠯᠤᠰ ᠤᠨ | ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ | ᠲᠥᠯᠦᠪᠵᠢᠭᠦᠯᠭᠡ︾ ᠶᠢ ᠳᠠᠷᠤᠮᠠᠯᠯᠠᠨ ᠬᠡᠷᠡᠭᠵᠢᠭᠦᠯᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ | ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠪᠥᠬᠦ ᠲᠠᠯ᠎ᠠ ᠪᠠᠷ ᠲᠥᠯᠦᠪᠯᠡᠨ ᠠᠬᠢᠭᠤᠯᠪᠠ᠃ ︽ᠭᠤᠷᠪᠠᠨ | ᠣᠷᠣᠨ ᠭᠤᠷᠪᠠᠨ ᠱᠤᠭᠤᠮ︾ ᠢ ᠵᠠᠭᠠᠭᠯᠠᠨ ᠲᠣᠭᠲᠠᠭᠠᠬᠤ ᠠᠵᠢᠯ ᠢ ᠪᠡᠶᠡᠯᠡᠭᠦᠯᠵᠦ᠂ ᠵᠠᠭᠠᠭᠯᠠᠨ ᠲᠣᠭᠲᠠᠭᠠᠭᠰᠠᠨ ᠦᠷ᠎ᠡ | ᠪᠦᠲᠦᠭᠡᠯ ᠨᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠬᠢᠨᠠᠨ ᠲᠤᠭᠲᠠᠭᠠᠯᠲᠠ ᠪᠠᠷ ᠳᠠᠮᠵᠢᠨ ᠠᠰᠢᠭᠯᠠᠯᠲᠠ ᠳᠤ ᠣᠷᠤᠵᠤ | ᠂ ᠪᠥᠬᠦ ᠬᠤᠰᠢᠭᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢ ᠨᠠᠶᠢᠷᠠᠭᠤᠯᠵᠤ | ᠳᠠᠭᠤᠰᠬᠠᠨ᠂ ︽ᠭᠤᠷᠪᠠᠨ ᠱᠤᠭᠤᠮ ᠨᠢᠭᠡ ᠳᠠᠩᠰᠠ︾ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠠᠵᠢᠯ ᠢ ᠯᠠᠪᠳᠠᠭᠤᠨ | ᠠᠬᠢᠭᠤᠯᠪᠠ᠃ ᠭᠤᠣᠯ ᠤᠨ ᠳᠠᠷᠤᠭ᠎ᠠ᠂ ᠤᠢ ᠰᠢᠭᠤᠢ ᠨᠤᠲᠤᠭ ᠪᠡᠯᠴᠢᠭᠡᠷ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ | ᠨᠠᠶᠢᠳᠠᠪᠦᠷᠢᠵᠢᠭᠤᠯᠪᠠ᠃ ᠥᠪᠦᠷ ᠮᠣᠩᠭᠤᠯ ᠤᠨ ᠥᠨᠳᠦᠷᠯᠢᠭ ᠤᠨ ᠠᠮᠢ ᠠᠬᠤᠢ ᠶᠢ ᠬᠠᠮᠠᠭᠠᠯᠠᠬᠤ ᠪᠠ ᠵᠠᠰᠠᠨ ᠰᠡᠷᠭᠦᠭᠡᠬᠦ | ᠢᠨᠵᠧᠨᠧᠷᠢᠩ ᠢ ᠬᠡᠷᠡᠭᠵᠢᠬᠦᠯᠵᠦ᠂ 15 ᠲᠡᠭᠰᠢ ᠳᠥᠷᠪᠡᠯᠵᠢᠨ ᠺᠢᠯᠣᠮᠧᠲᠷ ᠵᠢᠵᠢᠭ ᠰᠠᠪᠠ ᠤᠷᠤᠰᠬᠠᠯ ᠢ ᠶᠡᠷᠦᠩᠬᠡᠶᠢᠯᠡᠨ | ᠵᠠᠰᠠᠵᠤ᠂ 90 ᠤᠰᠤᠨ ᠰᠣᠷᠪᠤᠯᠵᠢ ᠶᠢᠨ ᠢᠨᠵᠧᠨᠧᠷᠢᠩ ᠢ ᠰᠢᠨ᠎ᠡ ᠪᠠᠷ ᠪᠠᠶᠢᠭᠤᠯᠵᠤ᠂ 2.6 ᠲᠦᠮᠡᠨ ᠮᠦ ᠣᠶ | ᠰᠢᠭᠤᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠬᠦᠯᠵᠦ᠂ 1 ᠲᠦᠮᠡᠨ ᠮᠦ ᠣᠶ ᠰᠢᠭᠤᠢ ᠶᠢᠨ | ᠤᠷᠭᠤᠮᠠᠯ ᠤᠨ ᠬᠤᠴᠢᠯᠭ᠎ᠠ ᠶᠢ ᠰᠡᠷᠭᠦᠬᠡᠨ᠂ ᠠᠮᠢ ᠠᠬᠤᠢ ᠶᠢ ᠰᠡᠷᠭᠦᠭᠡᠨ ᠵᠠᠰᠠᠬᠤ ᠲᠥᠷᠦᠯ ᠵᠦᠢᠯ ᠢ 7 ᠲᠦᠮᠡᠨ ᠮᠦ | ᠬᠡᠷᠡᠭᠵᠢᠬᠦᠯᠪᠡ᠃ 40 ᠲᠦᠮᠡᠨ ᠰᠠᠭᠤᠷᠢ ᠠᠯᠪᠠᠨ ᠵᠢᠷᠤᠮ ᠤᠨ ᠮᠣᠳᠣ ᠲᠠᠷᠢᠪᠠ᠃ ᠦᠨᠳᠦᠰᠦᠨ ᠨᠤᠲᠤᠭ ᠪᠡᠯᠴᠢᠭᠡᠷ ᠢ | ᠵᠠᠭᠠᠭᠯᠠᠨ ᠲᠣᠭᠲᠠᠭᠠᠵᠤ ᠲᠣᠬᠢᠷᠠᠭᠤᠯᠬᠤ ᠠᠵᠢᠯ ᠢ ᠴᠢᠨᠠᠷ ᠰᠠᠶᠢᠲᠠᠢ ᠪᠡᠶᠡᠯᠡᠭᠦᠯᠪᠡ᠃ ᠬᠠᠪᠤᠷ ᠤᠨ ᠤᠯᠠᠷᠢᠯ ᠤᠨ ᠪᠡᠯᠴᠢᠭᠡᠷ | ᠰᠡᠷᠭᠦᠬᠡᠬᠦ ᠬᠤᠭᠤᠴᠠᠭᠠᠨ ᠳᠠᠬᠢ ᠪᠡᠯᠴᠢᠭᠡᠷᠯᠡᠭᠦᠯᠬᠦ ᠶᠢ ᠲᠦᠷ ᠵᠣᠭᠰᠤᠭᠠᠬᠤ ᠠᠵᠢᠯ ᠢ ᠪᠡᠶᠡᠯᠡᠬᠦᠯᠪᠡ᠃ ᠰᠡᠬᠦᠵᠢ ᠶᠢᠨ ᠭᠤᠣᠯ | ᠭᠠᠴᠠᠭᠠᠨ ᠤ ᠬᠡᠰᠡᠭ ᠤᠨ ᠦᠶᠡᠷ ᠢ ᠰᠡᠷᠭᠡᠶᠢᠯᠡᠬᠦ ᠢᠨᠵᠧᠨᠧᠷᠢᠩ ᠤᠨ ᠭᠤᠣᠯ ᠪᠦᠳᠦᠴᠡ ᠶᠢ ᠪᠠᠶᠢᠭᠤᠯᠵᠤ ᠲᠠᠭᠤᠰᠬᠪᠠ᠃ | 25 ᠨᠡᠭᠡᠭᠡᠨ ᠠᠰᠢᠭᠯᠠᠬᠤ ᠬᠤᠭᠤᠴᠠᠭᠠᠨ ᠳᠠᠭᠠᠨ ᠪᠠᠶᠢᠭ᠎ᠠ ᠠᠭᠤᠷᠬᠠᠢ ᠶᠢᠨ ᠦᠢᠯᠡᠰ 3089 ᠲᠦᠮᠡᠨ ᠲᠥᠭᠦᠷᠢᠭ ᠤᠨ | ᠪᠡᠯᠡ ᠣᠷᠣᠭᠤᠯᠤᠨ᠂ 0.99 ᠲᠡᠭᠰᠢ ᠳᠥᠷᠪᠡᠯᠵᠢᠨ ᠺᠢᠯᠣᠮᠧᠲᠷ ᠠᠭᠤᠷᠬᠠᠢ ᠶᠢᠨ ᠣᠷᠤᠨ ᠢ ᠴᠡᠭᠴᠡᠯᠡᠨ ᠰᠠᠶᠢᠵᠢᠷᠠᠭᠤᠯᠪᠠ︔ | ᠨᠡᠭᠡᠭᠡᠨ ᠠᠰᠢᠭᠯᠠᠬᠤ ᠬᠤᠭᠤᠴᠠᠭ᠎ᠠ ᠠᠴᠠ ᠬᠡᠳᠦᠷᠡᠭᠰᠡᠨ ᠠᠭᠤᠷᠬᠠᠢ ᠮᠠᠯᠲᠠᠬᠤ ᠡᠷᠬᠡ ᠲᠠᠢ 2 ᠠᠭᠤᠷᠬᠠᠢ ᠶᠢ ᠴᠡᠭᠴᠡᠯᠡᠨ | ᠰᠠᠶᠢᠵᠢᠷᠠᠭᠤᠯᠪᠠ᠃ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠵᠦ ᠬᠠᠤᠯᠢ ᠵᠥᠷᠢᠴᠡᠭᠰᠡᠨ ᠠᠰᠠᠭᠤᠳᠠᠯ ᠢ ᠲᠤᠰᠬᠠᠢ | ᠲᠥᠷᠦᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯᠯᠠᠭ᠎ᠠ ᠳᠤ ᠬᠤᠯᠪᠤᠭᠳᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ | ᠂ ᠳ᠋ᠦᠩ ᠯᠢᠨ ᠺᠣᠮᠫᠠᠨᠢ ᠶᠢᠨ ᠶᠤᠸᠠᠨ ᠯᠢᠨ ᠨᠡᠭᠦᠷᠡᠰᠦᠨ ᠠᠭᠤᠷᠬᠠᠢ ᠶᠢᠨ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ | ᠪᠠᠶᠢᠭᠤᠯᠤᠯᠲᠠ ᠶᠢᠨ ︽ᠡᠷᠬᠢᠨ ᠬᠠᠷᠠᠬᠤ︾ ᠠᠵᠢᠯᠯᠠᠭ᠎ᠠ ᠠᠴᠠ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ | ᠂ ᠪᠠᠷᠢᠯᠭ᠎ᠠ ᠳᠤ ᠬᠡᠷᠡᠭᠯᠡᠬᠦ ᠬᠠᠶᠢᠷ ᠴᠢᠯᠠᠭᠤᠨ ᠤ ᠠᠭᠤᠷᠬᠠᠢ ᠶᠢᠨ ᠬᠠᠤᠯᠢ ᠵᠥᠷᠢᠴᠡᠭᠰᠡᠨ ᠠᠵᠢᠯᠯᠠᠭ᠎ᠠ ᠶᠢ ᠲᠤᠰᠬᠠᠢ ᠴᠡᠭᠴᠡᠯᠡᠨ | ᠰᠠᠶᠢᠵᠢᠷᠠᠭᠤᠯᠬᠤ ᠠᠵᠢᠯ ᠢ ᠪᠦᠬᠦᠨ ᠢ ᠴᠢᠨᠠᠷ ᠰᠠᠶᠢᠲᠠᠢ ᠪᠡᠶᠡᠯᠡᠬᠦᠯᠵᠦ᠂ ᠬᠠᠤᠯᠢ ᠵᠥᠷᠢᠴᠡᠨ ᠭᠠᠵᠠᠷ ᠬᠡᠷᠡᠭᠯᠡᠬᠦ ᠶᠢ ︽ᠡᠷᠬᠢᠨ | ᠬᠠᠷᠠᠬᠤ︾ ᠲᠤᠰᠬᠠᠢ ᠴᠡᠭᠴᠡᠯᠡᠨ ᠰᠠᠶᠢᠵᠢᠷᠠᠭᠤᠯᠬᠤ ᠠᠵᠢᠯ ᠢ 92.3% ᠪᠠᠷ ᠪᠡᠶᠡᠯᠡᠭᠦᠯᠪᠡ᠃ 2022 ᠣᠨ ᠤ ᠲᠡᠦᠬᠡᠨ | ᠬᠠᠶᠠᠭᠳᠠᠮᠠᠯ ᠠᠭᠤᠷᠬᠠᠢ ᠶᠢᠨ ᠨᠦᠬᠡ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠵᠠᠰᠠᠯᠲᠠ ᠶᠢᠨ ᠲᠥᠷᠥᠯ | ᠵᠦᠢᠯ ᠤᠨ ᠪᠠᠷᠢᠯᠭ᠎ᠠ ᠶᠢᠨ ᠠᠵᠢᠯ ᠢ ᠪᠦᠬᠦᠨ ᠢ ᠳᠠᠭᠤᠰᠬᠠᠪᠠ᠃ GDP ᠶᠢᠨ ᠨᠢᠭᠡᠴᠢ ᠡᠨᠧᠷᠭᠢ ᠶᠢᠨ | ᠬᠤᠷᠣᠭᠳᠠᠭᠤᠯᠤᠯ ᠤᠨ ᠬᠦᠴᠦᠯᠡᠴᠡ ᠵᠢᠱᠢᠯᠲᠡ ᠪᠠᠷ 6.0% ᠪᠠᠷ ᠪᠠᠭᠤᠷᠠᠪᠠ᠃ 18 ᠠᠷᠪᠢᠯᠠᠨ ᠭᠠᠮᠨᠠᠬᠤ ᠬᠡᠯᠪᠡᠷᠢ ᠶᠢᠨ | ᠪᠠᠶᠢᠭᠤᠯᠭ᠎ᠠ ᠨᠢᠭᠡᠴᠡ ᠶᠢ ᠡᠭᠦᠳᠦᠨ ᠪᠠᠶᠢᠭᠤᠯᠪᠠ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠢᠶᠠᠷᠤᠭᠴᠢ ᠶᠢᠨ | ᠦᠢᠯᠡᠴᠢᠯᠡᠭᠡᠨ ᠤ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠵᠦ᠂ ᠪᠥᠬᠦ ᠠᠶᠢᠮᠠᠭ ᠲᠤ ᠠᠩᠬᠠᠳᠠᠭᠴᠢ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠬᠠᠮᠢᠶᠠᠷᠤᠭᠴᠢ ᠶᠢᠨ ᠲᠤᠷᠰᠢᠯᠲᠠ ᠶᠢᠨ ᠬᠤᠰᠢᠭᠤ ᠪᠣᠯᠪᠠ᠃ 3694.4 ᠲᠦᠮᠡᠨ | ᠲᠦᠬᠦᠷᠢᠭ ᠤᠨ ᠲᠡᠭᠡᠳᠦ ᠱᠠᠳᠤᠨ ᠤ ᠠᠮᠢ ᠠᠬᠤᠢ ᠶᠢᠨ ᠬᠠᠮᠠᠭᠠᠯᠠᠯᠲᠠ ᠶᠢᠨ ᠲᠤᠰᠬᠠᠢ ᠪᠡᠯᠡ ᠮᠦᠩᠬᠦ ᠶᠢ ᠲᠡᠮᠡᠴᠡᠨ ᠣᠯᠵᠤ᠂ | ᠪᠦᠬᠦ ᠠᠶᠢᠮᠠᠭ ᠤᠨ ᠪᠡᠯᠡ ᠮᠦᠩᠬᠦᠨ ᠤ ᠶᠡᠷᠦᠩᠬᠡᠢ ᠬᠡᠮᠵᠢᠶ᠎ᠡ ᠶᠢᠨ 66.8% ᠶᠢ ᠡᠵᠡᠯᠡᠵᠦ᠂ ᠲᠤᠤᠷ᠎ᠠ | ᠨᠡᠬᠦᠷᠡᠰᠦᠳᠦᠷᠦ᠋ᠭᠴᠢᠲᠦ ᠨᠡᠶᠢᠭᠡᠮ ᠲᠤᠭᠤᠷᠢᠭ ᠤᠨ ᠲᠤᠷᠰᠢᠯᠲᠠ ᠶᠢᠨ ᠴᠡᠭ ᠪᠠ 4 ᠭᠠᠴᠠᠭᠠᠨ ᠤ ᠠᠠᠮᠢᠳᠤᠷᠠᠯ ᠤᠨ ᠪᠤᠬᠢᠷ | ᠤᠰᠤ ᠶᠢ ᠰᠢᠢᠳᠪᠦᠷᠢᠯᠡᠬᠦ ᠲᠦᠬᠦᠭᠡᠷᠦᠮᠵᠢ ᠶᠢᠨ ᠲᠥᠷᠦᠯ ᠵᠦᠢᠯ ᠢ ᠪᠠᠶᠢᠭᠤᠯᠵᠤ᠂ ᠰᠢᠨᠡᠪᠤᠯᠠᠭ ᠪᠠᠯᠭᠠᠰᠤᠨ ᠤ ᠭᠤᠷᠪᠠᠳᠤᠭᠠᠷ | ᠤᠰᠤᠨ ᠰᠤᠷᠪᠤᠯᠵᠢ ᠶᠢᠨ ᠪᠠᠷᠢᠮᠵᠢᠶ᠎ᠠ ᠳᠤ ᠬᠦᠷᠭᠡᠬᠦ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠨᠢ ᠪᠥᠬᠦ | ᠪᠠᠷᠢᠯᠭ᠎ᠠ ᠶᠢᠨ ᠶᠡᠷᠦᠩᠬᠡᠢ ᠬᠡᠮᠵᠢᠶᠡᠨ ᠤ 85% ᠶᠢ ᠪᠡᠶᠡᠯᠡᠬᠦᠯᠵᠦ᠂ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠶᠢᠨ | ᠬᠠᠶᠠᠭᠳᠠᠮᠠᠯ ᠤᠰᠤ ᠶᠢ ᠬᠦᠮᠦᠨ ᠤ ᠬᠦᠴᠦᠨ ᠢᠶᠠᠷ ᠨᠠᠮᠤᠭ ᠭᠠᠵᠠᠷ ᠪᠤᠯᠭᠠᠨ ᠪᠠᠶᠢᠭᠤᠯᠬᠤ ᠲᠥᠷᠦᠯ ᠵᠦᠢᠯ ᠪᠠ ᠨᠡᠭᠦᠷᠡᠰᠦ ᠶᠢ | ᠴᠠᠬᠢᠯᠭᠠᠨ ᠢᠶᠠᠷ ᠤᠷᠤᠯᠠᠭᠤᠯᠬᠤ ᠲᠥᠷᠦᠯ ᠵᠦᠢᠯ ᠤᠷᠤᠭᠰᠢᠲᠠᠢ ᠶᠠᠪᠤᠭᠳᠠᠪᠠ᠃ ᠠᠭᠠᠷ ᠤᠨ ᠰᠢᠯᠢᠳᠡᠭᠵᠢᠯ ᠤᠨ ᠨᠤᠷᠮ᠎ᠠ 94. | % ᠳᠤ ᠬᠦᠷᠪᠡ᠃ ᠬᠤᠲᠠ ᠪᠠᠯᠭᠠᠰᠤᠨ ᠤ ᠪᠣᠬᠢᠷ ᠤᠰᠤ ᠶᠢ ᠰᠢᠢᠳᠪᠦᠷᠢᠯᠡᠭᠰᠡᠨ ᠨᠣᠷᠮ᠎ᠠ 99.1% ᠳᠤ ᠬᠦᠷᠴᠦ᠂ | ᠬᠠᠶᠠᠭᠳᠠᠮᠠᠯ ᠤᠰᠤ ᠶᠢ ᠳᠠᠬᠢᠨ ᠠᠰᠢᠭᠯᠠᠭᠰᠠᠨ ᠨᠣᠷᠮ᠎ᠠ 66% ᠳᠤ ᠬᠦᠷᠪᠡ᠃ ᠬᠤᠲᠠ ᠪᠠᠯᠭᠠᠰᠤᠨ ᠤ ᠠᠮᠢᠳᠤᠷᠠᠯ ᠤᠨ | ᠬᠤᠭ ᠨᠣᠪᠰᠢ ᠶᠢ ᠪᠣᠬᠢᠷᠳᠤᠯ ᠦᠭᠡᠢ ᠰᠢᠢᠳᠪᠦᠷᠢᠯᠡᠭᠰᠡᠨ ᠨᠣᠷᠮ᠎ᠠ 96% ᠳᠤ ᠬᠦᠷᠪᠡ᠃ 2000 ᠪᠣᠰᠤᠭ᠎ᠠ ᠳᠥᠷᠪᠡᠯᠵᠢᠨ | ᠮᠧᠲᠷ ᠤᠨ ᠬᠤᠭᠤᠯᠠᠨ ᠭᠡᠷ ᠤᠨ ᠬᠤᠭ ᠨᠣᠪᠰᠢ ᠶᠢᠨ ᠰᠢᠩᠭᠡᠬᠦ ᠶᠢ ᠰᠡᠷᠭᠡᠶᠢᠯᠡᠬᠦ ᠴᠦᠬᠦᠷᠦᠮ ᠢ ᠪᠠᠶᠢᠭᠤᠯᠪᠠ᠃ 4 ᠮᠠᠯᠵᠢᠬᠤ | ᠤᠷᠤᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠠᠩᠭᠢ ᠪᠠᠶᠢᠭᠤᠯᠵᠤ᠂ ᠪᠦᠬᠦ ᠬᠤᠰᠢᠭᠤᠨ ᠤ 60 ᠭᠠᠴᠠᠭᠠᠨ ᠳᠤ | ᠨᠡᠶᠢᠭᠡᠮᠴᠢᠯᠡᠭᠰᠡᠨ ᠦᠢᠯᠡᠴᠢᠯᠡᠭᠡ ᠶᠢ ᠪᠦᠷᠬᠦᠬᠦᠯᠵᠦ᠂ ᠭᠠᠴᠠᠭᠠᠨ ᠤ ᠠᠮᠢᠳᠤᠷᠠᠯ ᠤᠨ ᠬᠤᠭ ᠨᠣᠪᠰᠢ ᠶᠢ ᠪᠤᠬᠢᠷᠳᠤᠯ ᠦᠭᠡᠢ | ᠰᠢᠢᠳᠪᠦᠷᠢᠯᠡᠭᠰᠡᠨ ᠪᠦᠷᠬᠦᠴᠡ ᠶᠢᠨ ᠨᠣᠷᠮ᠎ᠠ 45% ᠳᠤ ᠬᠦᠷᠪᠡ᠃ ᠬᠤᠶᠠᠳᠤᠭᠠᠷ ᠡᠭᠡᠯᠵᠢ ᠶᠢᠨ ᠲᠥᠪ ᠤᠨ ᠠᠮᠢ | ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠶᠢᠨ ᠮᠡᠳᠡᠭᠦᠯᠦᠯᠲᠡ ᠠᠴᠠ 13 ᠵᠦᠢᠯ ᠤᠨ | ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠭᠥᠯᠢᠶᠡᠨ ᠠᠪᠴᠤ᠂ 8 ᠠᠰᠠᠭᠤᠳᠠᠯ ᠢ ᠨᠢᠭᠡᠨᠲᠡ ᠴᠡᠭᠴᠡᠯᠡᠨ ᠰᠠᠶᠢᠵᠢᠷᠠᠭᠤᠯᠵᠦ᠂ | 5 ᠠᠰᠠᠭᠤᠳᠠᠯ ᠤᠨ ᠴᠡᠭᠴᠡᠯᠡᠯᠲᠡ ᠶᠢ ᠶᠠᠭ ᠢᠳᠡᠪᠬᠢᠳᠡᠢ ᠠᠬᠢᠭᠤᠯᠵᠤ ᠪᠠᠶᠢᠨ᠎ᠠ᠃ | ︵ᠲᠠᠪᠤ︶ ᠬᠤᠲᠠ ᠬᠥᠳᠡᠭᠡ ᠶᠢᠨ ᠪᠠᠶᠢᠭᠤᠯᠤᠯᠲᠠ ᠶᠢ ᠨᠢᠭᠡᠳᠦᠯᠲᠡᠢ ᠲᠥᠯᠦᠪᠵᠢᠬᠦᠯᠦᠨ ᠠᠬᠢᠭᠤᠯᠪᠠ᠃ ᠬᠦᠪᠡᠭᠡᠲᠦ | ᠰᠢᠷ᠎ᠠ ᠬᠤᠰᠢᠭᠤᠨ ᠤ ᠰᠣᠳᠣᠨ ᠰᠠᠭᠤᠭᠠᠯᠢ ᠠᠷᠠᠳ ᠤᠨ ᠲᠣᠭᠤᠷᠢᠭ ᠤᠨ ᠳᠥᠭᠦᠮ ᠪᠦᠳᠦᠭᠦᠯᠢᠭ ᠣᠷᠣᠨ ᠰᠠᠭᠤᠴᠠ ᠶᠢᠨ | ᠲᠣᠭᠤᠷᠢᠭ ᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠢ ᠦᠷᠭᠦᠯᠵᠢᠯᠡᠨ ᠪᠠᠶᠢᠭᠤᠯᠵᠤ᠂ ᠪᠤᠴᠠᠭᠠᠨ ᠲᠥᠪᠬᠢᠨᠡᠬᠦᠯᠬᠦ ᠭᠡᠷ | ᠪᠠᠶᠢᠰᠢᠩ ᠢ ᠪᠠᠶᠢᠭᠤᠯᠵᠤ ᠲᠠᠭᠤᠰᠬᠠᠪᠠ᠃ ᠶᠠᠩ ᠭᠤᠸᠠᠩ ᠰᠠᠭᠤᠭᠠᠯᠢ ᠠᠷᠠᠳ ᠤᠨ ᠲᠣᠭᠤᠷᠢᠭ ᠤᠨ ᠰᠠᠭᠤᠷᠢ | ᠲᠦᠭᠦᠭᠡᠷᠦᠮᠵᠢ ᠶᠢ ᠦᠭᠡᠷᠡᠴᠢᠯᠡᠨ ᠰᠠᠶᠢᠵᠢᠷᠠᠭᠤᠯᠬᠤ ᠲᠥᠷᠦᠯ ᠵᠦᠢᠯ ᠢ ᠬᠡᠷᠡᠭᠵᠢᠬᠦᠯᠪᠡ᠃ ᠥᠯᠥ ᠬᠥᠳᠡᠯᠬᠦ ᠬᠥᠷᠥᠩᠭᠡ ᠶᠢᠨ | ᠲᠡᠦᠬᠡᠨ ᠠᠴᠠ ᠦᠯᠡᠳᠡᠭᠳᠡᠵᠦ ᠢᠷᠡᠭᠰᠡᠨ ︽ᠦᠨᠡᠮᠯᠡᠯ ᠠᠪᠬᠤ ᠳᠤ ᠬᠦᠴᠢᠷᠲᠡᠢ︾ ᠠᠰᠠᠭᠤᠳᠠᠯ ᠢ ᠰᠢᠢᠳᠪᠦᠷᠢᠯᠡᠪᠡ᠃ | ᠰᠢᠨᠡᠪᠤᠯᠠᠭ ᠪᠠᠯᠭᠠᠰᠤᠨ ᠤ ᠦᠶᠡᠷ ᠢ ᠰᠡᠷᠭᠡᠶᠢᠯᠡᠵᠦ ᠤᠰᠤ ᠵᠠᠯᠠᠬᠤ ᠢᠨᠵᠧᠨᠧᠷᠢᠩ ᠤᠨ ᠨᠢᠭᠡᠳᠦᠭᠡᠷ ᠬᠤᠭᠤᠴᠠᠭᠠᠨ ᠤ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠤᠷᠤᠭᠰᠢᠲᠠᠢ ᠳᠠᠭᠤᠰᠬᠠᠵᠤ᠂ ᠬᠤᠲᠠ ᠶᠢᠨ ᠭᠠᠳᠠᠨᠠᠬᠢ ᠲᠤᠭᠤᠷᠢᠭᠤᠯ | ᠵᠠᠮ ᠵᠢᠴᠢ ᠲᠣᠣᠷ ᠬᠤᠭᠤᠯᠠᠢ ᠶᠢᠨ ᠢᠵᠢ ᠪᠦᠷᠢᠳᠦᠭᠰᠡᠨ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ᠂ ᠪᠣᠬᠢᠷ ᠤᠰᠤᠨ ᠤ ᠲᠣᠣᠷ ᠬᠤᠭᠤᠯᠠᠢ ᠶᠢ ᠥᠷᠭᠡᠳᠬᠡᠨ ᠪᠠᠶᠢᠭᠤᠯᠬᠤ ᠢᠨᠵᠧᠨᠧᠷᠢᠩ ᠤᠨ ᠪᠦᠳᠦᠭᠡᠨ | ᠪᠠᠶᠢᠭᠤᠯᠤᠯᠲᠠ ᠶᠢ ᠡᠬᠢᠯᠡᠭᠦᠯᠪᠡ᠃ 1400 ᠲᠦᠮᠡᠨ ᠲᠦᠬᠦᠷᠢᠭ ᠤᠨ ᠪᠡᠯᠡ ᠤᠷᠤᠭᠤᠯᠤᠨ᠂ ᠢᠯᠴᠢ ᠰᠣᠯᠢᠬᠤ ᠥᠷᠲᠡᠭᠡ | ᠶᠢ ᠰᠢᠨ᠎ᠡ ᠪᠠᠷ ᠪᠠᠶᠢᠭᠤᠯᠵᠤ᠂ 6.8 ᠺᠢᠯᠤᠮᠧᠲᠷ ᠢᠯᠴᠢ ᠬᠠᠩᠭᠠᠬᠤ ᠲᠤᠤᠷ ᠬᠤᠭᠤᠯᠠᠢ ᠶᠢ ᠦᠷᠭᠡᠳᠬᠡᠨ ᠵᠠᠰᠠᠪᠠ᠃ 30 | ᠲᠦᠮᠡᠨ ᠲᠡᠭᠰᠢ ᠳᠥᠷᠪᠡᠯᠵᠢᠨ ᠮᠧᠲᠷ ᠴᠡᠴᠡᠷᠯᠢᠭ ᠢ ᠨᠤᠭᠤᠭᠠᠷᠠᠭᠤᠯᠬᠤ ᠪᠠ ᠠᠷᠠᠴᠢᠯᠠᠨ ᠬᠠᠮᠠᠭᠠᠯᠠᠵᠤ᠂ 320 ᠵᠡᠭᠡᠯᠢ ᠶᠢᠨ | ᠳ᠋ᠧᠩ ᠢ ᠰᠣᠯᠢᠪᠠ᠃ 2.5 ᠲᠦᠮᠡᠨ ᠲᠡᠭᠰᠢ ᠳᠥᠷᠪᠡᠯᠵᠢᠨ ᠮᠧᠲᠷ ᠪᠠᠷᠢᠮᠵᠢᠶᠠᠵᠢᠭᠤᠯᠤᠭᠰᠠᠨ ᠫᠧᠩ ᠰᠠᠷᠠᠪᠴᠢ᠂ 0.24 | ᠲᠦᠮᠡᠨ ᠲᠡᠭᠰᠢ ᠳᠥᠷᠪᠡᠯᠵᠢᠨ ᠮᠧᠲᠷ ᠡᠪᠡᠰᠦ ᠨᠦᠭᠡᠴᠡᠯᠡᠬᠦ ᠫᠧᠩ᠂ 0.1 ᠲᠦᠮᠡᠨ ᠪᠣᠰᠤᠭ᠎ᠠ ᠳᠥᠷᠪᠡᠯᠵᠢᠨ ᠮᠧᠲᠷ | ᠨᠤᠭᠤᠭᠠᠨ ᠲᠠᠷᠤᠰᠢ ᠶᠢᠨ ᠵᠣᠭᠤᠷᠢ ᠶᠢ ᠰᠢᠨ᠎ᠡ ᠪᠠᠷ ᠪᠠᠶᠢᠭᠤᠯᠪᠠ᠃ ᠮᠠᠯᠵᠢᠬᠤ ᠣᠷᠣᠨ ᠳᠤ 16 ᠲᠦᠭᠡᠭᠡᠯ ᠤᠰᠤᠨ ᠤ | ᠢᠨᠵᠧᠨᠧᠷᠢᠩ ᠢ ᠰᠢᠨ᠎ᠡ ᠪᠠᠷ ᠪᠠᠶᠢᠭᠤᠯᠵᠤ᠂ 9 ᠲᠦᠭᠡᠭᠡᠯ ᠤᠰᠤᠨ ᠤ ᠢᠨᠵᠧᠨᠧᠷᠢᠩ ᠢ ᠰᠡᠯᠪᠢᠨ ᠵᠠᠰᠠᠵᠤ᠂2230 | ᠬᠥᠮᠥᠨ ᠤ ᠣᠣᠭᠤᠬᠤ ᠤᠰᠤᠨ ᠤ ᠠᠰᠠᠭᠤᠳᠠᠯ ᠢ ᠰᠢᠢᠳᠪᠦᠷᠢᠯᠡᠪᠡ᠃ 10 ᠺᠢᠯᠣᠸᠠᠲ ᠤᠨ ᠴᠠᠬᠢᠯᠭᠠᠨ ᠲᠣᠣᠷ ᠬᠤᠭᠤᠯᠠᠢ ᠶᠢ | 87.4 ᠺᠢᠯᠣᠮᠧᠲᠷ᠂ 0.4 ᠺᠢᠯᠣᠸᠠᠲ ᠤᠨ ᠴᠠᠬᠢᠯᠭᠠᠨ ᠲᠣᠣᠷ ᠬᠤᠭᠤᠯᠠᠢ ᠶᠢ 66.6 ᠺᠢᠯᠣᠮᠧᠲᠷ ᠥᠭᠡᠷᠡᠴᠢᠯᠡᠨ | ᠪᠠᠶᠢᠭᠤᠯᠵᠤ᠂ 152 ᠰᠠᠤᠷᠢ ᠴᠠᠬᠢᠯᠭᠠᠨ ᠬᠦᠴᠦᠳᠡᠯ ᠥᠭᠡᠷᠡᠴᠢᠯᠡᠭᠴᠢ ᠶᠢ ᠦᠭᠡᠷᠡᠴᠢᠯᠡᠨ ᠵᠠᠰᠠᠵᠤ᠂ ᠮᠠᠯᠵᠢᠬᠤ ᠣᠷᠤᠨ ᠤ | ᠴᠠᠬᠢᠯᠭᠠᠨ ᠲᠣᠣᠷ ᠤᠨ ᠲᠤᠭᠲᠠᠭᠤᠨ ᠪᠠᠶᠢᠳᠠᠯ ᠢ ᠤᠯᠠᠮ ᠨᠢᠭᠡ ᠠᠯᠬᠤᠮ ᠳᠡᠭᠡᠭᠰᠢᠯᠡᠬᠦᠯᠪᠡ᠃ ᠪᠠᠷᠠᠭᠤᠨ ᠲᠡᠬᠦᠷᠭᠡ ᠶᠢᠨ | 110 ᠺᠢᠯᠣᠸᠠᠲ ᠤᠨ ᠴᠠᠬᠢᠯᠭᠠᠨ ᠬᠦᠴᠦᠳᠡᠯ ᠥᠭᠡᠷᠡᠴᠢᠯᠡᠬᠦ ᠥᠷᠲᠡᠭᠡ ᠶᠢᠨ ᠢᠨᠵᠧᠨᠧᠷᠢᠩ ᠤᠨ ᠭᠤᠣᠯ ᠲᠤᠤᠷ ᠤᠨ | ᠪᠦᠲᠦᠭᠡᠨ ᠪᠠᠶᠢᠭᠤᠯᠤᠯᠲᠠ ᠶᠢ ᠪᠡᠶᠡᠯᠡᠬᠦᠯᠪᠡ᠃ ᠵᠢᠢ ᠲᠦᠩ ᠴᠠᠬᠢᠯᠭᠠᠨᠵᠢᠭᠤᠯᠤᠭᠰᠠᠨ ᠲᠡᠮᠦᠷ ᠵᠠᠮ ᠤᠨ ᠥᠭᠡᠷᠡᠴᠢᠯᠡᠯᠲᠡ ᠶᠢᠨ | ᠭᠠᠳᠠᠷ ᠴᠠᠬᠢᠯᠭᠠᠨ ᠬᠠᠩᠭᠠᠬᠤ ᠢᠨᠵᠧᠨᠧᠷᠢᠩ ᠤᠨ ᠮᠠᠨ ᠤ ᠬᠤᠰᠢᠭᠤᠨ ᠳᠤ ᠪᠠᠶᠢᠭ᠎ᠠ ᠬᠡᠰᠡᠭ ᠤᠨ ᠢᠨᠵᠧᠨᠧᠷᠢᠩ ᠢ ᠪᠦᠬᠦᠨ ᠢ | ᠪᠠᠶᠢᠭᠤᠯᠵᠤ ᠲᠠᠭᠤᠰᠬᠠᠪᠠ᠃ 10 ᠵᠤᠷᠪᠤᠰ ᠮᠠᠯᠵᠢᠬᠤ ᠣᠷᠣᠨ ᠤ ᠵᠠᠰᠠᠮᠠᠯ ᠵᠠᠮ ᠢ 65.5 ᠺᠢᠯᠣᠮᠧᠲᠷ ᠰᠢᠨ᠎ᠡ ᠪᠠᠷ | ᠵᠠᠰᠠᠭᠰᠠᠨ ᠪᠠ ᠦᠭᠡᠷᠡᠴᠢᠯᠡᠨ ᠵᠠᠰᠠᠵᠤ᠂ 7 ᠵᠤᠷᠪᠤᠰ ᠵᠠᠰᠠᠮᠠᠯ ᠵᠠᠮ ᠢ 32.9 ᠺᠢᠯᠣᠮᠧᠲᠷ ᠠᠷᠠᠴᠢᠯᠠᠨ ᠬᠠᠮᠠᠭᠠᠠᠯᠠᠵᠤ᠂ | ᠦᠶᠡᠷ ᠲᠤ ᠡᠪᠳᠡᠭᠳᠡᠭᠰᠡᠨ 13 ᠭᠡᠰᠡᠭ ᠵᠠᠮ ᠢ ᠵᠠᠰᠠᠵᠤ᠂ ᠮᠠᠯᠴᠢᠳ ᠤᠨ ᠶᠠᠪᠤᠵᠤ ᠰᠠᠭᠤᠬᠤ ᠨᠦᠬᠦᠴᠡᠯ ᠨᠡᠩ ᠳᠥᠭᠦᠮ | ᠲᠦᠲᠡ ᠪᠣᠯᠪᠠ᠃ ᠮᠠᠯᠵᠢᠬᠤ ᠣᠷᠣᠨ ᠤ 101 ᠡᠷᠦᠬᠡ ᠶᠢᠨ ᠠᠰᠠᠭᠤᠳᠠᠯ ᠲᠠᠢ ᠵᠣᠷᠯᠣᠩ ᠢ ᠴᠡᠭᠴᠡᠯᠡᠨ ᠰᠠᠶᠢᠵᠢᠷᠠᠭᠤᠯᠬᠤ | ᠪᠠ ︽ᠡᠷᠬᠢᠨ ᠬᠠᠷᠠᠬᠤ︾ ᠠᠵᠢᠯ ᠢ ᠪᠡᠶᠡᠯᠡᠭᠦᠯᠵᠦ᠂ 234 ᠡᠷᠦᠬᠡ ᠶᠢᠨ ᠵᠣᠷᠯᠣᠩ ᠢ ᠰᠢᠨ᠎ᠡ ᠪᠠᠷ ᠪᠠᠶᠢᠭᠤᠯᠪᠠ᠃ ᠴᠠᠭᠠᠨ | ᠲᠡᠷᠡᠰᠦ᠂ ᠳᠠᠪᠤᠰᠤᠨ ᠭᠤᠣᠯ ᠵᠡᠷᠭᠡ 2 ᠠᠶᠢᠮᠠᠭ ᠤᠨ ᠱᠠᠳᠤᠨ ᠤ ᠵᠢᠱᠢᠶ᠎ᠡ ᠦᠵᠡᠭᠦᠯᠬᠦ ᠭᠠᠴᠠᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠠᠵᠢᠯ ᠢ ᠲᠦᠯᠬᠢᠨ ᠠᠬᠢᠭᠤᠯᠪᠠ᠃ ᠮᠠᠯᠵᠢᠬᠤ ᠣᠷᠤᠨ ᠤ 136 ᠡᠷᠦᠬᠡ ᠳᠤ ᠪᠠᠶᠢᠰᠢᠩ ᠤᠨ ᠨᠠᠷᠠᠪᠴᠢ | ᠪᠠᠷᠢᠬᠤ ᠲᠥᠷᠦᠯ ᠵᠦᠢᠯ ᠢ ᠬᠡᠷᠡᠭᠵᠢᠬᠦᠯᠪᠡ᠃ 6 ᠭᠤᠣᠯᠳᠠᠯᠭᠠᠲᠤ ᠭᠠᠴᠠᠭᠠᠨ ᠳᠤ ᠮᠠᠯᠵᠢᠬᠤ ᠣᠷᠤᠨ ᠤ ᠣᠷᠤᠰᠢᠨ ᠰᠠᠭᠤᠬᠤ | ᠣᠷᠴᠢᠨ ᠲᠤᠭᠤᠷᠢᠨ ᠢ ᠴᠡᠭᠴᠡᠯᠡᠨ ᠰᠠᠶᠢᠵᠢᠷᠠᠭᠤᠯᠬᠤ ᠬᠠᠰᠢᠶ᠎ᠠ ᠰᠡᠷᠡᠯᠵᠢ ᠶᠢᠨ ᠪᠦᠳᠦᠭᠡᠨ ᠪᠠᠶᠢᠭᠤᠯᠤᠯᠲᠠ ᠶᠢᠨ ᠲᠥᠷᠦᠯ | ᠵᠦᠢᠯ ᠪᠠ ᠲᠡᠮᠦᠷ ᠬᠦᠷᠢᠶ᠎ᠡ ᠬᠠᠰᠢᠶ᠎ᠠ ᠶᠢᠨ ᠲᠥᠷᠦᠯ ᠵᠦᠢᠯ ᠢ ᠤᠷᠢᠳᠠᠪᠡᠷ ᠲᠤᠷᠰᠢᠨ ᠬᠡᠷᠡᠭᠵᠢᠬᠦᠯᠵᠦ᠂ ᠮᠠᠯᠴᠢᠳ ᠢ | ᠦᠢᠯᠡᠳᠪᠦᠷᠢᠯᠡᠯ ᠠᠮᠢᠳᠤᠷᠠᠯ ᠤᠨ ᠲᠤᠭᠤᠷᠢᠭ ᠢᠶᠠᠨ ᠵᠦᠢ ᠵᠤᠬᠢᠰᠲᠠᠢ ᠬᠤᠪᠢᠶᠠᠷᠢᠯᠠᠬᠤ ᠶᠢ ᠠᠬᠢᠭᠤᠯᠪᠠ᠃ | ︵ᠵᠢᠷᠭᠤᠭ᠎ᠠ︶ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠦᠷᠭᠦᠯᠵᠢᠯᠡᠨ ᠴᠢᠩᠭᠠᠳᠬᠠᠪᠠ᠃ ᠠᠵᠢᠯ | ᠮᠡᠷᠭᠡᠵᠢᠯ ᠤᠨ ᠤᠷ᠎ᠠ ᠮᠡᠷᠭᠡᠰᠢᠯ ᠤᠨ ᠪᠣᠯᠪᠠᠰᠤᠷᠠᠯ ᠢ 28 ᠬᠤᠭᠤᠴᠠᠭ᠎ᠠ ᠡᠷᠬᠢᠯᠡᠨ᠂ ︽ᠠᠵᠢᠯ ᠣᠯᠭᠤᠯᠲᠠ ᠳᠤ ᠲᠤᠰᠠᠯᠠᠬᠤ | ᠰᠠᠷ᠎ᠠ︾ ᠶᠢᠨ ᠠᠵᠢᠯᠯᠠᠭ᠎ᠠ᠂ ︽ᠬᠠᠪᠤᠷ ᠤᠨ ᠤᠯᠠᠷᠢᠯ ᠤᠨ ᠠᠵᠢᠯᠲᠠᠨ ᠡᠯᠰᠡᠬᠦ ᠴᠤᠭᠯᠠᠭᠠᠨ︾ ᠢ ᠵᠣᠬᠢᠶᠠᠨ ᠪᠠᠶᠢᠭᠤᠯᠵᠦ᠂ | ᠬᠤᠲᠠ ᠪᠠᠯᠭᠠᠰᠤᠨ ᠤ 611 ᠬᠥᠮᠥᠨ ᠳᠤ ᠰᠢᠨ᠎ᠡ ᠪᠠᠷ ᠠᠵᠢᠯ ᠣᠯᠭᠤᠨ᠂ 370 ᠨᠡᠷ᠎ᠡ ᠶᠠᠳᠠᠭᠤ ᠠᠴᠠ ᠠᠩᠭᠢᠵᠢᠷᠠᠭᠰᠠᠨ | ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠵᠣ᠂ ᠬᠤᠰᠢᠭᠤᠨ ᠤ 61 ᠨᠡᠷ᠎ᠡ ᠦᠢᠯᠡᠰ ᠪᠤᠰᠬᠠᠭᠴᠢᠳ ᠲᠤ | 1119 ᠲᠦᠮᠡᠨ ᠲᠥᠭᠦᠷᠢᠭ ᠤᠨ ᠠᠳᠠᠯ ᠦᠢᠯᠡᠰ ᠪᠤᠰᠬᠠᠬᠤ ᠵᠢᠭᠡᠯᠡᠯᠭᠡ ᠣᠯᠭᠤᠪᠡ᠃ ᠶᠠᠳᠠᠭᠤ ᠠᠴᠠ ᠠᠩᠭᠢᠵᠢᠷᠠᠭᠤᠯᠬᠤ | ᠪᠤᠭᠤᠮᠳᠠ ᠰᠢᠪᠳᠤᠯᠤᠭᠰᠠᠨ ᠦᠷ᠎ᠡ ᠪᠦᠳᠦᠭᠡᠯ ᠢ ᠪᠠᠬᠢᠵᠢᠬᠦᠯᠬᠦ ᠪᠠ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠶᠢ | ᠪᠦᠲᠦᠮᠵᠢᠲᠡᠶ ᠵᠣᠯᠭᠠᠭᠤᠯᠬᠤ 40 ᠲᠥᠷᠥᠯ ᠵᠦᠢᠯ ᠢ ᠬᠡᠷᠡᠭᠵᠢᠬᠦᠯᠦᠨ᠂ ᠪᠦᠬᠦ ᠠᠵᠢᠯ ᠤᠨ 97.5% ᠶᠢ ᠲᠠᠭᠤᠰᠬᠠᠪᠠ᠃ | 1439.2 ᠲᠦᠮᠡᠨ ᠲᠥᠭᠦᠷᠢᠭ ᠤᠨ ᠶᠠᠳᠠᠭᠤ ᠶᠢ ᠲᠡᠳᠬᠦᠬᠦ ᠪᠠᠭ᠎ᠠ ᠬᠡᠮᠵᠢᠶᠡᠨ ᠤ ᠵᠢᠭᠡᠯᠡᠯᠭᠡ ᠣᠯᠭᠤᠵᠤ᠂ 2123 | ᠬᠥᠮᠥᠨ ᠤ ᠬᠥᠮᠥᠨ ᠪᠦᠷᠢ ᠳᠤ 80 ᠲᠥᠭᠦᠷᠢᠭ ᠤᠨ ᠶᠠᠳᠠᠭᠤᠷᠠᠬᠤ ᠶᠢ ᠰᠡᠷᠭᠡᠶᠢᠯᠡᠬᠦ ᠳᠠᠭᠠᠳᠬᠠᠯ ᠢ ᠤᠷᠤᠯᠠᠨ ᠲᠤᠰᠢᠶᠠᠵᠤ᠂ | ᠮᠠᠯᠵᠢᠬᠤ ᠣᠷᠣᠨ ᠤ 11 ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠪᠠ᠃ ᠬᠠᠮᠤᠭ ᠨᠠᠭᠠᠲᠤ | ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠥᠰ ᠤᠨ ᠨᠥᠬᠦᠪᠦᠷᠢ᠂ ᠵᠡᠮᠳᠡᠭᠴᠦᠳ ᠤᠨ ᠬᠤᠶᠠᠷ | ᠲᠥᠷᠦᠯ ᠤᠨ ᠨᠦᠬᠦᠪᠦᠷᠢ᠂ ᠭᠡᠷ ᠲᠦᠷᠢᠶᠡᠰᠦᠯᠡᠬᠦ ᠨᠦᠬᠦᠪᠦᠷᠢ ᠵᠡᠷᠭᠡ ᠠᠷᠠᠳ ᠤᠨ ᠠᠮᠢᠳᠤᠷᠠᠯ ᠤᠨ ᠠᠪᠤᠷᠠᠨ ᠲᠤᠰᠠᠯᠠᠬᠤ | ᠪᠡᠯᠡ ᠮᠦᠩᠬᠦ 1730 ᠲᠦᠮᠡᠨ ᠲᠦᠬᠦᠷᠢᠭ ᠪᠠᠭᠤᠯᠭᠠᠵᠤ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ | ᠳᠠᠭᠠᠳᠬᠠᠯ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠠᠯ᠂ ᠬᠤᠲᠠ ᠪᠠᠯᠭᠠᠰᠤᠨ ᠤ | ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ | ᠡᠮᠨᠡᠯᠭᠡ ᠶᠢᠨ ᠳᠠᠭᠠᠳᠬᠠᠯ ᠳᠤ ᠣᠷᠤᠯᠴᠠᠬᠤ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠬᠠᠰᠢᠶᠠᠲᠤ ᠨᠡᠶᠢᠭᠡᠮ | ᠲᠣᠭᠤᠷᠢᠭ᠂ ᠴᠡᠩᠭᠡᠯ ᠨᠡᠶᠢᠭᠡᠮ ᠲᠣᠭᠤᠷᠢᠭ ᠲᠤ ᠨᠠᠰᠤᠲᠠᠶᠢᠴᠤᠳ ᠢ ᠠᠰᠠᠷᠠᠨ ᠰᠣᠪᠢᠯᠠᠬᠤ ᠦᠢᠯᠡᠴᠢᠯᠡᠭᠡᠨ ᠤ ᠥᠷᠲᠡᠭᠡ ᠶᠢ | ᠪᠠᠶᠢᠭᠤᠯᠪᠠ᠃ ᠦᠷᠢ ᠥᠭᠴᠡᠭᠡ ᠶᠢ ᠴᠡᠪᠡᠷᠯᠡᠨ᠂ ᠴᠠᠯᠢᠩ ᠢ ᠪᠠᠲᠤᠯᠠᠬᠤ ᠠᠵᠢᠯ ᠢ ᠰᠠᠶᠢᠳᠤᠷ ᠬᠢᠵᠤ᠂ ᠮᠠᠯᠴᠢᠨ ᠲᠠᠷᠢᠶᠠᠴᠢᠨ | ᠬᠦᠴᠦ ᠶᠠᠪᠤᠭᠰᠠᠳ ᠲᠤ ᠴᠠᠯᠢᠩ ᠥᠷᠢᠲᠦᠵᠦ ᠤᠳᠠᠭᠠᠰᠢᠷᠠᠭᠤᠯᠤᠭᠰᠠᠨ ᠪᠠᠶᠢᠳᠠᠯ ᠡᠭᠦᠰᠦᠭᠰᠡᠨ ᠦᠭᠡᠢ᠃ 4844 ᠲᠣᠨ | ᠳᠤᠯᠠᠭᠠᠯᠭ᠎ᠠ ᠶᠢ ᠪᠠᠲᠤᠯᠠᠬᠤ ᠴᠢᠨᠠᠷ ᠰᠠᠶᠢᠲᠠᠢ ᠨᠡᠭᠦᠷᠡᠰᠦ ᠲᠡᠭᠡᠭᠡᠪᠦᠷᠢᠯᠡᠨ ᠠᠪᠴᠢᠷᠠᠵᠤ᠂ ᠬᠤᠲᠠ ᠬᠦᠳᠡᠭᠡ ᠶᠢᠨ 3028 | ᠡᠷᠦᠬᠡ ᠳᠤ ᠠᠰᠢᠭ ᠬᠦᠷᠲᠡᠭᠡᠪᠡ᠃ | ︵ᠳᠣᠯᠤᠭ᠎ᠠ︶ ᠨᠡᠶᠢᠭᠡᠮ ᠤᠨ ᠠᠵᠢᠯ ᠦᠢᠯᠡᠰ ᠲᠡᠩᠴᠡᠭᠦᠷᠢᠲᠡᠢ ᠬᠦᠭᠵᠢᠪᠡ᠃ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠱᠠᠲᠤᠨ ᠤ ᠰᠤᠷᠤᠭᠴᠢᠳ ᠤᠨ ᠬᠡᠪ ᠴᠢᠨᠠᠷ ᠤᠨ ᠰᠤᠷᠭᠠᠨ ᠬᠥᠮᠦᠵᠢᠯ ᠤᠨ ᠬᠢᠷᠢ ᠲᠥᠪᠰᠢᠨ ᠢ | ᠳᠡᠭᠡᠭᠰᠢᠯᠡᠬᠦᠯᠵᠦ᠂ ᠤᠯᠤᠰ ᠤᠨ ᠬᠤᠰᠢᠭᠤ ᠰᠢᠶᠠᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠢ | ᠬᠥᠭᠵᠢᠯᠲᠡ ᠶᠢ ᠦᠨᠡᠯᠡᠨ ᠵᠢᠱᠢᠬᠦ ᠡᠯ᠎ᠡ ᠲᠥᠷᠦᠯ ᠤᠨ ᠪᠡᠯᠡᠳᠬᠡᠯ ᠠᠵᠢᠯ ᠢ ᠴᠢᠨᠠᠷ ᠰᠠᠶᠢᠲᠠᠢ ᠪᠡᠶᠡᠯᠡᠬᠦᠯᠪᠡ᠃ ᠪᠠᠭᠰᠢ ᠶᠢᠨ | ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ 19 ᠨᠡᠷ᠎ᠡ ᠪᠠᠭᠰᠢ ᠨᠦᠬᠦᠵᠦ ᠡᠯᠰᠡᠪᠡ᠃ ᠬᠤᠶᠠᠳᠤᠭᠠᠷ ᠬᠡᠦᠬᠡᠳ ᠤᠨ | ᠴᠡᠴᠡᠷᠯᠢᠭ ᠤᠨ ᠰᠤᠷᠭᠠᠭᠤᠯᠢ ᠶᠢᠨ ᠬᠦᠷᠢᠶ᠎ᠡ ᠶᠢᠨ ᠦᠷᠭᠡᠳᠭᠡᠨ ᠪᠠᠶᠢᠭᠤᠯᠤᠯᠲᠠ᠂ ᠬᠤᠶᠠᠳᠤᠭᠠᠷ ᠪᠠᠭ᠎ᠠ ᠰᠤᠷᠭᠠᠭᠤᠯᠢ ᠶᠢᠨ | ᠪᠡᠶ᠎ᠡ ᠶᠢᠨ ᠲᠠᠮᠢᠷ ᠤᠨ ᠣᠷᠳᠣᠨ ᠪᠠ ᠶᠡᠷᠦᠩᠬᠡᠶᠢᠯᠡᠭᠰᠡᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠲᠤᠷᠰᠢᠯᠲᠠ ᠶᠢᠨ | ᠠᠰᠠᠷ ᠢ ᠪᠠᠶᠢᠭᠤᠯᠵᠤ ᠲᠠᠭᠤᠰᠬᠠᠨ ᠠᠰᠢᠭᠯᠠᠯᠲᠠ ᠳᠤ ᠤᠷᠤᠭᠤᠯᠪᠠ᠃ ᠨᠠᠢᠮᠠᠨ ᠮᠤᠵᠢ ᠣᠷᠣᠨ ᠤ ᠬᠤᠶᠠᠳᠤᠭᠠᠷ | ᠬᠤᠭᠤᠴᠠᠭᠠᠨ ᠤ ︽ᠠᠰᠤᠷᠤ ᠬᠤᠨᠳᠠᠭᠠᠲᠤ︾ ᠴᠠᠬᠠᠷ ᠠᠷᠠᠳ ᠤᠨ ᠲᠠᠭᠤᠨ ᠤ ᠤᠷᠤᠯᠳᠤᠭᠠᠨ᠂ ᠬᠤᠶᠠᠳᠤᠭᠠᠷ | ᠬᠤᠭᠤᠴᠠᠭᠠᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠮᠢᠷ ᠤᠨ ᠬᠦᠳᠡᠯᠭᠡᠭᠡᠨ᠂ ᠵᠢᠷᠭᠤᠳᠤᠭᠠᠷ ᠬᠤᠭᠤᠴᠠᠭᠠᠨ ᠤ | ᠠᠯᠲᠠᠨ ᠨᠠᠮᠤᠷ ᠲᠠᠯ᠎ᠠ ᠨᠤᠲᠤᠭ ᠤᠨ ᠡᠯᠪᠡᠭ ᠬᠤᠷᠢᠶᠠᠯᠲᠠ ᠶᠢᠨ ᠨᠠᠶᠢᠷ ᠵᠢᠴᠢ ᠨᠠᠢᠮᠠᠳᠤᠭᠠᠷ ᠬᠤᠭᠤᠴᠠᠭᠠᠨ ᠤ ᠴᠠᠬᠠᠷ | ᠬᠤᠨᠢᠨ ᠤ ᠨᠠᠶᠢᠷ ᠢ ᠠᠮᠵᠢᠯᠲᠠ ᠲᠠᠢ ᠡᠷᠭᠢᠯᠡᠪᠡ᠃ ︽ᠠᠰᠣᠷᠤ ᠶᠢᠨ ᠳᠠᠶᠢᠯᠠᠯᠭ᠎ᠠ ᠶᠢᠨ ᠲᠠᠭᠤᠤ︾ ︽ᠶᠤᠳᠪᠠᠢ ᠠᠰᠤᠷᠤ︾ | ᠨᠢ ᠪᠥᠬᠦ ᠣᠷᠣᠨ ᠤ ᠤᠯᠠᠭᠠᠨᠮᠥ᠋ᠴᠢᠷ ᠤᠨ ᠤᠤᠭᠠᠯ ᠰᠣᠩᠭᠤᠳᠠᠭ ᠪᠦᠲᠦᠭᠡᠯ ᠢ ᠤᠯᠠᠮᠵᠢᠯᠠᠨ ᠵᠠᠯᠭᠠᠮᠵᠢᠯᠠᠬᠤ ᠢᠨᠵᠧᠨᠧᠷᠢᠩ ᠳᠤ | ᠰᠣᠩᠭᠤᠭᠳᠠᠨ ᠤᠷᠤᠪᠠ᠃ 10 ᠨᠤᠮ ᠤᠨ ᠰᠠᠩ ᠤᠨ ᠨᠡᠬᠦᠳᠡᠯ ᠦᠢᠯᠡᠴᠢᠯᠡᠭᠡᠨ ᠤ ᠴᠡᠭ ᠪᠠᠶᠢᠭᠤᠯᠪᠠ᠃ ᠰᠣᠶᠣᠯ ᠢ | ᠲᠦᠮᠡᠨ ᠡᠷᠦᠬᠡ ᠳᠤ ᠬᠦᠷᠭᠡᠬᠦ ᠠᠵᠢᠯᠯᠠᠭ᠎ᠠ ᠶᠢ 100 ᠭᠠᠷᠤᠢ ᠲᠠᠯᠠᠪᠠᠢ ᠤᠳᠠᠭ᠎ᠠ ᠥᠷᠨᠢᠭᠦᠯᠪᠡ᠃ ᠪᠥᠬᠦ ᠣᠷᠣᠨ ᠤ | ᠠᠷᠪᠠᠳᠤᠭᠠᠷ ᠬᠤᠭᠤᠴᠠᠭᠠᠨ ᠤ 25 ᠨᠠᠰᠤᠨ ᠠᠴᠠ ᠳᠣᠷᠣᠭᠰᠢᠬᠢ ᠵᠠᠯᠠᠭᠤ ᠪᠦᠭᠡᠴᠦᠳ ᠤᠨ ᠤᠯᠠᠮᠵᠢᠯᠠᠯᠲᠤ ᠪᠠᠷᠢᠯᠳᠤᠭᠠᠨ ᠳᠤ | ᠬᠠᠮᠲᠤ ᠨᠢᠭᠡᠴᠡ ᠶᠢᠨ ᠲᠡᠷᠢᠬᠦᠨ ᠤ ᠰᠢᠯᠢᠳᠡᠭ ᠦᠷ᠎ᠡ ᠪᠦᠳᠦᠮᠵᠢ ᠣᠯᠪᠠ᠃ ᠣᠶᠤᠨ ᠤ ᠪᠤᠯᠪᠠᠰᠤᠨ ᠤ ︽ᠵᠢᠷᠭᠤᠭᠠᠨ ᠶᠡᠭᠡ︾ | ᠡᠬᠦᠳᠦᠨ ᠪᠠᠶᠢᠭᠤᠯᠤᠯᠲᠠ ᠰᠢᠨ᠎ᠡ ᠦᠷ᠎ᠡ ᠪᠦᠳᠦᠮᠵᠢ ᠣᠯᠵᠤ᠂ ᠥᠪᠡᠷᠲᠡᠭᠡᠨ ᠵᠠᠰᠠᠬᠤ ᠣᠷᠤᠨ ᠤ ᠪᠤᠯᠪᠠᠰᠤᠨ ᠬᠤᠰᠢᠭᠤᠨ ᠤ | ᠬᠢᠷᠢ ᠬᠡᠮ ᠢ ᠰᠡᠷᠭᠦᠬᠡᠵᠤ᠂ 1 ᠠᠶᠢᠮᠠᠭ ᠤᠨ ᠲᠡᠰ ᠤᠨ ᠪᠤᠯᠪᠠᠰᠤᠨ ᠰᠣᠮᠣ ᠪᠠᠯᠭᠠᠰᠤ᠂ 11 ᠠᠶᠢᠮᠠᠭ ᠤᠨ ᠲᠡᠰ ᠤᠨ | ᠪᠤᠯᠪᠠᠰᠤᠨ ᠭᠠᠴᠠᠭ᠎ᠠ᠂ 1 ᠠᠶᠢᠮᠠᠭ ᠤᠨ ᠲᠡᠰ ᠤᠨ ᠪᠤᠯᠪᠠᠰᠤᠨ ᠪᠠᠶᠢᠭᠤᠯᠭ᠎ᠠ ᠨᠢᠭᠡᠴᠡ᠂ 4 ᠠᠶᠢᠮᠠᠭ ᠤᠨ ᠲᠡᠰ ᠤᠨ | ᠪᠤᠯᠪᠠᠰᠤᠨ ᠭᠡᠷ ᠪᠦᠯᠢ ᠶᠢ ᠪᠠᠶᠢᠭᠤᠯᠪᠠ᠃ ᠠᠷᠠᠳ ᠤᠨ ᠡᠮᠨᠡᠯᠭᠡ ᠶᠢᠨ ᠬᠤᠷᠢᠶ᠎ᠠ᠂ ᠮᠣᠩᠭᠤᠯ ᠡᠮᠨᠡᠯᠭᠡ ᠶᠢᠨ ᠬᠤᠷᠢᠶ᠎ᠠ ᠨᠢ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠴᠢᠨᠠᠷ ᠰᠠᠶᠢᠲᠠᠢ ᠬᠥᠭᠵᠢᠯᠲᠡ ᠶᠢᠨ ᠲᠤᠷᠰᠢᠯᠲᠠ ᠶᠢᠨ ᠴᠡᠭ ᠤᠨ | ᠠᠵᠢᠯ ᠢ ᠥᠷᠨᠢᠬᠦᠯᠵᠦ᠂ ᠰᠢᠨ᠎ᠡ ᠪᠠᠷ ᠪᠠᠶᠢᠭᠤᠯᠤᠭᠰᠠᠨ ᠮᠤᠩᠭᠤᠯ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠮᠡᠷᠭᠡᠵᠢᠯ ᠤᠨ | ᠠᠰᠠᠷ ᠤᠨ ᠲᠥᠷᠦᠯ ᠵᠦᠢᠯ ᠪᠠ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ | ᠶᠡᠷᠦᠩᠬᠡᠶᠢᠯᠡᠭᠰᠡᠨ ᠠᠰᠠᠷ ᠢ ᠦᠭᠡᠷᠡᠴᠢᠯᠡᠨ ᠵᠠᠰᠠᠬᠤ ᠲᠥᠷᠦᠯ ᠵᠦᠢᠯ ᠤᠨ ᠭᠤᠣᠯ ᠴᠣᠭᠴᠠ ᠶᠢᠨ ᠪᠦᠳᠦᠴᠡ ᠶᠢ ᠪᠠᠶᠢᠭᠤᠯᠵᠤ | ᠳᠠᠭᠤᠰᠬᠠᠨ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠬᠡᠭᠡᠷ᠎ᠡ ᠭᠠᠳᠠᠨ᠎ᠠ ᠬᠤᠯᠤᠭᠠᠨ᠎ᠠ ᠬᠢᠵᠢᠭ ᠢ ᠬᠢᠨᠠᠨ | ᠬᠡᠮᠵᠢᠬᠦ ᠦᠷᠳᠡᠭᠡ᠂ ᠠᠷᠠᠳ ᠤᠨ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ | ᠲᠣᠭᠤᠷᠢᠭ ᠢ ᠥᠭᠡᠷᠡᠴᠢᠯᠡᠨ ᠪᠠᠶᠢᠭᠤᠯᠵᠤ ᠠᠰᠢᠭᠯᠠᠯᠲᠠ ᠳᠤ ᠣᠷᠣᠭᠤᠯᠪᠠ᠃ ᠪᠦᠬᠦ ᠬᠤᠰᠢᠭᠤᠨ ᠤ ᠦᠷᠭᠡᠨ ᠣᠯᠠᠨ ᠺᠠᠳ᠋ᠷ | ᠠᠵᠢᠯᠲᠠᠨ᠂ ᠠᠷᠠᠳ ᠲᠦᠮᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠲᠥᠷᠦᠯ ᠤᠨ ᠠᠷᠭ᠎ᠠ ᠬᠡᠮᠵᠢᠶ᠎ᠡ ᠶᠢ | ᠬᠢᠨᠠᠮᠠᠭᠠᠢ ᠨᠠᠶᠢᠳᠠᠪᠦᠷᠢᠵᠢᠭᠤᠯᠵᠤ᠂ ᠰᠢᠷᠭᠠᠭᠤ ᠲᠡᠮᠡᠴᠡᠵᠦ᠂ ᠰᠢᠨ᠎ᠡ ᠲᠢᠳᠢᠮᠯᠢᠭ ᠸᠢᠷᠦ᠋ᠰ ᠤᠨ ᠬᠢᠵᠢᠭ ᠤᠨ ᠪᠠᠶᠢᠳᠠᠯ ᠢ | ᠪᠦᠳᠦᠮᠵᠢᠳᠡᠢ ᠠᠷᠭᠠᠴᠠᠭᠠᠪᠠ᠃ 65 ᠨᠠᠰᠤᠨ ᠠᠴᠠ ᠳᠡᠭᠡᠭᠰᠢᠬᠢ ᠨᠠᠰᠤᠳᠠᠶᠢᠴᠤᠳ ᠲᠤ ᠦᠨᠳᠦᠰᠦᠨ ᠡᠮ ᠡᠮᠨᠡᠯᠭᠡ ᠶᠢᠨ | ᠦᠢᠯᠡᠴᠢᠯᠡᠭᠡ ᠬᠠᠩᠭᠠᠵᠤ᠂ 410 ᠨᠡᠷ᠎ᠡ ᠬᠠᠭᠤᠴᠢᠨ ᠠᠷᠬᠠᠭ ᠡᠪᠡᠳᠴᠢᠨ ᠲᠠᠢ ᠭᠤᠣᠯᠳᠠᠯᠭ᠎ᠠ ᠲᠠᠢ ᠨᠠᠰᠤᠳᠠᠶᠢᠴᠦᠳ ᠲᠤ | ᠡᠮ ᠡᠮᠴᠢᠯᠡᠭᠡ ᠬᠦᠷᠭᠡᠬᠦ ᠦᠢᠯᠡᠴᠢᠯᠡᠭᠡ ᠬᠠᠩᠭᠠᠨ᠂ ᠬᠦᠨᠳᠦ ᠡᠪᠡᠳᠴᠢᠨ ᠣᠯᠬᠤ ᠶᠢ ᠪᠦᠳᠦᠮᠵᠢᠳᠡᠢ ᠰᠡᠷᠭᠡᠶᠢᠯᠡᠪᠡ᠃ | ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠪᠠ ᠪᠤᠰᠤᠳ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ | ᠠᠵᠢᠯ ᠢ ᠨᠢᠭᠡᠳᠦᠯᠲᠡᠢ ᠲᠥᠯᠦᠪᠵᠢᠬᠦᠯᠦᠨ ᠰᠠᠶᠢᠲᠤᠷ ᠬᠢᠪᠡ᠃ ᠮᠠᠯᠴᠢᠳ ᠤᠨ ᠤᠳᠠᠭᠠᠨ ᠴᠢᠨᠠᠷᠲᠠᠢ ᠡᠪᠡᠳᠴᠢᠨ ᠤ | ᠦᠢᠯᠡᠴᠢᠯᠡᠭᠡ ᠶᠢ ᠳᠡᠭᠡᠭᠰᠢᠯᠡᠭᠦᠯᠬᠦ ᠲᠥᠷᠥᠯ ᠵᠦᠢᠯ ᠢᠶᠠᠷ ᠪᠥᠬᠦ ᠬᠤᠰᠢᠭᠤᠨ ᠤ 1956 ᠴᠢᠰᠤᠨ ᠳᠠᠷᠤᠯᠲᠠ ᠥᠨᠳᠥᠷ | ᠡᠪᠡᠳᠴᠢᠲᠡᠨ ᠳᠤ ᠠᠰᠢᠭ ᠬᠦᠷᠳᠡᠭᠡᠪᠠ᠃ 651 ᠨᠡᠷ᠎ᠡ ᠴᠡᠷᠢᠭ ᠠᠴᠠ ᠬᠠᠯᠠᠭᠳᠠᠭᠰᠠᠳ ᠲᠤ ᠬᠠᠷᠠᠭᠠᠯᠵᠠᠯ ᠤᠨ ᠦᠨᠡᠮᠯᠡᠯ | ᠣᠯᠭᠤᠵᠤ᠂ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠶᠢ ᠵᠠᠰᠠᠨ ᠰᠡᠯᠪᠢᠪᠡ᠃ ᠪᠣᠭᠳᠠ ᠶᠢᠨ ᠭᠤᠣᠯ᠂ | ᠤᠯᠠᠭᠠᠨᠲᠤᠭ ᠤᠨ ᠤᠯᠤᠰ ᠤᠨ ᠴᠠᠭ ᠠᠭᠤᠷ ᠤᠨ ᠠᠵᠢᠭᠯᠠᠯᠲᠠ ᠶᠢᠨ ᠥᠷᠲᠡᠭᠡ ᠶᠢ ᠲᠠᠰ ᠳᠡᠪᠰᠢᠭᠦᠯᠦᠨ ᠪᠠᠶᠢᠭᠤᠯᠪᠠ᠃ | ᠤᠷᠤᠰᠢᠭᠤᠯᠭ᠎ᠠ ᠶᠢᠨ ᠦᠭᠡᠷᠡᠴᠢᠯᠡᠯᠲᠡ ᠶᠢ ᠲᠦᠷᠭᠡᠳᠬᠡᠵᠦ᠂ ᠨᠡᠶᠢᠲᠡ ᠶᠢᠨ ᠤᠩᠭᠤᠨ ᠪᠠ ᠣᠷᠣᠰᠢᠭᠤᠯᠭ᠎ᠠ ᠶᠢᠨ ᠭᠠᠵᠠᠷ ᠤᠨ | ᠪᠦᠲᠦᠭᠡᠨ ᠪᠠᠶᠢᠭᠤᠯᠤᠯᠲᠠ ᠶᠢᠨ ᠲᠥᠷᠦᠯ ᠵᠦᠢᠯ ᠢ ᠪᠠᠶᠢᠭᠤᠯᠵᠤ ᠲᠠᠭᠤᠰᠬᠠᠪᠠ᠃ | ︵ᠨᠠᠢᠮᠠ︶ ᠨᠡᠶᠢᠭᠡᠮ ᠤᠨ ᠪᠠᠶᠢᠳᠠᠯ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠬᠦᠭᠵᠢᠪᠡ᠃ ︽ᠪᠥᠬᠦ | ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ︾ ᠶᠢ ᠡᠭᠦᠳᠦᠨ ᠪᠠᠶᠢᠭᠤᠯᠬᠤ | ᠠᠵᠢᠯ ᠢ ᠪᠥᠬᠦ ᠲᠠᠯ᠎ᠠ ᠪᠠᠷ ᠠᠬᠢᠭᠤᠯᠵᠤ᠂ 1 ᠥᠪᠡᠷᠲᠡᠭᠡᠨ ᠵᠠᠰᠠᠬᠤ ᠣᠷᠣᠨ ᠤ ᠲᠡᠰ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶᠡᠴᠢ ᠬᠠᠮᠲᠤ ᠨᠡᠶᠢᠲᠡ᠂ 1 ᠪᠥᠬᠦ ᠣᠷᠣᠨ ᠤ ᠳᠣᠯᠣᠳᠤᠭᠠᠷ ᠪᠦᠯᠦᠭ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ᠂ 2 ᠠᠶᠢᠮᠠᠭ ᠤᠨ ᠲᠡᠰ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶᠡᠴᠢ ᠬᠠᠮᠲᠤ ᠨᠡᠶᠢᠲᠡ ᠶᠢ ᠪᠠᠶᠢᠭᠤᠯᠵᠤ᠂ 2 ᠬᠦᠮᠦᠨ ᠪᠦᠬᠦ ᠠᠶᠢᠮᠠᠭ ᠤᠨ ᠦᠨᠳᠦᠰᠦᠳᠡᠨ ᠤ | ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠤᠪᠢ ᠬᠦᠮᠦᠨ ᠢᠶᠠᠷ ᠴᠣᠯᠠᠯᠠᠭᠳᠠᠪᠠ᠃〈ᠬᠡᠨ ᠬᠠᠤᠯᠢ ᠬᠡᠷᠡᠭᠵᠢᠭᠦᠯᠪᠡᠯ ᠲᠡᠷᠡ | ᠬᠠᠤᠯᠢ ᠲᠦᠭᠡᠮᠡᠯᠵᠢᠭᠦᠯᠬᠦ〉ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠳᠦᠷᠢᠮ ᠤᠨ ᠨᠠᠷᠢᠨ ᠲᠠᠩᠰᠠ ᠶᠢ ᠪᠥᠬᠦ | ᠲᠠᠯ᠎ᠠ ᠪᠠᠷ ᠬᠡᠷᠡᠭᠵᠢᠬᠦᠯᠦᠨ᠂ ︽ᠬᠠᠤᠯᠢ ᠴᠠᠭᠠᠵᠠ ᠶᠢᠨ ᠵᠢᠷᠭᠤᠭ᠎ᠠ ᠶᠢ ᠠᠬᠢᠭᠤᠯᠬᠤ︾ ᠠᠵᠢᠯᠯᠠᠭ᠎ᠠ ᠶᠢ ᠴᠢᠨᠠᠷ ᠰᠠᠶᠢᠲᠠᠢ | ᠥᠷᠨᠢᠬᠦᠯᠪᠡ᠃ ᠵᠥᠷᠢᠴᠡᠯ ᠵᠢᠭᠤᠷᠠᠭᠠᠨ ᠢ ᠡᠶᠡᠳᠡᠭᠦᠯᠦᠨ ᠰᠢᠢᠳᠪᠦᠷᠢᠯᠡᠬᠦ ᠲᠥᠪ ᠢ ᠪᠠᠶᠢᠭᠤᠯᠤᠨ᠂ ᠨᠡᠶᠢᠭᠡᠮ ᠤᠨ | ᠵᠠᠰᠠᠯᠲᠠ ᠶᠢᠨ ᠭᠤᠷᠪᠠᠨ ᠱᠠᠲᠤ ᠪᠠᠷ ᠳᠠᠭᠠᠭᠠᠴᠢᠯᠠᠨ ᠬᠤᠯᠪᠤᠭᠠᠯᠠᠵᠤ᠂ ᠲᠠᠪᠤᠨ ᠱᠠᠲᠤ ᠪᠠᠷ ᠦᠢᠯᠡᠴᠢᠯᠡᠬᠦ ᠲᠣᠣᠷᠴᠢᠯᠠᠭᠰᠠᠨ | ᠰᠢᠰᠲ᠋ᠧᠮ ᠢ ᠰᠢᠯᠢᠳᠡᠭᠵᠢᠬᠦᠯᠦᠨ᠂ 283 ᠬᠤᠪᠢ ᠵᠥᠷᠢᠴᠡᠯ ᠵᠢᠭᠤᠷᠠᠭᠠᠨ ᠢ ᠡᠶᠡᠳᠡᠭᠦᠯᠵᠦ᠂ ᠡᠶᠡᠳᠡᠬᠦᠯᠦᠨ | ᠰᠢᠢᠳᠪᠦᠷᠢᠯᠡᠭᠰᠡᠨ ᠨᠣᠷᠮ᠎ᠠ 97% ᠳᠤ ᠬᠦᠷᠪᠡ᠃ ︽ᠳᠠᠷᠤᠭᠳᠠᠮᠠᠯ ᠬᠡᠷᠡᠭ ᠢ ᠰᠢᠢᠳᠪᠦᠷᠢᠯᠡᠬᠦ᠂ ᠵᠠᠬᠢᠳᠠᠯ | ᠰᠣᠷᠪᠤᠯᠵᠢᠯᠠᠭ᠎ᠠ ᠶᠢ ᠴᠡᠭᠴᠡᠯᠡᠬᠦ᠂ ᠲᠣᠭᠲᠠᠭᠤᠨ ᠪᠠᠶᠢᠳᠠᠯ ᠢ ᠠᠬᠢᠭᠤᠯᠬᠤ︾ ᠲᠤᠰᠬᠠᠢ ᠠᠵᠢᠯᠯᠠᠭ᠎ᠠ ᠶᠢ ᠯᠠᠪᠳᠠᠭᠤᠨ ᠪᠠᠲᠤᠲᠠᠢ | ᠥᠷᠨᠢᠭᠦᠯᠵᠦ᠂ 7 ᠬᠤᠪᠢ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ᠪᠦᠬᠦᠨ ᠢ ᠰᠢᠢᠳᠪᠦᠷᠢᠯᠡᠪᠡ᠃ ᠬᠠᠤᠯᠢ | ᠵᠥᠷᠢᠴᠡᠭᠰᠡᠨ ᠡᠯ᠎ᠡ ᠵᠦᠢᠯ ᠤᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠳᠡᠯᠪᠡᠷᠡᠬᠦ ᠠᠶᠤᠯ ᠲᠠᠢ ᠡᠳ᠋ | ᠪᠣᠳᠠᠰ ᠤᠨ ᠬᠠᠮᠢᠶᠠᠷᠤᠯᠲᠠ ᠶᠢ ᠴᠢᠩᠭᠠᠳᠬᠠᠨ᠂ ᠵᠠᠮ ᠬᠠᠷᠢᠯᠴᠠᠭᠠᠨ ᠤ ᠡᠮᠬᠢ ᠲᠢᠭᠯᠢᠮ ᠢ ᠴᠡᠭᠴᠡᠯᠡᠨ ᠵᠠᠰᠠᠵᠤ᠂ ᠨᠡᠶᠢᠭᠡᠮ ᠤᠨ | ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠪᠠᠲᠤᠯᠠᠪᠠ᠃ ᠵᠠᠯᠭᠠᠪᠠᠷ ᠲᠠᠪᠤᠨ ᠵᠢᠯ ᠠᠮᠢᠨ ᠬᠡᠷᠡᠭ ᠭᠠᠷᠤᠭᠰᠠᠨ ᠦᠭᠡᠢ᠃ ︽ | ᠠᠮᠤᠭᠤᠯᠠᠩ ᠬᠤᠲᠠ︾ ᠶᠢᠨ ᠲᠥᠷᠦᠯ ᠵᠦᠢᠯ ᠨᠢ ᠦᠨᠡᠯᠡᠨ ᠰᠢᠯᠭᠠᠯᠲᠠ ᠶᠢ ᠦᠩᠭᠡᠷᠡᠭᠡᠵᠦ᠂ ︽ᠣᠶᠤᠨᠲᠤ ᠳᠣᠲᠣᠭᠠᠳᠤ ᠶᠢ | ᠬᠠᠮᠠᠭᠠᠯᠠᠬᠤ︾ ᠪᠠᠶᠢᠭᠤᠯᠤᠯᠲᠠ ᠶᠢ ᠲᠦᠷᠭᠡᠳᠬᠡᠨ ᠠᠬᠢᠭᠤᠯᠪᠠ᠃ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠳᠡᠭᠡᠳᠦ | ᠬᠡᠮᠵᠢᠶ᠎ᠡ ᠪᠠᠷ ᠠᠩᠬᠠᠷᠴᠤ᠂ ᠲᠣᠣᠷᠴᠢᠯᠠᠭᠰᠠᠨ ᠬᠠᠮᠢᠶᠠᠷᠤᠯᠲᠠ ᠡᠵᠡᠮᠳᠡᠯ ᠢ ᠴᠢᠩᠭᠠᠳᠬᠠᠪᠠ᠃ 12345 ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠤᠲᠠᠰᠤ ᠶᠢ ᠰᠠᠶᠢᠲᠤᠷ ᠠᠵᠢᠯᠯᠠᠭᠤᠯᠤᠨ᠂ ᠠᠵᠤ ᠠᠬᠤᠶᠢᠯᠠᠯ᠂ ᠤᠯᠠᠨ ᠲᠦᠮᠡᠨ ᠤ ᠬᠦᠰᠡᠯ | ᠱᠠᠭᠠᠷᠳᠠᠯᠭ᠎ᠠ ᠳᠤ ᠴᠠᠭ ᠲᠤᠬᠠᠢ ᠳᠤᠨᠢ ᠬᠠᠷᠢᠭᠤᠯᠲᠠ ᠥᠭᠬᠦ ᠶᠢ ᠪᠠᠲᠤᠯᠠᠪᠠ᠃ ᠠᠶᠤᠯᠭᠦᠢ ᠦᠢᠯᠡᠳᠪᠦᠷᠢᠯᠡᠯ ᠢ ᠲᠤᠰᠬᠠᠢ | ᠴᠡᠭᠴᠡᠯᠡᠨ ᠰᠠᠶᠢᠵᠢᠷᠠᠭᠤᠯᠬᠤ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠠᠬᠢᠭᠤᠯᠵᠤ᠂ 2022 ᠣᠨ ᠤ ᠨᠠᠮ | ᠵᠠᠰᠠᠭ ᠤᠨ ᠤᠳᠤᠷᠢᠳᠬᠤ ᠺᠠᠳ᠋ᠷ ᠤᠨ ᠠᠶᠤᠯᠬᠦᠢ ᠦᠢᠯᠡᠳᠪᠦᠷᠢᠯᠡᠯ ᠤᠨ ᠡᠭᠦᠷᠭᠡ ᠬᠠᠷᠢᠭᠤᠴᠠᠯᠭ᠎ᠠ ᠶᠢᠨ ᠨᠠᠷᠢᠨ ᠳᠠᠩᠰᠠ ᠶᠢ | ᠳᠠᠷᠤᠮᠠᠯᠯᠠᠨ ᠲᠠᠷᠬᠠᠭᠠᠵᠤ᠂ ︽ᠬᠥᠪᠡᠭᠡᠲᠦ ᠰᠢᠷ᠎ᠠ ᠬᠤᠰᠢᠭᠤᠨ ᠤ ᠡᠯ᠎ᠡ ᠰᠠᠯᠠᠭ᠎ᠠ ᠮᠥᠴᠢᠷ ᠪᠣᠯᠣᠨ ᠪᠠᠶᠢᠭᠤᠯᠭ᠎ᠠ ᠨᠢᠭᠡᠴᠡ ᠶᠢᠨ | ᠠᠶᠤᠯᠬᠦᠢ ᠦᠢᠯᠡᠳᠪᠦᠷᠢᠯᠡᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ︾ ᠳᠤ ᠵᠠᠰᠠᠪᠤᠷᠢ ᠣᠷᠤᠭᠤᠯᠤᠨ᠂ | ︽1+N︾ ᠬᠠᠤᠯᠢ ᠬᠡᠷᠡᠭᠵᠢᠭᠦᠯᠬᠦ ᠲᠣᠭᠲᠠᠴᠠ ᠶᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠠᠰᠠᠭᠤᠳᠠᠯ ᠤᠨ ᠬᠡᠮ | ᠰᠤᠭᠤᠭ ᠲᠤ ᠡᠬᠡ ᠲᠠᠩᠰᠠ ᠪᠠᠶᠢᠭᠤᠯᠤᠨ᠂ ᠴᠡᠭᠴᠡᠯᠡᠨ ᠰᠠᠶᠢᠵᠢᠷᠠᠭᠤᠯᠬᠤ ᠶᠢ ᠠᠩᠬᠠᠷᠴᠤ᠂ ᠪᠠᠶᠠᠨᠲᠠᠯ᠎ᠠ ᠶᠡᠷᠦᠩᠬᠡᠶᠢᠯᠡᠭᠰᠡᠨ | ᠪᠠᠴᠢᠮ ᠪᠠᠶᠢᠳᠠᠯ ᠢ ᠠᠷᠭᠠᠴᠠᠭᠠᠬᠤ ᠪᠠ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠩᠭᠢ ᠶᠢ ᠵᠣᠬᠢᠶᠠᠨ ᠪᠠᠶᠢᠭᠤᠯᠵᠤ᠂ | ᠠᠶᠤᠯᠬᠦᠢ ᠦᠢᠯᠡᠳᠪᠦᠷᠢᠯᠡᠯ ᠤᠨ ᠪᠠᠶᠢᠳᠠᠯ ᠤᠨ ᠲᠤᠭᠲᠠᠭᠤᠨ ᠢ ᠪᠠᠲᠤᠯᠠᠪᠠ᠃ ᠥᠪᠡᠷᠰᠡᠳ ᠢᠶᠠᠨ ᠪᠠᠷᠢᠭᠰᠠᠨ ᠭᠡᠷ | ᠪᠠᠶᠢᠰᠢᠩ ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ | ᠴᠢᠨᠠᠷ ᠰᠠᠶᠢᠲᠠᠢ ᠪᠡᠶᠡᠯᠡᠭᠦᠯᠪᠡ᠃ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠨ | ᠂ ᠲᠤᠰᠬᠠᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠶᠠᠰᠤ ᠴᠢᠨᠠᠷ ᠢᠶᠠᠷ ᠬᠤᠰᠢᠭᠤ ᠪᠠᠨ ᠬᠦᠴᠦᠷᠬᠡᠭᠵᠢᠭᠦᠯᠬᠦ | ᠠᠵᠢᠯᠯᠠᠭ᠎ᠠ ᠶᠢ ᠠᠬᠢᠭᠤᠯᠵᠤ᠂ ᠴᠢᠨᠠᠷ ᠰᠠᠶᠢᠲᠠᠢ ᠬᠡᠷᠡᠭᠯᠡᠭᠡᠨ ᠤ ᠣᠷᠴᠢᠨ ᠲᠣᠭᠤᠷᠢᠨ ᠢ ᠪᠣᠶ ᠪᠣᠯᠭᠠᠪᠠ᠃ ᠢᠳᠡᠭᠡᠨ ᠤ | ᠦᠢᠯᠡᠰ ᠤᠨ ᠠᠵᠢᠯ ᠲᠥᠷᠦᠯ ᠤᠨ ︽ᠬᠤᠶᠠᠷ ᠬᠠᠷᠢᠭᠤᠴᠠᠯᠭ᠎ᠠ︾ ᠶᠢᠨ ᠪᠦᠷᠢᠨ ᠬᠠᠮᠤᠷᠠᠭᠰᠠᠨ ᠠᠩᠬᠠᠨ ᠤ ᠡᠭᠡᠯᠵᠢ ᠶᠢᠨ | ᠱᠠᠭᠠᠷᠳᠠᠨ ᠵᠢᠯᠤᠭᠤᠳᠤᠯᠭ᠎ᠠ ᠶᠢ ᠬᠦᠢᠴᠡᠳᠭᠡᠵᠦ᠂ ᠢᠳᠡᠭᠡᠨ ᠤ ᠵᠦᠢᠯᠡᠰ ᠡᠮ ᠤᠨ ᠵᠦᠢᠯᠡᠰ ᠤᠨ ᠠᠮᠤᠷ ᠲᠥᠪᠰᠢᠨ ᠤ | ᠪᠠᠶᠢᠴᠠᠭᠠᠯᠲᠠ ᠶᠢ ᠭᠦᠨᠵᠡᠭᠡᠢ ᠥᠷᠨᠢᠭᠦᠯᠵᠦ᠂ ᠪᠠᠶᠢᠴᠠᠭᠠᠬᠤ ᠤᠳᠠᠭ᠎ᠠ ᠲᠠᠪᠳᠠᠮᠵᠢ ᠪᠠᠨ ᠨᠡᠮᠡᠭᠳᠡᠬᠦᠯᠦᠨ᠂ ᠤᠯᠠᠨ ᠲᠦᠮᠡᠨ ᠤ | ᠢᠳᠡᠭᠡᠨ ᠤᠮᠳᠠᠭᠠᠨ ᠡᠮ ᠤᠨ ᠵᠦᠢᠯᠡᠰ ᠤᠨ ᠠᠮᠤᠷ ᠲᠦᠪᠰᠢᠨ ᠢ ᠦᠨᠡᠨᠬᠦ ᠪᠠᠲᠤᠯᠠᠪᠠ᠃ | ︵ᠶᠢᠰᠦ︶ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠪᠠ᠃ | ᠲᠥᠪ ᠤᠨ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠤᠯᠤᠰ ᠲᠥᠷᠥ ᠶᠢᠨ ᠰᠠᠬᠢᠯᠭ᠎ᠠ ᠪᠠᠲᠤ ᠪᠠ ᠳᠦᠷᠢᠮ ᠲᠤᠭᠲᠠᠭᠠᠯ ᠢ | ᠴᠢᠩᠭ᠎ᠠ ᠰᠠᠬᠢᠪᠠ᠃ ᠨᠠᠮ ᠤᠨ ᠰᠤᠷᠲᠠᠯ ᠪᠠ ᠴᠢᠬᠡᠴᠢ ᠵᠠᠰᠠᠭ ᠤᠨ ᠪᠠᠶᠢᠭᠤᠯᠤᠯᠲᠠ ᠶᠢᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠲᠥᠪ ᠤᠨ ︽ᠨᠠᠢᠮᠠᠨ ᠵᠤᠷᠪᠤᠰ ᠲᠣᠭᠲᠠᠭᠠᠯ︾ ᠵᠢᠴᠢ ᠬᠡᠷᠡᠭᠵᠢᠭᠦᠯᠬᠦ | ᠨᠠᠷᠢᠨ ᠳᠦᠷᠢᠮ ᠤᠨ ᠵᠣᠷᠢᠭ ᠰᠠᠨᠠᠭ᠎ᠠ ᠪᠠ ᠡᠯ᠎ᠡ ᠬᠤᠯᠪᠤᠭᠳᠠᠯ ᠪᠦᠬᠦᠢ ᠲᠣᠭᠲᠠᠭᠠᠯ ᠢ ᠬᠢᠨᠠᠮᠠᠭᠠᠢ ᠨᠠᠶᠢᠳᠠᠪᠤᠷᠢᠵᠢᠭᠤᠯᠵᠤ᠂ | ᠵᠠᠰᠠᠭ ᠤᠨ ᠣᠷᠳᠣᠨ ᠤ ᠰᠢᠰᠲ᠋ᠧᠮ ᠤᠨ ᠴᠢᠭᠡᠴᠢ ᠵᠠᠰᠠᠭ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠪᠠ᠃ | ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠨᠢᠭᠡᠳᠦᠯᠲᠡᠢ ᠲᠥᠯᠦᠪᠵᠢᠬᠦᠯᠦᠨ ᠠᠬᠢᠭᠤᠯᠪᠠ᠃ ︽ᠴᠢᠬᠤᠯᠠ ᠶᠡᠭᠡ ᠵᠠᠰᠠᠭ | ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠠᠪᠤᠴᠠ ᠶᠢᠨ ᠲᠣᠭᠲᠠᠭᠠᠯ︾ ᠢ ᠴᠢᠩᠭ᠎ᠠ ᠬᠡᠷᠡᠭᠵᠢᠬᠦᠯᠪᠡ᠃ ᠬᠢᠨᠠᠨ | ᠪᠣᠳᠣᠯᠳᠠ ᠶᠢᠨ ᠬᠢᠨᠠᠯᠲᠠ ᠲᠠᠯᠪᠢᠬᠤ ᠶᠢ ᠲᠠᠰᠤᠷᠠᠯᠲᠠ ᠦᠭᠡᠢ ᠴᠢᠩᠭᠠᠳᠬᠠᠨ᠂ 13 ᠬᠢᠨᠠᠨ ᠪᠤᠲᠤᠯᠲᠠ ᠶᠢᠨ ᠲᠥᠷᠥᠯ | ᠵᠦᠢᠯ ᠢ ᠪᠡᠶᠡᠯᠡᠭᠦᠯᠪᠡ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ | ᠬᠠᠤᠯᠢ ᠴᠠᠭᠠᠵᠠ ᠶᠢᠨ ᠬᠢᠨᠠᠯᠲᠠ ᠪᠠ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ | ᠤᠬᠠᠮᠰᠠᠷ ᠠᠴᠠ ᠪᠠᠨ ᠭᠥᠯᠢᠶᠡᠨ ᠠᠪᠴᠤ᠂ ᠠᠷᠠᠳ ᠤᠨ ᠲᠥᠯᠥᠭᠡᠯᠡᠭᠴᠢᠳ ᠤᠨ ᠰᠠᠨᠠᠯ ᠲᠤᠷᠠᠳᠤᠯᠭ᠎ᠠ ᠪᠠ ᠤᠯᠤᠰ | ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ ᠶᠢ ᠲᠤᠭᠲᠠᠭᠰᠠᠨ ᠬᠤᠭᠤᠴᠠᠭᠠᠨ ᠳᠤ ᠪᠦᠬᠦᠨ ᠢ | ᠰᠢᠢᠳᠪᠦᠷᠢᠯᠡᠪᠡ᠃ | ᠲᠦᠯᠦᠭᠡᠯᠡᠭᠴᠢᠳ ᠡ︕ ᠥᠩᠭᠡᠷᠡᠭᠰᠡᠨ ᠨᠢᠭᠡ ᠵᠢᠯ ᠳᠤ᠂ ᠠᠵᠤ ᠠᠬᠤᠢ ᠳᠤ ᠲᠤᠯᠭᠠᠷᠠᠭᠰᠠᠨ ᠬᠠᠲᠠᠭᠤ ᠰᠢᠯᠭᠠᠯᠲᠠ | ᠂ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ ᠤᠨ ᠬᠦᠴᠦᠲᠡᠢ ᠳᠠᠭᠠᠷᠢᠯᠲᠠ ᠪᠠ ᠥᠭᠡᠷᠡᠴᠢᠯᠡᠯᠲᠡ | ᠬᠥᠭᠵᠢᠯᠲᠡ ᠶᠢᠨ ᠬᠦᠨᠳᠦ ᠪᠡᠷᠭᠡ ᠡᠬᠦᠷᠭᠡ ᠶᠢᠨ ᠡᠮᠦᠨ᠎ᠡ᠂ ᠪᠢᠳᠡ ᠬᠦᠴᠢᠷ ᠪᠡᠷᠬᠡ ᠶᠢ ᠰᠥᠷᠦᠨ ᠡᠷᠡᠮᠡᠬᠡᠶᠢᠯᠡᠨ ᠤᠷᠤᠭᠰᠢᠯᠠᠵᠤ | ᠂ ᠡᠯ᠎ᠡ ᠠᠵᠢᠯ ᠦᠢᠯᠡᠰ ᠤᠨ ᠰᠢᠨ᠎ᠡ ᠲᠠᠪᠰᠢᠯᠲᠠ ᠶᠢ ᠠᠬᠢᠭᠤᠯᠪᠠ᠃ ︽ᠲᠠᠪᠤ ᠶᠢ ᠲᠤᠶᠢᠯᠪᠦᠷᠢᠲᠠᠢ ᠪᠠᠶᠢᠴᠠᠭᠠᠬᠤ︾ | ᠠᠵᠢᠯᠯᠠᠭ᠎ᠠ ᠶᠢ ᠭᠦᠨᠵᠡᠭᠡᠢ ᠥᠷᠨᠢᠬᠦᠯᠦᠨ᠂ ᠵᠠᠷᠢᠮ ᠠᠵᠤ ᠠᠬᠤᠢ ᠶᠢᠨ ᠬᠦᠷᠢᠶᠡᠨ ᠳᠤ ᠬᠢ ᠤᠷᠳᠤ ᠬᠤᠭᠤᠴᠠᠭ᠎ᠠ ᠪᠠᠷ | ᠣᠷᠣᠰᠢᠵᠤ ᠪᠠᠶᠢᠭᠰᠠᠨ ᠰᠤᠯᠠ ᠬᠠᠶᠠᠭᠳᠠᠵᠤ ᠦᠷ᠎ᠡ ᠠᠰᠢᠭ ᠳᠣᠣᠷ᠎ᠠ᠂ ᠪᠦᠷᠢᠯᠭᠡᠨ ᠰᠦᠢᠳᠭᠡᠵᠦ ᠪᠠᠶᠢᠭ᠎ᠠ ᠠᠰᠠᠭᠤᠳᠠᠯ ᠢ | ᠪᠦᠲᠦᠮᠵᠢᠲᠡᠶ ᠰᠢᠢᠳᠪᠦᠷᠢᠯᠡᠪᠡ︔ ᠴᠢᠯᠠᠭᠤᠨ ᠮᠠᠲ᠋ᠧᠷᠢᠶᠠᠯ ᠤᠨ ᠠᠭᠤᠷᠬᠠᠢ ᠶᠢ ᠴᠣᠮᠬᠠᠳᠬᠠᠨ ᠨᠡᠶᠢᠯᠡᠭᠦᠯᠬᠦ ᠪᠠ ᠴᠢᠯᠠᠭᠤᠨ | ᠲᠣᠰᠣᠨ ᠤ ᠣᠷᠣᠨ ᠲᠤᠭᠤᠷᠢᠭ ᠢ ᠴᠡᠭᠴᠡᠯᠡᠬᠦ ᠠᠵᠢᠯ ᠢ ᠨᠢᠭᠡᠳᠦᠯᠲᠡᠢ ᠲᠥᠯᠦᠪᠵᠢᠬᠦᠯᠦᠨ ᠠᠬᠢᠭᠤᠯᠵᠤ᠂ ᠴᠢᠯᠠᠭᠤᠨ | ᠮᠠᠲ᠋ᠧᠷᠢᠶᠠᠯ ᠤᠨ ᠠᠵᠤ ᠦᠢᠯᠡᠰ᠂ ᠲᠣᠰᠣ ᠬᠡᠢ ᠶᠢᠨ ᠡᠬᠢ ᠪᠠᠶᠠᠯᠢᠭ ᠢ ᠬᠠᠶᠢᠨ ᠰᠢᠨᠵᠢᠯᠡᠵᠦ ᠨᠡᠭᠡᠭᠡᠨ ᠬᠥᠭᠵᠢᠭᠦᠯᠬᠦ ᠠᠵᠤ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ︔ ᠯᠢᠲ᠋ᠢ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ | ᠲᠦᠷᠦᠯ ᠵᠦᠢᠯ ᠪᠠ ᠸᠣᠯᠹᠷᠠᠮ ᠪᠢᠰᠮᠦ᠋ᠲ ᠮᠥᠩᠭᠦ ᠤᠯᠠᠨ ᠲᠡᠮᠦᠷᠯᠢᠭ ᠤᠨ ᠠᠭᠤᠷᠬᠠᠢ ᠶᠢᠨ ᠬᠠᠶᠢᠨ ᠰᠢᠨᠵᠢᠯᠡᠯᠲᠡ ᠠᠴᠠ | ᠨᠡᠭᠡᠭᠡᠨ ᠠᠰᠢᠭᠯᠠᠬᠤ ᠤᠷᠤᠭᠤ ᠰᠢᠯᠵᠢᠬᠦᠯᠬᠦ ᠠᠵᠢᠯ ᠢ ᠬᠦᠴᠦᠲᠡᠢ ᠲᠦᠯᠬᠢᠨ ᠠᠬᠢᠭᠤᠯᠵᠤ᠂ ᠪᠦᠬᠦ ᠬᠤᠰᠢᠭᠤᠨ ᠤ ᠠᠵᠤ | ᠠᠬᠤᠢ ᠨᠡᠶᠢᠭᠡᠮ ᠳᠤ ᠯᠤᠲᠤ ᠶᠡᠭᠡ ᠬᠦᠳᠡᠯᠭᠡᠭᠴᠢ ᠬᠦᠴᠦᠨ ᠨᠡᠮᠡᠷᠢᠯᠡᠪᠡ︔ ᠠᠷᠠᠳ ᠤᠨ ᠠᠮᠢᠳᠤᠷᠠᠯ ᠤᠨ ᠬᠦᠷᠢᠶᠡᠨ ᠳᠤ 6. | 7 ᠳ᠋ᠥᠩᠰᠢᠭᠤᠷ ᠲᠦᠬᠦᠷᠢᠭ ᠪᠡᠯᠡ ᠤᠷᠤᠭᠤᠯᠤᠨ᠂ ᠡᠩ ᠤᠨ ᠣᠯᠠᠨ ᠨᠡᠶᠢᠲᠡ ᠶᠢᠨ ᠲᠦᠰᠦᠪ ᠤᠨ ᠵᠠᠷᠤᠯᠭ᠎ᠠ ᠶᠢᠨ 65% | ᠶᠢ ᠡᠵᠡᠯᠡᠵᠦ᠂ ᠠᠷᠠᠳ ᠤᠨ ᠠᠮᠢᠳᠤᠷᠠᠯ ᠤᠨ ᠠᠵᠠ ᠵᠢᠷᠭᠠᠯᠲᠤ ᠲᠥᠷᠦᠭᠳᠡᠯ ᠢ ᠲᠠᠰᠤᠷᠠᠯᠲᠠ ᠦᠭᠡᠢ ᠨᠡᠮᠡᠭᠳᠡᠬᠦᠯᠪᠡ᠃ | ᠡᠳᠡᠭᠡᠷ ᠠᠮᠵᠢᠯᠲᠠ ᠶᠢ ᠣᠯᠤᠭᠰᠠᠨ ᠶᠠᠪᠤᠳᠠᠯ ᠪᠣᠯ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤ ᠨᠠᠮ ᠤᠨ | ᠬᠤᠷᠢᠶᠠᠨ ᠤ ᠵᠥᠪ ᠤᠨᠤᠪᠴᠢᠲᠠᠢ ᠤᠳᠤᠷᠢᠳᠤᠯᠭ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ | ᠲᠥᠷᠦ ᠶᠢᠨ ᠵᠥᠪᠯᠡᠯᠭᠡᠨ ᠤ ᠪᠠᠲᠤ ᠴᠢᠩᠭ᠎ᠠ ᠬᠢᠨᠠᠯᠲᠠ ᠵᠢᠴᠢ ᠪᠦᠬᠦ ᠬᠤᠰᠢᠭᠤᠨ ᠤ ᠡᠯ᠎ᠡ ᠦᠨᠳᠦᠰᠦᠲᠡᠨ ᠤ ᠺᠠᠳ᠋ᠷ ᠣᠯᠠᠨ | ᠲᠦᠮᠡᠨ ᠤ ᠬᠠᠮᠳᠤᠪᠠᠷ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠪᠣᠯᠬᠤ ᠶᠤᠮ᠃ ᠠᠳᠡ ᠪᠢ ᠬᠤᠰᠢᠭᠤ ᠠᠷᠠᠳ ᠤᠨ | ᠵᠠᠰᠠᠭ ᠤᠨ ᠣᠷᠳᠣᠨ ᠢ ᠲᠥᠯᠥᠭᠡᠯᠡᠵᠦ᠂ ᠬᠥᠪᠡᠭᠡᠲᠦ ᠰᠢᠷ᠎ᠠ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ | ᠠᠷᠭ᠎ᠠ ᠪᠣᠳᠣᠯᠭ᠎ᠠ ᠰᠦᠪᠡᠭᠴᠢᠯᠡᠨ᠂ ᠬᠦᠴᠦᠨ ᠴᠢᠳᠠᠯ ᠢᠶᠠᠨ ᠡᠷᠬᠦᠭᠰᠡᠨ ᠡᠯ᠎ᠡ ᠲᠥᠯᠥᠭᠡᠯᠡᠭᠴᠢᠳ᠂ ᠭᠡᠰᠢᠭᠦᠳ ᠵᠢᠴᠢ ᠪᠦᠬᠦ | ᠬᠤᠰᠢᠭᠤᠨ ᠤ ᠡᠯ᠎ᠡ ᠠᠵᠢᠯ ᠤᠨ ᠹᠷᠣᠨᠲ ᠲᠤ ᠭᠠᠪᠰᠢᠭᠠᠶᠢᠯᠠᠨ ᠲᠡᠮᠡᠴᠡᠵᠦ ᠪᠠᠶᠢᠭ᠎ᠠ ᠦᠷᠭᠡᠨ ᠣᠯᠠᠨ ᠺᠠᠳ᠋ᠷ ᠠᠵᠢᠯᠳᠠᠨ | ᠠᠵᠢᠯᠴᠢᠳ ᠪᠠ ᠡᠯ᠎ᠡ ᠦᠨᠳᠦᠰᠦᠳᠡᠨ ᠤ ᠠᠷᠠᠳ ᠲᠥᠮᠡᠨ᠂ ᠬᠦᠪᠡᠭᠡᠲᠦ ᠰᠢᠷ᠎ᠠ ᠬᠤᠰᠢᠭᠤᠨ ᠤ ᠬᠦᠭᠵᠢᠯᠲᠡ ᠶᠢ ᠬᠠᠯᠠᠮᠵᠢᠯᠠᠨ | ᠳᠡᠮᠵᠢᠵᠤ ᠢᠷᠡᠭᠰᠡᠨ ᠨᠡᠶᠢᠭᠡᠮ ᠤᠨ ᠡᠯ᠎ᠡ ᠡᠳᠡᠭᠡᠳ ᠤᠨ ᠬᠢᠨ ᠳᠤ ᠴᠢᠩ ᠰᠡᠳᠬᠢᠯ ᠤᠨ ᠲᠠᠯᠠᠷᠬᠠᠯ ᠪᠠ ᠬᠠᠮᠤᠭ ᠤᠨ ᠲᠡᠭᠡᠳᠦ | ᠬᠦᠨᠳᠦᠳᠭᠡᠯ ᠲᠡᠪᠰᠢᠬᠦᠯᠦᠶ᠎ᠡ︕ | ᠪᠢᠳᠡ ᠠᠮᠵᠢᠯᠲᠠ ᠪᠠᠨ ᠣᠯᠵᠤ ᠬᠠᠷᠠᠬᠤ ᠶᠢᠨ ᠳᠠᠭᠠᠤ ᠳᠤ᠂ ᠪᠦᠭᠦ ᠬᠤᠰᠢᠭᠤᠨ ᠤ ᠠᠵᠤ ᠠᠬᠤᠢ ᠨᠡᠶᠢᠭᠡᠮ ᠤᠨ | ᠬᠥᠭᠵᠢᠯᠲᠡ ᠳᠤ ᠲᠤᠯᠭᠠᠷᠠᠵᠤ ᠪᠠᠶᠢᠭ᠎ᠠ ᠮᠠᠰᠢ ᠤᠯᠠᠨ ᠬᠦᠴᠢᠷᠳᠡᠯ ᠪᠠ ᠠᠰᠠᠭᠤᠳᠠᠯ ᠢ ᠰᠡᠷᠭᠡᠭ ᠢᠶᠠᠷ ᠲᠠᠨᠢᠬᠤ ᠬᠡᠷᠡᠭᠳᠡᠢ᠃ | ᠪᠥᠬᠦ ᠬᠤᠰᠢᠭᠤᠨ ᠤ ᠠᠵᠤ ᠠᠬᠤᠢ ᠶᠢᠨ ᠨᠡᠮᠡᠭᠳᠡᠯ ᠪᠠᠭ᠎ᠠ᠂ ᠪᠦᠳᠦᠴᠡ ᠰᠢᠯᠢᠳᠡᠭᠵᠢᠭᠡ ᠦᠭᠡᠢ᠂ ᠲᠡᠰ ᠲᠠᠪᠬᠤᠷᠭ᠎ᠠ ᠲᠣᠣᠷ᠎ᠠ | ᠪᠠᠶᠢᠬᠤ ᠵᠡᠷᠭᠡ ᠳᠤᠲᠠᠭᠳᠠᠯ ᠮᠦᠨ ᠯᠠ ᠤᠷᠤᠰᠢᠭᠰᠠᠭᠠᠷ ᠪᠤᠢ︔ ᠮᠠᠯ ᠤᠨ ᠠᠰᠢᠭ ᠰᠢᠮ᠎ᠡ ᠶᠢᠨ ᠪᠦᠳᠦᠭᠡᠭᠳᠡᠬᠦᠨ ᠢ ᠨᠠᠷᠢᠯᠢᠭ | ᠡᠳ᠋ᠰᠢᠭᠦᠯᠦᠨ ᠪᠣᠯᠪᠠᠰᠤᠷᠠᠭᠤᠯᠬᠤ ᠴᠢᠳᠠᠪᠤᠷᠢ ᠲᠤᠲᠠᠮᠠᠭ᠂ ᠠᠵᠤ ᠦᠢᠯᠡᠳᠪᠦᠷᠢ ᠶᠢᠨ ᠪᠦᠲᠦᠴᠡ ᠲᠠᠩ ᠴᠤᠯᠭᠤᠢ᠂ ᠤᠳᠤ | ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠲᠤᠤᠷ᠎ᠠ ᠪᠠᠶᠢᠭᠰᠠᠭᠠᠷ᠃ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠣᠯᠣᠨ ᠵᠢᠵᠢᠭ ᠪᠠᠭ᠎ᠠ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ | ᠶᠢ ᠠᠬᠢᠭᠤᠯᠬᠤ ᠠᠷᠭ᠎ᠠ ᠬᠡᠮᠵᠢᠶ᠎ᠡ ᠨᠢ ᠬᠠᠨᠳᠤᠯᠭᠠᠲᠤ ᠴᠢᠨᠠᠷ ᠢᠶᠠᠷ ᠴᠢᠩᠭ᠎ᠠ ᠪᠢᠰᠢ᠂ ᠡᠵᠡᠩᠨᠡᠯᠲᠡ ᠶᠢᠨ ᠣᠷᠴᠢᠨ ᠲᠣᠭᠤᠷᠢᠨ | ᠨᠢ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠦᠰᠡᠯ ᠱᠠᠭᠠᠷᠳᠠᠯᠭ᠎ᠠ ᠯᠤᠭ᠎ᠠ ᠵᠣᠬᠢᠬᠤ ᠵᠥᠷᠢᠶ᠎ᠡ ᠣᠷᠤᠰᠢᠭᠰᠠᠭᠠᠷ᠃ | ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠮᠠᠰᠢ ᠲᠣᠪᠣᠶᠢᠮ᠎ᠠ ᠪᠣᠯᠵᠤ᠂ ᠰᠠᠭᠤᠷᠢ ᠪᠦᠳᠦᠭᠡᠨ | ᠪᠠᠶᠢᠭᠤᠯᠤᠯᠲᠠ ᠶᠢᠨ ᠪᠡᠯᠡ ᠤᠷᠤᠭᠤᠯᠤᠯᠲᠠ ᠶᠢᠨ ᠲᠠᠯ᠎ᠠ ᠪᠠᠷ ᠬᠦᠷᠦᠯᠴᠡᠬᠦ ᠦᠭᠡᠢ ᠪᠠᠶᠢᠵᠤ᠂ ᠣᠯᠠᠨ ᠲᠦᠮᠡᠨ ᠤ ᠠᠵᠢᠯ | ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠬᠡᠦᠬᠡᠳ ᠤᠨ ᠠᠰᠠᠷᠠᠮᠵᠢ᠂ ᠨᠠᠰᠤᠳᠠᠶᠢᠴᠤᠳ ᠤᠨ ᠠᠰᠠᠷᠠᠮᠵᠢ ᠵᠡᠷᠭᠡ | ᠲᠠᠯ᠎ᠠ ᠪᠠᠷ ᠪᠠᠰᠠ ᠣᠯᠠᠨ ᠠᠷᠪᠢᠨ ᠠᠰᠠᠭᠤᠳᠠᠯ ᠣᠷᠤᠰᠢᠵᠤ ᠪᠠᠶᠢᠨ᠎ᠠ᠃ ᠡᠭᠦᠨ ᠤ ᠬᠠᠮᠲᠤ ︽12 · 3︾ ᠤ ᠬᠢᠵᠢᠭ ᠤᠨ | ᠪᠠᠶᠢᠳᠠᠯ ᠢ ᠠᠷᠭᠠᠴᠠᠭᠠᠨ ᠰᠢᠢᠳᠪᠦᠷᠢᠯᠡᠭᠰᠡᠨ ᠪᠠᠶᠢᠳᠠᠯ ᠠᠴᠠ ᠵᠠᠷᠢᠮ ᠵᠠᠰᠠᠭ ᠤᠨ ᠣᠷᠳᠣᠨ ᠤ ᠪᠠᠶᠢᠭᠤᠯᠭ᠎ᠠ ᠶᠢᠨ | ᠬᠤᠭᠤᠷᠤᠨᠳᠠᠬᠢ ᠵᠤᠬᠢᠴᠠᠭᠤᠯᠭ᠎ᠠ ᠬᠠᠮᠵᠢᠯᠴᠠᠭ᠎ᠠ ᠬᠦᠷᠦᠯᠴᠡᠬᠦ ᠦᠭᠡᠢ᠂ ᠠᠵᠢᠯ ᠤᠨ ᠬᠦᠴᠦᠨ ᠪᠠᠭᠤᠷᠠᠢ ᠵᠡᠷᠭᠡ | ᠠᠰᠠᠭᠤᠳᠠᠯ ᠤᠳ ᠢᠯᠡᠷᠡᠪᠡ᠃ ᠡᠳᠡᠭᠡᠷ ᠠᠰᠠᠭᠤᠳᠠᠯ ᠢ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠪᠦᠬᠦ | ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃ | ᠬᠤᠶᠠᠷ᠂ 2023 ᠣᠨ ᠤ ᠭᠤᠣᠯ ᠪᠣᠯᠬᠤ ᠠᠵᠢᠯ ᠤᠨ ᠪᠠᠶᠢᠷᠢᠯᠠᠭᠤᠯᠤᠯᠲᠠ | 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ᠂ ᠮᠦᠨᠴᠦ ᠪᠥᠬᠦ ᠬᠤᠰᠢᠭᠤᠨ ᠤ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠶᠢ ᠴᠢᠨᠠᠷ ᠰᠠᠶᠢᠲᠠᠢ ᠪᠡᠶᠡᠯᠡᠭᠦᠯᠵᠦ᠂ ᠨᠡᠶᠢᠭᠡᠮ ᠵᠢᠷᠤᠮ ᠤᠨ | ᠣᠳᠣᠬᠢᠴᠢᠯᠠᠭᠰᠠᠨ ᠬᠥᠪᠡᠭᠡᠲᠦ ᠰᠢᠷ᠎ᠠ ᠬᠤᠰᠢᠭᠤ ᠶᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠵᠠᠩᠭᠢᠯᠠᠭ᠎ᠠ ᠶᠢᠨ ᠵᠢᠯ | ᠪᠣᠯᠣᠨ᠎ᠠ᠃ ᠥᠨᠦ ᠵᠢᠯ ᠤᠨ ᠠᠵᠤ ᠠᠬᠤᠢ ᠨᠡᠶᠢᠭᠡᠮ ᠤᠨ ᠡᠯ᠎ᠡ ᠲᠥᠷᠦᠯ ᠤᠨ ᠠᠵᠢᠯ ᠢᠶᠠᠨ ᠰᠠᠶᠢᠲᠤᠷ ᠬᠢᠬᠦ ᠨᠢ ᠴᠢᠬᠤᠯᠠ | ᠶᠡᠭᠡ ᠠᠴᠢ ᠬᠤᠯᠪᠣᠭᠳᠠᠯ ᠲᠠᠢ ᠶᠤᠮ᠃ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠷᠦᠩᠬᠡᠢ | ᠰᠡᠳᠬᠢᠴᠡ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠦᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ | ᠲᠤᠰᠢᠶᠠᠭᠰᠠᠨ ᠲᠠᠪᠤᠨ ᠶᠡᠭᠡ ᠡᠭᠦᠷᠭᠡ ᠶᠢᠨ ᠲᠣᠭᠤᠷᠢᠨ ᠳᠤ᠂ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ | ᠲᠣᠭᠲᠠᠭᠤᠨ ᠤ ᠳᠤᠮᠳᠠ ᠯᠠᠪᠳᠠᠭᠤᠨ ᠤᠷᠤᠭᠰᠢᠯᠠᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠰᠢᠨ᠎ᠡ | ᠬᠥᠭᠵᠢᠯᠲᠡ ᠶᠢᠨ ᠦᠵᠡᠯᠲᠡ ᠶᠢᠨ ᠣᠶᠢᠯᠠᠭᠠᠭᠳᠠᠬᠤᠨ ᠢ ᠪᠦᠷᠢᠨ ᠬᠦᠢᠴᠡᠳ᠂ ᠵᠥᠪ ᠤᠨᠤᠪᠴᠢᠲᠠᠢ᠂ ᠪᠦᠬᠦ ᠲᠠᠯ᠎ᠠ ᠪᠠᠷ | ᠲᠤᠤᠱᠯᠠᠭᠤᠯᠤᠨ᠂ ᠰᠢᠨ᠎ᠡ ᠬᠦᠭᠵᠢᠯᠲᠡ ᠶᠢᠨ ᠪᠠᠶᠢᠷᠢᠯᠠᠭᠤᠯᠤᠯᠲᠠ ᠳᠤ ᠪᠦᠬᠦ ᠲᠠᠯ᠎ᠠ ᠪᠠᠷ ᠠᠭᠤᠰᠤᠯᠴᠠᠵᠤ᠂ ᠴᠢᠨᠠᠷ ᠰᠠᠶᠢᠲᠠᠢ | ᠬᠥᠭᠵᠢᠯᠲᠡ ᠶᠢ ᠴᠢᠷᠮᠠᠶᠢᠨ ᠠᠬᠢᠭᠤᠯᠵᠤ᠂ ᠬᠦᠭᠵᠢᠯᠲᠡ ᠪᠠ ᠠᠮᠤᠷ ᠲᠥᠪᠰᠢᠨ ᠢ ᠨᠢᠭᠡᠳᠦᠯᠳᠡᠢ ᠲᠥᠯᠦᠪᠵᠢᠬᠦᠯᠦᠨ᠂ | ᠦᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠵᠤ᠂ ᠵᠠᠬ᠎ᠠ ᠳᠡᠯᠭᠡᠬᠦᠷ ᠤᠨ ᠢᠲᠡᠭᠡᠯ ᠢ ᠶᠡᠬᠡᠪᠡᠷ ᠡᠷᠴᠢᠯᠡᠨ | ᠂ ᠨᠡᠮᠡᠭᠳᠡᠯ ᠢ ᠲᠤᠭᠲᠠᠪᠤᠷᠢᠵᠢᠭᠤᠯᠬᠤ᠂ ᠠᠵᠢᠯ ᠣᠯᠭᠤᠯᠲᠠ ᠶᠢ ᠲᠤᠭᠲᠠᠪᠤᠷᠢᠵᠢᠭᠤᠯᠬᠤ᠂ ᠪᠤᠳᠠᠰ ᠤᠨ ᠦᠨ᠎ᠡ ᠶᠢ | ᠲᠤᠭᠲᠠᠪᠤᠷᠢᠵᠢᠭᠤᠯᠬᠤ ᠶᠢ ᠰᠠᠶᠢᠲᠤᠷ ᠪᠡᠶᠡᠯᠡᠬᠦᠯᠵᠦ᠂ ᠬᠦᠨᠳᠦ ᠶᠡᠭᠡ ᠠᠶᠤᠯ ᠲᠦᠭᠰᠢᠬᠦᠷᠢ ᠶᠢ ᠪᠦᠳᠦᠮᠵᠢᠳᠡᠢ ᠰᠡᠷᠭᠡᠶᠢᠯᠡᠨ | ᠰᠢᠢᠳᠪᠦᠷᠢᠯᠡᠵᠦ᠂ ᠠᠵᠤ ᠠᠬᠤᠢ ᠶᠢᠨ ᠡᠷᠬᠢᠯᠲᠡ ᠶᠢ ᠪᠦᠬᠦ ᠲᠠᠯ᠎ᠠ ᠪᠠᠷ ᠰᠠᠶᠢᠵᠢᠷᠠᠭᠤᠯᠤᠨ᠂ ᠴᠢᠨᠠᠷ ᠢ ᠪᠦᠳᠦᠮᠵᠢᠳᠡᠢ | ᠲᠡᠭᠡᠭᠰᠢᠯᠡᠬᠦᠯᠬᠦ ᠪᠠ ᠬᠡᠮᠵᠢᠭᠳᠡᠯ ᠢ ᠵᠤᠬᠢᠰᠲᠠᠢ ᠨᠡᠮᠡᠭᠳᠡᠬᠦᠯᠬᠦ ᠶᠢ ᠪᠡᠶᠡᠯᠡᠬᠦᠯᠦᠨ᠂ ᠨᠡᠶᠢᠭᠡᠮ ᠵᠢᠷᠤᠮᠲᠤ ᠤᠳᠤᠬᠢᠴᠢᠯᠠᠭᠰᠠᠨ | ᠬᠦᠪᠡᠭᠡᠲᠦ ᠰᠢᠷ᠎ᠠ ᠬᠤᠰᠢᠭᠤ ᠶᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠰᠠᠶᠢᠨ ᠰᠠᠶᠢᠬᠠᠨ ᠡᠬᠢᠯᠡᠯᠲᠡ ᠶᠢ ᠪᠤᠢ | ᠪᠤᠯᠭᠠᠨ᠎ᠠ᠃ ᠲᠡᠮᠡᠴᠡᠬᠦ ᠭᠤᠣᠯ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 6.2% | ᠣᠷᠴᠢᠮ ᠨᠡᠮᠡᠭᠳᠡᠭᠦᠯᠦᠨ᠎ᠡ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠳᠡᠭ ᠢ 7.0% | ᠣᠷᠴᠢᠮ ᠨᠡᠮᠡᠭᠳᠡᠬᠦᠯᠦᠨ᠎ᠡ︔ ᠡᠩ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠣᠷᠣᠯᠭ᠎ᠠ ᠶᠢ 1.87 | ᠳ᠋ᠦᠩᠰᠢᠭᠤᠷ ᠲᠥᠭᠦᠷᠢᠭ ᠪᠡᠶᠡᠯᠡᠬᠦᠯᠦᠨ᠎ᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 11% ᠣᠷᠴᠢᠮ | ᠨᠡᠮᠡᠭᠳᠡᠬᠦᠯᠦᠨ᠎ᠡ︔ ᠪᠦᠬᠦ ᠨᠡᠶᠢᠭᠡᠮ ᠤᠨ ᠬᠡᠷᠡᠭᠯᠡᠭᠡᠨ ᠤ ᠪᠤᠳᠠᠰ ᠢ ᠵᠢᠵᠢᠭᠯᠡᠨ ᠪᠤᠷᠤᠯᠠᠭᠤᠯᠬᠤ ᠶᠡᠷᠦᠩᠬᠡᠢ ᠥᠷᠲᠡᠭ ᠢ 2% | ᠣᠷᠴᠢᠮ ᠨᠡᠮᠡᠭᠳᠡᠬᠦᠯᠦᠨ᠎ᠡ︔ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ | ᠡᠵᠡᠮᠳᠡᠵᠦ ᠪᠣᠯᠬᠤ ᠣᠷᠣᠯᠭ᠎ᠠ ᠶᠢᠨ ᠲᠤᠭᠲᠠᠭᠤᠨ ᠨᠡᠮᠡᠭᠳᠡᠯ ᠢ ᠪᠠᠲᠤᠯᠠᠨ᠎ᠠ︔ ᠬᠤᠲᠠ ᠪᠠᠯᠭᠠᠰᠤᠨ ᠤ ᠪᠠᠶᠢᠴᠠᠭᠠᠭᠰᠠᠨ ᠠᠵᠢᠯ | ᠠᠯᠲᠠᠯᠲᠠ ᠶᠢᠨ ᠨᠣᠷᠮ᠎ᠠ ᠶᠢ 6.0% ᠳᠤᠳᠤᠷ᠎ᠠ ᠬᠢᠵᠠᠭᠠᠷᠯᠠᠨ᠎ᠠ᠃ ᠲᠣᠭᠲᠠᠭᠠᠭᠰᠠᠨ ᠬᠠᠷᠠᠯᠲᠠ ᠡᠭᠦᠷᠭᠡ ᠶᠢᠨ ᠲᠤᠭᠤᠷᠢᠨ ᠳᠤ | ᠂ ᠳᠣᠣᠷᠠᠬᠢ ᠲᠤᠯᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠃ | ︵ᠨᠢᠭᠡ︶ ᠶᠠᠰᠤ ᠴᠢᠨᠠᠷ ᠢ ᠴᠢᠬᠤᠯᠠᠴᠢᠯᠠᠨ᠂ ᠦᠷ᠎ᠡ ᠠᠰᠢᠭ ᠢ ᠳᠡᠭᠡᠭᠰᠢᠯᠡᠬᠦᠯᠵᠦ᠂ ᠠᠵᠤ ᠦᠢᠯᠡᠰ ᠤᠨ | ᠰᠢᠰᠲ᠋ᠧᠮᠵᠢᠭᠰᠡᠨ ᠪᠠᠶᠢᠭᠤᠯᠤᠯᠲᠠ ᠶᠢ ᠲᠠᠰᠤᠷᠠᠯᠳᠠ ᠦᠭᠡᠢ ᠲᠡᠬᠦᠯᠳᠡᠷᠵᠢᠬᠦᠯᠦᠨ᠎ᠡ | ᠮᠠᠯ ᠠᠵᠤ ᠠᠬᠤᠢ ᠶᠢᠨ ᠴᠢᠨᠠᠷ ᠢ ᠳᠡᠭᠡᠭᠰᠢᠯᠡᠬᠦᠯᠦᠨ ᠦᠷ᠎ᠡ ᠠᠰᠢᠭ ᠢ ᠨᠡᠮᠡᠭᠳᠡᠬᠦᠯᠬᠦ ᠶᠢ ᠠᠬᠢᠭᠤᠯᠤᠨ᠎ᠠ᠃ ᠡᠯ᠎ᠡ | ᠲᠥᠷᠦᠯ ᠤᠨ ᠲᠥᠷᠦᠯ ᠵᠦᠢᠯ᠂ ᠪᠡᠯᠡ ᠮᠥᠩᠭᠦ ᠶᠢ ᠡᠮᠬᠢᠯᠡᠨ ᠨᠡᠶᠢᠯᠡᠭᠦᠯᠵᠦ᠂ ᠮᠠᠯ ᠠᠵᠤ ᠠᠬᠤᠢ ᠶᠢᠨ ᠴᠢᠨᠠᠷ ᠰᠠᠶᠢᠲᠠᠢ | ᠥᠨᠳᠥᠷ ᠦᠷ᠎ᠡ ᠠᠰᠢᠭᠲᠤ ᠬᠥᠭᠵᠢᠯᠲᠡ ᠶᠢ ᠠᠬᠢᠭᠤᠯᠬᠤ ᠢᠨᠵᠧᠨᠧᠷᠢᠩ ᠢ ᠬᠡᠷᠡᠭᠵᠢᠭᠦᠯᠦᠨ᠂ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠴᠡᠪᠡᠷ ᠡᠬᠦᠯᠳᠡᠷ ᠢ | ᠪᠤᠵᠠᠭᠠᠶᠢᠷᠠᠭᠤᠯᠬᠤ ᠪᠠ ᠰᠢᠯᠢᠳᠡᠭ ᠡᠭᠦᠯᠳᠡᠷ ᠢ ᠪᠣᠶᠢᠵᠢᠭᠤᠯᠤᠨ ᠦᠷᠡᠵᠢᠭᠦᠯᠬᠦ ᠠᠵᠢᠯ ᠢ ᠰᠠᠶᠢᠲᠤᠷ ᠠᠳᠬᠤᠵᠤ᠂ ᠰᠢᠯᠢᠳᠡᠭ | ᠡᠭᠦᠯᠳᠡᠷ ᠤᠨ ᠮᠢᠬᠠᠨ ᠤ ᠦᠬᠡᠷ᠂ ᠰᠠᠭᠠᠯᠢ ᠶᠢᠨ ᠦᠨᠢᠶ᠎ᠡ ᠪᠠ ᠴᠠᠬᠠᠷ ᠬᠤᠨᠢ ᠲᠡᠵᠢᠭᠡᠨ ᠦᠷᠡᠵᠢᠭᠦᠯᠬᠦ ᠣᠷᠣᠨ ᠪᠦᠰᠡ ᠶᠢᠨ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠡᠪᠡᠰᠦ ᠪᠤᠷᠳᠤᠭᠠᠨ ᠤ ᠪᠠᠲᠤᠯᠠᠭ᠎ᠠ ᠶᠢᠨ ᠴᠢᠳᠠᠪᠤᠷᠢ ᠶᠢ ᠤᠯᠠᠮ ᠨᠢᠭᠡ ᠠᠯᠬᠤᠮ | ᠳᠡᠭᠡᠭᠰᠢᠯᠡᠬᠦᠯᠵᠦ᠂ ᠮᠠᠯ ᠤᠨ ᠲᠤᠭ᠎ᠠ ᠲᠤᠯᠤᠭᠠᠢ ᠶᠢ ᠴᠢᠬᠤᠯᠠᠴᠢᠯᠠᠬᠤ ᠠᠴᠠ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠳᠠᠰᠢ | ᠬᠤᠪᠢᠷᠠᠭᠤᠯᠬᠤ ᠶᠢ ᠠᠬᠢᠭᠤᠯᠤᠨ᠎ᠠ᠃ ᠰᠠᠭᠠᠯᠢ ᠶᠢᠨ ᠦᠨᠢᠶᠡᠨ ᠤ ᠳᠤᠮᠳᠠ ᠵᠢᠵᠢᠭ ᠬᠡᠪᠴᠢᠶᠡᠵᠢᠯ ᠤᠨ ᠲᠡᠵᠢᠭᠡᠨ ᠦᠷᠡᠵᠢᠭᠦᠯᠬᠦ | ᠲᠣᠭᠤᠷᠢᠭ ᠢ ᠥᠭᠡᠷᠡᠴᠢᠯᠡᠨ ᠳᠡᠰ ᠲᠡᠪᠰᠢᠬᠦᠯᠬᠦ ᠢᠨᠵᠧᠨᠧᠷᠢᠩ ᠢ ᠪᠡᠶᠡᠯᠡᠭᠦᠯᠵᠦ᠂ ᠰᠠᠭᠠᠯᠢ ᠶᠢᠨ ᠦᠨᠢᠶ᠎ᠡ ᠲᠡᠵᠢᠭᠡᠨ | ᠦᠷᠡᠵᠢᠭᠦᠯᠬᠦ ᠡᠷᠦᠬᠡ ᠶᠢ ᠳᠠᠶᠢᠴᠢᠯᠠᠨ᠂ ᠦᠢᠯᠡᠳᠪᠦᠷᠢᠯᠡᠬᠦ᠂ ᠪᠤᠯᠪᠠᠰᠤᠷᠠᠭᠤᠯᠬᠤ᠂ ᠪᠣᠷᠣᠯᠠᠭᠤᠯᠬᠤ ᠶᠢ ᠨᠢᠭᠡ | ᠴᠣᠭᠴᠠᠵᠢᠭᠤᠯᠤᠭᠰᠠᠨ ᠪᠠᠷᠢᠮᠵᠢᠶᠠᠵᠢᠭᠰᠠᠨ ᠴᠢᠭᠯᠡᠯ ᠲᠠᠶᠢᠰᠢ ᠬᠥᠭᠵᠢᠭᠦᠯᠦᠨ᠎ᠡ︔ ᠰᠦᠨ ᠤ ᠦᠢᠯᠡᠰ ᠢ ᠬᠥᠭᠵᠢᠭᠦᠯᠦᠨ | ᠮᠠᠨᠳᠤᠭᠤᠯᠬᠤ ᠲᠥᠷᠥᠯ ᠵᠦᠢᠯ ᠢ ᠬᠡᠷᠡᠭᠵᠢᠬᠦᠯᠦᠨ᠂ ᠪᠠᠷᠢᠮᠵᠢᠶᠠᠵᠢᠭᠰᠠᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ | ᠂ ᠵᠠᠬ᠎ᠠ ᠳᠡᠯᠭᠡᠭᠦᠷ ᠢ ᠦᠷᠭᠡᠳᠬᠡᠨ ᠨᠡᠭᠡᠭᠡᠵᠦ᠂ ᠠᠶᠤᠯ ᠲᠦᠭᠰᠢᠬᠦᠷᠢ ᠶᠢ ᠰᠡᠷᠭᠡᠶᠢᠯᠡᠬᠦ ᠴᠢᠳᠠᠪᠦᠷᠢ ᠪᠠᠨ ᠦᠷᠬᠦᠯᠵᠢᠯᠡᠨ | ᠲᠡᠭᠡᠭᠰᠢᠯᠡᠬᠦᠯᠦᠨ᠎ᠡ᠃ ᠴᠠᠬᠠᠷ ᠬᠤᠨᠢᠨ ᠤ ᠪᠦᠬᠦ ᠠᠵᠤ ᠦᠢᠯᠡᠰ ᠤᠨ ᠬᠡᠯᠬᠢᠶᠡᠵᠢᠯ ᠢ ᠳᠡᠭᠡᠭᠰᠢᠯᠡᠬᠦᠯᠬᠦ ᠲᠥᠷᠥᠯ ᠵᠦᠢᠯ ᠢ | ᠲᠦᠯᠬᠢᠨ ᠠᠬᠢᠭᠤᠯᠵᠤ᠂ ᠦᠷ᠎ᠡ ᠶᠢᠨ ᠮᠠᠯ ᠤᠨ ᠲᠠᠯᠠᠪᠠᠶ᠂ ᠭᠤᠣᠯᠳᠠᠯᠭᠠᠲᠤ ᠰᠦᠷᠦᠭ᠂ ᠭᠡᠷ ᠪᠦᠯᠢ ᠶᠢᠨ ᠮᠠᠯᠵᠢᠯ ᠤᠨ | ᠲᠠᠯᠠᠪᠠᠶ᠂ ᠲᠤᠰᠬᠠᠢ ᠬᠤᠷᠰᠢᠶᠠᠵᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠴᠠᠬᠠᠷ ᠬᠤᠨᠢ ᠲᠡᠵᠢᠭᠡᠨ | ᠦᠷᠡᠵᠢᠭᠦᠯᠬᠦ ᠬᠡᠪᠴᠢᠶ᠎ᠡ ᠶᠢ ᠥᠷᠭᠡᠳᠬᠡᠨ᠂ ᠨᠠᠷᠢᠯᠢᠭᠵᠢᠭᠤᠯᠤᠭᠰᠠᠨ ᠲᠡᠵᠢᠭᠡᠨ ᠦᠷᠡᠵᠢᠬᠦᠯᠬᠦ ᠬᠢᠷᠢ ᠲᠥᠪᠰᠢᠨ ᠢ | ᠲᠡᠭᠡᠭᠰᠢᠯᠡᠬᠦᠯᠦᠨ᠎ᠡ᠃ ᠬᠦᠨᠳᠡᠯᠡᠨ ᠭᠠᠴᠠᠭᠠᠨ ᠤ ᠴᠠᠬᠠᠷ ᠬᠤᠨᠢ ᠶᠢ ᠲᠥᠪᠯᠡᠷᠡᠬᠦᠯᠦᠨ ᠲᠡᠵᠢᠭᠡᠨ ᠦᠷᠡᠵᠢᠬᠦᠯᠬᠦ ᠬᠠᠮᠳᠤ ᠶᠢᠨ | ᠠᠵᠤ ᠠᠬᠤᠢ ᠶᠢᠨ ᠲᠥᠷᠦᠯ ᠵᠦᠢᠯ ᠢ ᠬᠡᠷᠡᠭᠵᠢᠬᠦᠯᠬᠦ ᠶᠢᠨ ᠬᠠᠮᠳᠤ ᠲᠤᠷᠰᠢᠯᠭ᠎ᠠ ᠲᠦᠭᠡᠮᠡᠯᠵᠢᠬᠦᠯᠦᠨ᠎ᠡ᠃ ᠰᠢᠨᠵᠢᠯᠡᠭᠡ | ᠮᠡᠷᠭᠡᠵᠢᠯ ᠢᠶᠠᠷ ᠮᠠᠯ ᠠᠵᠤ ᠠᠬᠤᠢ ᠶᠢ ᠬᠦᠭᠵᠢᠬᠦᠯᠬᠦ ᠶᠢ ᠠᠬᠢᠭᠤᠯᠵᠤ᠂ ᠴᠠᠬᠠᠷ ᠬᠤᠨᠢᠨ ᠤ ᠢᠬᠢᠷᠡᠯᠡᠬᠦ ᠨᠣᠷᠮ᠎ᠠ ᠶᠢ | ᠲᠡᠭᠡᠭᠰᠢᠯᠡᠬᠦᠯᠦᠨ᠎ᠡ᠃ ᠴᠠᠬᠠᠷ ᠬᠤᠨᠢᠨ ᠤ ᠤᠯᠤᠰ ᠤᠨ ᠭᠤᠤᠯᠳᠠᠯᠭ᠎ᠠ ᠲᠠᠢ ᠦᠷᠡᠵᠢᠬᠦᠯᠦᠨ ᠪᠤᠶᠢᠵᠢᠭᠤᠯᠬᠤ ᠲᠠᠯᠠᠪᠠᠢ ᠶᠢ | ᠦᠷᠬᠦᠯᠵᠢᠯᠡᠨ ᠡᠷᠡᠮᠡᠯᠵᠡᠯᠡᠨ ᠮᠡᠳᠡᠬᠦᠯᠦᠨ᠎ᠡ᠃ ᠴᠢᠨᠠᠷ ᠰᠠᠶᠢᠲᠠᠢ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ | ᠭᠤᠣᠯᠳᠠᠯᠭᠠᠲᠤ ᠰᠦᠷᠦᠭ ᠤᠨ ᠪᠦᠳᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠬᠤᠸᠠ ᠰᠢ ᠦᠬᠡᠷ ᠢ ᠲᠡᠵᠢᠭᠡᠨ | ᠦᠷᠡᠵᠢᠬᠦᠯᠬᠦ ᠠᠵᠢᠯ ᠢ ᠠᠬᠢᠭᠤᠯᠤᠨ᠂ ᠰᠢᠯᠢᠳᠡᠭ ᠡᠬᠦᠯᠳᠡᠷ ᠤᠨ ᠮᠢᠬᠠᠨ ᠤ ᠦᠬᠡᠷ ᠤᠨ ᠲᠤᠭ᠎ᠠ ᠶᠢ 3 ᠲᠦᠮᠡ ᠳᠤ | ᠬᠦᠷᠭᠡᠬᠦ ᠶᠢ ᠦᠨᠡᠨᠬᠦ ᠪᠠᠲᠤᠯᠠᠵᠤ᠂ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠢᠴᠡᠭᠡᠯ ᠦᠷ᠎ᠡ ᠶᠢᠨ ᠬᠡᠬᠡᠯᠳᠦᠬᠦᠯᠭᠡ | ᠶᠢᠨ ᠮᠡᠷᠭᠡᠵᠢᠯ ᠵᠢᠴᠢ ᠬᠡᠬᠡᠯ ᠲᠤᠭᠲᠠᠭᠠᠬᠤ ᠶᠢ ᠲᠦᠭᠡᠮᠡᠯᠵᠢᠬᠦᠯᠬᠦ ᠵᠢᠱᠢᠶ᠎ᠡ ᠦᠵᠡᠭᠦᠯᠬᠦ ᠲᠥᠷᠥᠯ ᠵᠦᠢᠯ ᠢ ᠪᠡᠶᠡᠯᠡᠭᠦᠯᠦᠨ᠎ᠡ᠃ | ᠤᠯᠤᠰ ᠤᠨ ᠲᠠᠷᠢᠶᠠᠯᠠᠩ ᠤᠨ ᠠᠵᠤ ᠦᠢᠯᠡᠰ ᠤᠨ ᠬᠦᠴᠦᠷᠬᠡᠭ ᠬᠤᠰᠢᠭᠤ ᠶᠢ ᠡᠭᠦᠳᠦᠨ ᠪᠠᠶᠢᠭᠤᠯᠬᠤ ᠲᠥᠷᠥᠯ ᠵᠦᠢᠯ ᠢ | ᠲᠡᠮᠡᠴᠡᠨ ᠣᠯᠵᠤ᠂ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠬᠦᠯᠦᠨ ᠪᠤᠯᠪᠠᠰᠤᠷᠠᠭᠤᠯᠬᠤ ᠠᠵᠤ | ᠠᠬᠤᠶᠢᠯᠠᠯ ᠢ ᠣᠷᠣᠭᠤᠯᠤᠨ ᠠᠪᠴᠢᠷᠠᠵᠤ᠂ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠪᠥᠬᠦ ᠠᠵᠤ ᠦᠢᠯᠡᠰ ᠤᠨ | ᠬᠡᠯᠬᠢᠶᠡᠵᠢᠯ ᠤᠨ ᠪᠠᠶᠢᠭᠤᠯᠤᠯᠲᠠ ᠶᠢ ᠴᠢᠩᠭᠠᠳᠬᠠᠨ᠂ ᠴᠢᠨᠠᠷ ᠰᠠᠶᠢᠨ ᠪᠥᠭᠡᠳ ᠦᠨ᠎ᠡ ᠬᠠᠩᠰᠢ ᠥᠨᠳᠦᠷ ᠪᠠᠶᠢᠬᠤ ᠶᠢ | ᠪᠡᠶᠡᠯᠡᠬᠦᠯᠦᠨ᠎ᠡ᠃ | ᠠᠵᠤ ᠦᠢᠯᠡᠳᠪᠦᠷᠢ ᠶᠢ ᠰᠢᠯᠢᠳᠡᠭᠵᠢᠬᠦᠯᠦᠨ ᠲᠡᠰ ᠲᠡᠪᠰᠢᠬᠦᠯᠬᠦ ᠶᠢ ᠲᠦᠯᠬᠢᠨ ᠠᠬᠢᠭᠤᠯᠤᠨ᠎ᠠ᠃ ᠮᠧᠩ ᠶᠢᠨ | ᠠᠭᠤᠷᠬᠠᠢ ᠶᠢᠨ ᠦᠢᠯᠡᠰ ᠤᠨ ᠨᠢᠦᠪᠢ ᠲᠠᠨᠲ᠋ᠠᠯ ᠤᠨ ᠠᠭᠤᠷᠬᠠᠢ ᠶᠢᠨ ᠮᠠᠯᠲᠠᠵᠤ ᠰᠣᠩᠭᠤᠬᠤ ᠲᠥᠷᠦᠯ ᠵᠦᠢᠯ ᠪᠠ ᠭᠠᠨ ᠹᠧᠩ | ᠯᠢᠲ᠋ᠢ ᠶᠢᠨ ᠦᠢᠯᠡᠰ ᠤᠨ ᠯᠢᠲ᠋ᠢ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠢ ᠲᠦᠯᠬᠢᠨ ᠠᠬᠢᠭᠤᠯᠵᠤ | ᠂ ᠵᠢᠯ ᠤᠨ ᠳᠣᠲᠣᠷ᠎ᠠ ᠪᠠᠶᠢᠭᠤᠯᠵᠤ ᠲᠠᠭᠤᠰᠬᠠᠨ ᠠᠰᠢᠭᠯᠠᠯᠲᠠ ᠳᠤ ᠣᠷᠣᠭᠤᠯᠬᠤ ᠶᠢ ᠪᠠᠲᠤᠯᠠᠨ᠎ᠠ᠃ ᠨᠢᠦᠪᠢ᠂ ᠲᠠᠨᠲ᠋ᠠᠯ ᠵᠡᠷᠭᠡ | ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠪᠣᠶᠢᠵᠢᠭᠤᠯᠤᠨ ᠬᠦᠭᠵᠢᠬᠦᠯᠵᠦ᠂ ᠲᠠᠨᠲ᠋ᠠᠯ ᠤᠨ ᠡᠬᠢ ᠪᠠᠶᠠᠯᠢᠭ ᠢ ᠰᠣᠳᠣᠯᠣᠨ | ᠨᠡᠭᠡᠭᠡᠬᠦ ᠲᠥᠪ ᠪᠠᠶᠢᠭᠤᠯᠤᠨ᠎ᠠ᠃ ᠲᠡᠭᠡᠳᠦ ᠱᠠᠳᠣᠨ ᠤ ᠳᠡᠮᠵᠢᠯᠭᠡ ᠶᠢ ᠲᠡᠮᠡᠴᠡᠨ ᠣᠯᠵᠤ᠂ 100 ᠲᠦᠮᠡᠨ ᠺᠢᠯᠣᠸᠠᠲ ᠤᠨ | ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠰᠠᠭᠤᠷᠢᠨ ᠭᠠᠵᠠᠷ ᠤᠨ ᠲᠥᠷᠥᠯ ᠵᠦᠢᠯ ᠢ ᠲᠦᠷᠭᠡᠬᠡᠨ ᠨᠠᠶᠢᠳᠠᠪᠤᠷᠢᠵᠢᠭᠤᠯᠤᠨ | ᠪᠦᠲᠦᠭᠡᠨ ᠪᠠᠶᠢᠭᠤᠯᠵᠤ᠂ 200 ᠲᠦᠮᠡᠨ ᠺᠢᠯᠣᠸᠠᠲ ᠤᠨ ᠰᠠᠯᠬᠢ ᠢᠯᠴᠢ ᠶᠢᠨ ᠰᠢᠨ᠎ᠡ ᠡᠨᠧᠷᠭᠢ ᠶᠢᠨ ᠠᠵᠤ ᠦᠢᠯᠡᠰ ᠤᠨ | ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠪᠠᠨ ᠡᠷᠲᠡᠬᠡᠨ ᠪᠡᠶᠡᠯᠡᠬᠦᠯᠦᠨ᠎ᠡ᠃ ᠣᠲᠣ ᠶᠢᠨ ᠪᠠᠶᠢᠭ᠎ᠠ | ᠰᠢᠨ᠎ᠡ ᠡᠨᠧᠷᠭᠢ ᠶᠢᠨ ᠲᠥᠷᠥᠯ ᠵᠦᠢᠯ ᠤᠨ ᠲᠣᠭᠲᠠᠭᠤᠨ ᠦᠢᠯᠡᠳᠪᠦᠷᠢᠯᠡᠯ ᠢ ᠪᠠᠲᠤᠯᠠᠵᠤ᠂ 24 ᠳ᠋ᠦᠩᠰᠢᠭᠤᠷ ᠺᠢᠯᠣᠸᠠᠲ | ᠴᠠᠭ ᠴᠠᠬᠢᠯᠭᠠᠨ ᠭᠠᠷᠭᠠᠬᠤ ᠪᠠᠷ ᠴᠢᠷᠮᠠᠶᠢᠨ᠎ᠠ᠃ ᠵᠦᠩ ᠭᠤᠸᠠᠩ ᠡᠨᠧᠷᠭᠢ ᠬᠠᠳᠠᠭᠠᠯᠠᠬᠤ ᠪᠠ ᠯᠢᠦᠢ ᠵᠥᠩ ᠡᠨᠧᠷᠭᠢ ᠶᠢᠨ | ᠯᠢᠲ᠋ᠢ ᠴᠡᠨᠡᠭ ᠵᠢᠴᠢ ᠡᠨᠧᠷᠭᠢ ᠬᠠᠳᠠᠭᠠᠯᠠᠬᠤ ᠪᠦᠬᠦ ᠠᠵᠤ ᠦᠢᠯᠡᠰ ᠤᠨ ᠬᠡᠯᠬᠢᠶᠡᠵᠢᠯ ᠤᠨ ᠰᠠᠭᠤᠷᠢᠨ ᠭᠠᠵᠠᠷ ᠤᠨ ᠲᠥᠷᠦᠯ | ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠭᠡᠨ ᠠᠬᠢᠭᠤᠯᠵᠤ᠂ ᠳᠡᠭᠡᠷ᠎ᠡ ᠬᠠᠭᠠᠰ ᠵᠢᠯ ᠳᠤ ᠠᠵᠢᠯ ᠡᠬᠢᠯᠡᠬᠦᠯᠬᠦ | ᠪᠠᠷ ᠴᠢᠷᠮᠠᠶᠢᠨ᠎ᠠ᠃ ᠴᠠᠬᠢᠯᠭᠠᠨ ᠴᠡᠨᠡᠭ ᠤᠨ ᠠᠷᠭ᠎ᠠ ᠲᠤᠶᠢᠯ ᠤᠨ ᠮᠠᠲ᠋ᠧᠷᠢᠶᠠᠯ᠂ ᠯᠢᠲ᠋ᠢ ᠶᠢᠨ ᠭᠢᠯᠲᠠᠭᠠᠨᠠᠭᠤᠷ ᠤᠨ ᠳᠠᠭᠠᠯᠲᠠ | ᠬᠦᠳᠡᠷ ᠤᠨ ᠺᠠᠯᠢ ᠨᠠᠲᠷᠢ ᠶᠢᠨ ᠵᠤᠩᠰᠢ ᠵᠢᠴᠢ ᠠᠭᠤᠷᠬᠠᠢ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠲᠤ | ᠲᠦᠰᠢᠭᠯᠡᠨ᠂ ᠢᠯᠴᠢ ᠬᠡᠷᠡᠯ ᠤᠨ ᠴᠡᠪᠡᠷ ᠡᠨᠧᠷᠭᠢ ᠶᠢ ᠠᠰᠢᠭᠯᠠᠨ᠂ ᠴᠠᠬᠢᠯᠭᠠᠨ ᠴᠡᠨᠡᠭ ᠦᠶᠯᠡᠳᠬᠦ᠂ ᠡᠨᠧᠷᠭᠢ ᠬᠠᠳᠠᠭᠠᠯᠠᠬᠤ | ᠵᠢᠴᠢ ᠱᠠᠯᠠ ᠲᠤᠭᠤᠰᠬ᠎ᠠ ᠵᠡᠷᠭᠡ ᠳᠠᠭᠠᠯᠳᠤᠭᠤᠯᠤᠯ ᠲᠥᠷᠥᠯ ᠵᠦᠢᠯ ᠢ ᠣᠷᠣᠭᠤᠯᠤᠨ ᠠᠪᠴᠢᠷᠠᠬᠤ ᠶᠢ ᠢᠳᠡᠪᠬᠢᠲᠡᠢ ᠪᠠᠷ | ᠰᠦᠪᠡᠭᠴᠢᠯᠡᠨ᠂ ᠠᠭᠤᠷᠬᠠᠢ ᠶᠢᠨ ᠭᠠᠷᠤᠯᠲᠠ ᠶᠢ ᠨᠠᠷᠢᠯᠢᠭ ᠡᠳ᠋ᠰᠢᠬᠦᠯᠦᠨ ᠪᠤᠯᠪᠠᠰᠤᠷᠠᠭᠤᠯᠬᠤ ᠵᠢᠴᠢ ᠬᠠᠲᠠᠭᠤ ᠪᠡᠶᠡᠲᠦ | ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ︱ᠢᠯᠴᠢ ᠭᠡᠷᠡᠯ ᠤᠨ ᠴᠡᠪᠡᠷ ᠡᠨᠧᠷᠭᠢ ᠪᠠᠷ ᠴᠠᠬᠢᠯᠭᠠᠨ ᠬᠠᠩᠭᠠᠬᠤ | ︱ᠡᠨᠧᠷᠭᠢ ᠬᠠᠳᠠᠭᠠᠯᠠᠬᠤ ︱ᠪᠤᠬᠢᠷᠳᠤᠯ ᠦᠬᠡᠢ ᠴᠠᠬᠢᠯᠭᠠᠨ ᠦᠢᠯᠡᠳᠬᠦᠨ ᠬᠢᠬᠦ ᠵᠡᠷᠭᠡ ᠪᠥᠬᠦ ᠠᠵᠤ ᠦᠢᠯᠡᠰ ᠤᠨ ᠣᠷᠴᠢᠯ | ᠬᠡᠯᠪᠡᠷᠢᠲᠦ ᠠᠵᠤ ᠠᠬᠤᠢ ᠶᠢᠨ ᠬᠡᠯᠬᠢᠶ᠎ᠡ ᠶᠢ ᠴᠣᠭᠴᠠᠯᠠᠨ ᠪᠠᠶᠢᠭᠤᠯᠤᠨ᠎ᠠ᠃ ᠳ᠋ᠦᠩ ᠯᠢᠨ ᠨᠡᠭᠦᠷᠡᠰᠦᠨ ᠠᠭᠤᠷᠬᠠᠢ ᠶᠢᠨ | ᠨᠦᠬᠡᠴᠡ ᠶᠢ ᠨᠡᠮᠡᠭᠳᠡᠭᠦᠯᠬᠦ ᠠᠵᠢᠯ ᠢ ᠢᠳᠡᠪᠬᠢᠲᠡᠢ ᠲᠦᠯᠬᠢᠨ ᠠᠬᠢᠭᠤᠯᠵᠤ᠂ ᠠᠭᠤᠷᠬᠠᠢ ᠶᠢᠨ ᠦᠢᠯᠡᠰ ᠤᠨ ᠤᠶᠤᠨᠴᠢᠯᠠᠭᠰᠠᠨ | ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠨᠡᠭᠦᠷᠡᠰᠦᠨ ᠤ ᠭᠠᠷᠤᠯᠲᠠ ᠶᠢ ᠲᠣᠭᠲᠠᠪᠤᠷᠢᠵᠢᠭᠤᠯᠤᠨ᠂ | ᠠᠵᠤ ᠠᠬᠤᠶᠢᠯᠠᠯ ᠢ ᠰᠣᠳᠣᠯᠣᠨ ᠨᠡᠭᠡᠭᠡᠬᠦ ᠲᠠᠯ᠎ᠠ ᠪᠠᠷ ᠬᠢ ᠤᠷᠤᠭᠤᠯᠤᠯᠲᠠ ᠪᠠᠨ ᠨᠡᠮᠡᠭᠳᠡᠬᠦᠯᠬᠦ ᠶᠢ ᠤᠷᠮᠠᠰᠢᠭᠤᠯᠤᠨ | ᠵᠤᠷᠢᠭᠵᠢᠭᠤᠯᠵᠤ᠂ ᠡᠬᠢ ᠪᠠᠶᠠᠯᠢᠭ ᠢ ᠲᠤᠬᠠᠢ ᠶᠢᠨ ᠭᠠᠵᠠᠷ ᠲᠤᠨᠢ ᠡᠷᠬᠢᠯᠳᠦᠬᠦᠯᠬᠦ ᠨᠤᠷᠮ᠎ᠠ ᠶᠢ ᠳᠡᠭᠡᠭᠰᠢᠯᠡᠭᠦᠯᠦᠨ᠎ᠡ᠃ | ᠸᠣᠯᠹᠷᠠᠮ ᠪᠢᠰᠮᠦ᠋ᠲ ᠮᠥᠩᠭᠦ ᠣᠯᠠᠨ ᠲᠡᠮᠦᠷᠯᠢᠭ ᠤᠨ ᠠᠭᠤᠷᠬᠠᠢ ᠶᠢᠨ ᠬᠠᠶᠢᠨ ᠰᠢᠨᠵᠢᠯᠠᠯᠲᠡ ᠠᠴᠠ ᠨᠡᠭᠡᠭᠡᠨ ᠠᠰᠢᠭᠯᠠᠬᠤ | ᠤᠷᠤᠭᠤ ᠰᠢᠯᠵᠢᠬᠦᠯᠬᠦ ᠠᠵᠢᠯ ᠢ ᠲᠦᠷᠭᠡᠳᠬᠡᠨ ᠠᠬᠢᠭᠤᠯᠤᠨ᠎ᠠ᠃ ᠴᠢᠯᠠᠭᠤᠨ ᠲᠣᠰᠣᠨ ᠤ ᠣᠷᠣᠨ ᠲᠤᠭᠤᠷᠢᠭ ᠢ | ᠰᠢᠯᠢᠳᠡᠭᠵᠢᠬᠦᠯᠵᠦ ᠴᠣᠮᠬᠠᠳᠬᠠᠨ ᠨᠡᠶᠢᠯᠡᠭᠦᠯᠬᠦ ᠠᠵᠢᠯ ᠢ ᠦᠷᠭᠦᠯᠵᠢᠯᠡᠨ ᠠᠬᠢᠭᠤᠯᠵᠤ᠂ ︽ᠵᠢᠵᠢᠭ ᠪᠤᠲᠠᠷᠬᠠᠢ ᠰᠣᠯᠠ︾ | ᠪᠠᠶᠢᠳᠠᠯ ᠢ ᠬᠤᠪᠢᠷᠠᠭᠤᠯᠤᠨ᠂ ᠬᠠᠶᠢᠨ ᠰᠢᠨᠵᠢᠬᠦ ᠡᠷᠴᠢᠮ ᠢᠶᠠᠨ ᠴᠢᠩᠭᠠᠷᠠᠭᠤᠯᠵᠤ᠂ 20 ᠲᠤᠰᠤᠨ ᠤ ᠬᠤᠳᠳᠤᠭ ᠢ | ᠰᠢᠨ᠎ᠡ ᠪᠠᠷ ᠥᠷᠥᠮᠳᠡᠵᠦ᠂ 4 ᠲᠦᠮᠡᠨ ᠲᠣᠨ ᠲᠦᠭᠦᠬᠡᠢ ᠴᠢᠯᠠᠭᠤᠨ ᠲᠣᠰᠣ ᠪᠣᠷᠣᠯᠠᠭᠤᠯᠤᠨ᠎ᠠ᠃ ᠴᠢᠯᠠᠭᠤᠨ ᠮᠠᠲ᠋ᠧᠷᠢᠶᠠᠯ ᠤᠨ | ᠠᠭᠤᠷᠬᠠᠢ ᠶᠢ ᠰᠢᠯᠢᠳᠡᠭᠵᠢᠭᠦᠯᠦᠨ ᠴᠤᠮᠬᠠᠳᠬᠠᠨ ᠨᠡᠶᠢᠯᠡᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠪᠣᠷᠵᠢᠨ | ᠴᠢᠯᠠᠭᠤᠯᠢᠭ ᠤᠨ ᠠᠭᠤᠷᠬᠠᠢ ᠶᠢ ᠨᠡᠭᠡᠭᠡᠨ ᠮᠠᠯᠲᠠᠬᠤ ᠮᠡᠷᠭᠡᠵᠢᠯ ᠤᠨ ᠬᠢᠷᠢ ᠲᠥᠪᠰᠢᠨ ᠢ ᠦᠨᠡᠨᠬᠦ ᠳᠡᠭᠡᠭᠰᠢᠯᠡᠭᠦᠯᠦᠨ᠂ | ᠤᠳᠤᠬᠢᠴᠢᠯᠠᠭᠰᠠᠨ ᠪᠣᠬᠢᠷᠳᠣᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠭᠡᠨ᠎ᠡ᠃ 160 | ᠲᠦᠮᠡᠨ ᠲᠡᠭᠰᠢ ᠳᠥᠷᠪᠡᠯᠵᠢᠨ ᠮᠧᠲᠷ ᠬᠠᠪᠲᠠᠰᠤᠨ ᠮᠠᠲ᠋ᠧᠷᠢᠶᠠᠯ ᠢ ᠡᠳ᠋ᠰᠢᠬᠦᠯᠦᠨ᠂ ᠴᠢᠯᠠᠭᠤᠨ ᠮᠠᠲ᠋ᠧᠷᠢᠶᠠᠯ ᠤᠨ | ᠪᠦᠲᠦᠭᠡᠭᠳᠡᠬᠦᠨ ᠤ ᠪᠣᠷᠤᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠨ᠂ ︽ᠳᠤᠮᠳᠠᠳᠤ ᠤᠯᠤᠰ ᠤᠨ ᠣᠮᠠᠷᠠᠲᠦ ᠶᠢᠨ | ᠴᠢᠯᠠᠭᠤᠨ ᠮᠠᠲ᠋ᠧᠷᠢᠶᠠᠯ ᠤᠨ ᠨᠤᠲᠤᠭ︾ ᠨᠡᠷᠡᠲᠦ ᠲᠡᠮᠳᠡᠭᠳᠦ ᠶᠢᠨ ᠦᠢᠯᠡᠳᠦᠯ ᠢ ᠬᠦᠢᠴᠡᠳ ᠪᠠᠳᠠᠷᠠᠭᠤᠯᠤᠨ᠎ᠠ᠃ ᠴᠢᠯᠠᠭᠤᠨ | ᠮᠠᠲ᠋ᠧᠷᠢᠶᠠᠯ ᠤᠨ ᠠᠵᠤ ᠦᠢᠯᠡᠰ ᠤᠨ ᠬᠠᠲᠠᠭᠤ ᠪᠡᠶᠡᠳᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ | ᠳᠡᠭᠡᠭᠰᠢᠯᠡᠬᠦᠯᠵᠦ᠂ ᠯᠢᠨ ᠢ ᠬᠢᠮᠢ ᠶᠢᠨ ᠠᠵᠤ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ | ᠬᠢᠵᠠᠭᠠᠷᠲᠤ ᠺᠣᠮᠫᠠᠨᠢ ᠶᠢᠨ ᠬᠠᠲᠠᠭᠤ ᠪᠡᠶᠡᠳᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠢ | ᠪᠠᠶᠢᠭᠤᠯᠵᠤ ᠲᠠᠭᠤᠰᠬᠠᠨ ᠠᠰᠢᠭᠯᠠᠯᠲᠠ ᠲᠤ ᠣᠷᠣᠭᠤᠯᠬᠤ ᠶᠢ ᠪᠠᠲᠤᠯᠠᠨ᠎ᠠ᠃ ᠮᠡᠨᠳᠦ ᠰᠢᠨᠵᠢᠯᠡᠭᠡ ᠮᠡᠷᠭᠡᠵᠢᠯ ᠠᠷᠠᠯᠵᠢᠶᠠᠨ ᠤ | ᠺᠤᠮᠫᠠᠨᠢ ᠶᠢᠨ ᠰᠢᠨ᠎ᠡ ᠦᠢᠯᠡᠳᠪᠦᠷᠢ ᠶᠢᠨ ᠲᠤᠭᠤᠷᠢᠭ ᠤᠨ ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ | ᠰᠣᠳᠣᠯᠣᠨ ᠨᠡᠭᠡᠭᠡᠬᠦ᠂ ᠦᠢᠯᠡᠳᠪᠦᠷᠢᠯᠡᠬᠦ᠂ ᠪᠤᠷᠤᠯᠠᠭᠤᠯᠬᠤ ᠴᠢᠳᠠᠪᠦᠷᠢ ᠶᠢ ᠤᠯᠠᠮ ᠨᠢᠭᠡ ᠠᠯᠬᠤᠮ ᠲᠡᠭᠡᠭᠰᠢᠯᠡᠬᠦᠯᠦᠨ᠎ᠡ᠃ | ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠤᠯᠠᠨ ᠡᠰᠢᠲᠦ ᠬᠦᠭᠵᠢᠯᠲᠡ ᠶᠢ ᠲᠦᠯᠬᠢᠨ ᠠᠬᠢᠭᠤᠯᠤᠨ᠎ᠠ᠃ | ᠬᠡᠷᠡᠭᠯᠡᠭᠡ ᠶᠢ ᠰᠡᠷᠭᠦᠭᠡᠬᠦ ᠪᠠ ᠥᠷᠭᠡᠳᠬᠡᠬᠦ ᠠᠵᠢᠯ ᠢ ᠰᠠᠶᠢᠲᠤᠷ ᠥᠷᠨᠢᠬᠦᠯᠵᠦ᠂ ᠬᠡᠷᠡᠭᠯᠡᠭᠡ ᠶᠢᠨ ᠴᠢᠳᠠᠪᠤᠷᠢ ᠶᠢ ᠨᠡᠮᠡᠭᠳᠡᠭᠦᠯᠦᠨ | ᠂ ᠬᠡᠷᠡᠭᠯᠡᠭᠡᠨ ᠤ ᠨᠥᠬᠦᠴᠡᠯ ᠢ ᠰᠠᠶᠢᠵᠢᠷᠠᠭᠤᠯᠵᠤ᠂ ᠬᠡᠷᠡᠭᠯᠡᠭᠡᠨ ᠤ ᠣᠷᠴᠢᠨ ᠠᠬᠤᠢ ᠶᠢ ᠰᠢᠨᠡᠴᠢᠯᠡᠨ᠎ᠡ᠃ ᠠᠰᠤᠷᠤ ᠰᠤᠳᠤᠯᠤᠨ | ᠶᠠᠷᠢᠯᠴᠠᠬᠤ ᠬᠤᠷᠠᠯ ᠢ ᠬᠤᠷᠠᠯᠳᠤᠭᠤᠯᠵᠤ᠂ ︽ᠳᠥᠷᠪᠡᠨ ᠨᠠᠶᠢᠷ︾ ᠢ ᠴᠢᠨᠠᠷ ᠰᠠᠶᠢᠲᠠᠢ ᠡᠷᠬᠢᠯᠡᠨ᠂ ᠵᠤᠰᠠᠯᠠᠩ ᠢᠶᠠᠷ ᠭᠤᠣᠯ | ᠪᠣᠯᠭᠠᠭᠰᠠᠨ ᠰᠤᠷᠭᠠᠨ ᠬᠥᠮᠦᠵᠢᠯ ᠤᠨ ᠵᠢᠭᠤᠯᠴᠢᠯᠠᠯ᠂ ᠮᠠᠯᠴᠢᠨ ᠠᠶᠢᠯ ᠢᠶᠠᠷ ᠭᠤᠣᠯ ᠪᠣᠯᠭᠠᠭᠰᠠᠨ ᠠᠷᠠᠳ ᠤᠨ ᠵᠠᠩ | ᠦᠢᠯᠡ ᠶᠢᠨ ᠵᠢᠭᠤᠯᠴᠢᠯᠠᠯ ᠪᠣᠯᠣᠨ ᠨᠠᠶᠢᠷ ᠤᠨ ᠲᠤᠯᠤᠭᠠᠢ ᠶᠢᠨ ᠬᠠᠭᠤᠴᠢ ᠪᠠᠭᠤᠷᠢ ᠪᠠᠷ ᠭᠤᠣᠯ ᠪᠣᠯᠭᠠᠭᠰᠠᠨ ᠬᠠᠭᠤᠴᠢ | ᠰᠤᠳᠤᠯᠤᠯ ᠤᠨ ᠵᠢᠭᠤᠯᠴᠢᠯᠠᠯ ᠢ ᠬᠦᠭᠵᠢᠬᠦᠯᠵᠦ᠂ ᠰᠣᠶᠣᠯ ᠰᠤᠷᠭᠠᠨ ᠬᠥᠮᠦᠵᠢᠯ ᠤᠨ ᠵᠢᠭᠤᠯᠴᠢᠯᠠᠯ ᠤᠨ ᠭᠦᠨᠵᠡᠭᠡᠢ | ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ︽ᠲᠤᠷᠭᠠᠨ ᠨᠤᠲᠤᠭ | ᠬᠥᠪᠡᠭᠡᠲᠦ ᠰᠢᠷ᠎ᠠ ᠬᠤᠰᠢᠭᠤ · ᠠᠰᠤᠷᠤ ᠠᠶᠠᠯᠭᠤ ᠶᠢᠨ ᠥᠯᠦᠭᠡᠢ︾ ᠰᠣᠶᠣᠯ ᠵᠢᠭᠤᠯᠴᠢᠯᠠᠯ ᠤᠨ ᠨᠡᠷᠡᠲᠦ ᠲᠡᠮᠳᠡᠭᠲᠦ ᠶᠢᠨ | ᠠᠯᠳᠠᠷᠰᠢᠯ ᠢ ᠨᠡᠮᠡᠭᠳᠡᠬᠦᠯᠦᠨ᠎ᠡ᠃ ᠠᠭᠠᠷ ᠠᠶᠠᠯᠠᠯ ᠤᠨ ᠰᠢᠨᠵᠢᠯᠡᠭᠡ ᠮᠡᠷᠭᠡᠵᠢᠯ ᠢ ᠲᠦᠬᠡᠮᠡᠯᠵᠢᠬᠦᠯᠬᠦ᠂ ᠠᠭᠠᠷ ᠠᠶᠠᠯᠠᠯ ᠤᠨ | ᠰᠤᠷᠭᠠᠭᠤᠯᠢ ᠶᠢᠨ ᠪᠤᠯᠪᠠᠰᠤᠷᠠᠯ᠂ ᠨᠢᠰᠦᠯᠲᠡ ᠶᠢᠨ ᠰᠤᠷᠢᠯᠲᠠ᠂ ᠨᠢᠰᠦᠯᠲᠡ ᠶᠢ ᠪᠡᠶᠡᠴᠢᠯᠡᠨ ᠣᠶᠢᠯᠠᠭᠠᠬᠤ ᠵᠡᠷᠭᠡ ᠨᠡᠶᠢᠳᠡᠮ | ᠬᠡᠷᠡᠭᠯᠡᠬᠦ ᠠᠭᠠᠷ ᠠᠶᠠᠯᠠᠯ ᠤᠨ ᠠᠵᠤ ᠦᠢᠯᠡᠰ ᠢ ᠢᠳᠡᠪᠬᠢᠲᠡᠢ ᠪᠠᠷ ᠬᠥᠭᠵᠢᠭᠦᠯᠦᠨ᠎ᠡ᠃ ᠡᠯᠧᠺᠲᠷᠣᠨ ᠬᠤᠳᠠᠯᠳᠤᠭᠠᠨ ᠤ | ᠶᠠᠪᠤᠳᠠᠯ ᠢ ᠮᠠᠯᠵᠢᠬᠤ ᠣᠷᠣᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠬᠤᠰᠢᠭᠤ ᠶᠢᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠴᠢᠨᠠᠷ ᠰᠠᠶᠢᠲᠠᠢ ᠪᠡᠶᠡᠯᠡᠭᠦᠯᠵᠦ᠂ ᠥᠨᠳᠦᠷ ᠦᠷ᠎ᠡ ᠪᠦᠳᠦᠮᠵᠢᠳᠡᠢ ᠰᠠᠭᠠᠳ ᠦᠭᠡᠢ | ᠨᠡᠪᠳᠡᠷᠡᠬᠦ ᠤᠳᠤᠬᠢᠴᠢᠯᠠᠭᠰᠠᠨ ᠪᠠᠷᠠᠭᠠᠨ ᠤ ᠬᠦᠢᠯᠭᠡᠭᠡᠨ ᠤ ᠰᠢᠰᠲ᠋ᠧᠮ ᠢ ᠪᠠᠶᠢᠭᠤᠯᠵᠤ᠂ ᠰᠦᠯᠵᠢᠶᠡᠨ ᠣᠳᠣᠨ ᠢ ᠵᠤᠬᠢᠶᠠᠨ | ᠪᠠᠶᠢᠭᠤᠯᠵᠤ ᠤᠷᠤᠯᠳᠤᠭᠠᠨ ᠳᠤ ᠢᠳᠡᠪᠬᠢᠲᠡᠢ ᠤᠷᠤᠯᠴᠠᠭᠤᠯᠵᠤ᠂ ᠰᠦᠯᠵᠢᠶᠡᠨ ᠣᠳᠣᠨ ᠤ ᠠᠵᠤ ᠦᠢᠯᠡᠰ ᠤᠨ | ᠬᠥᠭᠵᠢᠯᠲᠡ ᠶᠢ ᠳᠡᠮᠵᠢᠵᠤ᠂ ︽ᠪᠦᠬᠦ ᠤᠯᠤᠰ ᠠᠴᠠ ᠬᠤᠳᠠᠯᠳᠤᠨ ᠠᠪᠴᠤ᠂ ᠪᠦᠬᠦ ᠤᠯᠤᠰ ᠲᠤ ᠬᠤᠳᠠᠯᠳᠤᠬᠤ︾ ᠰᠢᠨ᠎ᠡ | ᠠᠬᠢᠴᠠ ᠶᠢ ᠡᠬᠦᠳᠦᠨ᠎ᠡ᠃ ᠲᠣᠭᠠᠴᠢᠯᠠᠭᠰᠠᠨ ᠠᠵᠤ ᠠᠬᠤᠢ᠂ ᠶᠠᠰᠤ ᠴᠢᠨᠠᠷ ᠤᠨ ᠰᠢᠯᠭᠠᠨ ᠪᠠᠶᠢᠴᠠᠭᠠᠯᠲᠠ᠂ ᠡᠷᠡᠬᠦᠯᠵᠢᠯ ᠪᠡᠶ᠎ᠡ | ᠰᠤᠪᠢᠯᠠᠯᠲᠠ ᠵᠡᠷᠭᠡ ᠳᠡᠭᠡᠳᠦ ᠲᠠᠰ ᠤᠨ ᠦᠢᠯᠡᠴᠢᠯᠡᠭᠡᠨ ᠤ ᠦᠢᠯᠡᠰ ᠤᠨ ᠰᠢᠨᠡᠴᠢᠯᠡᠨ ᠬᠦᠭᠵᠢᠬᠦ ᠶᠢ ᠲᠡᠳᠬᠦᠨ ᠳᠡᠮᠵᠢᠵᠦ᠂ | ᠬᠤᠳᠠᠯᠳᠤᠭ᠎ᠠ ᠬᠡᠲᠦ ᠳᠡᠯᠭᠡᠭᠦᠷ᠂ ᠪᠥᠭᠡᠮ ᠢᠶᠠᠷ ᠪᠤᠷᠤᠯᠠᠭᠤᠯᠬᠤ ᠪᠠ ᠵᠢᠵᠢᠭᠯᠡᠨ ᠪᠤᠷᠤᠯᠠᠭᠤᠯᠬᠤ᠂ ᠬᠤᠭᠤᠯᠠ ᠤᠮᠳᠠ᠂ | ᠪᠠᠭᠤᠳᠠᠯ᠂ ᠠᠳᠠᠯ ᠠᠬᠤᠢ ᠶᠢᠨ ᠬᠠᠮᠢᠶᠠᠷᠤᠯᠲᠠ ᠪᠠ ᠦᠢᠯᠡᠴᠢᠯᠡᠭᠡ ᠵᠡᠷᠭᠡ ᠤᠯᠠᠮᠵᠢᠯᠠᠯᠲᠤ ᠦᠢᠯᠡᠴᠢᠯᠡᠭᠡᠨ ᠤ ᠦᠢᠯᠡᠰ ᠤᠨ | ᠴᠢᠨᠠᠷ ᠢ ᠳᠡᠭᠡᠭᠰᠢᠯᠡᠭᠦᠯᠦᠨ ᠲᠠᠰ ᠳᠡᠪᠰᠢᠬᠦ ᠶᠢ ᠠᠬᠢᠭᠤᠯᠤᠨ᠎ᠠ᠃ | ︵ᠬᠤᠶᠠᠷ︶ ᠥᠭᠡᠷᠡᠴᠢᠯᠡᠯᠲᠡ ᠶᠢ ᠬᠦᠨᠵᠡᠭᠡᠶᠢᠷᠡᠬᠦᠯᠦᠨ᠂ ᠲᠥᠪ ᠢ ᠪᠠᠲᠤᠯᠠᠨ ᠰᠢᠨ᠎ᠡ ᠶᠢ ᠡᠭᠦᠳᠴᠤ᠂ ᠴᠢᠨᠠᠷ | ᠰᠠᠶᠢᠲᠠᠢ ᠬᠥᠭᠵᠢᠯᠲᠡ ᠶᠢᠨ ᠰᠠᠭᠤᠷᠢ ᠶᠢ ᠦᠷᠭᠦᠯᠵᠢᠯᠡᠨ ᠪᠠᠬᠢᠵᠢᠭᠦᠯᠦᠨ᠎ᠡ | ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠰᠢᠯᠢᠳᠡᠭᠵᠢᠭᠦᠯᠦᠨ᠎ᠡ᠃ ︽ᠬᠥᠮᠥᠨ | ᠪᠤᠯᠭᠠᠨ ᠢ ᠬᠤᠳᠠᠯᠳᠤᠭ᠎ᠠ ᠡᠷᠬᠢᠯᠡᠬᠦ ᠤᠷᠴᠢᠨ ᠲᠠᠢ ᠣᠶᠢᠷᠠᠳᠤᠭᠤᠯᠵᠤ᠂ ᠤᠴᠢᠷ ᠪᠦᠬᠦᠨ ᠢ ᠣᠷᠤᠨ ᠨᠤᠲᠤᠭ ᠤᠨ ᠲᠥᠷᠢ | ᠲᠦᠷᠬᠦ ᠲᠠᠢ ᠬᠤᠯᠪᠤᠭᠳᠠᠭᠤᠯᠬᠤ︾ ᠣᠶᠢᠯᠠᠭᠠᠭᠳᠠᠬᠤᠨ ᠢ ᠪᠠᠳᠤᠵᠢᠭᠤᠯᠵᠤ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ | ᠪᠠᠭᠤᠯᠭᠠᠬᠤ᠂ ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠂ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠢ ᠰᠢᠯᠢᠳᠡᠭᠵᠢᠬᠦᠯᠬᠦ ᠪᠠᠶᠢᠩᠭᠤ ᠶᠢᠨ ᠲᠤᠭᠲᠠᠯᠴᠠᠭ᠎ᠠ ᠶᠢ | ᠲᠠᠰᠤᠷᠠᠯᠲᠠ ᠦᠭᠡᠢ ᠲᠡᠭᠦᠯᠳᠡᠷᠵᠢᠭᠦᠯᠵᠦ᠂ ︽ᠠᠰᠠᠷᠠᠭᠴᠢ︾ ᠮᠠᠶ᠋ᠢᠭ ᠤᠨ ᠦᠢᠯᠡᠴᠢᠯᠡᠭᠡᠨ ᠤ ᠬᠢᠷᠢ ᠲᠥᠪᠰᠢᠨ ᠢ | ᠲᠡᠭᠡᠭᠰᠢᠯᠡᠬᠦᠯᠦᠨ᠎ᠡ᠃ ᠵᠠᠰᠠᠭ ᠤᠨ ᠣᠷᠳᠣᠨ ᠪᠠ ᠠᠷᠠᠯᠵᠢᠶᠠᠴᠢᠨ ᠤ ᠳᠤᠳᠤᠨᠤ ᠴᠢᠬᠡᠴᠢ ᠬᠠᠷᠢᠴᠠᠭ᠎ᠠ ᠶᠢ ᠦᠷᠬᠦᠯᠵᠢᠯᠡᠨ | ᠪᠠᠶᠢᠭᠤᠯᠵᠤ᠂ ᠠᠷᠠᠯᠵᠢᠶᠠᠴᠢᠨ ᠢ ᠬᠦᠨᠳᠦᠳᠭᠡᠨ ᠳᠤᠳᠤᠨᠤᠴᠢᠯᠠᠵᠤ᠂ ᠠᠷᠠᠯᠵᠢᠶᠠᠴᠢᠨ ᠳᠤ ᠲᠦᠬᠦᠮ ᠲᠦᠳᠡ ᠦᠢᠯᠡᠴᠢᠯᠡᠭᠡ | ᠬᠠᠩᠭᠠᠨ᠎ᠠ᠃ ︽ᠶᠡᠷᠦᠩᠬᠡᠶᠢᠯᠡᠭᠰᠡᠨ ᠴᠣᠩᠬᠤᠪᠴᠢ︾ ᠪᠠ ᠬᠠᠪᠰᠤᠷᠴᠤ ᠣᠷᠣᠯᠠᠨ ᠭᠦᠢᠴᠡᠳᠬᠡᠬᠦ ᠦᠢᠯᠡᠴᠢᠯᠡᠭᠡᠨ ᠤ | ᠦᠢᠯᠡᠳᠦᠯ ᠢ ᠭᠦᠢᠴᠡᠳ ᠪᠠᠳᠠᠷᠠᠭᠤᠯᠤᠨ᠂ ︽ᠨᠢᠭᠡ ᠯᠡ ᠤᠳᠠᠭ᠎ᠠ ᠳᠤ ᠭᠦᠢᠴᠡᠳᠬᠡᠬᠦ︾ ᠶᠢ ᠬᠦᠨᠵᠡᠭᠡᠶᠢᠷᠡᠬᠦᠯᠵᠦ᠂ ᠶᠠᠪᠤᠳᠠᠯ | ᠤᠴᠢᠷ ᠬᠦᠢᠴᠡᠳᠭᠡᠬᠦ ᠲᠥᠬᠦᠮ ᠲᠦᠳᠡ ᠣᠷᠴᠢᠨ ᠢ ᠪᠣᠶ ᠪᠣᠯᠭᠠᠨ᠎ᠠ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ | ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠠᠷᠭ᠎ᠠ ᠮᠠᠶ᠋ᠢᠭ ᠢ ᠤᠯᠠᠮ | ᠨᠢᠭᠡ ᠠᠯᠬᠤᠮ ᠲᠡᠭᠦᠯᠳᠡᠷᠵᠢᠭᠦᠯᠦᠨ᠂ ᠲᠥᠷᠥ ᠶᠢᠨ ᠪᠣᠳᠣᠯᠭ᠎ᠠ ᠶᠢᠨ ᠨᠠᠷᠢᠯᠢᠭ ᠣᠨᠣᠪᠴᠢᠲᠤ ᠴᠢᠨᠠᠷ ᠪᠠ ᠴᠠᠭ ᠬᠤᠭᠤᠴᠠᠭᠠᠲᠤ | ᠴᠢᠨᠠᠷ ᠢ ᠨᠡᠮᠡᠭᠳᠡᠬᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠦᠴᠢᠷᠳᠡᠯ ᠢ ᠨᠢ ᠰᠢᠢᠳᠪᠦᠷᠢᠯᠡᠨ᠂ ᠰᠢᠭᠤᠳ | ᠠᠰᠢᠭ ᠬᠦᠷᠲᠡᠭᠡᠬᠦ ᠶᠢ ᠦᠨᠡᠨᠬᠦ ᠪᠠᠲᠤᠯᠠᠵᠤ᠂ ᠠᠵᠤ ᠠᠬᠤᠶᠢᠯᠠᠯ ᠤᠨ ᠠᠵᠢᠯᠯᠠᠭᠠᠨ ᠤ ᠥᠪᠡᠷ ᠤᠨ ᠥᠷᠲᠡᠭ ᠢ ᠨᠢ | ᠦᠷᠭᠦᠯᠵᠢᠯᠡᠨ ᠪᠠᠭᠤᠷᠠᠭᠤᠯᠤᠨ᠎ᠠ᠃ ︽ᠬᠤᠤᠰ ᠲᠤᠬᠢᠶᠠᠯᠳᠤᠯ ᠢᠶᠠᠷ ᠰᠤᠭᠤᠴᠢᠨ ᠪᠠᠶᠢᠴᠠᠭᠠᠵᠤ᠂ ᠨᠢᠭᠡ ᠶᠢ ᠢᠯᠡ ᠨᠡᠶᠢᠲᠡᠯᠡᠬᠦ | ︾ ᠬᠢᠨᠠᠨ ᠬᠠᠮᠢᠶᠠᠷᠤᠯᠲᠠ ᠪᠠ ︽ᠢᠨᠲ᠋ᠧᠷ ᠰᠦᠯᠵᠢᠶ᠎ᠡ + ᠬᠢᠨᠠᠨ ᠬᠠᠮᠢᠶᠠᠷᠤᠯᠲᠠ︾ ᠪᠠᠷ ᠰᠠᠭᠤᠷᠢ ᠪᠣᠯᠭᠠᠵᠤ᠂ | ᠪᠠᠭᠲᠠᠭᠠᠮᠵᠢᠲᠠᠢ ᠬᠢᠨᠠᠭᠤᠷ ᠪᠣᠯᠭᠤᠮᠵᠢᠲᠠᠢ ᠬᠢᠨᠠᠨ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠲᠡᠭᠦᠯᠳᠡᠷᠵᠢᠭᠦᠯᠵᠦ᠂ ᠤᠴᠢᠷ | ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠨ ᠬᠠᠮᠢᠶᠠᠷᠤᠯᠲᠠ ᠶᠢ ᠴᠢᠩᠭᠠᠳᠬᠠᠨ᠎ᠠ᠃ ᠦᠨᠡᠨᠴᠢ | ᠢᠳᠡᠭᠡᠮᠵᠢᠲᠦ ᠵᠠᠰᠠᠭ ᠤᠨ ᠣᠷᠳᠣᠨ ᠪᠠ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠦᠷᠭᠦᠯᠵᠢᠯᠡᠨ | ᠴᠢᠩᠭᠠᠳᠬᠠᠵᠤ᠂ ᠦᠨᠡᠨᠴᠢ ᠢᠳᠡᠭᠡᠮᠵᠢᠲᠦ ᠨᠡᠶᠢᠲᠡᠯᠢᠭ ᠬᠡᠷᠡᠭ ᠢᠶᠠᠷ ᠵᠢᠱᠢᠶ᠎ᠡ ᠦᠵᠡᠭᠦᠯᠬᠦ ᠦᠢᠯᠡᠳᠦᠯ ᠢ ᠭᠦᠢᠴᠡᠳ | ᠪᠠᠳᠠᠷᠠᠭᠤᠯᠤᠨ᠂ ᠦᠨᠡᠨᠴᠢ ᠢᠲᠡᠭᠡᠮᠵᠢᠲᠡᠢ ᠪᠠᠷ ᠬᠤᠳᠠᠯᠳᠤᠭ᠎ᠠ ᠶᠢ ᠬᠥᠭᠵᠢᠭᠦᠯᠬᠦ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ | ᠲᠠᠰᠤᠷᠠᠯᠲᠠ ᠦᠭᠡᠢ ᠲᠡᠭᠦᠯᠳᠡᠷᠵᠢᠭᠦᠯᠦᠨ᠎ᠡ᠃ ᠲᠥᠷᠦᠯ ᠵᠦᠢᠯ ᠢ ᠬᠦᠯᠢᠶᠡᠨ ᠠᠪᠬᠤ ᠶᠠᠪᠤᠴᠠ ᠶᠢ ᠰᠢᠯᠢᠳᠡᠭᠵᠢᠬᠦᠯᠦᠨ᠂ | ᠣᠯᠠᠨ ᠨᠡᠶᠢᠲᠡ ᠶᠢᠨ ᠡᠬᠢ ᠪᠡᠶᠠᠯᠢᠭ ᠤᠨ ᠰᠣᠯᠢᠯᠴᠠᠭᠠᠨ ᠤ ᠦᠢᠯᠡᠴᠢᠯᠡᠭᠡ ᠶᠢᠨ ᠬᠢᠷᠢ ᠲᠥᠪᠰᠢᠨ ᠢ ᠳᠡᠭᠡᠭᠰᠢᠯᠡᠬᠦᠯᠦᠨ᠎ᠡ᠃ | ᠪᠠᠷᠢᠮᠵᠢᠶᠠᠵᠢᠭᠰᠠᠨ ᠠᠵᠢᠯ ᠢ ᠴᠢᠩᠭᠠᠳᠬᠠᠨ᠂ ᠤᠷᠠᠨ ᠳᠠᠷᠬᠠᠨ ᠤ ᠵᠣᠷᠢᠭ ᠰᠠᠨᠠᠭ᠎ᠠ ᠶᠢ ᠬᠦᠢᠴᠡᠳ ᠪᠠᠳᠠᠷᠠᠭᠤᠯᠵᠤ᠂ ᠣᠷᠣᠨ | ᠨᠤᠲᠤᠭ ᠤᠨ ᠣᠨᠴᠠᠯᠢᠭ ᠪᠦᠬᠦᠢ ᠲᠠᠸᠠᠷ ᠤᠨ ᠨᠡᠷᠡᠲᠦ ᠲᠡᠮᠳᠡᠭᠳᠦ ᠶᠢ ᠡᠭᠦᠳᠦᠨ᠂ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ | ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠦᠨ᠎ᠡ᠃ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠲᠦᠯᠬᠢᠨ ᠠᠬᠢᠭᠤᠯᠤᠨ᠎ᠠ᠃ ︽ᠲᠦᠷᠦᠯ | ᠵᠦᠢᠯ ᠢᠶᠠᠷ ᠭᠤᠣᠯᠳᠠᠯᠭ᠎ᠠ ᠪᠤᠯᠭᠠᠬᠤ︾ ᠠᠵᠢᠯ ᠤᠨ ᠤᠳᠤᠷᠢᠳᠤᠮᠵᠢ ᠶᠢ ᠴᠢᠩᠭᠠᠳᠬᠠᠨ᠂ ᠲᠦᠷᠦᠯ ᠵᠦᠢᠯ ᠢ | ᠲᠥᠯᠥᠪᠵᠢᠭᠦᠯᠵᠦ ᠣᠷᠣᠭᠤᠯᠤᠨ ᠠᠪᠴᠢᠷᠠᠬᠤ ᠪᠠᠶᠢᠭᠤᠯᠤᠯᠲᠠ ᠶᠢ ᠴᠢᠩᠭ᠎ᠠ ᠠᠳᠬᠤᠵᠤ᠂ ᠤᠯᠠᠨ ᠠᠷᠭ᠎ᠠ ᠬᠡᠮᠵᠢᠶ᠎ᠡ ᠪᠠᠷ | ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠠᠵᠤ ᠠᠬᠤᠢ ᠶᠢᠨ ᠬᠥᠭᠵᠢᠯᠲᠡ ᠶᠢᠨ ᠴᠢᠨᠠᠷ ᠴᠢᠨᠰᠠᠭ᠎ᠠ | ᠶᠢ ᠲᠡᠭᠡᠭᠰᠢᠯᠡᠬᠦᠯᠬᠦ ᠪᠠ ᠬᠤᠷᠳᠤᠴᠠ ᠶᠢ ᠲᠦᠷᠭᠡᠳᠬᠡᠬᠦ ᠶᠢ ᠠᠬᠢᠭᠤᠯᠤᠨ᠎ᠠ᠃ ᠬᠤᠰᠢᠭᠤ ᠳᠡᠰ ᠤᠨ ᠤᠳᠤᠷᠢᠳᠬᠤ ᠨᠦᠬᠦᠳ | ᠤᠨ ᠲᠥᠷᠦᠯ ᠵᠦᠢᠯ ᠢ ᠠᠬᠢᠭᠤᠯᠬᠤ ᠬᠠᠷᠢᠭᠤᠴᠠᠯᠭ᠎ᠠ ᠶᠢᠨ ᠳᠥᠷᠢᠮ ᠲᠤᠭᠲᠠᠭᠠᠨ᠂ ᠲᠥᠷᠥᠯ ᠵᠦᠢᠯ ᠢ ᠲᠦᠯᠬᠢᠨ ᠠᠬᠢᠭᠤᠯᠬᠤ | ᠡᠬᠡ ᠳᠠᠩᠰᠠ ᠪᠠᠶᠢᠭᠤᠯᠵᠤ᠂ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠭᠠᠵᠠᠷ ᠰᠢᠷᠣᠢ ᠲᠠᠲᠠᠪᠤᠷᠢᠯᠠᠬᠤ᠂ | ᠲᠥᠯᠦᠪᠵᠢᠭᠦᠯᠭᠡ ᠬᠢᠬᠦ᠂ ᠣᠷᠴᠢᠨ ᠲᠣᠭᠤᠷᠢᠨ ᠤ ᠦᠨᠡᠯᠡᠯᠲᠡ ᠬᠢᠬᠦ᠂ ᠡᠨᠧᠷᠭᠢ ᠶᠢᠨ ᠬᠤᠷᠤᠭᠳᠠᠭᠤᠯᠤᠯ ᠵᠡᠷᠭᠡ ᠪᠡᠯᠡᠳᠭᠡᠯ | ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠤᠰᠤ᠂ ᠴᠠᠬᠢᠯᠭᠠᠨ ᠵᠡᠷᠭᠡ ᠪᠠᠲᠤᠯᠠᠭ᠎ᠠ ᠶᠢᠨ ᠴᠢᠨᠠᠷᠲᠠᠢ ᠬᠦᠴᠦᠨ | ᠵᠦᠢᠯ ᠢ ᠨᠠᠶᠢᠳᠠᠪᠤᠷᠢᠵᠢᠭᠤᠯᠤᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠳᠤᠮᠳᠠ ᠣᠷᠣᠰᠢᠵᠤ ᠪᠠᠶᠢᠭ᠎ᠠ | ᠬᠦᠴᠢᠷᠳᠡᠯ ᠪᠠ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠨ᠂ 43 ᠭᠤᠣᠯᠳᠠᠯᠭ᠎ᠠ ᠲᠠᠢ ᠲᠥᠷᠥᠯ ᠵᠦᠢᠯ ᠢ | ᠨᠠᠶᠢᠳᠠᠪᠦᠷᠢᠵᠢᠭᠤᠯᠤᠨ ᠠᠰᠢᠭᠯᠠᠯᠲᠠ ᠳᠤ ᠣᠷᠣᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠪᠡᠶᠡᠯᠡᠬᠦᠯᠦᠨ᠎ᠡ᠃ | ᠳᠡᠭᠡᠳᠦ ᠱᠠᠳᠤᠨ ᠤ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠢᠯᠴᠢ ᠬᠠᠩᠭᠠᠬᠤ ᠲᠤᠤᠷ | ᠬᠤᠭᠤᠯᠠᠢ᠂ ᠤᠰᠤ ᠬᠠᠩᠭᠠᠬᠤ ᠲᠣᠣᠷ ᠬᠤᠭᠤᠯᠠᠢ᠂ ᠵᠠᠮ ᠲᠡᠭᠡᠭᠡᠪᠦᠷᠢ ᠵᠡᠷᠭᠡ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ | ᠲᠠᠯ᠎ᠠ ᠪᠠᠷ ᠬᠢ ᠴᠢᠬᠤᠯᠠᠴᠢᠯᠠᠭ᠎ᠠ ᠶᠡᠬᠡᠳᠡᠢ ᠲᠥᠷᠥᠯ ᠵᠦᠢᠯ ᠢ ᠬᠢᠨᠠᠮᠠᠭᠠᠢ ᠡᠮᠬᠢᠳᠭᠡᠨ᠂ ᠪᠡᠯᠡᠳᠭᠡᠯ ᠠᠵᠢᠯ ᠢ ᠰᠠᠶᠢᠲᠤᠷ ᠬᠢᠵᠦ᠂ | ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠨᠥᠬᠦᠴᠡᠯ ᠢ ᠪᠦᠷᠢᠯᠳᠦᠬᠦᠯᠦᠨ᠂ ᠲᠡᠭᠡᠳᠦ ᠱᠠᠳᠣᠨ ᠤ ᠳᠡᠮᠵᠢᠯᠭᠡ ᠶᠢ | ᠢᠳᠡᠪᠬᠢᠳᠡᠢ ᠡᠷᠡᠮᠡᠯᠵᠡᠯᠡᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠠᠯ᠎ᠠ ᠪᠠᠷ ᠬᠢ ᠲᠤᠳᠠᠭᠤᠳᠠᠯ ᠢ ᠡᠷᠲᠡᠭᠡᠨ | ᠨᠦᠬᠦᠪᠦᠷᠢᠯᠡᠨ᠎ᠡ᠃ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠭᠠᠳᠠᠭᠰᠢ ᠨᠡᠭᠡᠭᠡᠯᠲᠡ ᠬᠢᠬᠦ ᠶᠢ ᠪᠦᠬᠦ ᠬᠦᠴᠦᠨ ᠢᠶᠠᠷ ᠢᠶᠠᠨ | ᠥᠷᠭᠡᠳᠬᠡᠨ᠎ᠡ᠃ ︽ᠬᠥᠮᠥᠨ ᠪᠦᠬᠦᠨ ᠠᠷᠠᠯᠵᠢᠶᠠᠴᠢᠨ ᠤᠷᠢᠬᠤ︾ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ | ᠳᠡᠭᠡᠳᠦ ᠱᠠᠲᠤᠨ ᠤ ᠠᠵᠤ ᠦᠢᠯᠡᠰ ᠤᠨ ᠲᠥᠷᠥ ᠶᠢᠨ ᠪᠣᠳᠣᠯᠭ᠎ᠠ᠂ ᠬᠤᠰᠢᠭᠤᠨ ᠤ ᠪᠣᠳᠠᠲᠤ ᠪᠠᠶᠢᠳᠠᠯ ᠪᠠ ᠵᠠᠬ᠎ᠠ | ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠭᠦᠨᠵᠡᠭᠡᠢ ᠰᠤᠳᠤᠯᠵᠤ᠂ ᠰᠠᠨᠠᠭᠠᠴᠢᠯᠠᠭ᠎ᠠ ᠠᠴᠠ ᠪᠠᠨ ᠭᠠᠳᠠᠭᠰᠢ ᠭᠠᠷᠴᠤ᠂ | ᠲᠥᠷᠦᠯ ᠵᠦᠢᠯ ᠣᠯᠬᠤ ᠤᠬᠠᠮᠰᠠᠷ ᠢᠶᠠᠨ ᠳᠡᠭᠡᠭᠰᠢᠯᠡᠬᠦᠯᠦᠨ᠂ ᠠᠷᠠᠯᠵᠢᠶᠠᠴᠢᠨ ᠤᠷᠢᠬᠤ ᠠᠵᠢᠯ ᠤᠨ ᠲᠤᠰᠬᠠᠢ ᠲᠤᠭᠤᠶᠢᠯᠠᠩ | ᠪᠠᠶᠢᠭᠤᠯᠵᠤ᠂ ᠪᠦᠬᠦᠳᠡᠭᠡᠷ ᠢᠶᠠᠨ ᠠᠷᠠᠯᠵᠢᠶᠠᠴᠢᠨ ᠤᠷᠢᠬᠤ᠂ ᠪᠥᠬᠦ ᠣᠷᠤᠨ ᠬᠡᠪᠴᠢᠶ᠎ᠡ ᠪᠠᠷ ᠠᠷᠠᠯᠵᠢᠶᠠᠴᠢᠨ ᠤᠷᠢᠬᠤ᠂ ᠪᠦᠬᠦ | ᠤᠯᠠᠷᠢᠯ ᠢᠶᠠᠷ ᠠᠷᠠᠯᠵᠢᠶᠠᠴᠢᠨ ᠤᠷᠢᠬᠤ ᠶᠢ ᠬᠡᠷᠡᠭᠵᠢᠭᠦᠯᠦᠨ᠂ ︽ᠠᠷᠠᠯᠵᠢᠶᠠᠴᠢᠨ ᠤᠷᠢᠬᠤ ᠶᠢ ᠬᠦᠰᠡᠬᠦ︾ ᠣᠪᠣᠷ ᠢᠶᠠᠷ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠰᠠᠶᠢᠲᠤᠷ ᠠᠳᠬᠤᠨ᠎ᠠ᠃ ᠪᠡᠭᠡᠵᠢᠩ ᠲᠢᠶᠠᠨᠵᠢᠨ ᠾᠧᠪᠧᠢ᠂ ᠵᠦᠵᠢᠶᠠᠩ | ᠮᠦᠷᠡᠨ ᠤ ᠭᠤᠷᠪᠠᠯᠵᠢᠨ ᠬᠤᠶᠢᠭ᠂ ᠬᠦᠬᠡᠮᠦ᠋ᠷᠡᠨ ᠤ ᠭᠤᠷᠪᠠᠯᠵᠢᠨ ᠬᠤᠶᠢᠭ᠂ ᠬᠦᠬᠡᠬᠤᠲᠠ ᠪᠤᠭᠤᠲᠤ ᠤᠷᠳᠤᠰ ᠵᠡᠷᠭᠡ | ᠭᠠᠵᠠᠷ ᠲᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠥᠷᠨᠢᠬᠦᠯᠵᠦ᠂ ᠲᠢᠶᠠᠨᠵᠢᠨ ᠵᠡᠷᠭᠡ ᠭᠠᠵᠠᠷ ᠲᠤ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠬᠡᠷᠡᠭ ᠡᠷᠬᠢᠯᠡᠬᠦ ᠭᠠᠵᠠᠷ ᠢ ᠪᠠᠶᠢᠭᠤᠯᠤᠨ᠎ᠠ᠃ ᠠᠵᠤ ᠦᠢᠯᠡᠰ ᠤᠨ | ᠰᠢᠯᠵᠢᠯᠲᠡ ᠶᠢ ᠢᠳᠡᠪᠬᠢᠳᠡᠢ ᠬᠦᠯᠢᠶᠡᠨ ᠠᠪᠴᠤ᠂ ᠪᠡᠭᠡᠵᠢᠩ ᠲᠢᠶᠠᠨᠵᠢᠨ ᠾᠧᠪᠧᠢ ᠶᠢᠨ ᠲᠣᠮᠣ ᠵᠠᠬ᠎ᠠ ᠳᠡᠯᠭᠡᠭᠦᠷ ᠯᠦᠭᠡ ᠪᠥᠬᠦ | ᠲᠠᠯ᠎ᠠ ᠪᠠᠷ ᠵᠤᠯᠭᠠᠭᠤᠯᠤᠨ᠂ ᠭᠦᠨᠵᠡᠭᠡᠢ ᠠᠭᠤᠰᠤᠯᠴᠠᠭᠤᠯᠬᠤ ᠶᠢ ᠲᠦᠯᠬᠢᠨ ᠠᠬᠢᠭᠤᠯᠵᠤ᠂ ᠠᠵᠠ ᠲᠤᠬᠢᠶᠠᠯ ᠢ ᠬᠦᠢᠴᠡᠳ | ᠠᠰᠢᠭᠯᠠᠨ ᠬᠦᠴᠦᠯᠡᠨ ᠴᠢᠷᠮᠠᠶᠢᠨ᠎ᠠ᠃ ᠰᠦᠨᠢᠳ ᠪᠠᠷᠠᠭᠤᠨ ᠬᠤᠰᠢᠭᠤᠨ ᠤ ᠵᠢᠷᠤᠬᠡ ᠪᠠᠯᠭᠠᠰᠤᠨ ᠠᠴᠠ ᠴᠢᠭᠤᠯᠤᠯᠲᠤ | ᠬᠠᠭᠠᠯᠭ᠎ᠠ ᠶᠢᠨ ᠸᠠᠨ ᠴᠢᠦᠸᠠᠨ ᠲᠤᠭᠤᠷᠢᠭ ᠬᠦᠷᠬᠦ ᠲᠡᠮᠦᠷ ᠵᠠᠮ ᠤᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ | ᠠᠵᠢᠯ ᠢ ᠰᠠᠶᠢᠲᠤᠷ ᠬᠢᠨ᠎ᠡ᠃ ᠡᠷᠢᠶᠡᠨ ᠬᠤᠲᠠ ᠶᠢᠨ ᠤᠯᠤᠰ ᠤᠨ ᠭᠤᠣᠯᠳᠠᠯᠭ᠎ᠠ ᠲᠠᠢ ᠨᠡᠭᠡᠭᠡᠨ ᠬᠥᠭᠵᠢᠭᠦᠯᠵᠦ ᠨᠡᠭᠡᠭᠡᠯᠲᠡ | ᠬᠢᠬᠦ ᠲᠤᠷᠰᠢᠯᠲᠠ ᠶᠢᠨ ᠣᠷᠣᠨ᠂ ᠤᠯᠠᠭᠠᠨᠴᠠᠪ ᠬᠤᠲᠠ ᠶᠢᠨ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠣᠷᠤᠨ ᠪᠦᠰᠡ ᠶᠢᠨ | ᠪᠦᠲᠦᠭᠡᠨ ᠪᠠᠶᠢᠭᠤᠯᠤᠯᠲᠠ ᠲᠠᠢ ᠢᠳᠡᠪᠬᠢᠲᠡᠢ ᠠᠭᠤᠰᠤᠯᠴᠠᠵᠤ᠂ ᠮᠣᠩᠭᠤᠯ ᠤᠯᠤᠰ ᠯᠤᠭ᠎ᠠ ᠶᠢᠨ ᠬᠠᠮᠲᠤᠷᠠᠯᠴᠠᠭ᠎ᠠ | ᠰᠣᠯᠢᠯᠴᠠᠭ᠎ᠠ ᠪᠠᠨ ᠴᠢᠩᠭᠠᠳᠬᠠᠨ᠂ ᠮᠠᠨ ᠤ ᠬᠤᠰᠢᠭᠤ ᠪᠠᠨ ᠠᠯᠬᠤᠮ ᠠᠯᠬᠤᠮ ᠢᠶᠠᠷ ︽ᠨᠢᠭᠡ ᠪᠦᠰᠡ ᠨᠢᠭᠡ ᠵᠠᠮ︾ ᠤᠨ | ᠤᠮᠠᠷᠠᠰᠢ ᠨᠡᠭᠡᠭᠡᠯᠲᠡ ᠬᠢᠬᠦ ᠴᠢᠬᠤᠯᠠ ᠵᠠᠩᠭᠢᠯᠠᠭ᠎ᠠ ᠶᠢᠨ ᠴᠡᠭ ᠪᠣᠯᠭᠠᠨ ᠪᠦᠲᠦᠭᠡᠨ ᠪᠠᠶᠢᠭᠤᠯᠤᠨ᠎ᠠ᠃ | ︵ᠭᠤᠷᠪᠠ︶ ᠨᠢᠭᠡᠳᠦᠯᠲᠡᠢ ᠲᠥᠯᠥᠪᠯᠡᠨ ᠨᠡᠶᠢᠳᠡ ᠳᠤᠨᠢ ᠬᠠᠷᠠᠭᠠᠯᠵᠠᠵᠤ᠂ ᠵᠥᠷᠢᠶ᠎ᠡ ᠪᠠᠨ ᠪᠠᠭᠠᠰᠬᠠᠨ᠂ ᠬᠤᠳᠠ | ᠬᠥᠳᠡᠭᠡ ᠶᠢᠨ ᠵᠣᠬᠢᠴᠠᠩᠭᠤᠢ ᠬᠥᠭᠵᠢᠯᠲᠡ ᠶᠢ ᠪᠦᠬᠦ ᠬᠦᠴᠦᠨ ᠢᠶᠠᠷ ᠲᠦᠯᠬᠢᠨ ᠠᠬᠢᠭᠤᠯᠤᠨ᠎ᠠ | ᠬᠤᠲᠠ ᠪᠠᠯᠭᠠᠰᠤᠵᠢᠯᠲᠠ ᠶᠢᠨ ᠴᠢᠨᠠᠷ ᠴᠢᠨᠰᠠᠭ᠎ᠠ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠥᠨᠳᠥᠷ ᠪᠦᠳᠦᠮᠵᠢᠲᠡᠢ᠂ | ᠪᠠᠭᠳᠠᠭᠠᠮᠵᠢᠲᠠᠢ᠂ ᠦᠷᠬᠦᠯᠵᠢᠯᠡᠬᠦᠶᠢᠴᠡ᠂ ᠤᠶᠠᠨ ᠬᠠᠳᠠᠨ ᠴᠢᠨᠠᠷ ᠲᠠᠢ ᠪᠠᠶᠢᠬᠤ ᠪᠠᠷ ᠤᠳᠤᠷᠢᠳᠤᠮᠵᠢ ᠪᠣᠯᠭᠠᠨ᠂ ᠬᠤᠲᠠ | ᠪᠠᠯᠭᠠᠰᠤ ᠶᠢ ᠵᠠᠰᠠᠨ ᠰᠢᠨᠡᠳᠭᠡᠬᠦ ᠠᠵᠢᠯᠯᠠᠭ᠎ᠠ ᠶᠢ ᠬᠡᠷᠡᠭᠵᠢᠭᠦᠯᠦᠨ᠂ ᠤᠯᠠᠨ ᠨᠡᠶᠢᠲᠡ ᠶᠢᠨ ᠦᠢᠯᠡᠴᠢᠯᠡᠭᠡᠨ ᠤ ᠬᠦᠷᠢᠶᠡᠨ ᠳᠠᠬᠢ | ᠣᠷᠣᠭᠤᠯᠤᠯᠲᠠ ᠪᠠᠨ ᠨᠡᠮᠡᠭᠳᠡᠭᠦᠯᠵᠦ᠂ ᠬᠤᠲᠠ ᠪᠠᠯᠭᠠᠰᠤᠨ ᠤ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ | ᠳᠡᠭᠡᠭᠰᠢᠯᠡᠬᠦᠯᠦᠨ᠂ ᠤᠯᠠᠨ ᠨᠡᠶᠢᠲᠡ ᠶᠢᠨ ᠦᠢᠯᠡᠴᠢᠯᠡᠭᠡᠨ ᠤ ᠬᠠᠮᠤᠷᠬᠤ ᠬᠦᠷᠢᠶ᠎ᠡ ᠬᠡᠪᠴᠢᠶ᠎ᠡ ᠶᠢ ᠥᠷᠭᠡᠳᠬᠡᠵᠦ᠂ ᠠᠷᠠᠳ | ᠤᠯᠠᠨ ᠳᠤ ᠬᠤᠲᠠ ᠪᠠᠯᠭᠠᠰᠤᠵᠢᠯᠲᠠ ᠶᠢᠨ ᠬᠥᠭᠵᠢᠯᠲᠡ ᠶᠢᠨ ᠦᠷ᠎ᠡ ᠪᠦᠲᠦᠭᠡᠯ ᠢ ᠨᠡᠩ ᠲᠥᠪ ᠭᠤᠣᠯᠴᠢ ᠪᠠᠷ ᠡᠳ᠋ᠯᠡᠭᠦᠯᠦᠨ᠎ᠡ᠃ | ᠰᠢᠨᠡᠪᠤᠯᠠᠭ ᠪᠠᠯᠭᠠᠰᠤᠨ ᠤ ᠬᠤᠲᠠ ᠶᠢᠨ ᠭᠠᠳᠠᠨᠠᠬᠢ ᠲᠤᠭᠤᠷᠢᠭᠤᠯ ᠵᠠᠮ ᠢ ᠪᠦᠳᠦᠭᠡᠨ ᠪᠠᠶᠢᠭᠤᠯᠵᠦ᠂ ᠲᠤᠤᠷ ᠬᠤᠭᠤᠯᠠᠢ ᠶᠢᠨ | ᠢᠵᠢ ᠪᠦᠷᠢᠳᠦᠭᠰᠡᠨ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠰᠠᠶᠢᠳᠦᠷ ᠪᠡᠶᠡᠯᠡᠬᠦᠯᠦᠨ᠎ᠡ᠃ ᠳᠥᠭᠦᠮ | ᠪᠦᠳᠦᠭᠦᠯᠢᠭ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠵᠠᠰᠠᠬᠤ ᠰᠡᠬᠦᠯᠴᠢ ᠶᠢᠨ ᠬᠤᠭᠤᠴᠠᠭᠠᠨ ᠤ ᠲᠥᠷᠥᠯ | ᠵᠦᠢᠯ ᠢ ᠬᠡᠷᠡᠭᠵᠢᠬᠦᠯᠦᠨ᠂ 100 ᠡᠷᠦᠬᠡ ᠶᠢᠨ ᠭᠡᠷ ᠪᠠᠶᠢᠰᠢᠩ ᠢ ᠥᠭᠡᠷᠡᠴᠢᠯᠡᠨ ᠵᠠᠰᠠᠵᠤ᠂ 10 ᠲᠦᠮᠡᠨ ᠲᠡᠭᠰᠢ | ᠳᠥᠷᠪᠡᠯᠵᠢᠨ ᠮᠧᠲᠷ ᠭᠠᠵᠠᠷ ᠢ ᠲᠠᠲᠠᠪᠤᠷᠢᠯᠠᠨ ᠨᠤᠷᠠᠭᠠᠵᠤ ᠴᠡᠪᠡᠷᠯᠡᠨ᠎ᠡ᠃ ᠰᠢᠨᠡᠪᠤᠯᠠᠭ ᠪᠠᠯᠭᠠᠰᠤᠨ ᠤ ᠲᠥᠪᠯᠡᠷᠡᠭᠦᠯᠦᠨ ᠢᠯᠴᠢ | ᠬᠠᠩᠭᠠᠬᠤ ᠬᠤᠭᠤᠯᠠᠢ ᠶᠢ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠦ᠂ ᠢᠯᠴᠢ ᠬᠠᠩᠭᠠᠬᠤ ᠴᠢᠨᠠᠷ ᠢ ᠳᠡᠭᠡᠭᠰᠢᠯᠡᠭᠦᠯᠦᠨ᠎ᠡ᠃ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠮᠠᠰᠢᠨ ᠢᠶᠠᠷ ᠴᠡᠪᠡᠷᠯᠡᠬᠦ ᠨᠤᠷᠮ᠎ᠠ ᠶᠢ | ᠲᠡᠭᠡᠭᠰᠢᠯᠡᠬᠦᠯᠦᠨ᠎ᠡ᠃ ᠰᠢᠨᠡᠪᠤᠯᠠᠭ ᠪᠠᠯᠭᠠᠰᠤᠨ ᠤ ᠠᠮᠢᠳᠤᠷᠠᠯ ᠤᠨ ᠬᠤᠭ ᠨᠣᠪᠰᠢ ᠶᠢ ᠪᠤᠬᠢᠷᠳᠤᠯ ᠦᠭᠡᠢ ᠰᠢᠢᠳᠪᠦᠷᠢᠯᠡᠬᠦ | ᠦᠢᠯᠡᠳᠪᠦᠷᠢ ᠶᠢᠨ ᠲᠥᠷᠥᠯ ᠵᠦᠢᠯ ᠢ 8 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠠᠵᠢᠯ ᠡᠬᠢᠯᠡᠭᠦᠯᠦᠨ ᠪᠦᠲᠦᠭᠡᠨ | ᠪᠠᠶᠢᠭᠤᠯᠬᠤ ᠶᠢ ᠪᠠᠲᠤᠯᠠᠨ᠎ᠠ᠃ | ᠮᠠᠯᠵᠢᠬᠤ ᠤᠷᠤᠨ ᠤ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ | ᠰᠠᠶᠢᠵᠢᠷᠠᠭᠤᠯᠤᠨ᠎ᠠ᠃ ᠬᠦᠭᠵᠢᠯᠲᠡ ᠶᠢᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠲᠥᠷᠥᠯ ᠵᠦᠢᠯ ᠤᠨ | ᠲᠣᠬᠢᠷᠠᠭᠤᠯᠤᠯᠲᠠ ᠲᠠᠢ ᠤᠶᠠᠯᠳᠤᠭᠤᠯᠵᠤ᠂ ︽ᠬᠤᠶᠠᠷ ᠫᠧᠩ ᠰᠠᠷᠠᠪᠴᠢ ᠨᠢᠭᠡ ᠡᠪᠡᠰᠦ ᠨᠦᠭᠡᠴᠡᠯᠡᠬᠦ ᠫᠧᠩ︾ ᠤᠨ ᠲᠥᠷᠥᠯ | ᠵᠦᠢᠯ ᠢ ᠨᠢᠭᠡᠳᠦᠯᠲᠡᠢ ᠲᠥᠯᠦᠪᠯᠡᠨ ᠬᠡᠷᠡᠭᠵᠢᠭᠦᠯᠦᠨ᠎ᠡ᠃ 6 ᠲᠦᠭᠡᠭᠡᠯ ᠤᠰᠤᠨ ᠤ ᠢᠨᠵᠧᠨᠧᠷᠢᠩ ᠢ ᠰᠢᠨ᠎ᠡ ᠪᠠᠷ ᠪᠠᠶᠢᠭᠤᠯᠵᠤ | ᠂ 30 ᠠᠮᠠᠰᠠᠷ ᠬᠤᠳᠳᠤᠭ ᠮᠠᠯᠳᠠᠵᠤ᠂ 20 ᠢᠵᠢ ᠤᠰᠤ ᠬᠠᠳᠠᠭᠠᠯᠠᠬᠤ ᠵᠣᠭᠤᠷᠢ ᠶᠢ ᠰᠢᠨ᠎ᠡ ᠪᠠᠷ ᠪᠠᠶᠢᠭᠤᠯᠵᠤ᠂ ᠮᠠᠯᠵᠢᠬᠤ | ᠣᠷᠤᠨ ᠤ ᠤᠰᠤᠨ ᠤ ᠬᠠᠩᠭᠠᠯᠭ᠎ᠠ ᠶᠢᠨ ᠪᠠᠳᠤᠯᠠᠭ᠎ᠠ ᠶᠢᠨ ᠴᠢᠳᠠᠪᠦᠷᠢ ᠶᠢ ᠳᠡᠭᠡᠭᠰᠢᠯᠡᠬᠦᠯᠦᠨ᠎ᠡ᠃ ᠮᠠᠯᠵᠢᠬᠤ ᠣᠷᠤᠨ ᠳᠤ 10 | ᠺᠢᠯᠣᠸᠠᠲ ᠤᠨ ᠴᠠᠬᠢᠯᠭᠠᠨ ᠬᠦᠴᠦᠨ ᠤ ᠲᠣᠣᠷ ᠢ 73.4 ᠺᠢᠯᠣᠮᠧᠲᠷ᠂ 0.4 ᠺᠢᠯᠣᠸᠠᠲ ᠤᠨ ᠴᠠᠬᠢᠯᠭᠠᠨ ᠬᠦᠴᠦᠨ ᠤ | ᠲᠣᠣᠷ ᠢ 59.7 ᠺᠢᠯᠣᠮᠧᠲᠷ ᠦᠭᠡᠷᠡᠴᠢᠯᠡᠨ ᠵᠠᠰᠠᠵᠤ᠂ 162 ᠴᠠᠬᠢᠯᠭᠠᠨ ᠬᠦᠴᠦᠳᠡᠯ ᠥᠭᠡᠷᠡᠴᠢᠯᠡᠭᠴᠢ ᠶᠢ ᠤᠭᠰᠠᠷᠠᠵᠤ᠂ | ᠰᠢᠨᠡᠪᠤᠯᠠᠭ ᠪᠠᠯᠭᠠᠰᠤᠨ ᠤ ᠪᠠᠷᠠᠭᠤᠨ ᠲᠡᠭᠦᠷᠬᠡ ᠶᠢᠨ 110 ᠺᠢᠯᠣᠸᠠᠲ ᠤᠨ ᠴᠠᠬᠢᠯᠭᠠᠨ ᠳᠠᠮᠵᠢᠭᠤᠯᠬᠤ ᠬᠦᠴᠦᠳᠡᠯ | ᠥᠭᠡᠷᠡᠴᠢᠯᠡᠬᠦ ᠢᠨᠵᠧᠨᠧᠷᠢᠩ ᠢ ᠪᠡᠶᠡᠯᠡᠭᠦᠯᠦᠨ᠎ᠡ᠃ ᠡᠳ᠋ ᠤᠨ ᠬᠦᠴᠦᠨ ᠪᠠ ᠲᠥᠷᠥᠯ ᠵᠦᠢᠯ ᠢ ᠡᠷᠡᠮᠡᠯᠵᠡᠯᠡᠨ ᠣᠯᠬᠤ ᠪᠠᠶᠢᠳᠠᠯ | ᠢᠶᠠᠨ ᠦᠨᠳᠦᠰᠦᠯᠡᠨ᠂ C004 ᠠᠴᠠ ᠰᠠᠶᠢᠬᠤᠰᠤ ᠬᠦᠷᠬᠦ ᠵᠡᠷᠭᠡ 4 ᠵᠤᠷᠪᠤᠰ ᠵᠠᠰᠠᠮᠠᠯ ᠵᠠᠮ ᠢ ᠵᠠᠰᠠᠵᠤ᠂ Y624 | ᠵᠠᠮ ᠤᠨ ᠬᠤᠨᠢᠴᠢᠨ ᠬᠠᠰᠢᠶᠠᠲᠤ ᠶᠢᠨ ᠬᠡᠰᠡᠭ ᠵᠡᠷᠭᠡ 8 ᠵᠤᠷᠪᠤᠰ ᠵᠠᠰᠠᠮᠠᠯ ᠵᠠᠮ ᠢ ᠠᠷᠠᠴᠢᠯᠠᠨ ᠬᠠᠮᠠᠭᠠᠯᠠᠵᠤ᠂ G511 | ᠵᠠᠰᠠᠮᠠᠯ ᠵᠠᠮ ᠤᠨ ᠬᠦᠪᠡᠭᠡᠲᠦ ᠰᠢᠷ᠎ᠠ ᠬᠤᠰᠢᠭᠤᠨ ᠤ ᠬᠡᠰᠡᠭ ᠤᠨ ᠬᠠᠭᠤᠴᠢᠨ ᠵᠠᠮ ᠢ ᠳᠠᠬᠢᠨ ᠰᠢᠨᠡᠳᠭᠡᠨ ᠵᠠᠰᠠᠬᠤ ᠲᠥᠷᠥᠯ | ᠵᠦᠢᠯ ᠢ ᠬᠡᠷᠡᠭᠵᠢᠭᠦᠯᠦᠨ᠎ᠡ᠃ ᠵᠠᠮ ᠤᠨ ᠲᠠᠷᠤᠭ᠎ᠠ ᠶᠢᠨ ᠳᠥᠷᠢᠮ ᠢ ᠬᠦᠨᠵᠡᠭᠡᠢ ᠨᠠᠶᠢᠳᠠᠪᠦᠷᠢᠵᠢᠭᠤᠯᠤᠨ᠎ᠠ᠃ 4G ᠰᠠᠭᠤᠷᠢ | ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠬᠦᠯᠵᠦ᠂ 5G ᠰᠠᠭᠤᠷᠢ ᠥᠷᠲᠡᠭᠡ ᠶᠢᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ︽ᠣᠶᠤᠨᠲᠤ ᠷᠠᠳᠢᠣ᠋ ᠲᠧᠯᠸᠢᠰ︾ ᠢ ᠪᠦᠷᠬᠦᠬᠦᠯᠬᠦ ᠨᠣᠷᠮ᠎ᠠ ᠶᠢ | ᠳᠡᠭᠡᠭᠰᠢᠯᠡᠭᠦᠯᠦᠨ᠎ᠡ᠃ | ᠮᠠᠯᠵᠢᠬᠤ ᠣᠷᠣᠨ ᠤ ᠪᠥᠬᠦ ᠲᠠᠯ᠎ᠠ ᠶᠢᠨ ᠬᠦᠭᠵᠢᠯᠲᠡ ᠶᠢ ᠦᠷᠭᠦᠯᠵᠢᠯᠡᠨ ᠠᠬᠢᠭᠤᠯᠤᠨ᠎ᠠ᠃ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ︽5 + 1︾ ᠬᠡᠷᠡᠭᠵᠢᠭᠦᠯᠬᠦ ᠲᠥᠰᠥᠯ ᠢ ᠬᠢᠨᠠᠮᠠᠭᠠᠢ ᠨᠠᠶᠢᠳᠠᠪᠦᠷᠢᠵᠢᠭᠤᠯᠤᠨ᠂ ᠮᠠᠯᠵᠢᠬᠤ | ᠣᠷᠣᠨ ᠤ ᠣᠳᠣᠬᠢᠴᠢᠯᠠᠯᠲᠠ ᠶᠢᠨ ᠶᠡᠷᠦᠩᠬᠡᠢ ᠬᠠᠷᠠᠯᠲᠠ ᠶᠢᠨ ᠲᠣᠭᠤᠷᠢᠨ ᠳᠤ᠂ ᠮᠠᠯ ᠠᠵᠤ ᠠᠬᠤᠢ ᠮᠠᠯᠵᠢᠬᠤ ᠣᠷᠣᠨ ᠢ | ᠤᠷᠢᠳᠠᠪᠠᠷ ᠬᠥᠭᠵᠢᠭᠦᠯᠬᠦ ᠶᠢ ᠪᠠᠷᠢᠮᠲᠠᠯᠠᠵᠤ᠂ ᠠᠵᠤ ᠦᠢᠯᠡᠰ ᠬᠦᠭᠵᠢᠭᠰᠡᠨ᠂ ᠠᠮᠢ ᠠᠬᠤᠢ ᠲᠠᠭᠠᠯᠠᠮᠵᠢᠲᠠᠢ᠂ ᠰᠤᠷᠲᠠᠯ | ᠪᠣᠯᠪᠠᠰᠤᠨ᠂ ᠵᠠᠰᠠᠯᠲᠠ ᠪᠦᠲᠦᠮᠵᠢᠲᠡᠢ᠂ ᠠᠮᠢᠳᠤᠷᠠᠯ ᠴᠢᠨᠡᠭᠡᠯᠢᠭᠵᠢᠭᠰᠡᠨ ᠶᠡᠷᠦᠩᠬᠡᠢ ᠱᠠᠭᠠᠷᠳᠠᠯᠭ᠎ᠠ ᠶᠢ ᠨᠠᠶᠢᠳᠠᠪᠦᠷᠢᠵᠢᠭᠤᠯᠤᠨ᠂ | ᠮᠠᠯᠵᠢᠬᠤ ᠣᠷᠣᠨ ᠤ ᠠᠵᠤ ᠦᠢᠯᠡᠰ᠂ ᠴᠢᠳᠠᠪᠤᠷᠢᠲᠠᠨ᠂ ᠰᠣᠶᠣᠯ᠂ ᠠᠮᠢ ᠠᠬᠤᠢ᠂ ᠵᠣᠬᠢᠶᠠᠨ ᠪᠠᠶᠢᠭᠤᠯᠤᠯᠲᠠ ᠶᠢᠨ ᠴᠡᠴᠡᠭᠯᠡᠨ | ᠬᠦᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ | ᠲᠠᠯ᠎ᠠ ᠪᠠᠷ ᠠᠬᠢᠭᠤᠯᠬᠤ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠦᠨ᠎ᠡ᠃ ︽ᠴᠠᠬᠠᠷ ᠬᠤᠨᠢ ᠪᠠ ᠴᠠᠭᠠᠨ ᠢᠳᠡᠭᠡᠨ︾ | ᠤ ᠠᠵᠤ ᠦᠢᠯᠡᠰ ᠢ ᠬᠦᠴᠦᠷᠭᠡᠭᠵᠢᠬᠦᠯᠵᠦ᠂ ᠲᠤᠯᠤᠭᠠᠶᠢᠯᠠᠭᠴᠢ ᠠᠵᠤ ᠠᠬᠤᠶᠢᠯᠠᠯ ᠪᠠ ᠮᠠᠯᠴᠢᠳ ᠤᠨ ᠠᠰᠢᠭ ᠲᠤᠰᠠ | ᠬᠤᠯᠪᠤᠯᠳᠤᠭᠰᠠᠨ ᠲᠤᠭᠲᠠᠯᠴᠠᠭ᠎ᠠ ᠶᠢ ᠲᠡᠭᠦᠯᠳᠡᠷᠵᠢᠬᠦᠯᠵᠦ᠂ ᠮᠠᠯᠴᠢᠳ ᠤᠨ ᠣᠷᠤᠯᠭ᠎ᠠ ᠶᠢ ᠨᠡᠮᠡᠭᠳᠡᠬᠦᠯᠦᠨ᠎ᠡ᠃ ᠣᠯᠠᠨ | ᠨᠡᠶᠢᠲᠡ ᠶᠢᠨ ᠦᠢᠯᠡᠴᠢᠯᠡᠭᠡᠨ ᠤ ᠬᠠᠮᠤᠷᠬᠤ ᠬᠦᠷᠢᠶ᠎ᠡ ᠬᠡᠪᠴᠢᠶ᠎ᠡ ᠶᠢ ᠦᠷᠭᠡᠳᠬᠡᠵᠦ᠂ ᠮᠠᠯᠵᠢᠬᠤ ᠣᠷᠣᠨ ᠤ ᠡᠷᠡᠭᠦᠯ | ᠬᠠᠮᠠᠭᠠᠯᠠᠯ᠂ ᠰᠣᠶᠣᠯ ᠲᠠᠮᠢᠷ᠂ ᠨᠡᠶᠢᠭᠡᠮ ᠤᠨ ᠠᠰᠠᠷᠠᠮᠵᠢ ᠶᠢᠨ ᠦᠢᠯᠡᠰ ᠢ ᠠᠬᠢᠭᠤᠯᠵᠤ᠂ ᠮᠠᠯᠴᠢᠳ ᠤᠨ ᠨᠠᠰᠤᠵᠢᠯ ᠤᠨ | ᠳᠠᠭᠠᠳᠬᠠᠯ ᠪᠣᠯᠣᠨ ᠡᠮ ᠡᠮᠨᠡᠯᠭᠡ ᠶᠢᠨ ᠳᠠᠭᠠᠳᠬᠠᠯ ᠳᠤ ᠤᠷᠤᠯᠴᠠᠬᠤ ᠨᠤᠷᠮ᠎ᠠ ᠶᠢ ᠳᠡᠭᠡᠭᠰᠢᠯᠡᠬᠦᠯᠦᠨ᠎ᠡ᠃ ᠠᠶᠢᠮᠠᠭ ᠤᠨ | ᠲᠠᠰ ᠤᠨ 3 ᠵᠢᠱᠢᠶ᠎ᠡ ᠦᠵᠡᠭᠦᠯᠬᠦ ᠭᠠᠴᠠᠭ᠎ᠠ ᠶᠢᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠶᠠᠳᠠᠭᠤ ᠠᠴᠠ | ᠠᠩᠭᠢᠵᠢᠷᠠᠭᠤᠯᠬᠤ ᠪᠤᠭᠤᠮᠳᠠ ᠰᠢᠪᠳᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠠᠬᠢᠭᠤᠯᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ | ᠬᠦᠳᠡᠯᠦᠩᠬᠦᠢ ᠬᠢᠨᠠᠨ ᠬᠡᠮᠵᠢᠯᠲᠡ ᠪᠠ ᠨᠠᠷᠢᠯᠢᠭ ᠤᠨᠤᠪᠴᠢᠲᠠᠢ ᠪᠠᠷ ᠬᠠᠪᠰᠤᠷᠤᠨ ᠲᠡᠳᠬᠦᠬᠦ ᠲᠤᠭᠲᠠᠯᠴᠠᠭ᠎ᠠ ᠶᠢ ᠪᠥᠬᠦ | ᠲᠠᠯ᠎ᠠ ᠪᠠᠷ ᠨᠠᠶᠢᠳᠠᠪᠦᠷᠢᠵᠢᠭᠤᠯᠤᠨ᠂ ᠬᠡᠪᠴᠢᠶᠡᠵᠢᠯ ᠤᠨ ᠴᠢᠨᠠᠷᠲᠠᠢ ᠳᠠᠬᠢᠨ ᠶᠠᠳᠠᠭᠤᠷᠠᠯ ᠡᠬᠦᠰᠬᠦ ᠦᠭᠡᠢ ᠪᠠᠶᠢᠬᠤ ᠶᠢ ᠪᠠᠲᠤ | ᠰᠠᠬᠢᠨ᠎ᠠ᠃ ᠶᠠᠳᠠᠭᠤ ᠶᠢ ᠲᠡᠳᠬᠦᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠦᠷ᠎ᠡ ᠠᠰᠢᠭ ᠢ ᠨᠢ ᠭᠦᠢᠴᠡᠳ ᠪᠠᠳᠠᠷᠠᠭᠤᠯᠤᠨ᠎ᠠ᠃ | ︵ᠳᠥᠷᠪᠡ︶ ᠠᠮᠢ ᠠᠬᠤᠢ ᠶᠢ ᠲᠡᠷᠢᠭᠦᠨ ᠳᠤ ᠲᠠᠯᠪᠢᠨ᠂ ᠪᠣᠬᠢᠷᠳᠤᠯ ᠦᠭᠡᠢ ᠬᠦᠭᠵᠢᠯᠲᠡ ᠶᠢ ᠪᠠᠷᠢᠮᠲᠠᠯᠠᠨ᠂ ᠠᠮᠢ | ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠲᠦᠯᠬᠢᠨ ᠠᠬᠢᠭᠤᠯᠤᠨ᠎ᠠ | ᠪᠤᠬᠢᠷᠳᠤᠯ ᠦᠭᠡᠢ ᠬᠦᠭᠵᠢᠯᠲᠡ ᠶᠢ ᠳᠠᠰᠤᠷᠠᠯᠲᠠ ᠦᠭᠡᠢ ᠠᠬᠢᠭᠤᠯᠤᠨ᠎ᠠ᠃ ᠡᠨᠧᠷᠭᠢ᠂ ᠤᠰᠤ᠂ ᠭᠠᠵᠠᠷ ᠰᠢᠷᠤᠢ᠂ | ᠮᠠᠲ᠋ᠧᠷᠢᠶᠠᠯ᠂ ᠠᠭᠤᠷᠬᠠᠢ ᠶᠢᠨ ᠡᠬᠢ ᠪᠠᠶ᠋ᠯᠢᠭ ᠢ ᠠᠷᠪᠢᠯᠠᠬᠤ ᠪᠠᠷᠢᠮᠵᠢᠶ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠪᠤᠬᠢᠷᠳᠤᠯ ᠦᠭᠡᠢ ᠲᠣᠣᠷ᠎ᠠ ᠨᠡᠭᠦᠷᠡᠰᠦᠳᠦᠷᠦ᠋ᠭᠴᠢᠲᠦ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ᠂ | ᠠᠵᠤ ᠠᠬᠤᠢ ᠨᠡᠶᠢᠭᠡᠮ ᠤᠨ ᠪᠣᠬᠢᠷᠳᠤᠯ ᠦᠭᠡᠢ ᠲᠤᠤᠷ᠎ᠠ ᠨᠡᠭᠦᠷᠡᠰᠦᠳᠦᠷᠦ᠋ᠭᠴᠢᠲᠦ ᠬᠦᠭᠵᠢᠯᠲᠡ ᠶᠢ ᠲᠦᠯᠬᠢᠨ ᠠᠬᠢᠭᠤᠯᠤᠨ᠎ᠠ᠃ | ᠡᠯ᠎ᠡ ᠲᠦᠷᠦᠯ ᠤᠨ ᠡᠬᠢ ᠪᠠᠶᠠᠯᠢᠭ ᠢ ᠠᠷᠪᠢᠯᠠᠵᠤ ᠶᠡᠷᠦᠩᠬᠡᠶᠢᠯᠡᠨ ᠠᠰᠢᠭᠯᠠᠬᠤ ᠶᠢ ᠠᠬᠢᠭᠤᠯᠤᠨ᠂ ᠨᠡᠭᠦᠷᠡᠰᠦ᠂ ᠴᠢᠯᠠᠭᠤᠨ | ᠮᠠᠲ᠋ᠧᠷᠢᠶᠠᠯ ᠤᠨ ᠬᠠᠶᠠᠭᠳᠠᠮᠠᠯ ᠡᠳ᠋᠂ ᠨᠢᠦᠪᠢ ᠲᠠᠨᠲ᠋ᠠᠯ ᠤᠨ ᠦᠯᠡᠳᠡᠭᠳᠡᠯ ᠠᠭᠤᠷᠬᠠᠢ ᠵᠡᠷᠭᠡ ᠡᠬᠢ ᠪᠠᠶᠠᠯᠢᠭ ᠢ ᠶᠡᠷᠦᠩᠬᠡᠶᠢᠯᠡᠨ | ᠠᠰᠢᠭᠯᠠᠬᠤ ᠨᠤᠷᠮ᠎ᠠ ᠶᠢ ᠳᠡᠭᠡᠭᠰᠢᠯᠡᠭᠦᠯᠦᠨ᠎ᠡ᠃ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠪᠣᠬᠢᠷᠳᠤᠯ ᠦᠭᠡᠢ ᠴᠠᠬᠢᠯᠭᠠᠨ | ᠬᠡᠷᠡᠭᠯᠡᠬᠦ ᠶᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ᠂ ᠡᠨᠧᠷᠭᠢ ᠬᠡᠷᠡᠭᠯᠡᠬᠦ ᠲᠥᠰᠥᠪ ᠤᠨ ᠬᠠᠮᠢᠶᠠᠷᠤᠯᠲᠠ ᠶᠢ | ᠴᠢᠩᠭᠠᠷᠠᠭᠤᠯᠤᠨ᠂ ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠡ ᠶᠢᠨ ᠡᠨᠧᠷᠭᠢ ᠶᠢᠨ ᠬᠤᠷᠣᠭᠳᠠᠭᠤᠯᠤᠯ ᠢ ᠰᠦᠯᠵᠢᠶᠡᠨ | ᠳᠡᠭᠡᠷ᠎ᠡ ᠬᠢᠨᠠᠨ ᠬᠡᠮᠵᠢᠬᠦ ᠶᠢ ᠲᠦᠭᠡᠮᠡᠯᠵᠢᠬᠦᠯᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠪᠠ ᠠᠷᠠᠳ ᠤᠨ | ᠠᠮᠢᠳᠤᠷᠠᠯ ᠢ ᠰᠠᠶᠢᠵᠢᠷᠠᠭᠤᠯᠬᠤ ᠳᠤ ᠡᠨᠧᠷᠭᠢ ᠶᠢ ᠵᠦᠢ ᠵᠤᠬᠢᠰᠲᠠᠢ ᠬᠡᠷᠡᠭᠯᠡᠬᠦ ᠶᠢ ᠪᠠᠲᠤᠯᠠᠨ᠂ ᠠᠮᠢ ᠠᠬᠤᠢ ᠶᠢᠨ | ᠨᠡᠭᠦᠷᠡᠰᠦᠲᠥ᠋ᠷᠥᠭᠴᠢ ᠶᠢ ᠬᠤᠷᠠᠮᠳᠤᠭᠤᠯᠤᠨ ᠴᠤᠭᠯᠠᠭᠤᠯᠬᠤ ᠲᠥᠷᠥᠯ ᠵᠦᠢᠯ ᠢ ᠢᠳᠡᠪᠬᠢᠲᠡᠢ ᠪᠠᠷ ᠰᠦᠪᠡᠭᠴᠢᠯᠡᠨ | ᠬᠡᠷᠡᠭᠵᠢᠭᠦᠯᠵᠦ᠂ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠪᠠ ᠨᠡᠭᠦᠷᠡᠰᠦᠲᠥ᠋ᠷᠥᠭᠴᠢ ᠶᠢ ᠰᠠᠭᠠᠷᠮᠭᠵᠢᠭᠤᠯᠬᠤ ᠠᠵᠢᠯ ᠢ | ᠯᠠᠪᠳᠠᠭᠤᠨ ᠢᠶᠠᠷ ᠠᠬᠢᠭᠤᠯᠤᠨ᠎ᠠ᠃ | ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯ ᠢ ᠲᠠᠰᠤᠷᠠᠯᠳᠠ ᠦᠭᠡᠢ ᠴᠢᠩᠭᠠᠳᠬᠠᠨ᠎ᠠ᠃ ᠠᠭᠠᠷ ᠮᠠᠨᠳᠠᠯ ᠤᠨ ᠣᠯᠠᠨ | ᠡᠬᠢᠲᠦ ᠪᠣᠬᠢᠷᠳᠤᠯ ᠢ ᠵᠠᠰᠠᠬᠤ ᠶᠢ ᠴᠢᠩᠭᠠᠳᠬᠠᠵᠤ᠂ ᠣᠯᠠᠨ ᠪᠣᠬᠢᠷᠳᠤᠯ ᠪᠣᠳᠠᠰ ᠢ ᠬᠠᠮᠵᠢᠯᠴᠠᠨ ᠡᠵᠡᠮᠳᠡᠬᠦ ᠶᠢ | ᠴᠢᠩᠭᠠᠷᠠᠭᠤᠯᠤᠨ᠂ ᠪᠠᠶᠠᠨᠲᠠᠯ᠎ᠠ ᠪᠠᠯᠭᠠᠰᠤ᠂ ᠤᠩᠭᠤᠨ ᠠᠭᠤᠯᠠ ᠰᠣᠮᠣᠨ ᠤ ᠠᠯᠪᠠᠨ ᠠᠰᠠᠷ ᠪᠠ ᠰᠢᠪᠡᠭᠡᠲᠦ ᠭᠠᠴᠠᠭᠠᠨ ᠤ | ᠮᠠᠯᠴᠢᠳ ᠤᠨ 3 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠲᠠᠢ ︽ᠨᠡᠭᠦᠷᠡᠰᠦ ᠶᠢ ᠴᠠᠬᠢᠯᠭᠠᠨ ᠢᠶᠠᠷ ᠤᠷᠤᠯᠠᠭᠤᠯᠬᠤ︾ | ᠳᠤᠯᠠᠭᠠᠯᠠᠭ᠎ᠠ ᠶᠢᠨ ᠲᠥᠷᠥᠯ ᠵᠦᠢᠯ ᠢ ᠪᠡᠶᠡᠯᠡᠭᠦᠯᠦᠨ᠎ᠡ᠃ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠶᠢᠨ ᠬᠠᠶᠠᠭᠳᠠᠮᠠᠯ | ᠤᠰᠤ ᠶᠢ ᠬᠦᠮᠦᠨ ᠤ ᠬᠦᠴᠦᠨ ᠢᠶᠠᠷ ᠵᠣᠬᠢᠶᠠᠮᠠᠯ ᠨᠠᠮᠤᠭ ᠭᠠᠵᠠᠷ ᠪᠤᠯᠭᠠᠨ ᠪᠠᠶᠢᠭᠤᠯᠬᠤ ᠲᠥᠷᠥᠯ ᠵᠦᠢᠯ ᠢ ᠴᠢᠨᠠᠷ ᠰᠠᠶᠢᠲᠠᠢ | ᠬᠡᠷᠡᠭᠵᠢᠭᠦᠯᠵᠦ᠂ ᠤᠰᠤ ᠶᠢ ᠲᠠᠬᠢᠨ ᠠᠰᠢᠭᠯᠠᠬᠤ ᠨᠣᠷᠮ᠎ᠠ ᠶᠢ ᠳᠡᠭᠡᠭᠰᠢᠯᠡᠭᠦᠯᠦᠨ᠎ᠡ᠃ ᠡᠮᠨᠡᠯᠭᠡ ᠶᠢᠨ ᠪᠣᠬᠢᠷ ᠤᠰᠤ ᠪᠠ ᠬᠤᠭ | ᠨᠣᠪᠰᠢ ᠶᠢ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ᠮᠠᠯᠵᠢᠬᠤ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ | ᠴᠡᠭᠴᠡᠯᠡᠨ ᠰᠠᠶᠢᠵᠢᠷᠠᠭᠤᠯᠬᠤ ᠲᠥᠷᠥᠯ ᠵᠦᠢᠯ ᠢ ᠬᠡᠷᠡᠭᠵᠢᠬᠦᠯᠦᠨ᠂ ᠬᠦᠸᠧ ᠹᠧᠩ ᠮᠢᠨ ᠢᠦᠢ ᠮᠠᠯ ᠵᠢᠭᠦᠷᠲᠡᠨ ᠤ ᠢᠯᠭᠠᠳᠠᠰᠤ | ᠶᠢ ᠡᠬᠢ ᠪᠠᠶᠠᠯᠢᠭ ᠪᠤᠯᠭᠠᠨ ᠠᠰᠢᠭᠯᠠᠬᠤ ᠶᠢ ᠪᠥᠬᠦ ᠬᠤᠰᠢᠭᠤ ᠪᠠᠷ ᠢᠶᠠᠨ ᠲᠦᠯᠬᠢᠨ ᠠᠬᠢᠭᠤᠯᠬᠤ ᠲᠥᠷᠥᠯ ᠵᠦᠢᠯ ᠢ | ᠪᠠᠶᠢᠭᠤᠯᠵᠤ ᠲᠠᠭᠤᠰᠬᠠᠨ ᠠᠰᠢᠭᠯᠠᠯᠲᠠ ᠳᠤ ᠣᠷᠣᠭᠤᠯᠤᠨ᠎ᠠ᠃ 4 ᠭᠠᠴᠠᠭᠠᠨ ᠤ ᠠᠮᠢᠳᠤᠷᠡᠯ ᠤᠨ ᠪᠤᠬᠢᠷ ᠤᠰᠤ ᠶᠢ | ᠰᠢᠢᠳᠪᠦᠷᠢᠯᠡᠬᠦ ᠲᠦᠭᠦᠭᠡᠷᠤᠮᠵᠢ ᠶᠢᠨ ᠪᠠᠶᠢᠭᠤᠯᠤᠯᠳᠡ ᠶᠢ ᠳᠠᠭᠤᠰᠬᠠᠨ᠎ᠠ᠃ ᠬᠤᠶᠠᠳᠤᠭᠠᠷ ᠡᠭᠡᠯᠵᠢ ᠶᠢᠨ ᠲᠥᠪ ᠤᠨ ᠠᠮᠢ | ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠭᠰᠠᠨ ᠮᠡᠳᠡᠭᠦᠯᠦᠯᠲᠡ ᠶᠢᠨ ᠣᠨ ᠤ | ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠴᠢᠨᠠᠷ ᠰᠠᠶᠢᠲᠠᠢ ᠪᠡᠶᠡᠯᠡᠬᠦᠯᠦᠨ᠎ᠡ᠃ | ᠰᠡᠷᠭᠦᠭᠡᠨ ᠵᠠᠰᠠᠬᠤ ᠠᠵᠢᠯ ᠢ ᠲᠠᠰᠤᠷᠠᠯᠲᠠ ᠦᠭᠡᠢ ᠲᠦᠯᠬᠢᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ | ᠵᠡᠭᠦᠨ ᠬᠡᠰᠡᠭ ᠤᠨ ᠲᠠᠯ᠎ᠠ ᠨᠤᠲᠤᠭ ᠤᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠢ ᠬᠡᠷᠡᠭᠵᠢᠭᠦᠯᠵᠦ᠂ | ᠬᠥᠮᠥᠨ ᠤ ᠬᠦᠴᠦ ᠪᠠᠷ 500 ᠮᠦ ᠣᠶᠢᠵᠢᠭᠤᠯᠵᠤ᠂ 5000 ᠮᠦ ᠠᠭᠤᠯᠠ ᠶᠢ ᠪᠢᠲᠡᠭᠦᠮᠵᠢᠯᠡᠨ ᠣᠶᠢᠵᠢᠭᠤᠯᠵᠤ᠂ 500 | ᠮᠦ ᠲᠠᠴᠢᠷᠳᠠᠭᠰᠠᠨ ᠭᠠᠵᠠᠷ ᠢ ᠵᠠᠰᠠᠨ ᠰᠡᠷᠭᠦᠭᠡᠵᠦ᠂ ᠬᠥᠮᠥᠨ ᠤ ᠬᠦᠴᠦ ᠪᠠᠷ 6000 ᠮᠦ ᠡᠪᠡᠰᠦ ᠳᠠᠷᠢᠨ᠎ᠠ᠃ ᠬᠠᠪᠤᠷ ᠤᠨ | ᠤᠯᠠᠷᠢᠯ ᠤᠨ ᠪᠡᠯᠴᠢᠭᠡᠷ ᠰᠡᠷᠭᠦᠬᠡᠬᠦ ᠬᠤᠭᠤᠴᠠᠭᠠᠨ ᠳᠠᠬᠢ ᠪᠡᠯᠴᠢᠭᠡᠷᠯᠡᠬᠦᠯᠬᠦ ᠶᠢ ᠲᠥᠷ ᠵᠤᠭᠰᠤᠭᠠᠬᠤ ᠠᠵᠢᠯ ᠢ ᠴᠢᠨᠠᠷ ᠰᠠᠶᠢᠲᠠᠢ | ᠪᠡᠶᠡᠯᠡᠭᠦᠯᠵᠦ᠂ ᠰᠢᠨ᠎ᠡ ᠨᠢᠭᠡ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠨᠦᠬᠦᠪᠦᠷᠢᠯᠡᠨ ᠱᠠᠩᠨᠠᠬᠤ | ᠲᠥᠷᠥ ᠶᠢᠨ ᠪᠣᠳᠣᠯᠭ᠎ᠠ ᠶᠢ ᠬᠢᠨᠠᠮᠠᠭᠠᠢ ᠨᠠᠶᠢᠳᠠᠪᠦᠷᠢᠵᠢᠭᠤᠯᠤᠨ᠎ᠠ᠃ ᠣᠶ ᠰᠢᠭᠤᠢ ᠨᠤᠲᠤᠭ ᠪᠡᠯᠴᠢᠭᠡᠷ ᠤᠨ ᠬᠦᠨᠦᠭᠡᠯᠲᠦ | ᠪᠣᠳᠠᠰ ᠢ 70 ᠲᠦᠮᠡᠨ ᠮᠦ ᠰᠡᠷᠭᠡᠶᠢᠯᠡᠨ ᠵᠠᠰᠠᠨ᠎ᠠ᠃ ᠦᠶᠡᠷ ᠤᠨ ᠭᠤᠤ ᠶᠢ ᠵᠠᠰᠠᠬᠤ᠂ ᠵᠢᠵᠢᠭ ᠰᠠᠪᠠ ᠤᠷᠤᠰᠬᠠᠯ ᠢ ᠵᠠᠰᠠᠬᠤ | ᠂ ᠬᠦᠢᠲᠡᠨ ᠭᠤᠣᠯ ᠤᠨ ᠰᠡᠭᠦᠵᠢ ᠭᠠᠴᠠᠭᠠᠨ ᠤ ᠬᠡᠰᠡᠭ ᠤᠨ ᠦᠶᠡᠷ ᠢ ᠰᠡᠷᠭᠡᠶᠢᠯᠡᠬᠦ ᠢᠨᠵᠧᠨᠧᠷᠢᠩ ᠵᠡᠷᠭᠡ ᠲᠥᠷᠥᠯ ᠵᠦᠢᠯ ᠢ | ᠬᠡᠷᠡᠭᠵᠢᠭᠦᠯᠦᠨ᠎ᠡ᠃ ᠵᠠᠳᠠᠭᠠᠢ ᠠᠭᠤᠷᠬᠠᠢ ᠶᠢᠨ ᠤᠷᠤᠨ ᠤ ᠣᠷᠴᠢᠨ ᠠᠬᠤᠢ ᠶᠢ ᠵᠠᠰᠠᠨ ᠰᠠᠶᠢᠵᠢᠷᠠᠭᠤᠯᠬᠤ ᠠᠵᠢᠯ ᠢ ᠪᠥᠬᠦ | ᠲᠠᠯ᠎ᠠ ᠪᠠᠷ ᠰᠠᠶᠢᠲᠤᠷ ᠬᠢᠨ᠎ᠡ᠃ ᠲᠡᠦᠬᠡᠨ ᠬᠠᠶᠠᠭᠳᠠᠮᠠᠯ ᠠᠭᠤᠷᠬᠠᠢ ᠶᠢᠨ ᠨᠦᠬᠡ ᠶᠢ ᠵᠠᠰᠠᠨ ᠰᠠᠶᠢᠵᠢᠷᠠᠭᠤᠯᠬᠤ ᠲᠥᠷᠥᠯ | ᠵᠦᠢᠯ ᠤᠨ ᠰᠡᠬᠦᠯᠴᠢ ᠶᠢᠨ ᠠᠵᠢᠯ ᠢ ᠴᠢᠨᠠᠷ ᠰᠠᠶᠢᠲᠠᠢ ᠪᠡᠶᠡᠯᠡᠭᠦᠯᠦᠨ᠎ᠡ᠃ | ᠬᠠᠤᠯᠢ ᠬᠡᠷᠡᠭᠵᠢᠬᠦᠯᠬᠦ ᠬᠢᠨᠠᠨ ᠬᠠᠮᠢᠶᠠᠷᠤᠯᠲᠠ ᠶᠢ ᠲᠠᠰᠤᠷᠠᠯᠲᠠ ᠦᠭᠡᠢ ᠴᠢᠩᠭᠠᠳᠬᠠᠨ᠎ᠠ᠃ ᠠᠵᠤ ᠠᠬᠤᠢ ᠶᠢᠨ | ᠪᠦᠲᠦᠴᠡ ᠳᠤ ᠲᠣᠬᠢᠷᠠᠭᠤᠯᠤᠯᠲᠠ ᠬᠢᠬᠦ᠂ ᠠᠵᠤ ᠦᠢᠯᠡᠰ ᠤᠨ ᠬᠥᠭᠵᠢᠯᠲᠡ ᠶᠢ ᠲᠥᠯᠥᠪᠵᠢᠭᠦᠯᠬᠦ᠂ ᠬᠤᠲᠠ | ᠪᠠᠯᠭᠠᠰᠤᠵᠢᠯᠲᠠ ᠶᠢ ᠲᠦᠯᠬᠢᠨ ᠠᠬᠢᠭᠤᠯᠬᠤ ᠳᠤᠮᠳᠠ ︽ᠭᠤᠷᠪᠠᠨ ᠣᠷᠤᠨ ᠭᠤᠷᠪᠠᠨ ᠱᠣᠭᠤᠮ︾ ᠢ ᠵᠠᠭᠠᠭᠯᠠᠨ | ᠲᠣᠭᠲᠠᠭᠠᠭᠰᠠᠨ ᠦᠷ᠎ᠡ ᠪᠦᠲᠦᠭᠡᠯ ᠢ ᠴᠢᠩᠭ᠎ᠠ ᠬᠡᠷᠡᠭᠵᠢᠭᠦᠯᠦᠨ᠎ᠡ᠃ ᠪᠦᠲᠦᠭᠡᠨ ᠪᠠᠶᠢᠭᠤᠯᠤᠯᠲᠠ ᠶᠢᠨ ᠲᠥᠷᠦᠯ ᠵᠦᠢᠯ ᠤᠨ | ᠠᠮᠢ ᠠᠬᠤᠢ ᠶᠢᠨ ᠣᠷᠴᠢᠨ ᠲᠤᠭᠤᠷᠢᠨ ᠢ ᠬᠠᠮᠠᠭᠠᠯᠬᠤ ︽ᠭᠤᠷᠪᠠ ᠶᠢ ᠬᠠᠮᠲᠤ ᠳᠤᠨᠢ ᠬᠢᠨᠠᠨ ᠪᠠᠶᠢᠴᠠᠭᠠᠬᠤ︾ ᠬᠠᠮᠢᠶᠠᠷᠤᠯᠲᠠ | ᠶᠢ ᠴᠢᠩᠭᠠᠳᠬᠠᠨ᠎ᠠ᠃ ᠭᠤᠣᠯ ᠤᠨ ᠳᠠᠷᠤᠭ᠎ᠠ᠂ ᠤᠢ ᠰᠢᠭᠤᠢ ᠨᠤᠲᠤᠭ ᠪᠡᠯᠴᠢᠭᠡᠷ ᠤᠨ ᠳᠠᠷᠤᠭ᠎ᠠ ᠶᠢᠨ ᠳᠦᠷᠢᠮ ᠢ ᠴᠢᠩᠭ᠎ᠠ | ᠨᠠᠶᠢᠳᠠᠪᠤᠷᠢᠵᠢᠭᠤᠯᠤᠨ᠎ᠠ᠃ ᠲᠠᠭᠠᠭᠤᠯᠢ ᠣᠳᠣᠨ ᠵᠢᠷᠤᠭ ᠢᠶᠠᠷ ᠬᠠᠤᠯᠢ ᠬᠡᠷᠡᠭᠵᠢᠬᠦᠯᠵᠦ ᠪᠠᠶᠢᠴᠠᠭᠠᠬᠤ ᠡᠷᠴᠢᠮ ᠢᠶᠠᠨ | ᠴᠢᠩᠭᠠᠷᠠᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠭᠰᠡᠨ ᠠᠵᠢᠯᠯᠠᠭ᠎ᠠ ᠶᠢ ᠢᠯᠡᠴᠢᠯᠡᠨ ᠮᠡᠳᠡᠬᠦᠯᠬᠦ ᠶᠢ ᠱᠠᠩᠨᠠᠨ | ᠬᠥᠬᠢᠭᠦᠯᠬᠦ ᠳᠦᠷᠢᠮ ᠢ ᠲᠡᠭᠦᠯᠳᠡᠷᠵᠢᠭᠦᠯᠦᠨ᠂ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠭᠰᠡᠨ ᠠᠵᠢᠯᠯᠠᠭ᠎ᠠ ᠶᠢ ᠴᠢᠩᠭ᠎ᠠ | ᠪᠠᠶᠢᠴᠠᠭᠠᠨ ᠰᠢᠢᠳᠪᠦᠷᠢᠯᠡᠨ᠎ᠡ᠃ | ︵ᠲᠠᠪᠤ︶ ᠦᠨᠳᠦᠰᠦᠨ ᠵᠦᠢᠯ ᠢ ᠪᠠᠲᠤᠯᠠᠬᠤ ᠶᠢ ᠴᠢᠬᠤᠯᠠᠴᠢᠯᠠᠨ᠂ ᠴᠢᠳᠠᠯ ᠤᠨ ᠢᠶᠠᠨ ᠬᠢᠷᠢ ᠪᠠᠷ ᠠᠬᠢᠭᠤᠯᠵᠤ᠂ | ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠲᠠᠰᠤᠷᠠᠯᠳᠠ ᠦᠭᠡᠢ ᠳᠡᠭᠡᠭᠰᠢᠯᠡᠬᠦᠯᠦᠨ᠎ᠡ | ᠠᠵᠢᠯ ᠣᠯᠭᠤᠯᠲᠠ ᠶᠢ ᠦᠷᠭᠦᠯᠵᠢᠯᠡᠨ ᠲᠤᠭᠲᠠᠪᠤᠷᠢᠵᠢᠭᠤᠯᠤᠨ ᠥᠷᠭᠡᠳᠬᠡᠨ᠎ᠡ᠃ ᠠᠵᠢᠯ ᠤᠯᠭᠤᠯᠲᠠ ᠶᠢ | ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠪᠤᠳᠠᠳᠠᠶᠢᠵᠢᠭᠤᠯᠤᠨ ᠨᠠᠶᠢᠳᠠᠪᠤᠷᠢᠵᠢᠭᠤᠯᠵᠤ᠂ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ᠂ ᠬᠤᠲᠠ ᠤᠷᠤᠭᠰᠠᠨ ᠮᠠᠯᠴᠢᠳ᠂ ᠴᠡᠷᠢᠭ ᠠᠴᠠ ᠬᠠᠯᠠᠭᠳᠠᠭᠰᠠᠳ᠂ ᠬᠤᠲᠠ ᠪᠠᠯᠭᠠᠰᠤᠨ ᠤ | ᠠᠵᠢᠯ ᠠᠯᠳᠠᠭᠰᠠᠳ ᠵᠡᠷᠭᠡ ᠭᠤᠣᠯᠳᠠᠯᠭ᠎ᠠ ᠲᠠᠢ ᠬᠦᠮᠦᠰ ᠤᠨ ᠠᠵᠢᠯ ᠣᠯᠭᠤᠯᠲᠠ ᠶᠢ ᠰᠠᠶᠢᠲᠤᠷ ᠬᠢᠨ᠎ᠡ᠃ ᠠᠵᠢᠯ | ᠮᠡᠷᠭᠡᠵᠢᠯ ᠤᠨ ᠤᠷ᠎ᠠ ᠴᠢᠳᠠᠪᠤᠷᠢ ᠶᠢᠨ ᠪᠤᠯᠪᠠᠰᠤᠷᠠᠯ ᠢ 500 ᠬᠥᠮᠥᠨ ᠤᠳᠠᠭ᠎ᠠ ᠥᠷᠨᠢᠭᠦᠯᠵᠦ᠂ 1000 ᠬᠤᠪᠢ ᠠᠵᠢᠯ | ᠤᠨ ᠪᠠᠶᠢᠷᠢ ᠭᠠᠷᠭᠠᠨ᠂ 400 ᠬᠤᠳᠠ ᠪᠠᠯᠭᠠᠰᠤᠨ ᠤ ᠬᠦᠮᠦᠰ ᠲᠤ ᠰᠢᠨ᠎ᠡ ᠪᠠᠷ ᠠᠵᠢᠯ ᠣᠯᠭᠤᠵᠤ᠂ 80 ᠨᠡᠷ᠎ᠡ ᠠᠵᠢᠯ | ᠣᠯᠬᠤ ᠳᠤ ᠬᠦᠴᠢᠷᠲᠡᠢ ᠬᠦᠮᠦᠰ ᠲᠤ ᠠᠵᠢᠯ ᠣᠯᠭᠤᠨ᠂ 200 ᠨᠡᠷ᠎ᠡ ᠠᠵᠢᠯ ᠠᠯᠳᠠᠭᠰᠠᠳ ᠲᠤ ᠲᠠᠬᠢᠨ ᠠᠵᠢᠯ ᠤᠯᠭᠤᠨ᠎ᠡ | ᠃ ᠠᠳᠠᠯ ᠦᠢᠯᠡᠰ ᠪᠤᠰᠬᠠᠬᠤ ᠶᠢ ᠲᠡᠳᠬᠦᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠦᠢᠯᠡᠰ ᠪᠤᠰᠬᠠᠬᠤ | ᠬᠦᠷᠢᠶᠡᠯᠡᠩ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠠᠵᠢᠯ ᠠᠯᠳᠠᠭᠰᠠᠳ ᠤᠨ ᠳᠠᠭᠠᠳᠬᠠᠯ ᠤᠨ | ᠮᠥᠩᠭᠦ ᠪᠠ ᠨᠦᠬᠦᠪᠦᠷᠢ ᠶᠢᠨ ᠲᠥᠷᠥ ᠶᠢᠨ ᠪᠣᠳᠣᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠎ᠠ᠃ ᠮᠠᠯᠴᠢᠨ ᠲᠠᠷᠢᠶᠠᠴᠢᠨ | ᠬᠦᠴᠦ ᠶᠠᠪᠤᠭᠰᠠᠳ ᠤᠨ ᠴᠠᠯᠢᠩ ᠢ ᠪᠠᠲᠤᠯᠠᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠨ᠎ᠡ᠃ | ᠰᠤᠷᠭᠠᠨ ᠬᠥᠮᠦᠵᠢᠯ ᠤᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠤᠯᠤᠰ ᠤᠨ ᠬᠤᠰᠢᠭᠤ | ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢ | ᠦᠨᠡᠯᠡᠨ ᠰᠢᠯᠭᠠᠬᠤ ᠠᠵᠢᠯ ᠢ ᠴᠢᠨᠠᠷ ᠰᠠᠶᠢᠲᠠᠢ ᠪᠡᠶᠡᠯᠡᠭᠦᠯᠵᠦ᠂ ᠡᠯ᠎ᠡ ᠲᠥᠷᠥᠯ ᠤᠨ ᠰᠤᠷᠭᠠᠨ ᠬᠥᠮᠦᠵᠢᠯ ᠤᠨ | ᠲᠡᠩᠴᠡᠭᠦᠷᠢᠲᠡᠢ ᠬᠥᠭᠵᠢᠯᠲᠡ ᠶᠢ ᠨᠢᠭᠡᠳᠦᠯᠲᠡᠢ ᠲᠥᠯᠦᠪᠯᠡᠨ ᠠᠬᠢᠭᠤᠯᠵᠤ᠂ ᠮᠣᠷᠠᠯ ᠢ ᠲᠡᠭᠡᠳᠦᠯᠡᠨ᠂ ᠬᠥᠮᠥᠨ ᠢ | ᠬᠥᠮᠥᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠤᠨ᠂ ᠰᠤᠷᠤᠭᠴᠢᠳ ᠤᠨ ᠪᠥᠬᠦ ᠲᠠᠯ᠎ᠠ ᠪᠠᠷ ᠬᠥᠭᠵᠢᠬᠦ ᠪᠠ | ᠡᠷᠡᠭᠦᠯ ᠢᠶᠠᠷ ᠦᠰᠦᠨ ᠪᠣᠶᠢᠵᠢᠬᠤ ᠶᠢ ᠠᠬᠢᠭᠤᠯᠤᠨ᠎ᠠ᠃ ᠰᠤᠷᠭᠠᠭᠤᠯᠢ ᠡᠷᠭᠢᠯᠡᠬᠦ ᠵᠠᠭᠪᠤᠷ᠂ ᠬᠠᠮᠢᠶᠠᠷᠤᠯᠲᠠ ᠶᠢᠨ ᠪᠠᠶᠢᠭᠤᠯᠤᠯ᠂ | ᠪᠠᠲᠤᠯᠠᠭ᠎ᠠ ᠶᠢᠨ ᠲᠤᠭᠲᠠᠯᠴᠠᠭ᠎ᠠ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠪᠠᠭᠰᠢ ᠶᠢᠨ ᠡᠩᠨᠡᠭᠡᠨ ᠤ | ᠪᠠᠶᠢᠭᠤᠯᠤᠯᠲᠠ ᠶᠢ ᠴᠢᠩᠭᠠᠳᠬᠠᠨ᠂ ᠰᠤᠷᠭᠠᠭᠤᠯᠢ ᠶᠢᠨ ᠵᠠᠬᠢᠷᠤᠯ᠂ ᠪᠠᠭᠰᠢ ᠶᠢ ᠤᠷᠮᠠᠰᠢᠭᠤᠯᠤᠨ ᠵᠤᠷᠢᠭᠵᠢᠭᠤᠯᠬᠤ | ᠲᠤᠭᠲᠠᠯᠴᠠᠭ᠎ᠠ ᠶᠢ ᠲᠡᠭᠦᠯᠳᠡᠷᠵᠢᠭᠦᠯᠵᠦ᠂ ᠨᠠᠷᠠᠲᠤ ᠪᠠᠭᠰᠢ᠂ ᠨᠠᠷᠠᠲᠤ ᠰᠤᠷᠭᠠᠭᠤᠯᠢ ᠶᠢᠨ ᠵᠠᠬᠢᠷᠤᠯ ᠢ ᠬᠥᠮᠥᠵᠢᠭᠦᠯᠬᠦ ᠠᠵᠢᠯ ᠢ | ᠰᠠᠶᠢᠲᠤᠷ ᠠᠳᠬᠤᠵᠤ᠂ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠂ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ᠴᠢᠨᠠᠷ ᠴᠢᠨᠰᠠᠭ᠎ᠠ ᠶᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ ᠬᠥᠳᠡᠯᠮᠦᠷᠢ ᠬᠥᠮᠦᠵᠢᠯ ᠦᠢᠯᠡᠳᠦᠯᠭᠡ ᠶᠢᠨ | ᠰᠠᠭᠤᠷᠢᠨ ᠭᠠᠵᠠᠷ ᠢ ᠪᠠᠶᠢᠭᠤᠯᠵᠤ᠂ ᠣᠶᠤᠨᠲᠤ ᠰᠤᠷᠭᠠᠭᠤᠯᠢ ᠶᠢᠨ ᠬᠦᠷᠢᠶᠡᠨ ᠤ ᠪᠠᠶᠢᠭᠤᠯᠤᠯᠲᠠ ᠶᠢ ᠦᠷᠭᠦᠯᠵᠢᠯᠡᠨ | ᠠᠬᠢᠭᠤᠯᠤᠨ᠎ᠠ᠃ | ᠡᠮ ᠡᠮᠨᠡᠯᠭᠡ ᠶᠢᠨ ᠦᠢᠯᠡᠴᠢᠯᠡᠭᠡᠨ ᠤ ᠪᠠᠲᠤᠯᠠᠭ᠎ᠠ ᠶᠢ ᠦᠷᠬᠦᠯᠵᠢᠯᠡᠨ ᠰᠠᠶᠢᠵᠢᠷᠠᠭᠤᠯᠤᠨ᠎ᠠ᠃ ᠡᠷᠡᠭᠦᠯ ᠬᠠᠮᠠᠭᠠᠯᠠᠯ ᠤᠨ | ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠮ ᠡᠮᠨᠡᠯᠭᠡ ᠶᠢᠨ ᠳᠠᠭᠠᠳᠬᠠᠯ᠂ ᠡᠮᠴᠢᠯᠡᠭᠡᠨ ᠤ ᠬᠠᠮᠳᠤᠷᠠᠭᠰᠠᠨ | ᠬᠦᠭᠵᠢᠯᠲᠡ ᠶᠢ ᠠᠬᠢᠭᠤᠯᠤᠨ᠂ ᠣᠷᠣᠨ ᠪᠦᠰᠡ ᠶᠢᠨ ᠡᠮᠴᠢᠯᠡᠭᠡᠨ ᠤ ᠬᠤᠯᠪᠣᠭᠠᠲᠤ ᠴᠣᠭᠴᠠ᠂ ᠬᠤᠰᠢᠭᠤᠨ ᠳᠣᠲᠣᠷᠠᠬᠢ | ᠨᠢᠭᠲᠠᠷᠠᠭᠰᠠᠨ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠵᠤ᠂ ᠡᠮᠴᠢᠯᠡᠭᠡᠨ ᠤ | ᠶᠠᠰᠤ ᠴᠢᠨᠠᠷ ᠤᠨ ᠬᠠᠮᠢᠶᠠᠷᠤᠯᠲᠠ ᠶᠢ ᠴᠢᠩᠭᠠᠳᠬᠠᠨ᠂ ᠡᠮᠴᠢᠯᠡᠭᠡᠨ ᠤ ᠦᠢᠯᠡᠴᠢᠯᠡᠭᠡ ᠶᠢᠨ ᠬᠢᠷᠢ ᠲᠥᠪᠰᠢᠨ ᠢ ᠲᠠᠰᠤᠷᠠᠯᠲᠠ | ᠦᠭᠡᠢ ᠳᠡᠭᠡᠭᠰᠢᠯᠡᠭᠦᠯᠦᠨ᠎ᠡ᠃ ᠰᠢᠨ᠎ᠡ ᠱᠠᠲᠤ ᠦᠶ᠎ᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠲᠥᠷᠦᠯ ᠤᠨ | ᠠᠷᠭ᠎ᠠ ᠬᠡᠮᠵᠢᠶ᠎ᠡ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠡᠪᠡᠳᠴᠢᠨ ᠦᠵᠡᠬᠦᠯᠵᠦ ᠡᠮ ᠬᠡᠷᠡᠭᠯᠡᠬᠦ ᠶᠢ | ᠪᠠᠲᠤᠯᠠᠨ᠂ ᠨᠠᠰᠤᠲᠠᠶᠢᠴᠤᠳ ᠪᠠ ᠬᠠᠭᠤᠴᠢᠨ ᠠᠷᠬᠠᠭ ᠡᠪᠡᠳᠴᠢᠨ ᠲᠠᠢ ᠬᠦᠮᠦᠰ ᠤᠨ ᠡᠪᠡᠳᠴᠢᠨ ᠬᠢᠵᠢᠭ ᠢ ᠰᠡᠷᠭᠡᠶᠢᠯᠡᠨ | ᠡᠵᠡᠮᠳᠡᠬᠦ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠡᠷᠡᠭᠦᠯ ᠮᠡᠨᠳᠦ ᠶᠢ ᠪᠠᠲᠤᠯᠠᠬᠤ ᠪᠠ ᠬᠦᠨᠳᠦ ᠡᠪᠡᠳᠴᠢᠨ ᠢ | ᠰᠡᠷᠭᠡᠶᠢᠯᠡᠨ᠎ᠡ᠃ ᠬᠤᠰᠢᠭᠤ ᠠᠷᠠᠳ ᠤᠨ ᠡᠮᠨᠡᠯᠭᠡ ᠶᠢᠨ ᠬᠤᠷᠢᠶᠠᠨ ᠤ ᠪᠠᠷᠢᠮᠵᠢᠶ᠎ᠠ ᠶᠢ ᠳᠡᠭᠡᠭᠰᠢᠯᠡᠬᠦᠯᠦᠨ᠂ ᠴᠢᠳᠠᠮᠵᠢ ᠪᠠᠨ | ᠦᠷᠭᠡᠳᠬᠡᠬᠦ ᠪᠠᠶᠢᠭᠤᠯᠤᠯᠲᠠ ᠶᠢ ᠴᠢᠩᠭᠠᠳᠬᠠᠵᠤ᠂ ᠴᠢᠰᠤ ᠨᠡᠪᠴᠢᠭᠦᠯᠦᠨ ᠢᠯᠭᠠᠷᠠᠭᠤᠯᠬᠤ ᠲᠠᠰᠤᠭ ᠢ ᠪᠠᠶᠢᠭᠤᠯᠵᠤ | ᠳᠠᠭᠤᠰᠬᠠᠨ᠎ᠠ᠃ ᠮᠤᠩᠭᠤᠯ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠮᠡᠷᠭᠡᠵᠢᠯ ᠤᠨ ᠠᠰᠠᠷ ᠢ ᠪᠠᠶᠢᠭᠤᠯᠵᠤ ᠲᠠᠭᠤᠰᠬᠠᠨ | ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠵᠤ᠂ ᠴᠢᠳᠠᠮᠵᠢ ᠪᠠᠷ ᠨᠡᠯᠢᠶᠡᠳ ᠪᠦᠷᠢᠨ ᠲᠡᠭᠦᠯᠳᠡᠷ ᠦᠨᠳᠦᠰᠦᠲᠡᠨ ᠤ | ᠡᠮ ᠡᠮᠨᠡᠯᠭᠡ ᠡᠷᠡᠬᠦᠯᠵᠢᠯ ᠤᠨ ᠦᠢᠯᠡᠴᠢᠯᠡᠭᠡᠨ ᠤ ᠰᠠᠭᠤᠷᠢᠨ ᠭᠠᠵᠠᠷ ᠢ ᠪᠠᠶᠢᠭᠤᠯᠤᠨ᠎ᠠ᠃ ᠱᠠᠲᠤ ᠬᠤᠪᠢᠶᠠᠨ ᠣᠨᠣᠰᠢᠯᠠᠨ | ᠡᠮᠨᠡᠬᠦ ᠶᠢ ᠢᠳᠡᠪᠬᠢᠲᠡᠢ ᠠᠬᠢᠭᠤᠯᠵᠤ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠡᠪᠡᠳᠴᠢᠨ ᠢ | ᠰᠡᠷᠭᠡᠶᠢᠯᠡᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠦᠨᠳᠦ ᠠᠷᠬᠠᠭ ᠡᠪᠡᠳᠴᠢᠨ ᠤ ᠡᠷᠡᠭᠦᠯ ᠮᠡᠨᠳᠦ ᠶᠢᠨ | ᠬᠠᠮᠢᠶᠠᠷᠤᠯᠲᠠ ᠶᠢ ᠴᠢᠩᠭᠠᠳᠬᠠᠨ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠪᠠ ᠡᠷᠡᠬᠦᠯ | ᠮᠡᠨᠳᠦ ᠶᠢᠨ ᠮᠡᠳᠡᠯᠭᠡ ᠶᠢᠨ ᠲᠦᠭᠡᠮᠡᠯᠵᠢᠬᠦᠯᠦᠯᠲᠡ᠂ ᠪᠦᠬᠦ ᠠᠷᠠᠳ ᠢᠶᠠᠷ ᠢᠶᠠᠨ ᠪᠡᠶ᠎ᠡ ᠴᠢᠬᠢᠷᠠᠭᠵᠢᠭᠤᠯᠬᠤ ᠬᠦᠳᠡᠯᠭᠡᠭᠡᠨ | ᠵᠡᠷᠭᠡ ᠶᠢ ᠭᠦᠨᠵᠡᠭᠡᠢ ᠥᠷᠨᠢᠭᠦᠯᠵᠦ᠂ ᠪᠦᠬᠦ ᠠᠷᠠᠳ ᠢᠶᠠᠷ ᠢᠶᠠᠨ ᠪᠡᠶ᠎ᠡ ᠴᠢᠬᠢᠷᠠᠭᠵᠢᠭᠤᠯᠬᠤ ᠬᠦᠳᠡᠯᠭᠡᠭᠡᠨ ᠤ ᠲᠠᠯᠠᠪᠤᠷ | ᠪᠠᠶᠢᠭᠤᠯᠵᠤ᠂ ᠨᠠᠰᠤᠳᠠᠶᠢᠴᠦᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠦᠢᠯᠡᠰ ᠤᠨ ᠬᠦᠭᠵᠢᠯᠲᠡ ᠶᠢ ᠳᠡᠮᠵᠢᠵᠦ᠂ | ᠡᠷᠡᠭᠦᠯ ᠡᠩᠭᠡ ᠬᠦᠪᠡᠭᠡᠲᠦ ᠰᠢᠷ᠎ᠠ ᠬᠤᠰᠢᠭᠤᠨ ᠤ ᠪᠠᠶᠢᠭᠤᠯᠤᠯᠲᠠ ᠶᠢ ᠠᠬᠢᠭᠤᠯᠤᠨ᠎ᠠ᠃ | ᠨᠡᠶᠢᠭᠡᠮ ᠤᠨ ᠪᠠᠲᠤᠯᠠᠭ᠎ᠠ ᠶᠢᠨ ᠳᠦᠷᠢᠮ ᠢ ᠦᠷᠭᠦᠯᠵᠢᠯᠡᠨ ᠲᠡᠭᠦᠯᠳᠡᠷᠵᠢᠭᠦᠯᠦᠨ᠎ᠡ᠃ ᠬᠤᠳᠠ ᠬᠥᠳᠡᠭᠡ ᠶᠢᠨ | ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ᠂ ᠡᠮ ᠡᠮᠨᠡᠯᠭᠡ ᠶᠢᠨ ᠳᠠᠭᠠᠳᠬᠠᠯ ᠳᠤ ᠣᠷᠤᠯᠴᠠᠬᠤ ᠨᠤᠷᠮ᠎ᠠ ᠶᠢ | ᠳᠡᠭᠡᠭᠰᠢᠯᠡᠭᠦᠯᠵᠦ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠲᠠᠭᠠᠳᠬᠠᠯ ᠪᠠ ᠬᠦᠨᠳᠦ ᠡᠪᠡᠳᠴᠢᠨ | ᠤ ᠲᠠᠭᠠᠳᠬᠠᠯ ᠤᠨ ᠪᠠᠲᠤᠯᠠᠭ᠎ᠠ ᠶᠢᠨ ᠬᠢᠷᠢ ᠲᠥᠪᠰᠢᠨ ᠢ ᠳᠡᠭᠡᠭᠰᠢᠯᠡᠬᠦᠯᠵᠦ᠂ ᠮᠤᠵᠢ ᠠᠯᠤᠰᠯᠠᠨ ᠤᠨᠳᠤᠤ ᠭᠠᠵᠠᠷ ᠲᠤ | ᠡᠪᠡᠳᠴᠢᠨ ᠦᠵᠡᠬᠦᠯᠦᠭᠰᠡᠨ ᠵᠠᠷᠤᠳᠠᠯ ᠢ ᠰᠢᠭᠤᠳ ᠳᠠᠩᠰᠠ ᠴᠠᠶᠢᠷᠠᠭᠤᠯᠵᠤ ᠪᠤᠯᠬᠤ ᠲᠥᠷᠦ ᠶᠢᠨ ᠪᠣᠳᠣᠯᠭ᠎ᠠ ᠶᠢ | ᠬᠡᠷᠡᠭᠵᠢᠬᠦᠯᠦᠨ᠎ᠡ᠃ ᠨᠡᠶᠢᠭᠡᠮ ᠤᠨ ᠠᠪᠤᠷᠠᠨ ᠲᠤᠰᠠᠯᠠᠬᠤ ᠡᠬᠢ ᠪᠠᠶᠠᠯᠢᠭ ᠢ ᠨᠢᠭᠡᠳᠦᠯᠲᠡᠢ ᠲᠥᠯᠦᠪᠵᠢᠬᠦᠯᠬᠦ ᠶᠢ ᠴᠢᠩᠭᠠᠳᠬᠠᠨ᠂ | ᠠᠷᠠᠳ ᠤᠨ ᠠᠮᠢᠳᠤᠷᠠᠯ ᠤᠨ ᠠᠪᠤᠷᠠᠨ ᠲᠤᠰᠠᠯᠠᠬᠤ ᠡᠷᠴᠢᠮ ᠢᠶᠠᠨ ᠥᠷᠬᠦᠯᠵᠢᠯᠡᠨ ᠴᠢᠩᠭᠠᠷᠠᠭᠤᠯᠵᠤ᠂ ᠬᠢᠵᠢᠭ ᠭᠡᠮ᠂ ᠭᠠᠩ | ᠭᠠᠮᠰᠢᠭ ᠠᠴᠠ ᠪᠤᠯᠵᠤ ᠠᠮᠢᠳᠤᠷᠠᠯ ᠨᠢ ᠬᠦᠴᠢᠷᠲᠡᠢ ᠪᠣᠯᠤᠭᠰᠠᠨ ᠤᠯᠠᠨ ᠲᠦᠮᠡᠨ ᠪᠠ ᠨᠠᠰᠤᠳᠠᠶᠢᠴᠤᠳ᠂ ᠵᠡᠮᠳᠡᠭᠴᠦᠳ ᠪᠠ | ᠬᠦᠨᠳᠦ ᠡᠪᠡᠳᠴᠢᠲᠡᠨ ᠵᠡᠷᠭᠡ ᠭᠤᠤᠯᠳᠠᠯᠭ᠎ᠠ ᠲᠠᠢ ᠬᠦᠮᠦᠰ ᠤᠨ ᠦᠨᠳᠦᠰᠦᠨ ᠠᠮᠢᠳᠤᠷᠠᠯ ᠢ ᠰᠠᠶᠢᠲᠤᠷ ᠪᠠᠲᠤᠯᠠᠨ᠎ᠠ᠃ ᠨᠡᠶᠢᠭᠡᠮ | ᠲᠣᠭᠤᠷᠢᠭ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ | ᠬᠥᠮᠥᠨ ᠠᠮᠠ ᠶᠢᠨ ᠨᠠᠰᠤᠵᠢᠯᠲᠠ ᠶᠢ ᠢᠳᠡᠪᠬᠢᠲᠡᠢ ᠠᠷᠭᠠᠴᠠᠭᠠᠨ᠂ ᠭᠡᠷ ᠪᠦᠯᠢ ᠶᠢᠨ ᠠᠰᠠᠷᠠᠮᠵᠢ ᠪᠠ ᠨᠡᠶᠢᠭᠡᠮ | ᠲᠣᠭᠤᠷᠢᠭ ᠤᠨ ᠪᠠᠶᠢᠭᠤᠯᠤᠮᠵᠢ ᠶᠢᠨ ᠠᠰᠠᠷᠠᠮᠵᠢ ᠶᠢ ᠬᠠᠷᠢᠯᠴᠠᠨ ᠵᠣᠬᠢᠴᠠᠭᠤᠯᠬᠤ᠂ ᠡᠷᠡᠬᠦᠯᠵᠢᠯ ᠪᠡᠶ᠎ᠡ ᠰᠣᠪᠢᠯᠠᠯᠲᠠ ᠶᠢ | ᠬᠠᠷᠢᠯᠴᠠᠨ ᠤᠶᠠᠯᠳᠤᠭᠤᠯᠭᠰᠠᠨ ᠨᠠᠰᠤᠳᠠᠶᠢᠴᠦᠳ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠲᠠᠰᠤᠷᠠᠯᠲᠠ ᠦᠭᠡᠢ | ᠲᠡᠭᠦᠯᠳᠡᠷᠵᠢᠭᠦᠯᠦᠨ᠎ᠡ᠃ | ︵ᠵᠢᠷᠭᠤᠭ᠎ᠠ︶ ᠬᠥᠳᠡᠯᠭᠡᠭᠴᠢ ᠬᠦᠴᠦᠨ ᠢ ᠢᠳᠡᠪᠬᠢᠵᠢᠬᠦᠯᠦᠨ᠂ ᠬᠦᠴᠦᠨ ᠴᠢᠳᠠᠯ ᠢᠶᠠᠨ ᠨᠢᠭᠲᠠᠷᠠᠭᠤᠯᠵᠤ᠂ | ᠨᠡᠶᠢᠭᠡᠮ ᠤᠨ ᠡᠶ᠎ᠡ ᠵᠣᠬᠢᠴᠠᠯ ᠪᠠ ᠠᠮᠤᠷ ᠲᠣᠭᠲᠠᠭᠤᠨ ᠢ ᠪᠠᠲᠤᠯᠠᠨ᠎ᠠ | ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠬᠦᠯᠦᠨ᠎ᠡ᠃ ᠨᠡᠶᠢᠭᠡᠮ ᠵᠢᠷᠤᠮ ᠤᠨ | ᠭᠤᠣᠯᠯᠠᠭᠴᠢ ᠦᠷᠳᠡᠭ ᠤᠨ ᠦᠵᠡᠯᠲᠡ ᠶᠢᠨ ᠤᠬᠠᠭᠤᠯᠭ᠎ᠠ ᠬᠥᠮᠦᠵᠢᠯ ᠢ ᠭᠦᠨᠵᠡᠭᠡᠢ ᠥᠷᠨᠢᠭᠦᠯᠦᠨ᠎ᠡ᠃ ᠡᠬᠡ ᠣᠷᠣᠨᠴᠢ | ᠦᠵᠡᠯ᠂ ᠨᠡᠶᠢᠲᠡᠴᠢ ᠦᠵᠡᠯ᠂ ᠨᠡᠶᠢᠭᠡᠮ ᠵᠢᠷᠤᠮ ᠤᠨ ᠬᠥᠮᠦᠵᠢᠯ ᠢ ᠬᠦᠨᠵᠡᠭᠡᠶᠢᠷᠡᠬᠦᠯᠦᠨ᠂ ᠬᠥᠳᠡᠯᠮᠦᠷᠢ ᠶᠢᠨ ᠵᠣᠷᠢᠭ ᠰᠠᠨᠠᠭ᠎ᠠ᠂ | ᠲᠡᠮᠡᠴᠡᠯ ᠤᠨ ᠵᠣᠷᠢᠭ ᠰᠠᠨᠠᠭ᠎ᠠ᠂ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ᠂ ᠡᠭᠦᠳᠦᠨ ᠪᠦᠲᠦᠭᠡᠬᠦ ᠵᠣᠷᠢᠭ ᠰᠠᠨᠠᠭ᠎ᠠ᠂ | ᠠᠵᠢᠯᠴᠢ ᠠᠷᠪᠢᠴᠢ ᠵᠣᠷᠢᠭ ᠰᠠᠨᠠᠭ᠎ᠠ ᠵᠡᠷᠭᠡ ᠳᠤᠮᠳᠠᠳᠤ ᠶᠢᠨ ᠤᠯᠠᠮᠵᠢᠯᠠᠯᠲᠤ ᠰᠤᠷᠲᠠᠯ ᠢ ᠵᠠᠯᠭᠠᠮᠵᠢᠯᠠᠨ ᠪᠠᠳᠠᠷᠠᠭᠤᠯᠵᠤ᠂ ᠡᠯ᠎ᠡ | ᠦᠨᠳᠦᠰᠦᠲᠡᠨ ᠤ ᠠᠷᠠᠳ ᠲᠦᠮᠡᠨ ᠤ ᠢᠳᠡᠭᠡᠯ ᠬᠦᠰᠡᠯ᠂ ᠦᠷᠳᠡᠭ ᠤᠨ ᠦᠵᠡᠯᠲᠡ᠂ ᠶᠣᠰᠣ ᠰᠤᠷᠳᠠᠬᠤᠨ ᠤ | ᠣᠶᠢᠯᠠᠭᠠᠭᠳᠠᠬᠤᠨ ᠤ ᠲᠠᠯ᠎ᠠ ᠪᠠᠷ ᠨᠡᠩ ᠢᠯᠡᠬᠦᠦ ᠨᠢᠭᠲᠠᠷᠠᠨ ᠪᠦᠯᠬᠦᠮᠳᠡᠬᠦ ᠶᠢ ᠠᠬᠢᠭᠤᠯᠤᠨ᠎ᠠ᠃ ᠰᠢᠨᠵᠢᠯᠡᠭᠡ ᠮᠡᠷᠭᠡᠵᠢᠯ ᠢ | ᠲᠦᠭᠡᠮᠡᠯᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠪᠦᠬᠦ ᠠᠷᠠᠳ ᠢᠶᠠᠷ ᠢᠶᠠᠨ ᠨᠣᠮ ᠤᠩᠰᠢᠬᠤ ᠶᠢ | ᠲᠦᠭᠡᠮᠡᠯᠵᠢᠯᠡᠬᠦᠯᠵᠦ᠂ ᠰᠤᠷᠤᠯᠴᠠᠬᠤ ᠮᠠᠶ᠋ᠢᠭ ᠤᠨ ᠨᠡᠶᠢᠭᠡᠮ ᠢ ᠪᠠᠶᠢᠭᠤᠯᠤᠨ᠎ᠠ᠃ | ᠤᠯᠠᠨ ᠲᠦᠮᠡᠨ ᠤ ᠤᠶᠤᠨ ᠰᠠᠨᠠᠭᠠᠨ ᠤ ᠰᠣᠶᠣᠯ ᠤᠨ ᠠᠮᠢᠳᠤᠷᠠᠯ ᠢ ᠪᠦᠬᠦ ᠲᠠᠯ᠎ᠠ ᠪᠠᠷ ᠪᠠᠶᠠᠯᠢᠭᠵᠢᠭᠤᠯᠤᠨ᠎ᠠ᠃ | ᠰᠤᠶᠤᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠤᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠰᠤᠮᠤ | ᠪᠠᠯᠭᠠᠰᠤᠨ ᠤ ᠶᠡᠷᠦᠩᠬᠡᠶᠢᠯᠡᠭᠰᠡᠨ ᠰᠣᠶᠣᠯ ᠤᠨ ᠥᠷᠲᠡᠭᠡ᠂ ᠲᠠᠯ᠎ᠠ ᠨᠤᠲᠤᠭ ᠤᠨ ᠨᠣᠮ ᠤᠨ ᠥᠷᠥᠭᠡ ᠵᠡᠷᠭᠡ ᠠᠷᠠᠳ ᠲᠤ | ᠠᠰᠢᠭ ᠬᠦᠷᠲᠡᠭᠡᠬᠦ ᠢᠨᠵᠧᠨᠧᠷᠢᠩ ᠤᠨ ᠦᠢᠯᠡᠳᠦᠯ ᠢ ᠬᠦᠢᠴᠡᠳ ᠪᠠᠳᠠᠷᠠᠭᠤᠯᠤᠨ᠂ ᠣᠯᠠᠨ ᠨᠡᠶᠢᠲᠡ ᠶᠢᠨ ᠰᠣᠶᠣᠯ ᠤᠨ | ᠦᠢᠯᠡᠴᠢᠯᠡᠭᠡᠨ ᠤ ᠲᠤᠭᠲᠠᠯᠴᠠᠭ᠎ᠠ ᠶᠢ ᠤᠯᠠᠮ ᠲᠡᠭᠦᠯᠳᠡᠷᠵᠢᠭᠦᠯᠦᠨ᠎ᠡ᠃ ᠤᠯᠠᠭᠠᠨᠮᠥ᠋ᠴᠢᠷ ᠤᠨ ᠦᠢᠯᠡᠰ ᠤᠨ ᠴᠡᠴᠡᠭᠯᠡᠨ | ᠬᠦᠭᠵᠢᠯᠲᠡ ᠶᠢ ᠠᠬᠢᠭᠤᠯᠤᠨ᠂ ᠰᠣᠳᠣᠨ ᠪᠦᠲᠦᠭᠡᠯ ᠭᠠᠷᠭᠠᠬᠤ ᠶᠢ ᠢᠯᠡᠬᠦᠭᠡᠨ ᠵᠣᠷᠢᠭᠵᠢᠭᠤᠯᠤᠨ᠎ᠠ᠃ ᠲᠡᠦᠬᠡ ᠶᠢᠨ | ᠳᠤᠷᠠᠰᠬᠠᠯᠲᠤ ᠪᠤᠳᠠᠰ ᠢ ᠬᠠᠮᠠᠭᠠᠯᠠᠨ ᠠᠰᠢᠭᠯᠠᠬᠤ ᠪᠠ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ | ᠠᠵᠢᠯ ᠢ ᠴᠢᠩᠭᠠᠳᠬᠠᠨ᠂ ᠪᠣᠳᠠᠰ ᠤᠨ ᠪᠤᠰᠤ ᠰᠣᠶᠣᠯ ᠤᠨ ᠥᠪ ᠤᠨ ᠦᠵᠡᠰᠬᠦᠯᠡᠩ ᠤᠨ ᠣᠷᠳᠣᠨ ᠤ ᠪᠠᠶᠢᠭᠤᠯᠤᠯᠲᠠ ᠶᠢ | ᠲᠦᠯᠬᠢᠨ ᠠᠬᠢᠭᠤᠯᠦᠨ᠎ᠡ᠃ | ︽ᠬᠤᠶᠠᠷ ᠢ ᠬᠦᠷᠢᠶᠡᠯᠡᠬᠦ︾ ᠠᠵᠢᠯ ᠢ ᠪᠥᠬᠦ ᠲᠠᠯ᠎ᠠ ᠪᠠᠷ ᠴᠢᠩᠭᠠᠳᠬᠠᠨ᠎ᠠ᠃ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠳᠠᠶᠢᠴᠢᠯᠠᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ ᠪᠠ ᠬᠤᠶᠠᠷ ᠢ ᠬᠦᠷᠢᠶᠡᠯᠡᠨ ᠬᠠᠮᠲᠤᠪᠠᠷ | ᠪᠠᠶᠢᠭᠤᠯᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠢ ᠬᠦᠷᠢᠶᠡᠯᠡᠬᠦ | ᠵᠢᠱᠢᠶᠡᠴᠢ ᠬᠤᠰᠢᠭᠤ︾ ᠶᠢᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠎ᠡ᠃ ᠥᠪᠡᠷᠲᠡᠭᠡᠨ | ᠵᠠᠰᠠᠬᠤ ᠣᠷᠣᠨ ᠤ ᠪᠠᠷᠢᠮᠵᠢᠶᠠᠵᠢᠭᠰᠠᠨ ᠪᠦᠲᠦᠭᠡᠨ ᠪᠠᠶᠢᠭᠤᠯᠤᠯᠲᠠ ᠶᠢᠨ ︽ᠲᠠᠪᠤ ᠶᠢ ᠪᠦᠷᠢᠳᠦᠭᠦᠯᠬᠦ︾ ᠱᠠᠭᠠᠷᠳᠠᠯᠭ᠎ᠠ | ᠶᠣᠰᠣᠭᠠᠷ᠂ ᠡᠯ᠎ᠡ ᠰᠤᠮᠤ ᠪᠠᠯᠭᠠᠰᠤᠨ ᠤ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠶᠢ ᠲᠠᠰ | ᠳᠡᠪᠰᠢᠭᠦᠯᠦᠨ ᠥᠭᠡᠷᠡᠴᠢᠯᠡᠵᠦ᠂ ︽ᠴᠡᠷᠢᠭ ᠠᠴᠠ ᠬᠠᠯᠠᠭᠳᠠᠭᠰᠠᠳ ᠤᠨ ᠭᠡᠷ ᠪᠦᠯᠢ︾ ᠶᠢ ᠪᠠᠶᠢᠭᠤᠯᠤᠨ᠎ᠠ᠃ ᠦᠢᠯᠡᠴᠢᠯᠡᠭᠡ | ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ᠂ ᠣᠨᠴᠠ | ᠬᠠᠷᠠᠭᠠᠯᠵᠠᠨ ᠲᠥᠪᠬᠢᠨᠡᠭᠦᠯᠬᠦ᠂ ᠠᠵᠢᠯ ᠣᠯᠭᠤᠵᠤ ᠦᠢᠯᠡᠰ ᠴᠣᠭᠴᠠᠯᠠᠬᠤ᠂ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ᠂ | ᠰᠠᠶᠢᠰᠢᠶᠠᠨ ᠬᠥᠬᠢᠭᠦᠯᠵᠦ ᠤᠬᠠᠭᠤᠯᠬᠤ ᠵᠡᠷᠭᠡ ᠠᠵᠢᠯ ᠢ ᠨᠢᠭᠡᠳᠦᠯᠲᠡᠢ ᠲᠥᠯᠦᠪᠵᠢᠬᠦᠯᠦᠨ ᠰᠠᠶᠢᠲᠤᠷ ᠬᠢᠨ᠎ᠡ᠃ | ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠠᠶᠤᠯᠬᠦᠢ | ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠦᠷ᠎ᠡ ᠪᠦᠲᠦᠭᠡᠯ ᠢ | ᠦᠷᠭᠦᠯᠵᠢᠯᠡᠨ ᠪᠠᠬᠢᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠠᠶᠤᠯ ᠲᠦᠭᠰᠢᠭᠦᠷᠢ ᠶᠢ ᠲᠤᠰᠬᠠᠢ ᠴᠡᠭᠴᠡᠯᠡᠨ ᠵᠠᠰᠠᠬᠤ ᠶᠢ | ᠠᠬᠢᠭᠤᠯᠤᠨ᠂ ᠭᠤᠣᠯᠳᠠᠯᠭ᠎ᠠ ᠲᠠᠢ ᠠᠵᠢᠯ ᠲᠦᠷᠦᠯ᠂ ᠭᠤᠣᠯᠳᠠᠯᠭ᠎ᠠ ᠲᠠᠢ ᠬᠦᠷᠢᠶ᠎ᠡ ᠬᠡᠪᠴᠢᠶᠡᠨ ᠤ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠡᠯ᠎ᠡ ᠲᠦᠷᠦᠯ ᠤᠨ ᠠᠮᠤᠷ ᠲᠦᠪᠰᠢᠨ ᠤ ᠭᠡᠮ ᠰᠣᠭᠤᠭ ᠢ ᠪᠦᠳᠦᠮᠵᠢᠳᠡᠢ | ᠠᠷᠢᠯᠭᠠᠵᠤ᠂ ᠣᠨᠴᠠ ᠶᠡᠭᠡ ᠬᠡᠷᠡᠭ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠨ᠎ᠠ᠃ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠪᠠ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠢᠰᠲ᠋ᠧᠮ ᠤᠨ ᠪᠠᠶᠢᠭᠤᠯᠤᠯᠲᠠ ᠶᠢ | ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠵᠢᠴᠢ ᠪᠠᠴᠢᠮ ᠪᠠᠶᠢᠳᠠᠯ ᠢ | ᠠᠷᠭᠠᠴᠠᠭᠠᠨ ᠵᠢᠯᠤᠭᠤᠳᠬᠤ ᠲᠠᠪᠴᠠᠩ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠲᠠᠯᠪᠢᠬᠤ ᠣᠶᠤᠨᠲᠤ ᠲᠠᠪᠴᠠᠩ ᠤᠨ | ᠲᠥᠷᠦᠯ ᠵᠦᠢᠯ ᠢ ᠬᠡᠷᠡᠭᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠡᠩᠨᠡᠭᠡᠨ ᠤ | ᠲᠤᠰᠬᠠᠶᠢᠵᠢᠭᠰᠠᠨ ᠬᠢᠷᠢ ᠲᠦᠪᠰᠢᠨ ᠢ ᠳᠡᠭᠡᠭᠰᠢᠯᠡᠬᠦᠯᠦᠨ᠂ ᠭᠠᠮᠰᠢᠭ ᠢ ᠰᠡᠷᠭᠡᠶᠢᠯᠡᠬᠦ ᠭᠠᠮᠰᠢᠭ ᠠᠴᠠ ᠠᠪᠤᠷᠠᠬᠤ ᠪᠠ ᠭᠡᠨᠡᠳᠲᠡ | ᠡᠬᠦᠰᠬᠦ ᠬᠡᠷᠡᠭ ᠠᠳᠡᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠨᠡᠮᠡᠭᠳᠡᠭᠦᠯᠦᠨ᠎ᠡ᠃ | ᠨᠡᠶᠢᠭᠡᠮ ᠤᠨ ᠵᠠᠰᠠᠯᠲᠠ ᠶᠢ ᠪᠦᠬᠦ ᠲᠠᠯ᠎ᠠ ᠪᠠᠷ ᠰᠢᠨᠡᠴᠢᠯᠡᠬᠦ ᠪᠠ ᠴᠢᠩᠭᠠᠳᠬᠠᠨ᠎ᠠ᠃ ᠬᠠᠤᠯᠢ ᠶᠣᠰᠣᠭᠠᠷ ᠬᠤᠰᠢᠭᠤ ᠪᠠᠨ | ᠵᠠᠰᠠᠬᠤ ᠡᠯ᠎ᠡ ᠲᠥᠷᠦᠯ ᠤᠨ ᠠᠵᠢᠯ ᠤᠨ ᠳᠦᠷᠢᠮ ᠢ ᠲᠡᠬᠦᠯᠳᠡᠷᠵᠢᠬᠦᠯᠦᠨ᠂ ᠨᠠᠢᠮᠠᠳᠤᠭᠠᠷ ᠲᠠᠪᠤᠨ ᠵᠢᠯ ᠤᠨ ᠬᠠᠤᠯᠢ | ᠴᠠᠭᠠᠵᠠ ᠶᠢ ᠲᠦᠭᠡᠮᠡᠯᠵᠢᠭᠦᠯᠬᠦ ᠠᠵᠢᠯ ᠢ ᠠᠬᠢᠭᠤᠯᠵᠤ᠂ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ | ᠰᠢᠰᠲ᠋ᠧᠮ ᠢ ᠲᠡᠭᠦᠯᠳᠡᠷᠵᠢᠭᠦᠯᠦᠨ᠎ᠡ᠃ ᠰᠢᠨ᠎ᠡ ᠴᠠᠭ ᠦᠶ᠎ᠡ ᠶᠢᠨ ︽ᠹᠧᠩ ᠴᠢᠶᠤᠤ ᠶᠢᠨ ᠲᠤᠷᠰᠢᠯᠭ᠎ᠠ︾ ᠶᠢ ᠰᠤᠷᠤᠯᠴᠠᠨ | ᠲᠦᠭᠡᠮᠡᠯᠵᠢᠬᠦᠯᠵᠦ᠂ ᠨᠢᠭᠡ ᠴᠣᠭᠴᠠᠵᠢᠭᠤᠯᠤᠭᠰᠠᠨ ᠰᠤᠷᠢᠯᠲᠠ ᠶᠢ ᠠᠵᠢᠯᠯᠠᠭᠤᠯᠬᠤ ᠲᠤᠭᠲᠠᠯᠴᠠᠭ᠎ᠠ ᠶᠢ ᠪᠠᠶᠢᠭᠤᠯᠤᠨ᠂ ᠬᠠᠤᠯᠢ | ᠴᠠᠭᠠᠵᠠ ᠶᠢᠨ ᠰᠠᠯᠪᠦᠷᠢ ᠶᠢᠨ ᠲᠦᠷᠢᠮᠵᠢᠭᠰᠡᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠥᠷᠨᠢᠭᠦᠯᠵᠦ᠂ | ᠵᠠᠬᠢᠳᠠᠯ ᠰᠣᠷᠪᠤᠯᠵᠢᠯᠠᠭ᠎ᠠ ᠶᠢᠨ ᠬᠠᠤᠯᠢᠵᠢᠭᠰᠠᠨ ᠪᠠᠶᠢᠭᠤᠯᠤᠯᠲᠠ ᠶᠢ ᠠᠬᠢᠭᠤᠯᠤᠨ᠂ ᠵᠥᠷᠢᠴᠡᠯ ᠵᠢᠭᠤᠷᠠᠭᠠᠨ ᠢ ᠴᠠᠭ ᠲᠤᠬᠠᠢ | ᠳᠤᠨᠢ ᠡᠶᠡᠳᠡᠬᠦᠯᠦᠨ ᠰᠢᠢᠳᠪᠦᠷᠢᠯᠡᠨ᠎ᠡ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ | ᠪᠦᠬᠦ ᠲᠠᠯ᠎ᠠ ᠪᠠᠷ ᠨᠠᠶᠢᠳᠠᠪᠦᠷᠢᠵᠢᠭᠤᠯᠤᠨ᠂ ᠡᠷᠡᠮᠡᠭᠡᠶᠢᠯᠡᠨ ᠳᠠᠪᠰᠢᠭᠰᠠᠨ ᠰᠢᠨ᠎ᠡ ᠴᠠᠭ ᠦᠶ᠎ᠡ ᠶᠢᠨ ᠭᠤᠣᠯ ᠤᠷᠤᠰᠬᠠᠯᠲᠤ | ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶᠢ ᠪᠠᠳᠤᠵᠢᠭᠤᠯᠤᠨ᠎ᠠ᠃ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠠᠷᠠᠳ ᠳᠤ ᠲᠦᠬᠦᠮ ᠦᠵᠡᠬᠦᠯᠬᠦ ᠤᠳᠠᠰᠤ ᠪᠠᠷ ᠲᠤᠰᠬᠠᠭᠰᠠᠨ ᠠᠷᠠᠳ ᠣᠯᠠᠨ ᠤ ᠭᠤᠶᠤᠴᠢᠯᠠᠯ᠂ ᠬᠦᠰᠡᠯ ᠱᠠᠭᠠᠷᠳᠠᠯᠭ᠎ᠠ ᠳᠤ | ᠴᠠᠭ ᠲᠤᠬᠠᠢ ᠳᠤᠨᠢ ᠬᠠᠷᠢᠭᠤᠯᠲᠠ ᠥᠭᠴᠦ ᠰᠢᠢᠳᠪᠦᠷᠢᠯᠡᠨ᠎ᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ | ᠢ ᠪᠠᠶᠢᠩᠭᠤ ᠥᠷᠨᠢᠬᠦᠯᠦᠨ᠂ ᠬᠤᠯᠠᠭᠠᠶᠢᠯᠠᠬᠤ᠂ ᠪᠤᠯᠢᠶᠠᠬᠤ᠂ ᠮᠡᠬᠡᠯᠡᠬᠦ᠂ ᠱᠠᠯᠢᠭ ᠵᠠᠪᠬᠠᠢ᠂ ᠵᠣᠭᠤᠰ ᠨᠠᠭᠠᠳᠬᠤ᠂ ᠬᠤᠣᠷᠲᠤ | ᠡᠳ᠋ ᠠᠷᠠᠯᠵᠢᠶᠠᠯᠠᠬᠤ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠵᠠᠯᠬᠠᠭᠠᠨ ᠰᠢᠢᠳᠭᠡᠵᠦ᠂ | ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ᠂ ᠳᠠᠮᠵᠢᠭᠤᠯᠤᠨ ᠪᠣᠷᠣᠯᠠᠭᠤᠯᠬᠤ ᠵᠡᠷᠭᠡ ᠠᠵᠤ ᠠᠬᠤᠢ ᠶᠢᠨ ᠶᠠᠯᠠᠲᠤ | ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠤᠪᠢ ᠬᠥᠮᠥᠨ ᠤ ᠮᠡᠳᠡᠭᠡ ᠵᠠᠩᠭᠢ ᠳᠤ ᠲᠣᠷ᠎ᠠ ᠪᠠᠷ ᠬᠠᠯᠳᠠᠬᠤ ᠵᠡᠷᠭᠡ | ᠶᠠᠯᠠᠲᠤ ᠠᠵᠢᠯᠯᠠᠭ᠎ᠠ ᠶᠢ ᠴᠡᠭᠴᠡᠯᠡᠨ ᠵᠠᠰᠠᠵᠤ᠂ ᠠᠷᠠᠳ ᠤᠯᠠᠨ ᠤ ᠠᠮᠤᠷ ᠲᠦᠪᠰᠢᠨ ᠤ ᠮᠡᠳᠡᠷᠡᠮᠵᠢ ᠶᠢ ᠳᠡᠭᠡᠭᠰᠢᠯᠡᠭᠦᠯᠦᠨ᠎ᠡ᠃ | ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠤᠭᠲᠠᠯᠴᠠᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ 2 | ᠪᠠᠷᠢᠮᠵᠢᠶᠠᠵᠢᠭᠰᠠᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠰᠠᠯᠪᠦᠷᠢ ᠶᠢ ᠪᠠᠶᠢᠭᠤᠯᠵᠤ᠂ ᠠᠷᠠᠳ ᠣᠯᠠᠨ ᠤ ᠢᠳᠡᠭᠡᠨ | ᠤ ᠵᠦᠢᠯᠡᠰ ᠡᠮ ᠤᠨ ᠵᠦᠢᠯᠡᠰ ᠤᠨ ᠠᠮᠤᠷ ᠲᠦᠪᠰᠢᠨ ᠢ ᠦᠨᠡᠨᠬᠦ ᠪᠠᠲᠤᠯᠠᠨ᠎ᠠ᠃ ᠤᠯᠤᠰ ᠤᠨ ᠢᠳᠡᠭᠡᠨ ᠤ ᠠᠮᠤᠷ | ᠲᠦᠪᠰᠢᠨ ᠤ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠥᠨᠳᠥᠷ ᠪᠠᠷᠢᠮᠵᠢᠶ᠎ᠠ ᠪᠠᠷ ᠰᠠᠶᠢᠲᠤᠷ | ᠠᠳᠬᠤᠨ᠎ᠠ᠃ ᠨᠡᠶᠢᠲᠡ ᠶᠢᠨ ᠠᠰᠠᠷᠠᠮᠵᠢ ᠪᠠ ᠨᠢᠭᠦᠯᠡᠰᠦᠩᠭᠦᠢ ᠦᠢᠯᠡᠰ ᠢ ᠢᠳᠡᠪᠬᠢᠲᠡᠢ ᠬᠥᠭᠵᠢᠭᠦᠯᠦᠨ᠎ᠡ᠃ ᠠᠵᠢᠯᠴᠢᠨ ᠤ | ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠤᠯᠠᠨ ᠲᠦᠮᠡᠨᠴᠢ | ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠢ ᠲᠡᠮᠵᠢᠵᠤ᠂ ᠰᠠᠶᠢᠨ ᠳᠤᠷᠠᠴᠤᠳ ᠵᠡᠷᠭᠡ ᠨᠡᠶᠢᠭᠡᠮ ᠤᠨ ᠬᠦᠴᠦᠨ ᠤ | ᠦᠢᠯᠡᠳᠦᠯ ᠢ ᠬᠦᠢᠴᠡᠳ ᠪᠠᠳᠠᠷᠠᠭᠤᠯᠤᠨ᠎ᠠ᠃ ᠡᠮᠡᠭᠲᠡᠶᠢᠴᠦᠳ᠂ ᠬᠡᠦᠬᠡᠳ᠂ ᠨᠠᠰᠤᠲᠠᠶᠢᠴᠤᠳ ᠪᠠ ᠵᠡᠮᠳᠡᠭᠴᠦᠳ ᠤᠨ ᠬᠠᠤᠯᠢ | ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ | ᠦᠨᠳᠦᠰᠦᠲᠡᠨ ᠤ ᠠᠵᠢᠯ ᠢ ᠪᠦᠬᠦ ᠲᠠᠯ᠎ᠠ ᠪᠠᠷ ᠴᠢᠩᠭᠠᠳᠬᠠᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠵᠢᠯᠣᠭᠤᠳᠤᠮᠵᠢ ᠪᠣᠯᠭᠠᠨ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠵᠤ᠂ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ︽ᠨᠠᠢᠮᠠ ᠶᠢ ᠠᠬᠢᠭᠤᠯᠬᠤ︾ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠡᠯ᠎ᠡ | ᠦᠨᠳᠦᠰᠦᠳᠡᠨ ᠤ ᠬᠠᠷᠢᠯᠴᠠᠭ᠎ᠠ ᠶᠠᠪᠤᠯᠴᠠᠭ᠎ᠠ ᠶᠢ ᠠᠬᠢᠭᠤᠯᠤᠨ᠎ᠠ᠃ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ | ᠬᠠᠤᠯᠢ ᠪᠠᠷ ᠵᠠᠰᠠᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠡᠯ᠎ᠡ ᠦᠨᠳᠦᠰᠦᠳᠡᠨ ᠤ ᠣᠯᠠᠨ ᠲᠦᠮᠡᠨ ᠤ ᠬᠠᠤᠯᠢ ᠶᠣᠰᠣᠨ ᠤ | ᠡᠷᠬᠡ ᠠᠰᠢᠭ ᠢ ᠬᠠᠮᠠᠭᠠᠯᠠᠨ᠎ᠠ᠃ | ︵ᠲᠤᠯᠤᠭ᠎ᠠ︶ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠨ᠂ ᠪᠣᠳᠠᠲᠠᠢ ᠶᠢ ᠡᠷᠬᠢᠮᠯᠡᠵᠦ᠂ ᠠᠷᠠᠳ ᠲᠦᠮᠡᠨ ᠳᠤ | ᠮᠡᠳᠡᠷᠡᠭᠳᠡᠭᠰᠡᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ | ᠤᠯᠤᠰ ᠲᠦᠷᠦ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ᠎ᠠ᠃ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ︽ᠬᠤᠶᠠᠷ ᠢ ᠲᠣᠭᠲᠠᠭᠠᠬᠤ︾ ᠶᠢ ᠡᠷᠡᠰ | ᠬᠠᠮᠠᠭᠠᠯᠠᠵᠤ᠂ ︽ᠲᠦᠷᠪᠡᠨ ᠤᠬᠠᠮᠰᠠᠷ︾ ᠢ ᠴᠢᠩᠭᠠᠳᠬᠠᠨ᠂ ︽ᠲᠦᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ | ᠬᠠᠮᠠᠭᠠᠯᠠᠬᠤ︾ ᠶᠢ ᠪᠡᠶᠡᠯᠡᠬᠦᠯᠦᠨ᠂ ᠤᠯᠤᠰ ᠲᠦᠷᠦ ᠶᠢᠨ ᠵᠣᠭᠰᠣᠯᠲᠠ᠂ ᠤᠯᠤᠰ ᠲᠦᠷᠦ ᠶᠢᠨ ᠴᠢᠭᠯᠡᠯ᠂ ᠤᠯᠤᠰ ᠲᠥᠷᠦ | ᠶᠢᠨ ᠵᠠᠷᠴᠢᠮ ᠪᠠ ᠤᠯᠤᠰ ᠲᠥᠷᠦ ᠶᠢᠨ ᠵᠠᠮ ᠱᠣᠭᠤᠮ ᠤᠨ ᠲᠠᠯ᠎ᠠ ᠪᠠᠷ ᠨᠠᠮ ᠤᠨ ᠲᠥᠪ ᠬᠤᠷᠢᠶ᠎ᠠ ᠲᠠᠢ ᠳᠡᠭᠡᠳᠦ | ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠪᠠᠲᠤᠯᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠣᠶᠤᠨ ᠢᠶᠠᠨ ᠵᠡᠪᠰᠡᠭᠯᠡᠵᠦ᠂ ᠳᠡᠭᠡᠳᠦ ᠱᠠᠲᠤᠨ ᠤ ᠴᠢᠭᠯᠡᠯᠲᠡ | ᠲᠦᠷᠦ ᠶᠢᠨ ᠪᠣᠳᠣᠯᠭ᠎ᠠ ᠶᠢ ᠣᠨᠣᠪᠴᠢᠲᠠᠢ ᠡᠵᠡᠮᠰᠢᠵᠦ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ᠂ ᠬᠤᠰᠢᠭᠤ ᠨᠠᠮ ᠤᠨ | ᠬᠤᠷᠢᠶᠠᠨ ᠤ ᠡᠯ᠎ᠡ ᠲᠥᠷᠦᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠤᠶᠢᠪᠢᠰᠢ ᠦᠭᠡᠢ | ᠨᠠᠶᠢᠳᠠᠪᠤᠷᠢᠵᠢᠭᠤᠯᠬᠤ ᠶᠢ ᠪᠠᠲᠤᠯᠠᠨ᠎ᠠ᠃ | ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠢᠮᠠᠭᠲᠠ ᠪᠠᠷᠢᠮᠲᠠᠯᠠᠨ᠎ᠠ᠃ ᠬᠠᠤᠯᠢᠵᠢᠭᠰᠠᠨ | ᠵᠠᠰᠠᠭ ᠤᠨ ᠪᠠᠶᠢᠭᠤᠯᠤᠯᠲᠠ ᠶᠢ ᠠᠬᠢᠭᠤᠯᠵᠤ᠂ ᠵᠠᠰᠠᠭ ᠤᠨ ᠣᠷᠳᠣᠨ ᠤ ᠪᠦᠬᠦ ᠠᠵᠢᠯ ᠢ ᠬᠠᠤᠯᠢ ᠶᠤᠰᠤᠭᠠᠷ ᠴᠢᠩᠭ᠎ᠠ ᠵᠠᠰᠠᠨ᠎ᠠ | ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠬᠢᠨᠠᠯᠲᠠ | ᠪᠠ ᠠᠵᠢᠯ ᠤᠨ ᠬᠢᠨᠠᠯᠲᠠ ᠶᠢ ᠬᠠᠤᠯᠢ ᠶᠤᠰᠤᠭᠠᠷ ᠬᠦᠯᠢᠶᠡᠵᠦ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ | ᠬᠢᠨᠠᠯᠲᠠ ᠪᠠ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ ᠠᠪᠴᠤ᠂ ᠨᠡᠶᠢᠭᠡᠮ ᠤᠨ | ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠵᠠᠰᠠᠭ ᠤᠨ ᠶᠠᠪᠤᠳᠠᠯ ᠢ ᠢᠯᠡ | ᠪᠣᠯᠭᠠᠬᠤ ᠶᠢ ᠪᠦᠬᠦ ᠲᠠᠯ᠎ᠠ ᠪᠠᠷ ᠬᠡᠷᠡᠭᠵᠢᠬᠦᠯᠦᠨ᠂ ᠡᠷᠬᠡ ᠶᠢ ᠢᠯᠡ ᠪᠠᠷ ᠬᠡᠷᠡᠭᠵᠢᠬᠦᠯᠦᠨ᠎ᠡ᠃ ᠬᠢᠨᠠᠨ ᠪᠣᠳᠣᠯᠲᠠ ᠶᠢᠨ | ᠬᠢᠨᠠᠯᠲᠠ ᠶᠢ ᠴᠢᠩᠭᠠᠳᠬᠠᠨ᠎ᠠ᠃ ︽ᠭᠤᠷᠪᠠᠨ ᠴᠢᠬᠤᠯᠠ ᠨᠢᠭᠡ ᠲᠤᠮᠤ︾ ᠬᠠᠮᠲᠤ ᠪᠠᠷ ᠬᠡᠷᠡᠭ ᠵᠥᠪᠯᠡᠵᠦ ᠰᠢᠢᠳᠪᠦᠷᠢᠲᠦ | ᠪᠣᠳᠣᠯᠭ᠎ᠠ ᠲᠣᠭᠲᠠᠭᠠᠬᠤ ᠳᠦᠷᠢᠮ ᠢ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨᠴᠢ᠂ ᠠᠷᠠᠳᠴᠢᠯᠠᠯ ᠢᠶᠠᠷ᠂ ᠬᠠᠤᠯᠢ | ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠦᠨᠡᠨ ᠬᠦ ᠪᠠᠲᠤᠯᠠᠨ᠎ᠠ᠃ ᠬᠠᠤᠯᠢ ᠲᠣᠭᠲᠠᠭᠠᠯ ᠶᠣᠰᠣᠭᠠᠷ ᠬᠢᠭᠰᠡᠨ | ᠠᠮᠠᠯᠠᠯᠲᠠ ᠪᠠᠨ ᠪᠡᠶᠡᠯᠡᠭᠦᠯᠵᠦ᠂ ᠨᠡᠶᠢᠭᠡᠮ ᠤᠨ ᠢᠳᠡᠭᠡᠮᠵᠢ ᠪᠠ ᠬᠡᠷᠡᠭᠵᠢᠬᠦᠯᠬᠦ ᠬᠦᠴᠦᠨ ᠢᠶᠠᠨ ᠨᠡᠮᠡᠭᠳᠡᠬᠦᠯᠦᠨ᠎ᠡ᠃ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠪᠠ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠡᠷᠡᠰ ᠪᠠᠶᠢᠴᠠᠭᠠᠨ | ᠰᠢᠢᠳᠪᠦᠷᠢᠯᠡᠵᠦ᠂ ᠲᠥᠪ ᠭᠤᠥᠯᠴᠢ ᠪᠤᠰᠤ ᠪᠣᠯᠪᠠᠰᠤᠨ ᠪᠤᠰᠤ ᠦᠵᠡᠭᠳᠡᠯ ᠢ ᠡᠷᠡᠰ ᠴᠢᠩᠭ᠎ᠠ ᠴᠡᠭᠴᠡᠯᠡᠨ ᠵᠠᠰᠠᠨ᠎ᠡ᠃ | ᠨᠠᠮ ᠤᠨ ᠰᠤᠷᠲᠠᠯ ᠪᠠ ᠴᠢᠬᠡᠴᠢ ᠵᠠᠰᠠᠭ ᠤᠨ ᠪᠠᠶᠢᠭᠤᠯᠤᠯᠲᠠ ᠶᠢ ᠭᠦᠨᠵᠡᠭᠡᠢ ᠲᠦᠯᠬᠢᠨ ᠠᠬᠢᠭᠤᠯᠤᠨ᠎ᠠ᠃ ᠨᠠᠮ ᠤᠨ | ᠲᠥᠪ ᠬᠤᠷᠢᠶᠠᠨ ᠤ ︽ᠨᠠᠢᠮᠠᠨ ᠵᠤᠷᠪᠤᠰ ᠲᠣᠭᠲᠠᠭᠠᠯ︾ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ | ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ ᠢ ᠵᠠᠯᠠᠷᠠᠭᠤᠯᠬᠤ ᠶᠢ ᠤᠷᠳᠤ | ᠬᠤᠭᠤᠴᠠᠭ᠎ᠠ ᠪᠠᠷ ᠪᠠᠷᠢᠮᠲᠠᠯᠠᠨ᠎ᠠ᠃ ᠠᠯᠪᠠᠯᠠᠬᠤ ᠭᠡᠷ ᠪᠠᠶᠢᠰᠢᠩ ᠤᠨ ᠬᠡᠷᠡᠭᠯᠡᠭᠡ ᠶᠢ ᠲᠥᠷᠢᠮᠵᠢᠬᠦᠯᠦᠨ᠂ ᠪᠥᠬᠦ ᠬᠤᠰᠢᠭᠤᠨ ᠤ | ᠠᠯᠪᠠᠨ ᠤ ᠲᠡᠷᠭᠡ ᠶᠢ ᠲᠥᠪᠯᠡᠷᠡᠭᠦᠯᠦᠨ ᠨᠢᠭᠡᠳᠦᠯᠲᠡᠢ ᠬᠠᠮᠢᠶᠠᠷᠬᠤ ᠶᠢ ᠪᠡᠶᠡᠯᠡᠭᠦᠯᠵᠦ᠂ ᠠᠷᠪᠢᠯᠠᠨ ᠭᠠᠮᠨᠠᠬᠤ ᠬᠡᠯᠪᠡᠷᠢ ᠶᠢᠨ | ᠪᠠᠶᠢᠭᠤᠯᠭ᠎ᠠ ᠶᠢ ᠡᠭᠦᠳᠦᠨ ᠪᠠᠶᠢᠭᠤᠯᠬᠤ ᠶᠢ ᠦᠷᠭᠦᠯᠵᠢᠯᠡᠨ ᠠᠬᠢᠭᠤᠯᠤᠨ᠎ᠠ᠃ ᠠᠷᠪᠢᠯᠠᠨ ᠭᠠᠮᠨᠠᠬᠤ ᠦᠵᠡᠯ ᠰᠠᠨᠠᠭ᠎ᠠ ᠶᠢ ᠪᠤᠢ | ᠪᠣᠯᠭᠠᠵᠤ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠪᠠ ᠡᠩ ᠤᠨ ᠴᠢᠨᠠᠷᠲᠠᠢ ᠵᠠᠷᠤᠯᠭ᠎ᠠ ᠶᠢ ᠴᠢᠩᠭ᠎ᠠ ᠬᠢᠵᠠᠭᠠᠷᠯᠠᠨ᠎ᠠ᠃ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠦᠷᠢ ᠥᠭᠴᠡᠭᠡ ᠪᠠ ᠣᠨ ᠤ ᠥᠷᠢ | ᠥᠭᠴᠡᠭᠡ ᠶᠢ ᠠᠷᠢᠯᠭᠠᠬᠤ ᠡᠭᠦᠷᠭᠡ ᠶᠢ ᠪᠡᠶᠡᠯᠡᠭᠦᠯᠵᠦ᠂ ᠥᠷᠢ ᠥᠭᠴᠡᠭᠡᠨ ᠤ ᠬᠡᠮᠵᠢᠶ᠎ᠡ ᠪᠠ ᠠᠶᠤᠯ ᠲᠦᠭᠰᠢᠭᠦᠷᠢ ᠶᠢ | ᠪᠠᠭᠠᠰᠬᠠᠨ᠎ᠠ᠃ ᠺᠠᠳ᠋ᠷ ᠢ ᠬᠠᠶᠢᠷᠠᠯᠠᠨ ᠬᠠᠯᠠᠮᠵᠢᠯᠠᠵᠤ᠂ ᠤᠷᠮᠠᠰᠢᠭᠤᠯᠤᠨ ᠬᠢᠵᠠᠭᠠᠠᠷᠯᠠᠠᠬᠤ ᠪᠠ ᠲᠤᠰᠢᠶᠠᠯ ᠢᠶᠠᠨ ᠬᠦᠢᠴᠡᠳᠭᠡᠪᠡᠯ | ᠬᠠᠷᠢᠭᠤᠴᠠᠯᠭ᠎ᠠ ᠠᠴᠠ ᠬᠡᠯᠳᠦᠷᠢᠬᠦᠯᠬᠦ ᠲᠤᠭᠲᠠᠯᠴᠠᠭ᠎ᠠ ᠶᠢ ᠲᠡᠬᠦᠯᠳᠡᠷᠵᠢᠬᠦᠯᠦᠨ᠂ ᠬᠠᠷᠢᠭᠤᠴᠠᠯᠭ᠎ᠠ ᠡᠬᠦᠷᠭᠡᠯᠡᠵᠦ᠂ ᠵᠤᠷᠢᠭᠲᠠᠢ | ᠠᠵᠢᠯᠯᠠᠭᠰᠠᠳ ᠢ ᠪᠦᠬᠦ ᠬᠦᠴᠦᠨ ᠢᠶᠠᠷ ᠳᠡᠮᠵᠢᠨ᠎ᠡ᠃ ᠲᠡᠰᠪᠦᠷᠢ ᠬᠠᠳᠠᠭᠤᠵᠢᠯᠲᠠᠢ ᠲᠡᠮᠡᠴᠡᠬᠦ ᠡᠷᠬᠢᠮ ᠰᠤᠷᠳᠠᠯ ᠢ | ᠦᠷᠬᠦᠯᠵᠢᠯᠡᠨ ᠪᠠᠲᠠᠷᠭᠤᠯᠤᠨᠠ᠃ ᠰᠤᠷᠲᠠᠯ ᠴᠢᠬᠡᠴᠢ᠂ ᠣᠪᠣᠷ ᠲᠥᠪ᠂ ᠪᠣᠳᠠᠲᠠᠢ ᠶᠢ ᠡᠷᠬᠢᠮᠯᠡᠵᠦ᠂ ᠴᠢᠷᠮᠠᠶᠢᠨ ᠠᠵᠢᠯᠯᠠᠬᠤ | ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠨ᠎ᠠ᠃ | ᠣᠪᠤᠷ ᠰᠤᠷᠲᠠᠯ ᠤᠨ ᠪᠠᠶᠢᠭᠤᠯᠤᠯᠲᠠ ᠶᠢ ᠬᠠᠯᠠᠨ ᠰᠠᠶᠢᠵᠢᠷᠠᠭᠤᠯᠬᠤ ᠪᠠ ᠴᠢᠩᠭᠠᠳᠬᠠᠨ᠎ᠠ᠃ ︽ᠪᠢ ᠬᠦᠮᠦᠨ ᠢ ᠬᠦᠷᠬᠦ ᠦᠭᠡᠢ | ︾᠂ ︽ᠬᠦᠭᠵᠢᠬᠦᠯᠬᠦ ᠶᠢ ᠲᠡᠩᠳᠡᠬᠦᠦ ᠶᠠᠭᠠᠷᠠᠬᠤ ᠬᠡᠷᠡᠭ ᠦᠭᠡᠢ︾᠂ ︽ᠶᠠᠪᠤᠴᠠ ᠶᠢ ᠴᠢᠬᠤᠯᠠᠴᠢᠯᠠᠨ᠂ ᠦᠷ᠎ᠡ ᠳ᠋ᠥᠩ ᠢ | ᠤᠮᠳᠤᠭᠠᠶᠢᠯᠠᠬᠤ︾᠂ ︽ᠵᠣᠷ ᠦᠭᠡᠢ ᠪᠣᠯ ᠡᠮ ᠥᠭᠴᠦ ᠴᠢᠳᠠᠬᠤ ᠦᠭᠡᠢ︾᠂ ︽ᠨᠢᠳᠦᠨ ᠡᠮᠦᠨᠡᠬᠢ ᠪᠠᠨ ᠯᠠ ᠬᠠᠷᠠᠵᠤ᠂ | ᠠᠯᠤᠰ ᠤᠨ ᠪᠤᠳᠣᠯᠭ᠎ᠠ ᠦᠭᠡᠢ︾᠂ ︽ᠨᠠᠷᠢᠨ ᠵᠦᠢᠯᠡᠰ ᠢ ᠤᠮᠳᠤᠭᠠᠶᠢᠯᠠᠨ᠂ ᠪᠠᠷᠤᠭ ᠲᠥᠯᠦᠪ ᠥᠩᠭᠡᠷᠡᠬᠡᠬᠦ︾᠂ ︽ | ᠦᠢᠯᠡᠳᠪᠦᠷᠢᠯᠡᠯ ᠢ ᠴᠢᠬᠤᠯᠠᠴᠢᠯᠠᠨ᠂ ᠡᠵᠡᠩᠨᠡᠯᠲᠡ ᠶᠢ ᠤᠮᠳᠤᠭᠠᠶᠢᠯᠠᠬᠤ︾ ᠵᠡᠷᠭᠡ ᠦᠵᠡᠯᠲᠡ ᠪᠣᠳᠣᠯ ᠢ ᠡᠷᠡᠰ ᠲᠡᠪᠴᠢᠵᠤ᠂ | ᠬᠦᠪᠡᠭᠡᠳᠦ ᠰᠢᠷ᠎ᠡ ᠬᠤᠰᠢᠭᠤᠨ ᠤ ᠵᠤᠷᠢᠭ ᠰᠠᠨᠠᠭ᠎ᠠ ᠶᠢ ᠤᠯᠠᠮᠵᠢᠯᠡᠨ ᠪᠠᠳᠠᠷᠠᠭᠤᠯᠵᠦ᠂ ᠮᠠᠩᠯᠠᠢ ᠳᠤ ᠨᠢ ᠭᠠᠷᠴᠦ᠂ ᠲᠡᠷᠢᠬᠦᠨ | ᠤ ᠬᠢ ᠶᠢ ᠡᠭᠦᠳᠬᠦ ᠪᠠᠷᠢᠮᠵᠢᠶ᠎ᠡ ᠪᠠᠷ ᠠᠵᠢᠯ ᠤᠨ ᠨᠠᠶᠢᠳᠠᠪᠦᠷᠢᠵᠢᠭᠤᠯᠤᠯᠳᠡ ᠶᠢ ᠴᠢᠩᠭ᠎ᠠ ᠠᠳᠬᠤᠨ᠎ᠡ᠃ | ᠲᠥᠯᠥᠭᠡᠯᠡᠭᠴᠢᠳ ᠠ᠋︕ ᠭᠠᠭᠴᠠ ᠬᠦ ᠬᠠᠳᠠᠭᠤᠵᠢᠯᠲᠠᠢ ᠲᠡᠮᠡᠴᠡᠵᠦ᠂ ᠰᠢᠨᠲᠠᠷᠠᠰᠢ ᠦᠭᠡᠢ ᠵᠢᠳᠬᠦᠪᠡᠯ ᠰᠠᠶ᠋ᠢ ᠴᠠᠭ | ᠦᠶ᠎ᠡ ᠪᠠ ᠠᠷᠠᠳ ᠲᠦᠮᠡᠨ ᠤ ᠬᠦᠰᠡᠯ ᠱᠠᠭᠠᠷᠳᠠᠯᠭ᠎ᠠ ᠲᠠᠢ ᠨᠡᠶᠢᠴᠡᠵᠦ ᠴᠢᠳᠠᠨ᠎ᠠ︕ ᠪᠢᠳᠡ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠣᠯᠭᠠᠵᠤ᠂ ᠬᠠᠷᠢᠭᠤᠴᠠᠯᠭᠠᠲᠤ ᠤᠬᠠᠮᠰᠠᠷ ᠢᠶᠠᠨ ᠴᠢᠩᠭᠠᠳᠬᠠᠨ᠂ ᠢᠲᠡᠭᠡᠯ ᠵᠣᠷᠢᠭ ᠢᠶᠠᠨ ᠪᠠᠲᠤᠳᠬᠠᠵᠤ᠂ ᠨᠢᠭᠡ ᠰᠡᠳᠬᠢᠯ | ᠨᠢᠭᠡ ᠵᠣᠷᠢᠭ ᠢᠶᠠᠷ ᠡᠷᠡᠯᠬᠡᠭᠯᠡᠨ ᠤᠷᠤᠭᠰᠢᠯᠠᠵᠤ᠂ ᠰᠢᠯᠢᠳᠡᠭ ᠬᠢᠷᠢ ᠪᠦᠲᠦᠮᠵᠢ ᠶᠢ ᠲᠠᠬᠢᠨᠳᠡ ᠡᠭᠦᠳᠴᠦ᠂ ᠪᠠᠶᠠᠨ ᠴᠢᠨᠡᠭᠡᠯᠢᠭ | ᠪᠣᠯᠪᠠᠰᠤᠨ ᠦᠵᠡᠰᠬᠦᠯᠡᠩᠲᠦ ᠰᠠᠶᠢᠬᠠᠨ ᠵᠣᠯ ᠵᠢᠷᠭᠠᠯᠲᠤ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠥᠪᠡᠭᠡᠲᠦ ᠰᠢᠷ᠎ᠠ | ᠬᠤᠰᠢᠭᠤ ᠶᠢ ᠡᠷᠲᠡ ᠨᠢᠭᠡᠨ ᠡᠳᠦᠷ ᠪᠠᠶᠢᠭᠤᠯᠤᠨ ᠴᠣᠭᠴᠠᠯᠠᠬᠤ ᠳᠤ ᠪᠠᠲᠤ ᠪᠠᠬᠢ ᠰᠠᠭᠤᠷᠢ ᠶᠢ ᠲᠠᠯᠪᠢᠶ᠎ᠠ᠃ | | | | | |