2023 ᠣᠨ ᠤ 5 ᠰᠠᠷ᠎ᠠ ᠶᠢᠨ 23 ᠤ ᠡᠳᠦᠷ | | | ᠯᠢ ᠵᠢᠶᠠᠨ ᠴᠢᠶᠠᠩ | | ᠨᠥᠬᠦᠳ ᠠ᠋᠄ | ᠥᠨᠥᠳᠥᠷ᠂ ᠪᠢᠳᠡ ᠬᠤᠰᠢᠭᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ | ᠬᠤᠷᠠᠯᠳᠤᠭᠠᠨ ᠢ ᠬᠤᠷᠠᠯᠳᠤᠭᠤᠯᠵᠤ᠂ ᠤᠳᠤᠬᠠᠨ ᠤ ᠪᠠᠶᠢᠳᠠᠯ ᠢ ᠵᠠᠳᠠᠯᠤᠨ ᠰᠤᠳᠤᠯᠵᠤ᠂ ᠪᠦᠬᠦ ᠬᠤᠰᠢᠭᠤᠨ ᠤ ︽ᠮᠠᠯ ᠠᠵᠤ | ᠠᠬᠤᠢ᠂ ᠮᠠᠯᠵᠢᠬᠤ ᠤᠷᠤᠨ᠂ ᠮᠠᠯᠴᠢᠳ︾ ᠤᠨ ᠠᠵᠢᠯ ᠢ ᠪᠤᠳᠠᠳᠠᠢ ᠪᠠᠶᠢᠷᠢᠯᠠᠭᠤᠯᠵᠤ᠂ ᠡᠯ᠎ᠡ ᠰᠣᠮᠣ ᠪᠠᠯᠭᠠᠰᠤ᠂ ᠭᠠᠴᠠᠭ᠎ᠠ᠂ | ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠢ ᠲᠠᠶᠢᠴᠢᠯᠠᠵᠤ᠂ ᠢᠲᠡᠭᠡᠯ ᠢᠶᠠᠨ ᠬᠥᠪᠴᠢᠯᠡᠨ᠂ ᠵᠤᠭᠰᠤᠯᠲᠠ ᠪᠠᠨ ᠪᠠᠳᠤᠵᠢᠭᠤᠯᠵᠤ | ᠂ ᠯᠠᠪᠳᠠᠭᠤᠨ ᠠᠵᠢᠯᠯᠠᠨ᠂ ᠰᠢᠨ᠎ᠡ ᠶᠢ ᠡᠷᠢᠯᠬᠢᠯᠡᠵᠦ᠂ ᠮᠠᠨ ᠤ ᠬᠤᠰᠢᠭᠤᠨ ᠤ ︽ᠮᠠᠯ ᠠᠵᠤ ᠠᠬᠤᠢ᠂ ᠮᠠᠯᠵᠢᠬᠤ ᠤᠷᠤᠨ᠂ | ᠮᠠᠯᠴᠢᠳ︾ ᠤᠨ ᠠᠵᠢᠯ ᠤᠨ ᠰᠢᠨ᠎ᠡ ᠪᠠᠶᠢᠳᠠᠯ ᠢ ᠪᠤᠢ ᠪᠣᠯᠭᠠᠬᠤ ᠪᠠᠷ ᠴᠢᠷᠮᠠᠶᠢᠨ᠎ᠠ᠃ ᠮᠦᠳᠳᠤ ᠬᠤᠰᠢᠭᠤ ᠨᠠᠮ ᠤᠨ | ᠬᠤᠷᠢᠶᠠᠨ ᠤ ᠱᠦᠵᠢ ᠬᠤᠪᠢᠰᠬᠠᠯᠲᠤ ᠨᠦᠬᠦᠷ ᠠᠴᠠ ᠴᠢᠬᠤᠯᠠ ᠶᠠᠷᠢᠶ᠎ᠠ ᠲᠠᠯᠪᠢᠬᠤ ᠪᠤᠯᠤᠨ᠎ᠠ᠂ ᠤᠯᠠᠨ ᠢᠶᠠᠷ ᠢᠶᠠᠨ ᠨᠠᠷᠢᠨ | ᠬᠢᠨᠠᠮᠠᠭᠠᠢ ᠰᠤᠷᠤᠯᠴᠠᠵᠤ᠂ ᠬᠤᠷᠠᠯᠳᠤᠭᠠᠨ ᠤ ᠵᠣᠷᠢᠭ ᠰᠠᠨᠠᠭ᠎ᠠ ᠶᠢ ᠰᠠᠶᠢᠲᠤᠷ ᠲᠤᠤᠱᠯᠠᠭᠤᠯᠤᠨ ᠨᠠᠶᠢᠳᠠᠪᠦᠷᠢᠵᠢᠭᠤᠯᠤᠶ᠎ᠠ᠃ | ᠳᠣᠣᠷ᠎ᠠ ᠪᠢ ᠳᠦᠷᠪᠡᠨ ᠲᠠᠯ᠎ᠠ ᠪᠠᠷ ᠰᠠᠨᠠᠯ ᠢᠶᠠᠨ ᠶᠠᠷᠢᠶ᠎ᠠ᠃ | ᠨᠢᠭᠡ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ ︽ᠮᠠᠯ ᠠᠵᠤ ᠠᠬᠤᠢ᠂ ᠮᠠᠯᠵᠢᠬᠤ ᠤᠷᠤᠨ᠂ ᠮᠠᠯᠴᠢᠳ ︾ | ᠤᠨ ᠠᠵᠢᠯ ᠢ ᠰᠠᠶᠢᠲᠤᠷ ᠬᠢᠬᠦ ᠢᠲᠡᠭᠡᠯ ᠵᠣᠷᠢᠭ ᠢᠶᠠᠨ ᠪᠠᠳᠤᠳᠬᠠᠶ᠎ᠠ | 2022 ᠣᠨ ᠳᠤ᠂ ᠪᠡᠷᠭᠡ ᠪᠤᠳᠤᠯᠢᠶᠠᠨᠲᠠᠢ ᠠᠵᠤ ᠠᠬᠤᠢ ᠶᠢᠨ ᠪᠠᠶᠢᠳᠠᠯ᠂ ᠢᠯᠠᠩᠭᠤᠶ᠎ᠠ ᠰᠢᠨ᠎ᠡ ᠲᠢᠳᠢᠮᠯᠢᠭ | ᠠᠭᠤᠰᠬᠢᠨ ᠥᠷᠪᠢᠰᠦᠯ ᠤᠨ ᠬᠢᠵᠢᠭ ᠤᠨ ᠬᠦᠨᠳᠦ ᠬᠡᠴᠡᠭᠦᠦ ᠪᠠᠶᠢᠳᠠᠯ ᠤᠨ ᠲᠤᠤᠷ᠎ᠠ᠂ ᠪᠥᠬᠦ ᠬᠤᠰᠢᠭᠤᠨ ᠤ ᠡᠯ᠎ᠡ ᠱᠠᠲᠤᠨ ᠤ | ᠬᠢᠨ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ | ᠳᠣᠣᠷ᠎ᠠ᠂ ᠡᠷᠡᠮᠡᠭᠡᠶᠢᠯᠡᠨ ᠲᠡᠮᠡᠴᠡᠵᠦ᠂ ᠡᠷᠡᠯᠭᠡᠭᠯᠡᠨ ᠤᠷᠤᠭᠰᠢᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ | ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠵᠢᠯ ᠤᠨ ᠡᠬᠢᠨ ᠳᠤ ᠲᠣᠭᠲᠠᠭᠠᠭᠰᠠᠨ | ᠡᠯ᠎ᠡ ᠲᠥᠷᠦᠯ ᠤᠨ ︽ᠮᠠᠯ ᠠᠵᠤ ᠠᠬᠤᠢ᠂ ᠮᠠᠯᠵᠢᠬᠤ ᠤᠷᠤᠨ᠂ ᠮᠠᠯᠴᠢᠳ︾ ᠤᠨ ᠠᠵᠢᠯ ᠤᠨ ᠬᠠᠷᠠᠯᠲᠠ ᠡᠭᠦᠷᠭᠡ ᠪᠠᠨ | ᠲᠡᠭᠦᠰ ᠠᠮᠵᠢᠯᠲᠠ ᠲᠠᠢ ᠪᠡᠶᠡᠯᠡᠬᠦᠯᠪᠡ᠃ ᠨᠢᠭᠡ ᠳᠤ᠂ ᠮᠠᠯ ᠠᠵᠤ ᠠᠬᠤᠢ ᠶᠢᠨ ᠬᠥᠭᠵᠢᠯᠲᠡ ᠶᠢᠨ ᠰᠠᠭᠤᠷᠢ ᠤᠯᠠᠮ ᠪᠠᠬᠢᠵᠢᠪᠡ | ᠃ᠵᠢᠯ ᠤᠨ ᠡᠴᠦᠰ ᠤᠨ ᠮᠠᠯ ᠤᠨ ᠲᠤᠭ᠎ᠠ 34.5 ᠲᠦᠮᠡᠨ ᠲᠤᠯᠤᠭᠠᠢ ᠳᠤ ᠬᠦᠷᠴᠦ᠂ ᠮᠠᠯ ᠤᠨ ᠭᠠᠷᠭᠠᠯᠲᠠ 19.7 ᠲᠦᠮᠡᠨ | ᠲᠤᠯᠤᠭᠠᠢ ᠳᠤ ᠬᠦᠷᠪᠡ᠃ 2.6 ᠲᠦᠮᠡᠨ ᠲᠤᠯᠤᠭᠠᠢ ᠦᠬᠡᠷ ᠤᠨ ᠡᠬᠦᠯᠳᠡᠷ ᠢ ᠰᠠᠶᠢᠵᠢᠷᠠᠭᠤᠯᠵᠣ᠂ ᠬᠤᠸᠠ ᠰᠢ ᠦᠬᠡᠷ ᠤᠨ | ᠡᠬᠦᠯᠳᠡᠷ ᠤᠨ ᠪᠤᠶᠢᠵᠢᠭᠤᠯᠤᠯᠲᠠ ᠶᠢ ᠲᠤᠭᠲᠠᠭᠠᠬᠤ ᠠᠵᠢᠯ ᠢ ᠪᠡᠶᠡᠯᠡᠬᠦᠯᠵᠦ᠂ ᠰᠢᠮᠧᠨ᠋ᠲᠷ ᠦᠬᠡᠷ ᠤᠨ ᠭᠤᠣᠯᠳᠠᠯᠭᠠᠲᠤ | ᠰᠦᠷᠦᠭ 18 ᠪᠣᠯᠪᠠ᠃ ᠴᠠᠬᠠᠷ ᠬᠤᠨᠢᠨ ᠤ ᠭᠤᠣᠯᠳᠠᠯᠭᠠᠲᠤ ᠰᠦᠷᠦᠭ 213 ᠪᠣᠯᠵᠤ᠂ ᠴᠠᠬᠠᠷ ᠬᠤᠨᠢᠨ ᠤ ᠦᠷ᠎ᠡ ᠶᠢᠨ | ᠮᠠᠯ ᠤᠨ ᠲᠠᠯᠠᠪᠠᠢ ᠨᠢ ᠥᠪᠡᠷᠲᠡᠭᠡᠨ ᠵᠠᠰᠠᠬᠤ ᠣᠷᠣᠨ ᠤ ᠳᠡᠰ ᠤᠨ ᠭᠤᠣᠯ ᠪᠣᠯᠬᠤ ᠡᠭᠦᠯᠳᠡᠷ ᠪᠣᠶᠢᠵᠢᠭᠤᠯᠬᠤ ᠲᠠᠯᠠᠪᠠᠢ ᠪᠠᠷ | ᠨᠤᠲᠠᠯᠠᠨ ᠲᠤᠭᠲᠠᠭᠠᠭᠳᠠᠵᠤ᠂ ᠴᠠᠬᠠᠷ ᠬᠤᠨᠢᠨ ᠤ ᠠᠵᠤ ᠦᠢᠯᠡᠰ ᠤᠨ ᠶᠡᠭᠡ ᠳ᠋ᠠᠶᠢᠲ᠋ᠠ ᠶᠢᠨ ᠬᠠᠮᠢᠶᠠᠷᠤᠯᠲᠠ ᠶᠢᠨ | ᠲᠠᠪᠴᠠᠩ ᠤᠨ ᠢᠨᠵᠧᠨᠧᠷᠢᠩ ᠢ ᠪᠠᠶᠢᠭᠤᠯᠵᠤ ᠲᠠᠭᠤᠰᠬᠠᠪᠠ᠃ 1500 ᠮᠦ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠢ | ᠪᠠᠶᠢᠭᠤᠯᠵᠤ᠂ 1 ᠲᠦᠮᠡᠨ ᠮᠦ ᠮᠣᠷᠢᠨ ᠲᠡᠰᠬᠢ ᠲᠠᠷᠢᠵᠤ ᠪᠤᠶᠢᠵᠢᠭᠤᠯᠬᠤ ᠰᠠᠭᠤᠷᠢᠨ ᠭᠠᠵᠠᠷ ᠪᠠ 50 ᠮᠦ ᠮᠣᠷᠢᠨ | ᠲᠡᠰᠬᠢ ᠶᠢᠨ ᠴᠢᠬᠢ ᠪᠤᠶᠢᠵᠢᠭᠤᠯᠬᠤ ᠰᠠᠭᠤᠷᠢᠨ ᠭᠠᠵᠠᠷ ᠢ ᠦᠷᠬᠦᠯᠵᠢᠯᠡᠨ ᠪᠠᠶᠢᠭᠤᠯᠪᠠ᠃ 7 ᠰᠠᠭᠠᠯᠢ ᠶᠢᠨ ᠦᠨᠢᠶᠡᠨ ᠤ | ᠳᠤᠮᠳᠠ ᠵᠢᠵᠢᠭ ᠮᠠᠯᠵᠢᠯ ᠤᠨ ᠲᠠᠯᠠᠪᠠᠢ ᠶᠢ ᠲᠡᠰ ᠲᠡᠪᠰᠢᠬᠦᠯᠦᠨ ᠦᠭᠡᠷᠡᠴᠢᠯᠡᠵᠦ᠂ 4 ᠪᠠᠷᠢᠮᠵᠢᠶᠠᠵᠢᠭᠰᠠᠨ ᠴᠠᠭᠠᠨ ᠢᠳᠡᠭᠡᠨ ᠤ | ᠭᠠᠷ ᠦᠢᠯᠡᠳᠭᠡᠯ ᠤᠨ ᠭᠠᠵᠠᠷ ᠢ ᠪᠠᠶᠢᠭᠤᠯᠪᠠ᠃ ᠰᠠᠭᠠᠯᠢ ᠶᠢᠨ ᠦᠨᠢᠶᠡᠨ ᠤ ᠲᠤᠭ᠎ᠠ ᠲᠤᠯᠤᠭᠠᠢ 4200 ᠳᠤ ᠬᠦᠷᠴᠦ᠂ | ᠵᠢᠯ ᠤᠨ ᠰᠦᠨ ᠤ ᠭᠠᠷᠤᠯᠲᠠ 5 ᠲᠦᠮᠡᠨ ᠲᠣᠨ ᠳᠤ ᠬᠦᠷᠪᠡ᠃ 2 ᠴᠠᠭᠠᠨ ᠢᠳᠡᠭᠡᠨ ᠤ ᠭᠠᠷ ᠦᠢᠯᠡᠳᠬᠡᠯ ᠤᠨ ᠭᠠᠵᠠᠷ ᠨᠢ | SC ᠵᠥᠪᠰᠢᠶᠡᠷᠡᠯ ᠤᠨ ᠬᠢᠷᠢ ᠬᠡᠮ ᠪᠠ ᠰᠢᠯᠢ ᠶᠢᠨ ᠭᠤᠣᠯ ᠤᠨ ᠴᠠᠭᠠᠨ ᠢᠳᠡᠭᠡᠨ ᠤ ᠭᠠᠵᠠᠷ ᠣᠷᠤᠨ ᠤ ᠨᠡᠶᠢᠲᠡᠯᠢᠭ ᠨᠡᠷᠡᠲᠦ | ᠲᠡᠮᠳᠡᠭᠳᠦ ᠪᠠ ᠭᠠᠵᠠᠷ ᠵᠦᠢ ᠶᠢᠨ ᠢᠯᠡᠳᠭᠡᠮᠵᠢᠲᠦ ᠲᠡᠸᠠᠷ ᠤᠨ ᠲᠡᠮᠳᠡᠭ ᠤᠨ ᠬᠢᠷᠢ ᠬᠡᠮ ᠤᠨ ᠡᠷᠬᠡ ᠶᠢ ᠣᠯᠪᠠ᠃ ᠴᠠᠭᠠᠨ | ᠢᠳᠡᠭᠡᠨ ᠤ ᠰᠢᠯᠭᠠᠨ ᠪᠠᠶᠢᠴᠠᠭᠠᠯᠲᠠ ᠶᠢᠨ ᠲᠥᠪ ᠨᠢ CMA ᠵᠥᠪᠰᠢᠶᠡᠷᠡᠯ ᠤᠨ ᠬᠢᠷᠢ ᠬᠡᠮ ᠢ ᠭᠥᠷᠳᠡᠪᠡ᠃ ᠠᠭᠤᠯᠠᠨᠳᠤ | ᠭᠡᠷ ᠪᠦᠯᠢ ᠶᠢᠨ ᠮᠠᠯᠵᠢᠯ ᠤᠨ ᠲᠠᠯᠠᠪᠠᠶ ᠨᠢ ᠠᠶᠢᠮᠠᠭ ᠤᠨ ᠲᠠᠰ ᠤᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠭᠡ | ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠤᠭᠤᠷᠢᠭ ᠢᠶᠠᠷ ᠦᠨᠡᠯᠡᠨ ᠲᠤᠭᠲᠠᠭᠠᠭᠳᠠᠪᠠ᠃ ᠳ᠋ᠠ ᠳ᠋ᠢ ᠠᠮᠢᠳᠤ | ᠪᠣᠳᠠᠰ ᠤᠨ ᠺᠣᠮᠫᠠᠨᠢ ᠨᠢ ᠠᠶᠢᠮᠠᠭ ᠤᠨ ᠲᠠᠰ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠯᠡᠰᠵᠢᠯᠲᠡ ᠶᠢᠨ | ᠲᠣᠯᠣᠭᠠᠶᠢᠯᠠᠭᠴᠢ ᠠᠵᠤ ᠠᠬᠤᠶᠢᠯᠠᠯ ᠢᠶᠠᠷ ᠦᠨᠡᠯᠡᠭᠳᠡᠪᠡ᠃ 31 ᠭᠡᠷ ᠪᠦᠯᠢ ᠶᠢᠨ ᠮᠠᠯᠵᠢᠯ ᠤᠨ ᠲᠠᠯᠠᠪᠠᠢ ᠶᠢ ᠨᠤᠲᠠᠯᠠᠨ | ᠲᠤᠭᠲᠠᠭᠠᠵᠤ᠂ 10 ᠬᠤᠰᠢᠭᠤ ᠲᠡᠰ ᠤᠨ ᠵᠢᠱᠢᠶ᠎ᠡ ᠦᠵᠡᠬᠦᠯᠬᠦ ᠭᠡᠷ ᠪᠦᠯᠢ ᠶᠢᠨ ᠮᠠᠯᠵᠢᠯ ᠤᠨ ᠲᠠᠯᠠᠪᠠᠢ᠂ 2 ᠵᠢᠱᠢᠶ᠎ᠡ | ᠦᠵᠡᠬᠦᠯᠬᠦ ᠬᠤᠷᠰᠢᠶᠠᠵᠢᠯ ᠢ ᠡᠬᠦᠳᠦᠨ ᠪᠠᠶᠢᠭᠤᠯᠪᠠ᠃ ᠬᠤᠶᠠᠷ ᠲᠤ᠂ ᠮᠠᠯᠵᠢᠬᠤ ᠣᠷᠣᠨ ᠤ ᠰᠠᠭᠤᠷᠢ ᠲᠦᠬᠦᠭᠡᠷᠦᠮᠵᠢ ᠤᠯᠠᠮ | ᠲᠡᠭᠦᠯᠳᠡᠷᠵᠢᠪᠡ᠃ ᠲᠦᠭᠡᠭᠡᠯ ᠤᠰᠤᠨ ᠤ ᠢᠨᠵᠧᠨᠧᠷᠢᠩ ᠢ 16 ᠶᠢ ᠰᠢᠨ᠎ᠡ ᠪᠠᠷ ᠪᠠᠶᠢᠭᠤᠯᠵᠤ᠂ 9 ᠶᠢ ᠰᠡᠯᠪᠢᠨ ᠵᠠᠰᠠᠵᠤ᠂ | 2230 ᠬᠥᠮᠥᠨ ᠠᠮᠠ ᠶᠢᠨ ᠤᠰᠤ ᠬᠠᠩᠭᠠᠬᠤ ᠪᠠᠲᠤᠯᠠᠭ᠎ᠠ ᠶᠢᠨ ᠠᠰᠠᠭᠤᠳᠠᠯ ᠢ ᠰᠢᠢᠳᠪᠦᠷᠢᠯᠡᠪᠡ᠃ 10 ᠺᠢᠯᠣᠸᠠᠲ ᠤᠨ | ᠬᠥᠳᠡᠭᠡ ᠲᠣᠰᠬᠤᠨ ᠤ ᠴᠠᠬᠢᠯᠭᠠᠨ ᠲᠣᠣᠷ ᠱᠤᠭᠤᠮ ᠢ 87.4 ᠺᠢᠯᠣᠮᠧᠲᠷ᠂ 0.4 ᠺᠢᠯᠣᠸᠠᠲ ᠤᠨ ᠴᠠᠬᠢᠯᠭᠠᠨ ᠲᠤᠤᠷ | ᠱᠤᠭᠤᠮ ᠢ 66.6 ᠺᠢᠯᠣᠮᠧᠲᠷ ᠦᠬᠡᠷᠡᠴᠢᠯᠡᠨ ᠪᠠᠶᠢᠭᠤᠯᠵᠤ᠂ 152 ᠰᠠᠤᠷᠢ ᠴᠠᠬᠢᠯᠭᠠᠨ ᠬᠦᠴᠦᠳᠡᠯ ᠥᠭᠡᠷᠡᠴᠢᠯᠡᠭᠴᠢ ᠶᠢ | ᠦᠭᠡᠷᠡᠴᠢᠯᠡᠨ ᠰᠢᠨᠡᠳᠭᠡᠵᠦ᠂ ᠮᠠᠯᠵᠢᠬᠤ ᠣᠷᠣᠨ ᠤ ᠴᠠᠬᠢᠯᠭᠠᠨ ᠲᠣᠣᠷ ᠱᠣᠭᠤᠮ ᠤᠨ ᠲᠣᠭᠲᠠᠭᠤᠨ ᠴᠢᠨᠠᠷ ᠢ ᠤᠯᠠᠮ ᠨᠢᠭᠡ | ᠠᠯᠬᠤᠮ ᠳᠡᠭᠡᠭᠰᠢᠯᠡᠬᠦᠯᠪᠡ᠃ 10 ᠵᠤᠷᠪᠤᠰ ᠮᠠᠯᠵᠢᠬᠤ ᠣᠷᠣᠨ ᠤ ᠵᠠᠰᠠᠮᠠᠯ ᠵᠠᠮ ᠢ 65.5 ᠺᠢᠯᠣᠮᠧᠲᠷ ᠰᠢᠨ᠎ᠡ ᠪᠠᠷ | ᠵᠠᠰᠠᠭᠰᠠᠨ ᠪᠠ ᠥᠭᠡᠷᠡᠴᠢᠯᠡᠨ ᠵᠠᠰᠠᠵᠤ᠂ 7 ᠵᠤᠷᠪᠤᠰ ᠵᠠᠰᠠᠮᠠᠯ ᠵᠠᠮ ᠢ 32.9 ᠺᠢᠯᠣᠮᠧᠲᠷ ᠠᠷᠠᠴᠢᠯᠠᠨ ᠬᠠᠮᠠᠭᠠᠯᠠᠵᠤ᠂ | ᠮᠠᠯᠴᠢᠳ ᠤᠨ ᠶᠠᠪᠤᠵᠤ ᠰᠠᠭᠤᠬᠤ ᠨᠦᠬᠦᠴᠡᠯ ᠨᠠᠩ ᠲᠥᠬᠦᠮ ᠲᠦᠲᠡ ᠪᠣᠯᠪᠠ᠃ ᠭᠤᠷᠪᠠ ᠳᠤ᠂ ᠮᠠᠯᠴᠢᠳ ᠤᠨ | ᠬᠦᠷᠲᠡᠮᠵᠢ ᠶᠢᠨ ᠲᠥᠷᠥᠭᠳᠡᠯ ᠤᠯᠠᠮ ᠨᠡᠮᠡᠭᠳᠡᠪᠡ᠃ ᠮᠠᠯᠴᠢᠳ ᠤᠨ ᠬᠥᠮᠥᠨ ᠳᠤᠮᠳᠠᠴᠢ ᠶᠢᠨ ᠡᠵᠡᠮᠳᠡᠵᠦ ᠪᠤᠯᠬᠤᠶᠢᠴᠠ | ᠣᠷᠣᠯᠭ᠎ᠠ 7.3% ᠪᠠᠷ ᠨᠡᠮᠡᠭᠳᠡᠪᠡ᠃ ᠴᠠᠭᠠᠨ ᠲᠡᠷᠡᠰᠦ᠂ ᠲᠠᠪᠤᠰᠤᠨ ᠭᠤᠣᠯ ᠵᠡᠷᠭᠡ 2 ᠠᠶᠢᠮᠠᠭ ᠤᠨ ᠲᠠᠰ ᠤᠨ ᠵᠢᠱᠢᠶ᠎ᠡ | ᠦᠵᠡᠭᠦᠯᠬᠦ ᠭᠠᠴᠠᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠦᠨᠳᠦᠰᠦᠨ ᠳᠡᠭᠡᠨ ᠪᠡᠶᠡᠯᠡᠭᠦᠯᠪᠡ᠃ ᠮᠠᠯᠵᠢᠬᠤ | ᠤᠷᠤᠨ ᠤ 136 ᠡᠷᠦᠬᠡ ᠳᠤ ᠪᠠᠶᠢᠰᠢᠩ ᠤᠨ ᠨᠠᠷᠠᠪᠴᠢ ᠪᠠᠷᠢᠵᠤ ᠥᠭᠪᠡ᠃ 6 ᠭᠤᠣᠯᠳᠠᠯᠭ᠎ᠠ ᠲᠠᠢ ᠭᠠᠴᠠᠭᠠᠨ ᠳᠤ | ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠬᠤ ᠬᠠᠰᠢᠶ᠎ᠠ ᠰᠡᠷᠡᠯᠵᠢ ᠶᠢᠨ ᠪᠦᠳᠦᠭᠡᠨ | ᠪᠠᠶᠢᠭᠤᠯᠤᠯᠲᠠ ᠶᠢᠨ ᠲᠥᠷᠦᠯ ᠵᠦᠢᠯ ᠪᠠ ᠲᠡᠮᠦᠷ ᠬᠦᠷᠢᠶ᠎ᠡ ᠬᠠᠰᠢᠶ᠎ᠠ ᠶᠢᠨ ᠲᠥᠷᠦᠯ ᠵᠦᠢᠯ ᠢ ᠬᠡᠷᠡᠭᠵᠢᠬᠦᠯᠪᠡ᠃ 234 | ᠡᠷᠦᠬᠡ ᠳᠤ ᠪᠠᠷᠢᠮᠵᠢᠶ᠎ᠠ ᠳᠤ ᠨᠠᠶᠢᠴᠡᠭᠰᠡᠨ ᠵᠤᠷᠯᠤᠩ ᠢ ᠰᠢᠨ᠎ᠡ ᠪᠠᠷ ᠪᠠᠶᠢᠭᠤᠯᠪᠠ᠃ 4 ᠮᠠᠯᠵᠢᠬᠤ ᠣᠷᠣᠨ ᠤ ᠨᠡᠶᠢᠭᠡᠮᠴᠢᠯᠡᠭᠰᠡᠨ | ᠦᠢᠯᠡᠴᠢᠯᠡᠭᠡᠨ ᠤ ᠠᠩᠭᠢ ᠶᠢ ᠪᠠᠶᠢᠭᠤᠯᠵᠤ᠂ ᠪᠥᠬᠦ ᠬᠤᠰᠢᠭᠤᠨ ᠤ 60 ᠭᠠᠴᠠᠭᠠᠨ ᠳᠤ ᠨᠡᠶᠢᠭᠡᠮᠴᠢᠯᠡᠭᠰᠡᠨ ᠦᠢᠯᠡᠴᠢᠯᠡᠭᠡ ᠶᠢ | ᠪᠦᠷᠬᠦᠬᠦᠯᠬᠦ ᠶᠢᠨ ᠬᠠᠮᠲᠤ᠂ ᠤᠳᠤᠬᠠᠨ ᠤ ᠮᠠᠯᠵᠢᠬᠤ ᠦᠢᠯᠡᠳᠪᠦᠷᠢᠯᠡᠯ ᠠᠮᠢᠳᠤᠷᠠᠯ ᠤᠨ ᠳᠤᠮᠳᠠ ᠤᠷᠤᠰᠢᠵᠤ ᠪᠠᠶᠢᠭ᠎ᠠ | ᠲᠤᠳᠠᠭᠤᠳᠠᠯ ᠳᠤ ᠴᠢᠭᠯᠡᠬᠦᠯᠦᠨ᠂ ᠣᠯᠠᠨ ᠡᠰᠢᠲᠦ ᠦᠢᠯᠡᠴᠢᠯᠡᠭᠡᠨ ᠤ ᠵᠠᠭᠪᠤᠷ ᠢ ᠰᠦᠪᠡᠭᠴᠢᠯᠡᠨ ᠬᠡᠷᠡᠭᠵᠢᠬᠦᠯᠪᠡ᠃ ᠡᠨᠡ ᠨᠢ | ᠪᠢᠳᠡᠨ ᠤ ᠲᠠᠷᠠᠭᠠᠴᠢ ᠶᠢᠨ ᠠᠯᠬᠤᠮ ᠤᠨ ︽ᠮᠠᠯ ᠠᠵᠤ ᠠᠬᠤᠢ᠂ ᠮᠠᠯᠵᠢᠬᠤ ᠤᠷᠤᠨ᠂ ᠮᠠᠯᠴᠢᠳ︾ ᠤᠨ ᠠᠵᠢᠯ ᠢ ᠰᠠᠶᠢᠲᠤᠷ | ᠬᠢᠬᠦ ᠳᠤ ᠪᠠᠲᠤ ᠪᠠᠬᠢ ᠰᠠᠭᠤᠷᠢ ᠶᠢ ᠲᠠᠯᠪᠢᠵᠤ᠂ ᠮᠦᠨᠴᠦ ᠬᠤᠶᠢᠰᠢᠳᠠ ᠶᠢᠨ ᠠᠵᠢᠯ ᠢᠶᠠᠨ ᠨᠡᠩ ᠰᠠᠶᠢᠨ ᠬᠢᠬᠦ ᠢᠲᠡᠭᠡᠯ | ᠵᠣᠷᠢᠭ ᠢ ᠬᠥᠪᠴᠢᠯᠡᠪᠡ᠃ ᠬᠡᠪᠡᠴᠦ᠂ ᠪᠢᠳᠡ ᠣᠳᠣᠬᠠᠨ ᠤ ᠪᠥᠬᠦ ᠬᠤᠰᠢᠭᠤᠨ ᠤ ︽ᠮᠠᠯ ᠠᠵᠤ ᠠᠬᠤᠢ᠂ ᠮᠠᠯᠵᠢᠬᠤ ᠤᠷᠤᠨ | ᠂ ᠮᠠᠯᠴᠢᠳ︾ ᠤᠨ ᠠᠵᠢᠯ ᠳᠤ ᠪᠠᠰᠠ ᠴᠥᠭᠡᠨ ᠪᠤᠰᠤ ᠳᠤᠲᠠᠭᠤᠳᠠᠯ ᠪᠠ ᠪᠠᠭᠤᠷᠠᠢ ᠲᠠᠯ᠎ᠠ ᠪᠠᠶᠢᠬᠤ ᠶᠢ ᠰᠡᠷᠭᠡᠭ ᠢᠶᠠᠷ ᠲᠠᠨᠢᠵᠤ | ᠣᠯᠬᠤ ᠬᠡᠷᠡᠭᠲᠡᠢ᠃ ᠵᠢᠱᠢᠶᠡᠯᠡᠪᠡᠯ᠄ ᠮᠠᠯ ᠤᠨ ᠠᠰᠢᠭ ᠰᠢᠮ᠎ᠡ ᠶᠢᠨ ᠪᠦᠳᠦᠭᠡᠭᠳᠡᠬᠦᠨ ᠢ ᠨᠠᠷᠢᠯᠢᠭ ᠡᠳ᠋ᠰᠢᠬᠦᠯᠦᠨ | ᠪᠣᠯᠪᠠᠰᠤᠷᠠᠭᠤᠯᠬᠤ ᠴᠢᠳᠠᠪᠦᠷᠢ ᠲᠤᠲᠠᠮᠠᠭ︔ ᠮᠠᠯ ᠠᠵᠤ ᠠᠬᠤᠢ ᠶᠢᠨ ᠦᠢᠯᠡᠳᠪᠦᠷᠢᠯᠡᠯ ᠨᠢ ᠪᠠᠶᠢᠭᠠᠯᠢ ᠶᠢᠨ ᠭᠠᠮᠰᠢᠭ ᠵᠡᠷᠭᠡ | ᠪᠠᠶᠢᠳᠠᠯ ᠢ ᠠᠷᠭᠠᠴᠠᠬᠤ ᠴᠢᠳᠠᠪᠤᠷᠢ ᠳᠤᠷᠤᠢ︔ ᠬᠡᠪᠴᠢᠶᠡᠵᠢᠭᠰᠡᠨ ᠲᠡᠵᠢᠭᠡᠨ ᠦᠷᠡᠵᠢᠬᠦᠯᠬᠦ ᠰᠠᠭᠤᠷᠢᠨ ᠭᠠᠵᠠᠷ ᠪᠠ ᠮᠠᠯ ᠤᠨ | ᠰᠣᠯᠢᠯᠴᠠᠭᠠᠨ ᠤ ᠵᠠᠬ᠎ᠠ ᠳᠡᠯᠭᠡᠭᠦᠷ ᠪᠠᠶᠢᠬᠤ ᠦᠭᠡᠢ᠂ ᠮᠠᠯ ᠤᠨ ᠭᠠᠷᠭᠠᠯᠲᠠ ᠨᠢ ᠭᠤᠣᠯᠳᠠᠭᠤ ᠵᠠᠪᠰᠠᠷ ᠤᠨ ᠮᠠᠶᠢᠮᠠᠶᠢᠴᠢᠨ ᠳᠤ | ᠲᠦᠰᠢᠭᠯᠡᠵᠦ ᠪᠠᠶᠢᠭ᠎ᠠ ᠪᠠᠶᠢᠳᠠᠯ ᠲᠠᠢ︔ ᠲᠠᠬᠢᠪᠠᠯ ᠭᠠᠩ ᠬᠠᠭᠰᠠᠷᠠᠭᠠᠨ᠂ ᠡᠪᠡᠰᠦ ᠪᠤᠷᠳᠤᠭᠠᠨ ᠤ ᠦᠨ᠎ᠡ ᠬᠠᠩᠰᠢ ᠥᠰᠬᠦ ᠪᠠ | ᠪᠤᠷᠳᠤᠨ ᠲᠡᠵᠢᠭᠡᠬᠦ ᠬᠠᠮᠢᠶᠠᠷᠤᠯᠲᠠ ᠶᠢᠨ ᠥᠷᠲᠡᠭ ᠳᠡᠭᠡᠭᠰᠢᠯᠡᠬᠦ ᠵᠡᠷᠭᠡ ᠰᠢᠯᠲᠠᠭᠠᠨ ᠠᠴᠠ ᠪᠣᠯᠵᠤ᠂ ᠮᠠᠯᠴᠢᠳ ᠤᠨ | ᠮᠠᠯᠵᠢᠯ ᠤᠨ ᠵᠠᠷᠤᠳᠠᠯ ᠤᠨ ᠠᠴᠢᠶᠡᠯᠡᠯ ᠶᠡᠬᠡᠪᠡᠷ ᠬᠦᠨᠳᠦᠷᠡᠪᠡ︔ ︽ᠤᠰᠤ᠂ ᠴᠠᠬᠢᠯᠭᠠᠨ᠂ ᠵᠠᠮ᠂ ᠴᠢᠮᠡᠭᠡ ᠨᠡᠪᠳᠡᠷᠡᠬᠦᠯᠭᠡ︾ | ᠵᠡᠷᠭᠡ ᠮᠠᠯᠵᠢᠬᠤ ᠣᠷᠣᠨ ᠤ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠮᠥᠨ ᠬᠦ ᠴᠢᠩᠭᠠᠳᠬᠠᠬᠤ | ᠴᠢᠬᠤᠯᠠᠲᠠᠢ᠃ ᠵᠣᠷᠯᠣᠩ᠂ ᠬᠤᠭ ᠨᠣᠪᠰᠢ᠂ ᠪᠣᠬᠢᠷ ᠤᠰᠤ ᠶᠢ ᠰᠢᠢᠳᠪᠦᠷᠢᠯᠡᠬᠦ ᠵᠡᠷᠭᠡ ᠮᠠᠯᠵᠢᠬᠤ ᠤᠷᠤᠨ ᠤ ᠣᠷᠣᠰᠢᠨ | ᠰᠠᠭᠤᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠬᠤ ᠪᠠ ᠨᠡᠶᠢᠭᠡᠮ ᠤᠨ ᠦᠢᠯᠡᠴᠢᠯᠡᠭᠡᠨ ᠤ ᠲᠤᠭᠳᠠᠯᠴᠠᠭ᠎ᠠ ᠶᠢ | ᠣᠯᠠᠨ ᠡᠰᠢᠵᠢᠬᠦᠯᠬᠦ ᠵᠡᠷᠭᠡ ᠠᠵᠢᠯ ᠢ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠯᠠᠪᠳᠠᠭᠤᠨ ᠢᠶᠠᠷ | ᠠᠬᠢᠭᠤᠯᠬᠤ ᠴᠢᠬᠤᠯᠠᠲᠠᠢ ᠪᠠᠶᠢᠨ᠎ᠠ᠃ | ᠥᠨᠦ ᠵᠢᠯ ᠤᠨ ᠡᠬᠢᠨ ᠳᠤ ᠬᠤᠷᠠᠯᠳᠤᠭᠰᠠᠨ ᠠᠶᠢᠮᠠᠭ ᠤᠨ ᠨᠠᠮ ᠤᠨ ᠬᠤᠷᠢᠶᠠᠨ ︵ᠥᠷᠭᠡᠳᠬᠡᠭᠰᠡᠨ︶ ᠤ | ᠬᠤᠷᠠᠯᠳᠤᠭᠠᠨ ᠵᠢᠴᠢ ᠪᠦᠬᠦ ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠳᠡᠭᠡᠷ᠎ᠡ᠂ ᠠᠶᠢᠮᠠᠭ ᠤᠨ ᠨᠠᠮ ᠤᠨ | ᠬᠤᠷᠢᠶᠠᠨ ᠤ ᠱᠦᠵᠢ ᠶᠤᠤ ᠶᠦᠩ ᠪᠥᠸᠧ ᠶᠠᠷᠢᠶᠠᠨ ᠳᠠᠭᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠷ | ᠭᠤᠣᠯᠳᠠᠯᠭ᠎ᠠ ᠪᠣᠯᠭᠠᠭᠰᠠᠨ ︽ᠮᠠᠯ ᠠᠵᠤ ᠠᠬᠤᠢ᠂ ᠮᠠᠯᠵᠢᠬᠤ ᠣᠷᠤᠨ᠂ ᠮᠠᠯᠴᠢᠳ︾ ᠤᠨ ᠡᠯ᠎ᠡ ᠲᠥᠷᠦᠯ ᠤᠨ ᠠᠵᠢᠯ ᠢ | ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠰ ᠤᠨ ᠴᠢᠨᠠᠷ ᠴᠢᠨᠰᠠᠭ᠎ᠠ ᠶᠢ | ᠳᠡᠭᠡᠭᠰᠢᠯᠡᠭᠦᠯᠵᠦ᠂ ᠦᠷ᠎ᠡ ᠠᠰᠢᠭ ᠢ ᠨᠡᠮᠡᠭᠳᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ | 4 ᠳ᠋ᠦ᠋ᠭᠡᠷ ᠰᠠᠷ᠎ᠠ ᠶᠢᠨ 12 ᠤᠨ ᠡᠳᠦᠷ ᠬᠤᠷᠠᠯᠳᠤᠭᠰᠠᠨ ᠠᠶᠢᠮᠠᠭ ᠤᠨ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ | ᠣᠷᠣᠨ ᠤ ᠠᠵᠢᠯ ᠤᠨ ᠬᠤᠷᠠᠯᠳᠤᠭᠠᠨ ᠳᠡᠭᠡᠷ᠎ᠡ᠂ ᠠᠶᠢᠮᠠᠭ ᠤᠨ ᠳᠠᠷᠤᠭ᠎ᠠ ᠯᠥᠸᠧ ᠴᠢᠩ ᠠᠴᠠ ᠰᠢ ᠶᠢᠨ ᠫᠢᠩ ᠶᠡᠷᠦᠩᠬᠡᠢ | ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠬᠤ᠂ ᠥᠪᠡᠷᠲᠡᠭᠡᠨ ᠵᠠᠰᠠᠬᠤ ᠣᠷᠣᠨ ᠪᠠ | ᠠᠶᠢᠮᠠᠭ ᠤᠨ ᠨᠠᠮ ᠤᠨ ᠬᠤᠷᠢᠶᠠᠨ ᠤ ᠰᠢᠨ᠎ᠡ ᠴᠠᠭ ᠦᠶ᠎ᠡ ᠶᠢᠨ ︽ᠮᠠᠯ ᠠᠵᠤ ᠠᠬᠤᠢ᠂ ᠮᠠᠯᠵᠢᠬᠤ ᠣᠷᠤᠨ᠂ ᠮᠠᠯᠴᠢᠳ︾ | ᠤᠨ ᠠᠵᠢᠯ ᠢ ᠰᠠᠶᠢᠲᠤᠷ ᠬᠢᠬᠦ ᠶᠢ ᠨᠠᠶᠢᠳᠠᠪᠤᠷᠢᠵᠢᠭᠤᠯᠬᠤ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠪᠠ᠃ 1 ᠳ᠋ᠦ᠋ᠭᠡᠷ | ᠰᠠᠷ᠎ᠠ ᠶᠢᠨ 2 ᠤ ᠡᠳᠦᠷ ᠬᠤᠷᠠᠯᠳᠤᠭᠰᠠᠨ ᠬᠦᠪᠡᠭᠡᠲᠦ ᠰᠢᠷ᠎ᠠ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯᠳᠤᠭᠠᠨ ᠤ ᠬᠤᠶᠠᠳᠤᠭᠠᠷ ᠪᠦᠬᠦᠳᠡ ᠬᠤᠷᠠᠯ ᠲᠡᠭᠡᠷ᠎ᠡ᠂ ᠮᠠᠯ ᠠᠵᠤ | ᠠᠬᠤᠢ ᠶᠢᠨ ᠠᠵᠢᠯ ᠳᠤ ᠴᠢᠭᠯᠡᠬᠦᠯᠦᠨ᠂ ︽ᠡᠯ᠎ᠡ ᠲᠥᠷᠦᠯ ᠤᠨ ᠲᠥᠷᠦᠯ ᠵᠦᠢᠯ᠂ ᠪᠡᠯᠡ ᠮᠦᠩᠬᠦ ᠶᠢ ᠡᠮᠬᠢᠳᠭᠡᠨ | ᠨᠡᠶᠢᠯᠡᠬᠦᠯᠵᠦ᠂ ᠮᠠᠯ ᠠᠵᠤ ᠠᠬᠤᠢ ᠶᠢᠨ ᠴᠢᠨᠠᠷ ᠰᠠᠶᠢᠲᠠᠢ᠂ ᠥᠨᠳᠥᠷ ᠦᠷ᠎ᠡ ᠠᠰᠢᠭ ᠲᠠᠢ ᠬᠥᠭᠵᠢᠯᠲᠡ ᠶᠢ ᠠᠬᠢᠭᠤᠯᠬᠤ | ᠢᠨᠵᠧᠨᠧᠷᠢᠩ ᠢ ᠬᠡᠷᠡᠭᠵᠢᠭᠦᠯᠦᠨ᠎ᠡ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠴᠡᠪᠡᠷ ᠡᠭᠦᠯᠳᠡᠷ ᠢ ᠥᠷᠭᠡᠳᠬᠡᠨ ᠦᠷᠡᠵᠢᠭᠦᠯᠬᠦ ᠪᠠ ᠰᠢᠯᠢᠳᠡᠭ ᠡᠭᠦᠯᠳᠡᠷ ᠢ ᠪᠣᠶᠢᠵᠢᠭᠤᠯᠬᠤ ᠶᠢ | ᠬᠦᠴᠦᠯᠡᠨ ᠰᠠᠶᠢᠲᠤᠷ ᠠᠳᠬᠤᠨ᠎ᠠ᠃ ︽ᠰᠢᠯᠢ ᠶᠢᠨ ᠭᠤᠣᠯ ᠤᠨ ᠬᠤᠨᠢᠨ ᠮᠢᠬ᠎ᠠ︾ ᠪᠠ ︽ᠰᠢᠯᠢ ᠶᠢᠨ ᠭᠤᠣᠯ ᠤᠨ ᠴᠠᠭᠠᠨ | ᠢᠳᠡᠭᠡ︾ ᠶᠢᠨ ᠣᠷᠤᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠦᠯ ᠲᠡᠮᠳᠡᠭ ᠤᠨ ᠨᠦᠯᠦᠭᠡᠯᠡᠯ ᠢ ᠬᠦᠢᠴᠡᠳ | ᠪᠠᠳᠠᠷᠠᠭᠤᠯᠵᠤ᠂ ᠰᠢᠯᠢᠳᠡᠭ ᠡᠭᠦᠯᠳᠡᠷ ᠤᠨ ᠮᠢᠬᠠᠨ ᠤ ᠦᠬᠡᠷ᠂ ᠰᠠᠭᠠᠯᠢ ᠶᠢᠨ ᠦᠨᠢᠶ᠎ᠡ ᠪᠠ ᠴᠠᠬᠠᠷ ᠬᠤᠨᠢ ᠲᠡᠵᠢᠭᠡᠨ | ᠦᠷᠡᠵᠢᠭᠦᠯᠬᠦ ᠣᠷᠣᠨ ᠪᠦᠰᠡ ᠶᠢᠨ ᠪᠠᠶᠢᠷᠢᠯᠠᠯ ᠢ ᠰᠢᠯᠢᠳᠡᠭᠵᠢᠭᠦᠯᠵᠦ᠂ ᠡᠪᠡᠰᠦ ᠪᠣᠷᠳᠤᠭᠠᠨ ᠤ ᠪᠠᠲᠤᠯᠠᠭ᠎ᠠ ᠶᠢᠨ ᠴᠢᠳᠠᠪᠤᠷᠢ ᠶᠢ | ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠮᠠᠯ ᠠᠵᠤ ᠠᠬᠤᠢ ᠶᠢᠨ ᠲᠤᠭ᠎ᠠ ᠲᠤᠯᠤᠭᠠᠢ ᠶᠢ ᠴᠢᠬᠤᠯᠠᠴᠢᠯᠠᠵᠤ | ᠪᠠᠶᠢᠭᠰᠠᠨ ᠠᠴᠠ ᠪᠠᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠳᠠᠰᠢ ᠬᠤᠪᠢᠷᠠᠭᠤᠯᠬᠤ ᠶᠢ ᠠᠬᠢᠭᠤᠯᠤᠨ᠎ᠠ᠃ ᠰᠠᠭᠠᠯᠢ ᠶᠢᠨ | ᠦᠨᠢᠶᠡᠨ ᠤ ᠳᠤᠮᠳᠠ ᠪᠠᠭ᠎ᠠ ᠬᠡᠪᠴᠢᠶᠡᠵᠢᠭᠰᠡᠨ ᠲᠡᠵᠢᠭᠡᠨ ᠦᠷᠡᠵᠢᠬᠦᠯᠬᠦ ᠲᠡᠰ ᠲᠡᠪᠰᠢᠭᠰᠡᠨ ᠢᠨᠵᠧᠨᠧᠷᠢᠩ ᠢ ᠪᠡᠶᠡᠯᠡᠭᠦᠯᠵᠦ᠂ | ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠡᠷᠦᠬᠡ ᠶᠢ ᠳᠠᠶᠢᠴᠢᠯᠠᠨ ᠦᠢᠯᠡᠳᠪᠦᠷᠢᠯᠡᠬᠦ᠂ ᠡᠳ᠋ᠰᠢᠭᠦᠯᠬᠦ᠂ ᠪᠣᠷᠣᠯᠠᠭᠤᠯᠬᠤ ᠶᠢ | ᠨᠢᠭᠡ ᠴᠣᠭᠴᠠᠵᠢᠭᠤᠯᠤᠭᠰᠠᠨ ᠪᠠᠷᠢᠮᠵᠢᠶᠠᠵᠢᠭᠰᠠᠨ ᠴᠢᠭᠯᠡᠯ ᠲᠠᠰᠢ ᠬᠦᠭᠵᠢᠬᠦ ᠶᠢ ᠠᠬᠢᠭᠤᠯᠤᠨ᠎ᠠ︔ ᠰᠦ ᠰᠠᠭᠠᠯᠢ ᠶᠢᠨ | ᠦᠢᠯᠡᠰ ᠢ ᠬᠥᠭᠵᠢᠭᠦᠯᠦᠨ ᠮᠠᠨᠳᠤᠭᠤᠯᠬᠤ ᠲᠥᠷᠥᠯ ᠵᠦᠢᠯ ᠢ ᠬᠡᠷᠡᠭᠵᠢᠭᠦᠯᠵᠦ᠂ ᠪᠠᠷᠢᠮᠵᠢᠶᠠᠵᠢᠭᠰᠠᠨ ᠪᠦᠲᠦᠭᠡᠨ | ᠪᠠᠶᠢᠭᠤᠯᠤᠯᠲᠠ ᠶᠢ ᠲᠣᠪᠣᠶᠢᠮ᠎ᠠ ᠠᠳᠬᠤᠵᠤ᠂ ᠵᠠᠬ᠎ᠠ ᠳᠡᠯᠭᠡᠭᠦᠷ ᠢ ᠬᠦᠴᠦᠯᠡᠨ ᠦᠷᠭᠡᠳᠬᠡᠵᠦ᠂ ᠠᠶᠤᠯ ᠲᠦᠭᠰᠢᠭᠦᠷᠢ ᠶᠢ | ᠡᠰᠡᠷᠭᠦᠴᠡᠬᠦ ᠴᠢᠳᠠᠪᠤᠷᠢ ᠪᠠᠨ ᠦᠷᠭᠦᠯᠵᠢᠯᠡᠨ ᠳᠡᠭᠡᠭᠰᠢᠯᠡᠬᠦᠯᠦᠨ᠎ᠡ᠃ ᠴᠠᠬᠠᠷ ᠬᠤᠨᠢᠨ ᠤ ᠪᠥᠬᠦ ᠠᠵᠤ ᠦᠢᠯᠡᠰ ᠤᠨ | ᠬᠡᠯᠬᠢᠶᠡᠵᠢᠯ ᠢ ᠳᠡᠭᠡᠭᠰᠢᠯᠡᠭᠦᠯᠬᠦ ᠶᠢ ᠪᠥᠬᠦ ᠬᠤᠰᠢᠭᠤ ᠪᠠᠷ ᠢᠶᠠᠨ ᠠᠬᠢᠭᠤᠯᠬᠤ ᠲᠥᠷᠥᠯ ᠵᠦᠢᠯ ᠢ ᠲᠦᠯᠬᠢᠨ ᠠᠬᠢᠭᠤᠯᠵᠤ᠂ | ᠦᠷ᠎ᠡ ᠶᠢᠨ ᠮᠠᠯ ᠤᠨ ᠲᠠᠯᠠᠪᠠᠶ᠂ ᠭᠤᠤᠯᠳᠠᠯᠭᠠᠲᠤ ᠰᠦᠷᠦᠭ᠂ ᠭᠡᠷ ᠪᠦᠯᠢ ᠶᠢᠨ ᠮᠠᠯᠵᠢᠯ ᠤᠨ ᠲᠠᠯᠠᠪᠠᠶ᠂ ᠲᠤᠰᠬᠠᠢ | ᠬᠤᠷᠰᠢᠶᠠᠵᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠬᠢᠵᠦ᠂ ᠴᠠᠬᠠᠷ ᠬᠤᠨᠢ ᠲᠡᠵᠢᠭᠡᠨ ᠦᠷᠡᠵᠢᠭᠦᠯᠬᠦ ᠬᠡᠪᠴᠢᠶ᠎ᠡ ᠶᠢ | ᠥᠷᠭᠡᠳᠬᠡᠨ᠂ ᠨᠠᠷᠢᠯᠢᠭ ᠲᠡᠵᠢᠭᠡᠨ ᠦᠷᠡᠵᠢᠭᠦᠯᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠰᠢᠨᠵᠢᠯᠡᠭᠡ ᠮᠡᠷᠭᠡᠵᠢᠯ ᠢᠶᠠᠷ ᠮᠠᠯ | ᠠᠵᠤ ᠠᠬᠤᠢ ᠶᠢ ᠬᠦᠭᠵᠢᠬᠦᠯᠬᠦ ᠶᠢ ᠠᠬᠢᠭᠤᠯᠵᠤ᠂ ᠴᠠᠬᠠᠷ ᠬᠤᠨᠢᠨ ᠤ ᠢᠬᠢᠷᠡᠯᠡᠬᠦ ᠨᠣᠷᠮ᠎ᠠ ᠶᠢ ᠳᠡᠭᠡᠭᠰᠢᠯᠡᠬᠦᠯᠦᠨ᠎ᠡ᠃ ᠴᠠᠬᠠᠷ | ᠬᠤᠨᠢᠨ ᠤ ᠤᠯᠤᠰ ᠤᠨ ᠳᠡᠰ ᠤᠨ ᠭᠤᠣᠯ ᠪᠣᠯᠬᠤ ᠡᠭᠦᠯᠳᠡᠷ ᠪᠣᠶᠢᠵᠢᠭᠤᠯᠬᠤ ᠲᠠᠯᠠᠪᠠᠢ ᠶᠢ ᠦᠷᠬᠦᠯᠵᠢᠯᠡᠨ ᠲᠡᠭᠡᠭᠰᠢ | ᠡᠷᠡᠮᠡᠯᠵᠡᠯᠡᠨ᠎ᠡ᠃ ᠴᠢᠨᠠᠷ ᠰᠠᠶᠢᠲᠠᠢ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠭᠤᠤᠯᠳᠠᠯᠭᠠᠲᠤ ᠰᠦᠷᠦᠭ ᠤᠨ ᠪᠦᠲᠦᠭᠡᠨ | ᠪᠠᠶᠢᠭᠤᠯᠤᠯᠲᠠ ᠶᠢ ᠰᠠᠶᠢᠲᠤᠷ ᠠᠳᠬᠤᠵᠤ᠂ ᠬᠤᠸᠠ ᠰᠢ ᠦᠬᠡᠷ ᠤᠨ ᠡᠬᠦᠯᠳᠡᠷ ᠤᠨ ᠪᠤᠶᠢᠵᠢᠭᠤᠯᠤᠯᠲᠠ ᠶᠢ ᠥᠷᠭᠡᠳᠬᠡᠬᠦ ᠶᠢ | ᠲᠦᠭᠡᠮᠡᠯᠵᠢᠬᠦᠯᠬᠦ ᠶᠢ ᠠᠬᠢᠭᠤᠯᠵᠤ᠂ ᠰᠢᠯᠢᠳᠡᠭ ᠡᠬᠦᠯᠳᠡᠷ ᠤᠨ ᠮᠢᠬᠠᠨ ᠤ ᠦᠬᠡᠷ ᠤᠨ ᠲᠤᠭ᠎ᠠ ᠶᠢ 3 ᠲᠦᠮᠡ ᠳᠤ ᠬᠦᠷᠭᠡᠬᠦ ᠶᠢ | ᠦᠨᠡᠨᠬᠦ ᠪᠠᠲᠤᠯᠠᠵᠤ᠂ ᠰᠢᠯᠢᠳᠡᠭ ᠡᠬᠦᠯᠳᠡᠷ ᠤᠨ ᠮᠢᠬᠠᠨ ᠤ ᠦᠬᠡᠷ ᠤᠨ ᠢᠴᠡᠭᠡᠯ ᠦᠷ᠎ᠡ ᠶᠢᠨ ᠬᠡᠬᠡᠯᠳᠦᠬᠦᠯᠭᠡ ᠶᠢᠨ ᠮᠡᠷᠭᠡᠵᠢᠯ | ᠵᠢᠴᠢ ᠬᠡᠭᠡᠯ ᠲᠤᠭᠲᠠᠭᠠᠬᠤ ᠶᠢ ᠲᠦᠭᠡᠮᠡᠯᠵᠢᠬᠦᠯᠬᠦ ᠵᠢᠱᠢᠶ᠎ᠡ ᠦᠵᠡᠭᠦᠯᠬᠦ ᠲᠥᠷᠥᠯ ᠵᠦᠢᠯ ᠢ ᠪᠡᠶᠡᠯᠡᠭᠦᠯᠦᠨ᠎ᠡ᠃ ᠤᠯᠤᠰ ᠤᠨ | ᠲᠠᠷᠢᠶᠠᠯᠠᠩ ᠤᠨ ᠦᠢᠯᠡᠰ ᠤᠨ ᠬᠦᠴᠦᠷᠬᠡᠭ ᠪᠠᠯᠭᠠᠰᠤ ᠶᠢ ᠡᠭᠦᠳᠦᠨ ᠪᠠᠶᠢᠭᠤᠯᠬᠤ ᠲᠥᠷᠥᠯ ᠵᠦᠢᠯ ᠢ ᠢᠳᠡᠪᠬᠢᠳᠡᠢ | ᠡᠷᠡᠮᠡᠯᠵᠡᠯᠡᠨ ᠣᠯᠵᠤ᠂ ᠮᠠᠯ ᠤᠨ ᠠᠰᠢᠭ ᠰᠢᠮ᠎ᠡ ᠶᠢᠨ ᠪᠦᠳᠦᠭᠡᠭᠳᠡᠬᠦᠨ ᠢ ᠨᠠᠷᠢᠯᠢᠭ ᠡᠳ᠋ᠰᠢᠭᠦᠯᠬᠦ ᠠᠵᠤ ᠠᠬᠤᠶᠢᠯᠠᠯ ᠢ | ᠣᠷᠣᠭᠤᠯᠤᠨ ᠠᠪᠴᠢᠷᠠᠵᠤ᠂ ᠮᠠᠯ ᠤᠨ ᠠᠰᠢᠭ ᠰᠢᠮ᠎ᠡ ᠶᠢᠨ ᠪᠥᠬᠦ ᠠᠵᠤ ᠦᠢᠯᠡᠰ ᠤᠨ ᠬᠡᠯᠬᠢᠶᠡᠵᠢᠯ ᠤᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ᠂ ᠴᠢᠨᠠᠷ ᠰᠠᠶᠢᠲᠠᠢ ᠪᠥᠭᠡᠳ ᠥᠨᠳᠥᠷ ᠦᠷ᠎ᠡ ᠠᠰᠢᠭ ᠡᠬᠦᠳᠬᠦ ᠶᠢ ᠪᠡᠶᠡᠯᠡᠭᠦᠯᠦᠨ᠎ᠡ︾ ᠭᠡᠬᠦ | ᠬᠠᠷᠠᠯᠲᠠ ᠡᠭᠦᠷᠭᠡ ᠶᠢ ᠳᠤᠷᠠᠳᠪᠠ᠃ ᠪᠢᠳᠡ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠮᠠᠯᠴᠢᠨ ᠲᠦᠮᠡᠨ ᠤ ᠰᠠᠶᠢᠨ | ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠲᠡᠷᠢᠬᠦᠨ ᠤ ᠬᠥᠭᠡᠭᠡᠴᠡᠯᠳᠦᠯ ᠪᠠ ᠲᠡᠮᠡᠴᠡᠯ ᠤᠨ ᠬᠠᠷᠠᠯᠲᠠ ᠪᠠᠨ ᠪᠣᠯᠭᠠᠵᠤ᠂ | ᠬᠥᠭᠵᠢᠯᠲᠡ ᠶᠢᠨ ᠡᠬᠢᠯᠡᠯ ᠪᠠ ᠲᠡᠭᠦᠰᠭᠡᠯ ᠢᠶᠠᠨ ᠠᠷᠠᠳ ᠲᠦᠮᠡᠨ ᠤ ᠵᠣᠯ ᠵᠢᠷᠭᠠᠯ ᠢ ᠨᠡᠮᠡᠭᠳᠡᠭᠦᠯᠬᠦ᠂ ᠬᠠᠮᠲᠤ ᠪᠠᠷ | ᠴᠢᠨᠡᠭᠡᠯᠢᠭᠵᠢᠬᠦ ᠶᠢ ᠠᠬᠢᠭᠤᠯᠬᠤ ᠳᠡᠭᠡᠷ᠎ᠡ ᠲᠠᠯᠪᠢᠵᠤ᠂ ᠮᠠᠯᠵᠢᠬᠤ ᠣᠷᠣᠨ ᠤ ᠮᠠᠯ ᠠᠵᠤ ᠠᠬᠤᠢ ᠶᠢᠨ ᠬᠥᠭᠵᠢᠯᠲᠡ ᠳᠤ | ᠬᠠᠮᠤᠭ ᠠᠴᠠ ᠲᠤᠯᠭᠠᠮ᠎ᠠ ᠱᠠᠭᠠᠷᠳᠠᠭᠳᠠᠵᠤ ᠪᠠᠶᠢᠭ᠎ᠠ᠂ ᠮᠠᠯᠵᠢᠬᠤ ᠣᠷᠤᠨ ᠤ ᠠᠮᠢ ᠠᠬᠤᠢ ᠶᠢᠨ ᠬᠠᠮᠠᠭᠠᠯᠠᠯᠲᠠ ᠶᠢᠨ | ᠲᠤᠲᠠᠭᠤᠳᠠᠯ ᠪᠠ ᠮᠠᠯᠴᠢᠳ ᠤᠨ ᠬᠠᠮᠤᠭ ᠠᠴᠠ ᠴᠢᠩᠭ᠎ᠠ ᠲᠤᠰᠬᠠᠵᠤ ᠪᠠᠶᠢᠭ᠎ᠠ ᠪᠣᠳᠠᠲᠠᠢ ᠠᠰᠠᠭᠤᠳᠠᠯ ᠢ ᠰᠢᠢᠳᠪᠦᠷᠢᠯᠡᠵᠦ᠂ | ᠮᠠᠯ ᠠᠵᠤ ᠠᠬᠤᠢ ᠶᠢᠨ ᠦᠢᠯᠡᠰ ᠴᠢᠨᠠᠷ ᠰᠠᠶᠢᠲᠠᠢ᠂ ᠦᠷ᠎ᠡ ᠠᠰᠢᠭ ᠥᠨᠳᠦᠷ᠂ ᠣᠷᠣᠰᠢᠨ ᠰᠠᠭᠤᠬᠤ ᠣᠷᠴᠢᠨ ᠲᠤᠭᠤᠷᠢᠨ | ᠲᠠᠭᠠᠯᠠᠮᠵᠢᠲᠠᠢ᠂ ᠮᠠᠯᠴᠢᠳ ᠪᠠᠶᠠᠨ ᠴᠢᠨᠡᠭᠡᠯᠢᠭ ᠪᠠᠶᠢᠬᠤ ᠶᠢ ᠲᠦᠷᠭᠡᠳᠬᠡᠨ ᠠᠬᠢᠭᠤᠯᠬᠤ ᠬᠡᠷᠡᠭᠳᠡᠢ᠃ | ᠬᠤᠶᠠᠷ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠮᠠᠯ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠤᠶ᠎ᠠ | ᠨᠢᠭᠡ ᠳᠤ᠂ ᠮᠠᠯ ᠰᠦᠷᠦᠭ ᠤᠨ ᠲᠡᠵᠢᠭᠡᠨ ᠦᠷᠡᠵᠢᠬᠦᠯᠬᠦ ᠪᠦᠳᠦᠴᠡ ᠶᠢ ᠰᠢᠯᠢᠳᠡᠭᠵᠢᠬᠦᠯᠦᠨ᠎ᠡ᠃ ︽ᠴᠠᠬᠠᠷ ᠬᠤᠨᠢᠨ | ︾ ᠤ ᠭᠠᠵᠠᠷ ᠣᠷᠤᠨ ᠤ ᠳᠠᠪᠠᠭᠤᠯᠢᠭ ᠢ ᠪᠠᠬᠢᠵᠢᠬᠦᠯᠵᠦ᠂ ᠤᠳᠤᠬᠢᠴᠢᠯᠠᠭᠰᠠᠨ ᠰᠢᠯᠢᠳᠡᠭ ᠡᠬᠦᠯᠳᠡᠷ ᠪᠤᠶᠢᠵᠢᠭᠤᠯᠬᠤ | ᠦᠢᠯᠡᠰ ᠤᠨ ᠲᠡᠰ ᠲᠡᠪᠰᠢᠬᠦᠯᠬᠦ ᠢᠨᠵᠧᠨᠧᠷᠢᠩ ᠤᠨ ᠲᠥᠷᠦᠯ ᠵᠦᠢᠯ ᠢ ᠬᠡᠷᠡᠭᠵᠢᠬᠦᠯᠵᠦ᠂ ᠴᠠᠬᠠᠷ ᠬᠤᠨᠢᠨ ᠤ ᠤᠯᠤᠰ ᠤᠨ | ᠳᠡᠰ ᠤᠨ ᠭᠤᠣᠯ ᠪᠣᠯᠬᠤ ᠡᠭᠦᠯᠳᠡᠷ ᠪᠣᠶᠢᠵᠢᠭᠤᠯᠬᠤ ᠲᠠᠯᠠᠪᠠᠢ ᠶᠢ ᠦᠷᠬᠦᠯᠵᠢᠯᠡᠨ ᠲᠡᠭᠡᠭᠰᠢ ᠡᠷᠡᠮᠡᠯᠵᠡᠯᠡᠵᠦ᠂ ᠵᠢᠯ ᠤᠨ | ᠳᠤᠳᠤᠷ᠎ᠠ 5 ᠴᠠᠬᠠᠷ ᠬᠤᠨᠢᠨ ᠤ ᠭᠤᠤᠯᠳᠠᠯᠭᠠᠲᠤ ᠰᠦᠷᠦᠭ ᠢ ᠰᠢᠨ᠎ᠡ ᠪᠠᠷ ᠨᠤᠲᠠᠯᠠᠨ ᠲᠤᠭᠲᠠᠭᠠᠵᠤ᠂ 7 ᠦᠷᠭᠡᠳᠬᠡᠨ | ᠲᠡᠵᠢᠭᠡᠨ ᠦᠷᠡᠵᠢᠬᠦᠯᠬᠦ ᠲᠠᠯᠠᠪᠠᠢ ᠶᠢ ᠪᠠᠶᠢᠭᠤᠯᠤᠨ᠎ᠠ᠃ ︽ᠬᠦᠪᠡᠭᠡᠲᠦ ᠰᠢᠷ᠎ᠠ ᠬᠤᠰᠢᠭᠤᠨ ᠤ ᠴᠠᠬᠠᠷ ᠬᠤᠨᠢᠨ ᠤ ᠶᠡᠭᠡ | ᠳ᠋ᠠᠶᠢᠲ᠋ᠠ ᠶᠢᠨ ᠬᠦᠮᠦᠷᠭᠡ︾ ᠶᠢᠨ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠬᠤ ᠪᠠᠷ ᠳᠠᠮᠵᠢᠨ᠂ ᠴᠠᠬᠠᠷ ᠬᠤᠨᠢᠨ ᠤ ᠠᠵᠤ | ᠦᠢᠯᠡᠰ ᠤᠨ ᠤᠳᠤᠬᠢᠴᠢᠯᠠᠭᠰᠠᠨ ᠠᠵᠢᠯ ᠤᠨ ᠵᠠᠭᠪᠤᠷ ᠢ ᠠᠬᠢᠭᠤᠯᠵᠤ᠂ ᠴᠠᠬᠠᠷ ᠬᠤᠨᠢᠨ ᠤ ᠨᠢᠭᠡ ᠴᠤᠭᠴᠠᠵᠢᠭᠰᠠᠨ᠂ | ᠨᠠᠷᠢᠯᠢᠭᠵᠢᠭᠰᠠᠨ ᠪᠠ ᠤᠶᠤᠨᠴᠢᠯᠠᠭᠰᠠᠨ ᠬᠠᠮᠢᠶᠠᠷᠤᠯᠲᠠ ᠶᠢᠨ ᠬᠢᠷᠢ ᠲᠥᠪᠰᠢᠨ ᠢ ᠲᠡᠭᠡᠭᠰᠢᠯᠡᠬᠦᠯᠦᠨ᠎ᠡ᠃ ᠬᠤᠸᠠ ᠰᠢ | ᠦᠬᠡᠷ ᠤᠨ ᠡᠬᠦᠯᠳᠡᠷ ᠤᠨ ᠪᠤᠶᠢᠵᠢᠭᠤᠯᠤᠯᠲᠠ ᠶᠢ ᠥᠷᠭᠡᠳᠬᠡᠬᠦ ᠠᠵᠢᠯ ᠢ ᠠᠬᠢᠭᠤᠯᠤᠨ᠂ ᠵᠢᠯ ᠤᠨ ᠳᠤᠳᠤᠷ᠎ᠠ ᠡᠬᠦᠯᠳᠡᠷ | ᠪᠤᠶᠢᠵᠢᠭᠤᠯᠬᠤ ᠰᠦᠷᠦᠭ 2 ᠢ ᠰᠢᠨ᠎ᠡ ᠪᠠᠷ ᠪᠠᠶᠢᠭᠤᠯᠤᠨ᠎ᠠ᠃ ᠰᠢᠯᠢᠳᠡᠭ ᠡᠬᠦᠯᠳᠡᠷ ᠤᠨ ᠮᠢᠬᠠᠨ ᠤ ᠦᠬᠡᠷ ᠤᠨ ᠢᠴᠡᠭᠡᠯ | ᠦᠷ᠎ᠡ ᠶᠢᠨ ᠬᠡᠬᠡᠯᠳᠦᠬᠦᠯᠭᠡ ᠶᠢᠨ ᠮᠡᠷᠭᠡᠵᠢᠯ ᠵᠢᠴᠢ ᠬᠡᠭᠡᠯ ᠲᠤᠭᠲᠠᠭᠠᠬᠤ ᠶᠢ ᠲᠦᠭᠡᠮᠡᠯᠵᠢᠬᠦᠯᠬᠦ ᠵᠢᠱᠢᠶ᠎ᠡ ᠦᠵᠡᠭᠦᠯᠬᠦ ᠲᠥᠷᠥᠯ | ᠵᠦᠢᠯ ᠢ ᠪᠡᠶᠡᠯᠡᠭᠦᠯᠦᠨ᠎ᠡ᠃ ᠰᠦ ᠮᠢᠬᠠᠨ ᠤ ᠬᠤᠣᠰ ᠬᠡᠷᠡᠭᠴᠡᠭᠡᠲᠦ ᠰᠢᠮᠧᠨ᠋ᠲᠷ ᠦᠬᠡᠷ ᠤᠨ ᠭᠤᠣᠯᠳᠠᠯᠭᠠᠲᠤ ᠵᠢᠱᠢᠶ᠎ᠡ | ᠦᠵᠡᠬᠦᠯᠬᠦ ᠰᠠᠭᠤᠷᠢᠨ ᠭᠠᠵᠠᠷ ᠤᠨ ᠲᠥᠷᠦᠯ ᠵᠦᠢᠯ ᠢ ᠢᠳᠡᠪᠬᠢᠳᠡᠢ ᠲᠦᠯᠬᠢᠨ ᠠᠬᠢᠭᠤᠯᠵᠤ᠂ ᠰᠢᠯᠢᠳᠡᠭ ᠡᠬᠦᠯᠳᠡᠷ ᠤᠨ | ᠦᠷ᠎ᠡ ᠶᠢᠨ ᠮᠠᠯ ᠪᠠ ᠮᠢᠬᠠᠨ ᠤ ᠦᠬᠡᠷ ᠤᠨ ᠬᠦᠪᠦᠷᠡᠯ ᠰᠢᠯᠵᠢᠬᠦᠯᠬᠦ ᠮᠡᠷᠭᠡᠵᠢᠯ ᠢ ᠶᠡᠬᠡᠪᠡᠷ ᠪᠤᠶᠢᠵᠢᠭᠤᠯᠬᠤ ᠪᠠ | ᠲᠦᠭᠡᠮᠡᠯᠵᠢᠬᠦᠯᠵᠦ᠂ ᠰᠢᠮᠧᠨ᠋ᠲᠷ ᠦᠬᠡᠷ ᠤᠨ ᠭᠤᠤᠯᠳᠠᠯᠭᠠᠲᠤ ᠰᠦᠷᠦᠭ ᠪᠠ ᠡᠬᠦᠯᠳᠡᠷ ᠰᠠᠶᠢᠵᠢᠷᠠᠭᠤᠯᠬᠤ ᠬᠤᠪᠢ ᠶᠢᠨ ᠵᠢᠩ ᠢ | ᠨᠡᠮᠡᠭᠳᠡᠬᠦᠯᠦᠨ᠎ᠡ᠃ ᠤᠯᠤᠰ ᠪᠠ ᠦᠪᠡᠷᠲᠡᠭᠡᠨ ᠵᠠᠰᠠᠬᠤ ᠣᠷᠤᠨ ᠤ ᠰᠦ ᠰᠠᠭᠠᠯᠢ ᠶᠢᠨ ᠦᠢᠯᠡᠰ ᠢ ᠬᠦᠭᠵᠢᠬᠦᠯᠬᠦ ᠪᠠᠶᠢᠯᠳᠤᠬᠤ | ᠪᠤᠳᠣᠯᠭ᠎ᠠ ᠶᠢᠨ ᠠᠵᠠ ᠲᠤᠬᠢᠶᠠᠯ ᠲᠠᠢ ᠤᠶᠠᠯᠳᠤᠭᠤᠯᠤᠨ᠂ ᠲᠡᠭᠡᠳᠦ ᠱᠠᠳᠣᠨ ᠤ ᠲᠥᠷᠦᠯ ᠵᠦᠢᠯ ᠤᠨ ᠪᠡᠯᠡ ᠮᠦᠩᠬᠦ ᠶᠢ | ᠢᠳᠡᠪᠬᠢᠳᠡᠢ ᠡᠷᠡᠮᠡᠯᠵᠡᠯᠡᠨ ᠣᠯᠵᠤ᠂ ᠮᠠᠨ ᠤ ᠬᠤᠰᠢᠭᠤᠨ ᠤ ᠰᠦ ᠰᠠᠭᠠᠯᠢ ᠶᠢᠨ ᠦᠢᠯᠡᠰ ᠢ ᠬᠦᠭᠵᠢᠬᠦᠯᠬᠦ | ᠲᠦᠯᠦᠪᠵᠢᠬᠦᠯᠭᠡ ᠶᠢ ᠦᠷᠬᠦᠯᠵᠢᠯᠡᠨ ᠠᠬᠢᠭᠤᠯᠵᠤ᠂ 50 ︱ 100 ᠲᠤᠯᠤᠭᠠᠢ ᠰᠠᠭᠠᠯᠢ ᠶᠢᠨ ᠦᠨᠢᠶ᠎ᠡ ᠲᠡᠵᠢᠭᠡᠨ | ᠦᠷᠡᠵᠢᠭᠦᠯᠬᠦ ᠲᠠᠯᠠᠪᠠᠶ 4 ᠰᠢᠨ᠎ᠡ ᠪᠠᠷ ᠪᠠᠶᠢᠭᠤᠯᠵᠤ᠂ 10 ᠡᠷᠦᠬᠡ ᠳᠤ ᠰᠠᠭᠠᠯᠢ ᠶᠢᠨ ᠦᠨᠢᠶᠡᠨ ᠤ ᠳᠤᠮᠳᠠ ᠪᠠᠭ᠎ᠠ | ᠬᠡᠪᠴᠢᠶᠡᠵᠢᠭᠰᠡᠨ ᠲᠡᠵᠢᠭᠡᠨ ᠦᠷᠡᠵᠢᠬᠦᠯᠬᠦ ᠲᠡᠰ ᠲᠡᠪᠰᠢᠭᠰᠡᠨ ᠲᠥᠷᠦᠯ ᠵᠦᠢᠯ ᠢ ᠪᠡᠶᠡᠯᠡᠭᠦᠯᠵᠦ᠂ 2 ᠳᠤᠮᠳᠠ ᠵᠢᠵᠢᠭ | ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ ᠶᠢᠨ ᠰᠦᠨ ᠤ ᠥᠷᠲᠡᠭᠡ ᠶᠢ ᠰᠢᠨ᠎ᠡ ᠪᠠᠷ ᠪᠠᠶᠢᠭᠤᠯᠤᠨ᠎ᠠ᠃ ᠪᠥᠬᠦ | ᠬᠤᠰᠢᠭᠤᠨ ᠤ ᠰᠠᠭᠠᠯᠢ ᠶᠢᠨ ᠦᠨᠢᠶᠡᠨ ᠤ ᠲᠤᠭ᠎ᠠ ᠶᠢ ᠲᠦᠮᠡᠨ ᠲᠤᠯᠤᠭᠠᠢ ᠳᠤ ᠬᠦᠷᠭᠡᠵᠦ᠂ ᠰᠦᠨ ᠤ ᠭᠠᠷᠤᠯᠲᠠ ᠶᠢ ᠤᠯᠠᠮ | ᠨᠡᠮᠡᠭᠳᠡᠬᠦᠯᠵᠦ᠂ ᠰᠢᠨᠡᠪᠤᠯᠠᠭ ᠪᠠᠯᠭᠠᠰᠤᠨ ᠤ ᠣᠶᠢᠷᠠᠯᠴᠠᠭᠠᠬᠢ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠡᠷᠦᠬᠡ ᠶᠢ | ᠳᠠᠶᠢᠴᠢᠯᠠᠨ ᠲᠡᠵᠢᠭᠡᠨ ᠦᠷᠡᠵᠢᠬᠦᠯᠬᠦ᠂ ᠦᠢᠯᠡᠳᠪᠦᠷᠢᠯᠡᠬᠦ᠂ ᠡᠳ᠋ᠰᠢᠭᠦᠯᠬᠦ᠂ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ | ᠪᠠᠷᠢᠮᠵᠢᠶᠠᠵᠢᠭᠰᠠᠨ ᠴᠢᠭᠯᠡᠯ ᠲᠠᠰᠢ ᠬᠦᠭᠵᠢᠬᠦ ᠶᠢ ᠠᠬᠢᠭᠤᠯᠤᠨ᠎ᠠ᠃ | ᠬᠤᠶᠠᠷ ᠲᠤ᠂ ᠨᠡᠷᠡᠲᠦ ᠳᠡᠮᠳᠡᠭ ᠤᠨ ᠪᠠᠶᠢᠭᠤᠯᠤᠯᠲᠠ ᠶᠢᠨ ᠬᠦᠴᠦᠯᠡᠴᠡ ᠪᠠᠨ ᠴᠢᠩᠭᠠᠳᠬᠠᠨ᠎ᠠ᠃ ᠡᠯ᠎ᠡ ᠰᠣᠮᠣ | ᠪᠠᠯᠭᠠᠰᠤ᠂ ᠬᠠᠮᠢᠶ᠎ᠠ ᠪᠦᠬᠦᠢ ᠰᠠᠯᠠᠭ᠎ᠠ ᠮᠦᠴᠢᠷ ︽ᠰᠢᠯᠢ ᠶᠢᠨ ᠭᠤᠣᠯ ᠤᠨ ᠬᠤᠨᠢᠨ ᠮᠢᠬ᠎ᠠ︾ ᠪᠠ ︽ᠰᠢᠯᠢ ᠶᠢᠨ ᠭᠤᠣᠯ ᠤᠨ | ᠴᠠᠭᠠᠨ ᠢᠳᠡᠭᠡ︾ ᠶᠢᠨ ᠤᠷᠤᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠦᠯ ᠲᠡᠮᠳᠡᠭ ᠪᠠ ᠭᠠᠵᠠᠷ ᠵᠦᠢ ᠶᠢᠨ | ᠢᠯᠡᠳᠭᠡᠮᠵᠢᠲᠦ ᠲᠡᠸᠠᠷ ᠤᠨ ᠲᠡᠮᠳᠡᠭ ᠤᠨ ᠠᠯᠳᠠᠷᠰᠢᠯ ᠢ ᠤᠬᠠᠭᠤᠯᠤᠨ ᠰᠤᠷᠳᠠᠯᠴᠢᠯᠠᠬᠤ ᠶᠢ ᠢᠳᠡᠪᠬᠢᠳᠡᠢ ᠵᠢᠯᠤᠭᠤᠳᠤᠨ | ᠠᠬᠢᠭᠤᠯᠵᠤ᠂ ᠮᠠᠨ ᠤ ᠬᠤᠰᠢᠭᠤᠨ ᠤ ᠪᠤᠳᠠᠳᠤ ᠪᠠᠶᠢᠳᠠᠯ ᠲᠠᠢ ᠤᠶᠠᠯᠳᠤᠭᠤᠯᠤᠨ᠂ ︽ᠴᠠᠬᠠᠷ ᠬᠤᠨᠢ᠂ ᠴᠠᠬᠠᠷ ᠴᠠᠭᠠᠨ | ᠢᠳᠡᠭᠡ︾ ᠶᠢᠨ ᠠᠵᠤ ᠦᠢᠯᠡᠰ ᠢ ᠪᠦᠬᠦ ᠲᠠᠯ᠎ᠠ ᠪᠠᠷ ᠴᠤᠭᠴᠠᠯᠠᠨ ᠪᠠᠶᠢᠭᠤᠯᠤᠨ᠎ᠠ᠃ ᠤᠯᠠᠮᠵᠢᠯᠠᠯᠲᠤ ᠴᠠᠭᠠᠨ ᠢᠳᠡᠭᠡᠨ ᠤ | ᠦᠢᠯᠡᠳᠪᠦᠷᠢᠯᠡᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠲᠥᠪᠯᠡᠷᠡᠨ ᠬᠦᠭᠵᠢᠭᠰᠡᠨ ᠳᠠᠪᠠᠭᠤᠯᠢᠭ ᠢ | ᠪᠠᠳᠠᠷᠠᠭᠤᠯᠤᠨ᠂ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠨᠥᠯᠥᠭᠡᠯᠡᠬᠦ ᠬᠦᠴᠦᠨ ᠪᠠ ᠠᠵᠤ ᠦᠢᠯᠡᠰ ᠤᠨ | ᠬᠥᠭᠵᠢᠯᠲᠡ ᠶᠢᠨ ᠲᠦᠯᠬᠢᠴᠡ ᠬᠦᠴᠦᠨ ᠢᠶᠠᠨ ᠴᠢᠩᠭᠠᠷᠠᠭᠤᠯᠤᠨ᠎ᠠ᠃ ᠡᠯᠧᠺᠲᠷᠣᠨ ᠬᠤᠳᠠᠯᠳᠤᠭᠠᠨ ᠤ ᠶᠠᠪᠤᠳᠠᠯ ᠢ ᠮᠠᠯᠵᠢᠬᠤ | ᠣᠷᠣᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠬᠤᠰᠢᠭᠤ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠲᠠᠢ ᠤᠶᠠᠯᠳᠤᠭᠤᠯᠤᠨ᠂ ᠣᠷᠣᠨ ᠨᠤᠲᠤᠭ ᠤᠨ ᠣᠨᠴᠠᠯᠢᠭᠲᠤ ᠲᠠᠸᠠᠷ ᠤᠨ ᠨᠠᠷᠠᠲᠤ ᠲᠡᠮᠳᠡᠭᠲᠦ ᠶᠢ ᠡᠬᠦᠳᠦᠨ | ᠪᠤᠶᠢᠵᠢᠭᠤᠯᠤᠨ᠎ᠠ᠃ ᠨᠢᠭᠡ ᠪᠦᠯᠦᠭ ᠰᠦᠯᠵᠢᠶᠡᠨ ᠳᠡᠭᠡᠷᠡᠬᠢ ᠪᠠ ᠪᠤᠳᠠᠳᠤ ᠵᠠᠬ᠎ᠠ ᠳᠡᠯᠭᠡᠬᠦᠷ ᠲᠠᠬᠢ ᠨᠠᠷᠠᠲᠤ ᠲᠡᠮᠳᠡᠭᠲᠦ ᠶᠢ | ᠳᠡᠯᠭᠡᠷᠡᠭᠦᠯᠬᠦ ᠠᠵᠢᠯᠯᠠᠭ᠎ᠠ ᠶᠢ ᠲᠦᠰᠦᠪᠯᠡᠨ ᠬᠡᠷᠡᠭᠵᠢᠭᠦᠯᠵᠦ᠂ ︽ᠴᠠᠬᠠᠷ ᠬᠤᠨᠢ︾ ᠪᠠ ︽ᠴᠠᠭᠠᠨ ᠢᠳᠡᠭᠡᠨ ᠤ ᠨᠤᠲᠤᠭ︾ | ᠤᠨ ᠨᠡᠷ᠎ᠡ ᠠᠯᠳᠠᠷᠰᠢᠯ ᠢ ᠤᠯᠠᠮ ᠨᠡᠮᠡᠭᠳᠡᠬᠦᠯᠦᠨ᠎ᠡ᠃ ᠪᠦᠬᠦ ᠠᠶᠢᠮᠠᠭ ᠤᠨ ᠰᠤᠶᠤᠯ ᠵᠢᠭᠤᠯᠴᠢᠯᠠᠯ ᠤᠨ ᠠᠵᠢᠯᠯᠠᠭ᠎ᠠ ᠲᠠᠢ | ᠤᠶᠠᠯᠳᠤᠭᠤᠯᠤᠨ᠂ ᠵᠢᠭᠤᠯᠴᠢᠯᠠᠭᠰᠠᠳ ᠲᠤ ᠵᠢᠩᠬᠢᠨᠢ ᠦᠨᠦᠷ ᠠᠮᠲᠠᠲᠤ ︽ᠴᠠᠬᠠᠷ ᠬᠤᠨᠢᠨ ᠮᠢᠬ᠎ᠠ︾᠂ ︽ᠰᠢᠯᠢ ᠶᠢᠨ | ᠭᠤᠣᠯ ᠤᠨ ᠴᠠᠭᠠᠨ ᠢᠳᠡᠭᠡ ᠶᠢᠨ ᠰᠢᠷᠢᠰ ᠪᠦᠳᠦᠭᠡᠭᠳᠡᠬᠦᠨ︱ ᠬᠦᠪᠡᠭᠡᠲᠦ ᠰᠢᠷ᠎ᠠ ᠶᠢᠨ ᠴᠠᠭᠠᠨ ᠢᠳᠡᠭᠡ︾ ᠶᠢ | ᠲᠠᠨᠢᠭᠤᠯᠤᠨ᠎ᠠ᠃ | ᠭᠤᠷᠪᠠ ᠳᠤ᠂ ᠠᠵᠤ ᠦᠢᠯᠡᠰ ᠤᠨ ᠠᠭᠤᠰᠤᠯᠴᠠᠭᠰᠠᠨ ᠬᠦᠭᠵᠢᠯᠲᠡ ᠶᠢ ᠴᠢᠩᠭᠠᠳᠬᠠᠨ᠎ᠠ᠃ ᠡᠯ᠎ᠡ ᠰᠣᠮᠣ ᠪᠠᠯᠭᠠᠰᠤ | ᠵᠢᠴᠢ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠨᠢ ᠤᠯᠤᠰ ᠤᠨ ᠲᠠᠷᠢᠶᠠᠯᠠᠩ ᠤᠨ ᠦᠢᠯᠡᠰ ᠤᠨ ᠬᠦᠴᠦᠷᠬᠡᠭ ᠪᠠᠯᠭᠠᠰᠤ ᠶᠢ | ᠡᠭᠦᠳᠦᠨ ᠪᠠᠶᠢᠭᠤᠯᠬᠤ ᠲᠥᠷᠥᠯ ᠵᠦᠢᠯ ᠢ ᠢᠳᠡᠪᠬᠢᠳᠡᠢ ᠡᠷᠡᠮᠡᠯᠵᠡᠯᠡᠨ ᠣᠯᠬᠤ ᠶᠢᠨ ᠬᠠᠮᠲᠤ᠂ ᠠᠷᠠᠯᠵᠢᠶᠠᠴᠢᠨ ᠤᠷᠢᠵᠤ ᠪᠡᠯᠡ | ᠤᠷᠤᠭᠤᠯᠬᠤ ᠬᠦᠴᠦᠯᠡᠴᠡ ᠪᠠᠨ ᠤᠯᠠᠮ ᠴᠢᠩᠭᠠᠳᠬᠠᠵᠤ᠂ ᠨᠡᠶᠢᠭᠡᠮ ᠤᠨ ᠪᠡᠯᠡ ᠮᠦᠩᠬᠦ ᠶᠢ ᠲᠠᠲᠠᠨ ᠠᠪᠴᠢᠷᠠᠵᠤ᠂ ᠮᠠᠯ ᠤᠨ | ᠠᠰᠢᠭ ᠰᠢᠮ᠎ᠡ ᠶᠢᠨ ᠪᠦᠳᠦᠭᠡᠭᠳᠡᠬᠦᠨ ᠤ ᠪᠦᠬᠦ ᠠᠵᠤ ᠦᠢᠯᠡᠰ ᠤᠨ ᠬᠡᠯᠬᠢᠶᠡᠵᠢᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ | ᠪᠣᠬᠢᠷᠲᠤᠯ ᠦᠭᠡᠢ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠠᠵᠤ ᠦᠢᠯᠡᠰ ᠤᠨ ᠬᠥᠭᠵᠢᠯᠲᠡ ᠶᠢᠨ ᠲᠥᠷᠥᠯ | ᠵᠦᠢᠯ ᠢ ᠠᠯᠢ ᠲᠦᠷᠭᠡᠨ ᠢᠶᠠᠷ ᠬᠡᠷᠡᠭᠵᠢᠭᠦᠯᠵᠦ᠂ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ᠂ | ᠮᠢᠬᠠᠨ ᠤ ᠬᠤᠨᠢᠨ ᠤ ᠪᠥᠬᠦ ᠠᠵᠤ ᠦᠢᠯᠡᠰ ᠤᠨ ᠬᠡᠯᠬᠢᠶᠡᠵᠢᠯ ᠤᠨ ᠰᠠᠭᠤᠷᠢ ᠪᠦᠲᠦᠭᠡᠨ ᠪᠠᠶᠢᠭᠤᠯᠤᠯᠲᠠ ᠶᠢ ᠪᠡᠶᠡᠯᠡᠬᠦᠯᠦᠨ᠎ᠡ᠃ | ᠴᠠᠭᠠᠨ ᠢᠳᠡᠭᠡ ᠶᠢ ᠡᠳ᠋ᠰᠢᠬᠦᠯᠦᠨ ᠪᠤᠯᠪᠠᠰᠤᠷᠠᠭᠤᠯᠬᠤ ᠪᠠᠷᠢᠮᠵᠢᠶᠠᠵᠢᠭᠰᠠᠨ ᠦᠢᠯᠡᠳᠭᠡᠯ ᠤᠨ ᠲᠠᠰᠤᠭ ᠢ ᠰᠢᠨ᠎ᠡ ᠪᠠᠷ | ᠪᠠᠶᠢᠭᠤᠯᠬᠤ ᠲᠥᠷᠥᠯ ᠵᠦᠢᠯ ᠢ ᠠᠯᠢ ᠲᠦᠷᠭᠡᠨ ᠢᠶᠠᠷ ᠬᠡᠷᠡᠭᠵᠢᠭᠦᠯᠵᠦ᠂ 1︱2 ᠪᠠᠷᠢᠮᠵᠢᠶᠠᠵᠢᠭᠰᠠᠨ SC | ᠦᠢᠯᠡᠳᠪᠦᠷᠢᠯᠡᠯ ᠤᠨ ᠠᠵᠤ ᠠᠬᠤᠶᠢᠯᠠᠯ ᠢ ᠲᠡᠰ ᠲᠡᠪᠰᠢᠬᠦᠯᠵᠦ᠂ ᠰᠢᠨ᠎ᠡ ᠪᠦᠳᠦᠭᠡᠭᠳᠡᠬᠦᠨ ᠢ ᠰᠤᠳᠤᠯᠤᠨ ᠪᠦᠳᠦᠭᠡᠵᠦ᠂ | ᠵᠠᠬ᠎ᠠ ᠳᠡᠯᠭᠡᠭᠦᠷ ᠢ ᠬᠦᠴᠦᠯᠡᠨ ᠦᠷᠭᠡᠳᠬᠡᠨ᠎ᠡ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠᠷ ᠳᠡᠮᠵᠢᠨ᠂ ᠳᠠᠪᠠᠭᠤᠯᠢᠭ | ᠣᠨᠴᠠᠯᠢᠭᠲᠤ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠮᠢᠬ᠎ᠠ᠂ ᠰᠦ᠂ ᠠᠷᠠᠰᠤ ᠰᠢᠷᠢ᠂ ᠨᠤᠤᠰᠤ ᠨᠤᠤᠯᠤᠷ ᠵᠡᠷᠭᠡ | ᠮᠠᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠬᠦᠯᠦᠨ ᠪᠤᠯᠪᠠᠰᠤᠷᠠᠭᠤᠯᠬᠤ ᠪᠠ ᠶᠡᠷᠦᠩᠬᠡᠶᠢᠯᠡᠨ ᠠᠰᠢᠭᠯᠠᠬᠤ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠰᠦ ᠰᠠᠭᠠᠯᠢ ᠪᠤᠯᠪᠠᠰᠤᠷᠠᠭᠤᠯᠬᠤ ᠪᠠ ᠰᠠᠭᠠᠯᠢ ᠶᠢᠨ ᠦᠨᠢᠶ᠎ᠡ ᠲᠡᠵᠢᠭᠡᠨ ᠦᠷᠡᠵᠢᠬᠦᠯᠬᠦ ᠲᠠᠯ᠎ᠠ ᠪᠠᠷ᠂ | ᠤᠯᠠᠮᠵᠢᠯᠠᠯᠲᠤ ᠦᠢᠯᠡᠳᠪᠦᠷᠢᠯᠡᠯ ᠪᠠ ᠲᠡᠵᠢᠭᠡᠨ ᠦᠷᠡᠵᠢᠭᠦᠯᠬᠦ ᠶᠢ ᠨᠥᠯᠥᠭᠡᠯᠡᠬᠦ ᠦᠭᠡᠢ ᠪᠠᠶᠢᠳᠠᠯ ᠤᠨ ᠳᠣᠣᠷ᠎ᠠ᠂ | ᠲᠤᠯᠤᠭᠠᠶᠢᠯᠠᠭᠴᠢ ᠠᠵᠤ ᠠᠬᠤᠶᠢᠯᠠᠯ ᠢ ᠣᠷᠣᠭᠤᠯᠤᠨ ᠠᠪᠴᠢᠷᠠᠵᠤ ᠪᠣᠶᠢᠵᠢᠭᠤᠯᠤᠨ᠂ ᠴᠠᠭᠠᠨ ᠢᠳᠡᠭᠡ ᠶᠢ ᠬᠡᠪᠴᠢᠶᠡᠵᠢᠭᠦᠯᠦᠨ | ᠦᠢᠯᠡᠳᠪᠦᠷᠢᠯᠡᠬᠦ ᠪᠠ ᠦᠬᠡᠷ ᠬᠤᠨᠢ ᠵᠡᠷᠭᠡ ᠶᠢ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠶᠢ ᠢᠳᠡᠪᠬᠢᠲᠡᠢ ᠪᠠᠷ | ᠠᠬᠢᠭᠤᠯᠤᠨ ᠬᠥᠭᠵᠢᠭᠦᠯᠦᠨ᠎ᠡ᠃ ᠮᠠᠯ ᠠᠵᠤ ᠠᠬᠤᠢ ᠬᠢᠭᠡᠳ ᠵᠢᠭᠤᠯᠴᠢᠯᠠᠯ᠂ ᠰᠣᠶᠣᠯ᠂ ᠡᠷᠡᠭᠦᠯᠵᠢᠯ ᠰᠤᠪᠢᠯᠠᠯᠲᠠ | ᠵᠡᠷᠭᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠮᠠᠯ ᠠᠵᠤ ᠠᠬᠤᠢ ᠶᠢᠨ ᠲᠠᠩ ᠭᠠᠭᠴᠠ ᠦᠢᠯᠡᠳᠪᠦᠷᠢᠯᠡᠯ ᠤᠨ | ᠴᠢᠳᠠᠮᠵᠢ ᠠᠴᠠ ᠠᠮᠢ ᠠᠬᠤᠢ᠂ ᠠᠮᠢᠳᠤᠷᠠᠯ ᠤᠨ ᠴᠢᠳᠠᠮᠵᠢ ᠳᠠᠰᠢ ᠥᠷᠭᠡᠳᠬᠦ ᠶᠢ ᠠᠬᠢᠭᠤᠯᠵᠤ᠂ ᠨᠢᠭᠡ ᠬᠤᠶᠠᠷ ᠭᠤᠷᠪᠠᠳᠤᠭᠠᠷ | ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠲᠦᠷᠭᠡᠳᠬᠡᠨ᠎ᠡ᠃ | ᠭᠤᠷᠪᠠ᠂ ᠮᠠᠯᠵᠢᠬᠤ ᠣᠷᠣᠨ ᠤ ᠰᠠᠭᠤᠷᠢ ᠲᠦᠬᠦᠭᠡᠷᠦᠮᠵᠢ ᠶᠢ ᠲᠠᠰᠤᠷᠠᠯᠲᠠ ᠦᠭᠡᠢ ᠲᠡᠬᠦᠯᠳᠡᠷᠵᠢᠬᠦᠯᠵᠦ᠂ ᠣᠷᠣᠰᠢᠨ | ᠰᠠᠭᠤᠬᠤ ᠣᠷᠴᠢᠨ ᠲᠤᠭᠤᠷᠢᠨ ᠢ ᠰᠠᠶᠢᠵᠢᠷᠠᠭᠤᠯᠤᠶ᠎ᠠ | ᠨᠢᠭᠡ ᠳᠤ᠂ ᠮᠠᠯᠵᠢᠬᠤ ᠣᠷᠣᠨ ᠤ ᠰᠠᠭᠤᠷᠢ ᠲᠦᠬᠦᠭᠡᠷᠦᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ | ᠳᠤᠲᠠᠭᠤᠳᠠᠯ ᠢ ᠨᠥᠬᠦᠪᠦᠷᠢᠯᠡᠨ᠎ᠡ᠃ ᠬᠥᠭᠵᠢᠯᠲᠡ ᠶᠢᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠮᠠᠯᠵᠢᠬᠤ ᠣᠷᠤᠨ ᠤ | ᠪᠤᠳᠠᠳᠠᠢ ᠲᠠᠢ ᠤᠶᠠᠯᠳᠤᠭᠤᠯᠵᠤ᠂ ︽ᠮᠠᠯ ᠤᠨ ᠪᠠᠷᠢᠮᠵᠢᠶᠠᠵᠢᠭᠰᠠᠨ ᠫᠧᠩ᠂ ᠡᠪᠡᠰᠦ ᠨᠦᠭᠡᠴᠡᠯᠡᠬᠦ ᠫᠧᠩ᠂ ᠡᠪᠡᠰᠦ | ᠲᠠᠷᠢᠮᠠᠯ ᠤᠨ ᠰᠠᠭᠤᠷᠢᠨ ᠭᠠᠵᠠᠷ︾ ᠤᠨ ᠲᠥᠷᠥᠯ ᠵᠦᠢᠯ ᠢ ᠨᠢᠭᠡᠳᠦᠯᠲᠡᠢ ᠲᠥᠯᠥᠪᠯᠡᠨ ᠬᠡᠷᠡᠭᠵᠢᠭᠦᠯᠦᠨ᠎ᠡ᠃ ᠲᠦᠭᠡᠭᠡᠯ | ᠣᠰᠣᠨ ᠤ ᠢᠨᠵᠧᠨᠧᠷᠢᠩ ᠢ 6 ᠶᠢ ᠰᠢᠨ᠎ᠡ ᠪᠠᠷ ᠪᠠᠶᠢᠭᠤᠯᠵᠤ᠂ 20 ᠰᠠᠤᠷᠢ ᠬᠤᠳᠳᠤᠭ ᠮᠠᠯᠲᠠᠨ᠂ 36 ᠢᠵᠢ ᠤᠰᠤ | ᠬᠠᠳᠠᠭᠠᠯᠠᠬᠤ ᠵᠣᠭᠤᠷᠢ ᠶᠢ ᠰᠢᠨ᠎ᠡ ᠪᠠᠷ ᠪᠠᠶᠢᠭᠤᠯᠵᠤ᠂ ᠮᠠᠯᠵᠢᠬᠤ ᠣᠷᠣᠨ ᠤ ᠤᠰᠤ ᠬᠠᠩᠭᠠᠬᠤ ᠪᠠᠲᠤᠯᠠᠭ᠎ᠠ ᠶᠢᠨ | ᠴᠢᠳᠠᠪᠤᠷᠢ ᠶᠢ ᠦᠨᠡᠨᠬᠦ ᠳᠡᠭᠡᠭᠰᠢᠯᠡᠭᠦᠯᠦᠨ᠎ᠡ᠃ ᠮᠠᠯᠵᠢᠬᠤ ᠣᠷᠤᠨ ᠤ 10 ᠺᠢᠯᠣᠸᠠᠲ ᠤᠨ ᠴᠠᠬᠢᠯᠭᠠᠨ ᠲᠤᠤᠷ ᠱᠤᠭᠤᠮ ᠢ | 73.4 ᠺᠢᠯᠣᠮᠧᠲᠷ᠂ 0.4 ᠺᠢᠯᠣᠸᠠᠲ ᠤᠨ ᠴᠠᠬᠢᠯᠭᠠᠨ ᠲᠣᠣᠷ ᠱᠤᠭᠤᠮ ᠢ 59.7 ᠺᠢᠯᠣᠮᠧᠲᠷ ᠦᠬᠡᠷᠡᠴᠢᠯᠡᠨ ᠪᠠᠶᠢᠭᠤᠯᠵᠤ | ᠂ 162 ᠰᠠᠤᠷᠢ ᠴᠠᠬᠢᠯᠭᠠᠨ ᠬᠦᠴᠦᠳᠡᠯ ᠥᠭᠡᠷᠡᠴᠢᠯᠡᠭᠴᠢ ᠶᠢ ᠦᠭᠡᠷᠡᠴᠢᠯᠡᠨ ᠰᠢᠨᠡᠳᠭᠡᠵᠦ᠂ ᠰᠢᠨᠡᠪᠤᠯᠠᠭ ᠪᠠᠯᠭᠠᠰᠤᠨ ᠤ | ᠪᠠᠷᠠᠭᠤᠨ ᠲᠡᠭᠦᠷᠭᠡ ᠶᠢᠨ 110 ᠺᠢᠯᠣᠸᠠᠲ ᠤᠨ ᠴᠠᠬᠢᠯᠭᠠᠨ ᠳᠠᠮᠵᠢᠭᠤᠯᠬᠤ ᠬᠦᠴᠦᠳᠡᠯ ᠥᠭᠡᠷᠡᠴᠢᠯᠡᠬᠦ ᠢᠨᠵᠧᠨᠧᠷᠢᠩ ᠢ | ᠪᠡᠶᠡᠯᠡᠭᠦᠯᠦᠨ᠎ᠡ᠃ 46.2 ᠺᠢᠯᠣᠮᠧᠲᠷ ᠮᠠᠯᠵᠢᠬᠤ ᠣᠷᠣᠨ ᠤ ᠵᠠᠰᠠᠮᠠᠯ ᠵᠠᠮ ᠢ ᠰᠢᠨ᠎ᠡ ᠪᠠᠷ ᠪᠠᠶᠢᠭᠤᠯᠵᠤ᠂ 70.77 | ᠺᠢᠯᠣᠮᠧᠲᠷ ᠵᠠᠰᠠᠮᠠᠯ ᠵᠠᠮ ᠢ ᠠᠷᠠᠴᠢᠯᠠᠨ ᠬᠠᠮᠠᠭᠠᠯᠠᠨ᠎ᠠ᠃ ᠵᠠᠮ ᠤᠨ ᠳᠠᠷᠤᠭ᠎ᠠ ᠶᠢᠨ ᠳᠦᠷᠢᠮ ᠢ ᠭᠦᠨᠵᠡᠭᠡᠢ | ᠨᠠᠶᠢᠳᠠᠪᠦᠷᠢᠵᠢᠭᠤᠯᠤᠨ᠎ᠠ᠃ 4G ᠴᠠᠬᠢᠯᠭᠠᠨ ᠬᠤᠯᠪᠣᠭᠠᠨ ᠤ ᠲᠦᠭᠡᠮᠡᠯ ᠦᠢᠯᠡᠴᠢᠯᠡᠭᠡ ᠶᠢᠨ ᠰᠠᠭᠤᠷᠢ ᠥᠷᠲᠡᠭᠡ ᠶᠢ 6᠂ | 5G ᠴᠠᠬᠢᠯᠭᠠᠨ ᠬᠤᠯᠪᠤᠭᠠᠨ ᠤ ᠰᠠᠭᠤᠷᠢ ᠥᠷᠲᠡᠭᠡ 10 ᠶᠢ ᠰᠢᠨ᠎ᠡ ᠪᠠᠷ ᠪᠠᠶᠢᠭᠤᠯᠤᠨ᠎ᠠ᠃ ︽ᠣᠶᠤᠨᠲᠤ ᠷᠠᠳᠢᠣ᠋ ᠲᠧᠯᠸᠢᠰ︾ | ᠢ ᠪᠦᠷᠬᠦᠬᠦᠯᠬᠦ ᠨᠣᠷᠮ᠎ᠠ ᠶᠢ ᠳᠡᠭᠡᠭᠰᠢᠯᠡᠭᠦᠯᠵᠦ᠂ 120 ᠡᠷᠦᠬᠡ ᠳᠤ ᠦᠷᠭᠡᠨ ᠪᠦᠰᠡᠲᠦ ᠰᠦᠯᠵᠢᠶ᠎ᠡ ᠤᠭᠰᠠᠷᠠᠵᠤ᠂ ᠲᠤᠤᠷ | ᠰᠦᠯᠵᠢᠶ᠎ᠡ ᠴᠢᠮᠡᠭᠡ ᠨᠡᠪᠳᠡᠷᠡᠬᠦᠯᠭᠡ ᠳᠥᠬᠦᠮ ᠦᠭᠡᠢ ᠪᠠᠶᠢᠳᠠᠯ ᠢ ᠬᠤᠪᠢᠷᠠᠭᠤᠯᠤᠨ᠎ᠠ᠃ ᠲᠦᠭᠡᠮᠡᠯ ᠬᠠᠷᠠᠭᠠᠯᠵᠠᠯ ᠤᠨ ᠴᠢᠨᠠᠷᠲᠠᠢ | ᠂ ᠦᠨᠳᠦᠰᠦᠨ ᠠᠮᠢᠳᠤᠷᠠᠯ ᠢ ᠪᠠᠲᠤᠯᠠᠬᠤ ᠴᠢᠨᠠᠷᠲᠠᠢ᠂ ᠦᠨᠳᠦᠰᠦᠨ ᠴᠢᠨᠠᠷᠲᠠᠢ ᠠᠷᠠᠳ ᠤᠨ ᠠᠮᠢᠳᠤᠷᠠᠯ ᠤᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ᠎ᠠ᠃ ᠡᠷᠡᠭᠦᠯ ᠡᠩᠬᠡ ᠮᠠᠯᠵᠢᠬᠤ ᠣᠷᠣᠨ ᠤ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ | ᠲᠦᠯᠬᠢᠨ ᠠᠬᠢᠭᠤᠯᠵᠤ᠂ ᠦᠨᠳᠦᠰᠦᠨ ᠡᠮ ᠡᠮᠨᠡᠯᠭᠡ᠂ ᠨᠠᠰᠤᠵᠢᠯ ᠤᠨ ᠳᠠᠭᠠᠳᠬᠠᠯ ᠤᠨ ᠲᠥᠷᠢᠮ ᠢ ᠲᠡᠬᠦᠯᠳᠡᠷᠵᠢᠬᠦᠯᠦᠨ᠎ᠡ᠃ | ᠠᠵᠢᠯ ᠣᠯᠭᠤᠯᠲᠠ ᠪᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠤᠭᠲᠠᠯᠴᠠᠭ᠎ᠠ ᠶᠢ ᠪᠦᠷᠢᠨᠰᠢᠭᠦᠯᠵᠦ᠂ ᠮᠠᠯᠵᠢᠬᠤ | ᠣᠷᠣᠨ ᠤ ᠤᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠲᠠᠰᠤᠷᠠᠯᠳᠠ ᠦᠭᠡᠢ ᠳᠡᠭᠡᠭᠰᠢᠯᠡᠬᠦᠯᠦᠨ᠎ᠡ᠃ | ᠬᠤᠶᠠᠷ ᠲᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠬᠦᠴᠦᠯᠡᠴᠡ ᠶᠢ ᠴᠢᠩᠭᠠᠳᠬᠠᠨ᠎ᠠ᠃ | ᠴᠠᠭᠠᠨᠨᠠᠭᠤᠷ ᠤᠨ ᠰᠠᠪᠠ ᠤᠷᠤᠰᠬᠠᠯ ᠤᠨ ᠠᠮᠢ ᠠᠬᠤᠢ ᠶᠢᠨ ᠬᠠᠮᠠᠭᠠᠯᠠᠯᠲᠠ ᠪᠠ ᠰᠡᠷᠭᠦᠭᠡᠯᠲᠡ ᠶᠢ ᠴᠢᠩᠭᠠᠳᠬᠠᠵᠤ᠂ | ᠦᠪᠡᠷᠲᠡᠭᠡᠨ ᠵᠠᠰᠠᠬᠤ ᠣᠷᠤᠨ ᠤ ᠴᠠᠭᠠᠨᠨᠠᠭᠤᠷ ᠤᠨ ᠰᠠᠪᠠ ᠤᠷᠤᠰᠬᠠᠯ ᠤᠨ ᠠᠮᠢ ᠠᠬᠤᠢ ᠶᠢᠨ ᠶᠡᠷᠦᠩᠬᠡᠶᠢᠯᠡᠭᠰᠡᠨ | ᠵᠠᠰᠠᠯᠲᠠ ᠶᠢᠨ ᠲᠥᠷᠦᠯ ᠵᠦᠢᠯ ᠢ ᠴᠢᠨᠠᠷ ᠰᠠᠶᠢᠲᠠᠢ ᠪᠡᠶᠡᠯᠡᠬᠦᠯᠦᠭᠰᠡᠨ ᠰᠠᠭᠤᠷᠢᠨ ᠳᠡᠭᠡᠷ᠎ᠡ᠂ ᠣᠷᠤᠨ ᠬᠡᠪᠴᠢᠶᠡᠨ ᠤ | ᠳᠤᠳᠤᠷᠠᠬᠢ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠠᠪᠠ | ᠤᠷᠤᠰᠬᠠᠯ ᠤᠨ ᠬᠡᠰᠡᠭ ᠤᠨ ᠤᠷᠭᠤᠮᠠᠯ ᠤᠨ ᠬᠤᠴᠢᠯᠭ᠎ᠠ ᠶᠢ ᠰᠡᠷᠭᠦᠬᠡᠬᠦ ᠠᠵᠢᠯ ᠢ ᠲᠦᠷᠭᠡᠳᠬᠡᠨ ᠠᠬᠢᠭᠤᠯᠤᠨ᠎ᠠ᠃ ᠭᠠᠵᠠᠷ | ᠲᠤᠤᠷᠠᠬᠢ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢ ᠰᠠᠶᠢᠲᠤᠷ ᠬᠡᠷᠡᠭᠵᠢᠬᠦᠯᠵᠦ᠂ ᠬᠠᠤᠯᠢ ᠬᠡᠷᠡᠭᠵᠢᠬᠦᠯᠦᠯᠲᠡ ᠶᠢ | ᠴᠢᠩᠭᠠᠳᠬᠠᠨ᠂ ᠲᠠᠯ᠎ᠠ ᠨᠤᠲᠤᠭ ᠤᠨ ᠠᠮᠢ ᠠᠬᠤᠢ ᠶᠢᠨ ᠴᠢᠳᠠᠮᠵᠢ ᠪᠠ ᠦᠢᠯᠡᠳᠪᠦᠷᠢᠯᠡᠯ ᠤᠨ ᠴᠢᠳᠠᠮᠵᠢ ᠶᠢ ᠲᠠᠰᠤᠷᠠᠯᠲᠠ | ᠦᠭᠡᠢ ᠲᠡᠭᠡᠭᠰᠢᠯᠡᠬᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠵᠡᠭᠦᠨ ᠬᠡᠰᠡᠭ ᠤᠨ ᠲᠠᠯ᠎ᠠ ᠨᠤᠲᠤᠭ ᠤᠨ ᠡᠯᠡᠰᠦᠷᠬᠡᠭ | ᠭᠠᠵᠠᠷ ᠢ ᠶᠡᠷᠦᠩᠬᠡᠶᠢᠯᠡᠨ ᠵᠠᠰᠠᠬᠤ᠂ ᠴᠠᠭ ᠠᠭᠤᠷ ᠤᠨ ᠤᠰᠤᠨ ᠵᠦᠢ ᠶᠢᠨ ᠬᠢᠨᠠᠨ ᠬᠡᠮᠵᠢᠬᠦ ᠰᠢᠰᠲ᠋ᠧᠮᠵᠢ ᠶᠢᠨ ᠪᠦᠲᠦᠭᠡᠨ | ᠪᠠᠶᠢᠭᠤᠯᠤᠯᠲᠠ᠂ ᠠᠭᠤᠯᠠᠨ ᠤ ᠦᠶᠡᠷ ᠤᠨ ᠭᠤᠤ ᠶᠢ ᠵᠠᠰᠠᠬᠤ᠂ ᠬᠦᠢᠲᠡᠨ ᠭᠤᠣᠯ ᠰᠡᠬᠦᠵᠢ ᠭᠠᠴᠠᠭᠠᠨ ᠤ ᠬᠡᠰᠡᠭ ᠤᠨ | ᠦᠶᠡᠷ ᠢ ᠰᠡᠷᠭᠡᠶᠢᠯᠡᠬᠦ ᠪᠠᠷᠢᠯᠭ᠎ᠠ ᠵᠡᠷᠭᠡ ᠲᠥᠷᠥᠯ ᠵᠦᠢᠯ ᠢ ᠬᠡᠷᠡᠭᠵᠢᠭᠦᠯᠦᠨ᠎ᠡ᠃ ᠲᠥᠪᠯᠡᠷᠡᠭᠰᠡᠨ ᠮᠠᠶ᠋ᠢᠭ ᠤᠨ ᠤᠤᠭᠤᠬᠤ | ᠤᠰᠤᠨ ᠤ ᠡᠬᠢ ᠰᠤᠷᠪᠤᠯᠵᠢ ᠶᠢᠨ ᠣᠷᠴᠢᠨ ᠠᠬᠤᠢ ᠶᠢᠨ ᠪᠠᠶᠢᠳᠠᠯ ᠢ ᠰᠢᠨᠵᠢᠯᠡᠨ ᠪᠠᠶᠢᠴᠠᠭᠠᠵᠤ ᠦᠨᠡᠯᠡᠨ ᠵᠢᠱᠢᠬᠦ ᠪᠠ | ᠤᠰᠤᠨ ᠤ ᠴᠢᠨᠠᠷ ᠢ ᠬᠢᠨᠠᠨ ᠬᠡᠮᠵᠢᠬᠦ ᠠᠵᠢᠯ ᠢ ᠬᠦᠨᠵᠡᠭᠡᠢ ᠥᠷᠨᠢᠭᠦᠯᠵᠦ᠂ ᠤᠤᠭᠤᠬᠤ ᠤᠰᠤᠨ ᠤ ᠠᠮᠤᠷ ᠲᠦᠪᠰᠢᠨ ᠢ | ᠪᠠᠲᠤᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠭᠤᠣᠯ ᠤᠨ ᠳᠠᠷᠤᠭ᠎ᠠ ᠶᠢᠨ ᠳᠦᠷᠢᠮ᠂ ᠤᠢ ᠰᠢᠭᠤᠢ ᠨᠤᠲᠤᠭ | ᠪᠡᠯᠴᠢᠭᠡᠷ ᠤᠨ ᠳᠠᠷᠤᠭ᠎ᠠ ᠶᠢᠨ ᠳᠦᠷᠢᠮ ᠵᠡᠷᠭᠡ ᠶᠢ ᠴᠢᠩᠭ᠎ᠠ ᠨᠠᠶᠢᠳᠠᠪᠦᠷᠢᠵᠢᠭᠤᠯᠤᠨ᠎ᠠ᠃ ᠤᠳᠤᠨ ᠵᠢᠷᠤᠭ ᠰᠡᠬᠦᠳᠡᠷ ᠢᠶᠠᠷ | ᠬᠠᠤᠯᠢ ᠬᠡᠷᠡᠭᠵᠢᠬᠦᠯᠦᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠢ | ᠡᠪᠳᠡᠭᠰᠡᠨ ᠠᠵᠢᠯᠯᠠᠭ᠎ᠠ ᠶᠢ ᠢᠯᠡᠴᠢᠯᠡᠨ ᠮᠡᠳᠡᠬᠦᠯᠬᠦ ᠶᠢ ᠱᠠᠩᠨᠠᠨ ᠬᠥᠬᠢᠭᠦᠯᠬᠦ ᠳᠦᠷᠢᠮ ᠢ ᠲᠡᠭᠦᠯᠳᠡᠷᠵᠢᠭᠦᠯᠦᠨ᠂ ᠠᠮᠢ | ᠠᠬᠤᠢ ᠶᠢᠨ ᠣᠷᠴᠢᠨ ᠲᠣᠭᠤᠷᠢᠨ ᠢ ᠡᠪᠳᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠭᠡᠨ᠎ᠡ᠃ ᠨᠤᠲᠤᠭ ᠪᠡᠯᠴᠢᠭᠡᠷ ᠢ | ᠵᠦᠢ ᠵᠣᠬᠢᠰᠲᠠᠢ ᠠᠰᠢᠭᠯᠠᠬᠤ ᠶᠢ ᠭᠦᠨᠵᠡᠭᠡᠢ ᠲᠦᠯᠬᠢᠨ ᠠᠬᠢᠭᠤᠯᠵᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ | ᠳᠦᠷᠢᠮ ᠪᠠ ᠨᠤᠲᠤᠭ ᠪᠡᠯᠴᠢᠭᠡᠷ ᠤᠨ ᠠᠮᠢ ᠠᠬᠤᠢ ᠶᠢᠨ ᠨᠦᠬᠦᠪᠦᠷᠢᠯᠡᠨ ᠱᠠᠩᠨᠠᠬᠤ ᠲᠦᠷᠦ ᠶᠢᠨ ᠪᠣᠳᠣᠯᠭ᠎ᠠ ᠶᠢ ᠴᠢᠩᠭ᠎ᠠ | ᠨᠠᠶᠢᠳᠠᠪᠦᠷᠢᠵᠭᠤᠯᠤᠨᠠ᠃ ᠣᠯᠠᠨ ᠤ ᠬᠠᠮᠲᠤ ᠶᠢᠨ ᠴᠢᠷᠮᠠᠶᠢᠯᠭ᠎ᠠ ᠳᠣᠣᠷ᠎ᠠ᠂ ᠥᠨᠦ ᠵᠢᠯ ᠤᠨ ᠬᠠᠪᠤᠷ ᠤᠨ ᠤᠯᠠᠷᠢᠯ ᠤᠨ | ᠪᠡᠯᠴᠢᠭᠡᠷ ᠰᠡᠷᠭᠦᠬᠡᠬᠦ ᠠᠵᠢᠯ ᠢ ᠲᠡᠭᠦᠰ ᠠᠮᠵᠢᠯᠲᠠᠲᠠᠢ ᠪᠡᠶᠡᠯᠡᠬᠦᠯᠵᠦ᠂ ᠮᠠᠯᠴᠢᠳ ᠢ ᠬᠠᠪᠰᠤᠷᠤᠨ ᠠᠮᠢ ᠠᠬᠤᠢ ᠶᠢᠨ ᠪᠠ ᠠᠵᠤ | ᠠᠬᠤᠢ ᠶᠢᠨ ᠲᠠᠩᠰᠠ ᠶᠢ ᠰᠠᠶᠢᠲᠤᠷ ᠪᠤᠳᠤᠵᠤ᠂ ᠲᠠᠷᠠᠭ᠎ᠠ ᠵᠢᠯ ᠤᠨ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ | ᠠᠵᠢᠯ ᠤᠨ ᠪᠡᠯᠡᠳᠭᠡᠯ ᠠᠵᠢᠯ ᠢ ᠰᠠᠶᠢᠲᠤᠷ ᠬᠢᠵᠤ᠂ ᠨᠤᠲᠤᠭ ᠪᠡᠯᠴᠢᠭᠡᠷ ᠤᠨ ᠰᠡᠷᠭᠦᠭᠡᠯᠲᠡ ᠶᠢ ᠦᠨᠡᠨᠬᠦ ᠪᠠᠲᠤᠯᠠᠨ᠎ᠠ᠃ | ᠭᠤᠷᠪᠠ ᠳᠤ᠂ ᠮᠠᠯᠵᠢᠬᠤ ᠣᠷᠤᠨ ᠤ ᠤᠶᠤᠨ ᠤ ᠪᠤᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ᠎ᠠ᠃ ︽ | ᠭᠠᠴᠠᠭᠠᠨ ᠤ ᠲᠥᠷᠢᠮ ᠢᠷᠭᠡᠳ ᠤᠨ ᠭᠡᠷ᠎ᠡ︾ ᠪᠠ ︽ᠲᠦᠷᠪᠡᠨ ᠬᠤᠷᠠᠯ︾ ᠵᠡᠷᠭᠡ ᠣᠯᠠᠨ ᠲᠥᠮᠡᠨᠴᠢ ᠥᠪᠡᠷᠲᠡᠭᠡᠨ ᠵᠠᠰᠠᠬᠤ | ᠵᠤᠬᠢᠶᠠᠨ ᠪᠠᠶᠢᠭᠤᠯᠤᠯᠲᠠ ᠶᠢᠨ ᠦᠢᠯᠡᠳᠦᠯ ᠢ ᠬᠦᠢᠴᠡᠳ ᠪᠠᠳᠠᠷᠠᠭᠤᠯᠵᠤ᠂ ᠮᠠᠯᠴᠢᠳ ᠢ ᠬᠠᠤᠯᠢ ᠴᠠᠭᠠᠵᠠ ᠲᠥᠷᠢᠮ | ᠲᠤᠭᠲᠠᠭᠠᠯ ᠢ ᠵᠢᠷᠤᠮᠯᠠᠨ ᠰᠠᠬᠢᠬᠤ ᠶᠢ ᠢᠳᠡᠪᠬᠢᠳᠡᠢ ᠵᠢᠯᠤᠭᠤᠳᠤᠨ᠂ ᠨᠡᠶᠢᠭᠡᠮ ᠵᠢᠷᠦᠮ ᠤᠨ ᠭᠤᠤᠯᠯᠠᠭᠴᠢ ᠦᠷᠲᠡᠭ ᠤᠨ | ᠦᠵᠡᠯᠲᠡ ᠶᠢ ᠦᠢᠯᠡᠳᠦᠯᠭᠡᠵᠢᠬᠦᠯᠦᠨ᠎ᠡ᠃ ᠠᠯᠵᠠᠭᠤ ᠬᠤᠶᠢᠷᠭᠤ᠂ ︽ᠪᠡᠯᠡᠨ ᠳᠤ ᠲᠦᠰᠢᠭᠯᠡᠬᠦ︾ ᠵᠡᠷᠭᠡ ᠮᠠᠭᠤ ᠰᠤᠷᠲᠠᠯ ᠢ | ᠡᠷᠡᠰ ᠲᠡᠪᠴᠢᠵᠤ᠂ ᠲᠡᠰᠪᠦᠷᠢ ᠬᠠᠲᠠᠭᠤᠵᠢᠯᠲᠠᠢ ᠲᠡᠮᠡᠴᠡᠬᠦ᠂ ᠦᠢᠯᠡᠰ ᠪᠣᠰᠬᠠᠵᠤ ᠥᠪᠡᠷ ᠢ ᠪᠠᠨ ᠬᠦᠴᠦᠷᠬᠡᠭᠵᠢᠭᠦᠯᠬᠦ | ᠳᠣᠲᠣᠭᠠᠳᠤ ᠬᠦᠳᠡᠯᠭᠡᠭᠴᠢ ᠬᠦᠴᠦᠨ ᠢ ᠬᠥᠭᠵᠢᠭᠡᠵᠦ᠂ ᠮᠠᠯᠴᠢᠳ ᠤᠨ ᠰᠢᠷᠭᠠᠭᠤ ᠬᠥᠳᠡᠯᠮᠦᠷᠢ ᠪᠠᠷ ᠢᠶᠠᠨ ᠰᠠᠶᠢᠨ ᠰᠠᠶᠢᠬᠠᠨ | ᠠᠮᠢᠳᠤᠷᠠᠯ ᠢᠶᠠᠨ ᠴᠣᠭᠴᠠᠯᠠᠬᠤ ᠶᠢ ᠢᠳᠡᠪᠬᠢᠳᠡᠢ ᠬᠥᠲᠥᠯᠥᠨ ᠵᠢᠯᠤᠭᠤᠳᠤᠨ᠎ᠠ᠃ ᠭᠠᠵᠢᠭᠤ ᠨᠣᠮᠯᠠᠯ᠂ ᠬᠠᠤᠯᠢ ᠪᠤᠰᠤ ᠱᠠᠰᠢᠨ | ᠰᠤᠷᠲᠠᠬᠤᠨ ᠵᠢᠴᠢ ᠱᠠᠰᠢᠨ ᠰᠤᠷᠲᠠᠬᠤᠨ ᠤ ᠬᠡᠲᠦᠷᠡᠮᠡᠬᠡᠢ ᠦᠵᠡᠯ ᠳᠤ ᠡᠷᠡᠰ ᠴᠣᠬᠢᠯᠲᠠ ᠥᠭᠴᠦ᠂ ᠮᠠᠯᠴᠢᠳ ᠤᠨ ᠰᠢᠨᠵᠢᠯᠡᠬᠦ | ᠤᠬᠠᠭᠠᠨ ᠢ ᠡᠷᠬᠢᠮᠯᠡᠨ᠂ ᠮᠤᠬᠤᠷ ᠪᠢᠰᠢᠷᠡᠯ ᠢ ᠡᠰᠡᠷᠭᠦᠴᠡᠬᠦ ᠶᠢ ᠬᠦᠳᠦᠯᠦᠨ ᠵᠢᠯᠤᠭᠤᠳᠤᠨ᠎ᠠ᠃ ᠴᠤᠤᠷᠬᠠᠯ ᠵᠤᠬᠢᠶᠠᠨ | ᠴᠤᠤᠷᠬᠠᠯ ᠲᠠᠷᠬᠠᠭᠠᠬᠤ᠂ ᠵᠣᠷᠢᠯᠭ᠎ᠠ ᠲᠠᠢ ᠪᠠᠷ ᠬᠡᠷᠡᠭ ᠦᠳᠦᠭᠡᠬᠦ ᠵᠡᠷᠭᠡ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠮᠠᠯᠴᠢᠳ ᠤᠨ ᠬᠦᠰᠡᠯ ᠱᠠᠭᠠᠷᠳᠠᠯᠭ᠎ᠠ ᠪᠠᠨ ᠣᠶᠤᠨᠴᠢ ᠪᠠᠷ ᠢᠯᠡᠳᠭᠡᠬᠦ ᠶᠢ | ᠬᠦᠳᠦᠯᠦᠨ ᠵᠢᠯᠤᠭᠤᠳᠤᠨ᠎ᠠ᠃ ᠮᠠᠯᠴᠢᠳ ᠤᠨ ᠦᠵᠡᠯ ᠰᠠᠨᠠᠭ᠎ᠠ᠂ ᠬᠠᠤᠯᠢ ᠪᠠᠷ ᠵᠠᠰᠠᠬᠤ ᠦᠵᠡᠯᠲᠡ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠢ ᠬᠦᠨᠵᠡᠭᠡᠶᠢᠷᠡᠬᠦᠯᠦᠨ᠎ᠡ᠃ ᠮᠠᠯᠴᠢᠳ ᠤᠨ | ᠶᠡᠷᠦᠩᠬᠡᠶᠢᠯᠡᠭᠰᠡᠨ ᠬᠡᠪ ᠴᠢᠨᠠᠷ ᠢ ᠳᠡᠭᠡᠭᠰᠢᠯᠡᠭᠦᠯᠦᠨ᠂ ᠰᠣᠶᠣᠯ ᠲᠠᠢ᠂ ᠮᠡᠷᠭᠡᠵᠢᠯ ᠲᠠᠢ᠂ ᠡᠵᠡᠩᠨᠡᠵᠦ ᠴᠢᠳᠠᠬᠤ᠂ ᠪᠠᠶᠠᠵᠢᠵᠤ | ᠴᠢᠳᠠᠬᠤ᠂ ᠬᠠᠤᠯᠢ ᠳᠥᠷᠢᠮ ᠢ ᠰᠠᠬᠢᠭᠰᠠᠨ ᠰᠢᠨ᠎ᠡ ᠮᠠᠶ᠋ᠢᠭ ᠤᠨ ᠮᠠᠯᠴᠢᠳ ᠢ ᠬᠦᠴᠦᠯᠡᠨ ᠬᠥᠮᠥᠵᠢᠭᠦᠯᠦᠨ᠎ᠡ᠃ | ᠲᠥᠷᠪᠡ ᠳᠤ᠂ ᠮᠠᠯᠵᠢᠬᠤ ᠣᠷᠣᠨ ᠤ ᠣᠷᠣᠰᠢᠨ ᠰᠠᠭᠤᠬᠤ ᠣᠷᠴᠢᠨ ᠨᠦᠬᠦᠴᠡᠯ ᠤᠨ ᠴᠡᠭᠴᠡᠯᠡᠨ | ᠰᠠᠶᠢᠵᠢᠷᠠᠭᠤᠯᠤᠯᠲᠠ ᠶᠢ ᠠᠬᠢᠭᠤᠯᠤᠨ᠎ᠠ᠃ ᠮᠠᠯᠵᠢᠬᠤ ᠣᠷᠤᠨ ᠤ ᠣᠷᠣᠰᠢᠨ ᠰᠠᠭᠤᠬᠤ ᠣᠷᠴᠢᠨ ᠨᠦᠬᠦᠴᠡᠯ ᠢ ᠴᠡᠭᠴᠡᠯᠡᠨ | ᠰᠠᠶᠢᠵᠢᠷᠠᠭᠤᠯᠬᠤ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠦᠷ᠎ᠡ ᠪᠦᠲᠦᠭᠡᠯ ᠢ | ᠪᠠᠬᠢᠵᠢᠬᠦᠯᠦᠨ᠎ᠡ᠃ ᠨᠡᠶᠢᠭᠡᠮᠴᠢᠯᠡᠭᠰᠡᠨ ᠦᠢᠯᠡᠴᠢᠯᠡᠭᠡᠨ ᠤ ᠠᠩᠭᠢ ᠶᠢᠨ ᠬᠢᠨᠠᠨ ᠰᠢᠯᠭᠠᠬᠤ ᠬᠠᠮᠢᠶᠠᠷᠤᠯᠲᠠ ᠶᠢᠨ ᠠᠷᠭ᠎ᠠ ᠶᠢ | ᠲᠠᠰᠤᠷᠠᠯᠲᠠ ᠦᠭᠡᠢ ᠨᠠᠷᠢᠯᠢᠭᠵᠢᠭᠤᠯᠵᠤ᠂ ᠢᠯᠡ ᠪᠠᠷ ᠬᠤᠪᠢ ᠳᠡᠮᠳᠡᠭᠯᠡᠬᠦ ᠠᠷᠭ᠎ᠠ ᠪᠠᠷ ᠨᠡᠶᠢᠭᠡᠮ ᠤᠨ ᠬᠢᠨᠠᠯᠲᠠ ᠶᠢ | ᠴᠢᠩᠭᠠᠳᠬᠠᠵᠤ᠂ 4 ᠨᠡᠶᠢᠭᠡᠮ ᠤᠨ ᠦᠢᠯᠡᠴᠢᠯᠡᠭᠡᠨ ᠤ ᠠᠩᠭᠢ ᠶᠢᠨ ᠣᠯᠠᠨ ᠲᠥᠷᠦᠯ ᠤᠨ ᠠᠷᠭ᠎ᠠ ᠠᠪᠴᠠᠯ ᠢᠶᠠᠷ ᠲᠣᠰ | ᠪᠡᠶ᠎ᠡ ᠶᠢᠨ ᠡᠵᠡᠩᠨᠡᠯᠲᠡ ᠶᠢᠨ ᠴᠢᠳᠠᠪᠤᠷᠢ ᠢᠶᠠᠨ ᠴᠢᠩᠭᠠᠳᠬᠠᠬᠤ ᠶᠢ ᠬᠦᠳᠦᠯᠦᠨ ᠵᠢᠯᠤᠭᠤᠳᠴᠤ᠂ ᠦᠢᠯᠡᠴᠢᠯᠡᠭᠡᠨ ᠤ ᠬᠢᠷᠢ | ᠬᠡᠮᠵᠢᠶ᠎ᠡ ᠪᠠ ᠴᠢᠨᠠᠷ ᠴᠢᠨᠰᠠᠭ᠎ᠠ ᠶᠢ ᠦᠨᠡᠨᠬᠦ ᠳᠡᠭᠡᠭᠰᠢᠯᠡᠭᠦᠯᠦᠨ᠎ᠡ᠃ 2 ᠠᠶᠢᠮᠠᠭ ᠤᠨ ᠲᠠᠰ ᠤᠨ ᠵᠢᠱᠢᠶ᠎ᠡ ᠦᠵᠡᠭᠦᠯᠬᠦ | ᠭᠠᠴᠠᠭ᠎ᠠ ᠶᠢᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ 1 ᠤᠯᠤᠰ ᠤᠨ ᠲᠠᠰ ᠤᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠭᠠᠴᠠᠭ᠎ᠠ᠂ 1 ᠥᠪᠡᠷᠲᠡᠭᠡᠨ ᠵᠠᠰᠠᠬᠤ ᠣᠷᠣᠨ ᠤ ᠲᠠᠰ ᠤᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠭᠠᠴᠠᠭ᠎ᠠ᠂ 3 ᠠᠶᠢᠮᠠᠭ ᠤᠨ ᠲᠠᠰ ᠤᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠭᠠᠴᠠᠭ᠎ᠠ ᠶᠢ ᠰᠢᠨ᠎ᠡ ᠪᠠᠷ ᠪᠠᠶᠢᠭᠤᠯᠤᠨ᠎ᠠ᠃ ︽ | ᠵᠣᠷᠯᠣᠩ ᠤᠨ ᠬᠤᠪᠢᠰᠬᠠᠯ︾ ᠢ ᠯᠠᠪᠳᠠᠭᠤᠨ ᠢᠶᠠᠷ ᠠᠬᠢᠭᠤᠯᠵᠤ᠂ ᠤᠳᠤ ᠪᠠᠶᠢᠭ᠎ᠠ ᠵᠣᠷᠯᠣᠩ ᠤᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠪᠠ ᠡᠳᠦᠷ ᠲᠤᠲᠤᠮ ᠤᠨ ᠬᠠᠮᠢᠶᠠᠷᠤᠯᠲᠠ ᠪᠠ ᠬᠠᠮᠠᠭᠠᠯᠠᠯᠲᠠ ᠶᠢ ᠰᠠᠶᠢᠲᠤᠷ ᠬᠢᠵᠦ᠂ ᠵᠢᠯ ᠤᠨ ᠳᠣᠲᠣᠷ᠎ᠠ | 60 ᠡᠷᠦᠬᠡ ᠶᠢᠨ ᠵᠣᠷᠯᠣᠩ ᠢ ᠰᠢᠨ᠎ᠡ ᠪᠠᠷ ᠪᠠᠶᠢᠭᠤᠯᠤᠨ᠎ᠠ᠃ ᠭᠦᠸᠧ ᠹᠧᠩ ᠮᠢᠨ ᠢᠦᠢ ᠮᠠᠯ ᠵᠢᠭᠦᠷᠲᠡᠨ ᠤ ᠢᠯᠭᠠᠲᠠᠰᠤ ᠶᠢ | ᠡᠬᠢ ᠪᠠᠶᠠᠯᠢᠭ ᠪᠤᠯᠭᠠᠨ ᠠᠰᠢᠭᠯᠠᠵᠤ ᠪᠥᠬᠦ ᠬᠤᠰᠢᠭᠤ ᠪᠠᠷ ᠢᠶᠠᠨ ᠲᠦᠯᠬᠢᠨ ᠠᠬᠢᠭᠤᠯᠬᠤ ᠲᠥᠷᠥᠯ ᠵᠦᠢᠯ ᠢ ᠠᠰᠢᠭᠯᠠᠯᠲᠠ ᠳᠤ | ᠣᠷᠣᠭᠤᠯᠣᠨ᠎ᠠ᠃ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠳᠤᠯᠠᠭᠠᠯᠠᠭ᠎ᠠ ᠶᠢᠨ ᠲᠥᠷᠥᠯ ᠵᠦᠢᠯ ᠢ | ᠢᠳᠡᠪᠬᠢᠳᠡᠢ ᠲᠦᠭᠡᠮᠡᠯᠵᠢᠬᠦᠯᠵᠦ᠂ 3 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠶ ᠲᠠᠢ ᠲᠤᠯᠠᠭᠠᠯᠭ᠎ᠠ ᠶᠢᠨ ᠲᠥᠷᠦᠯ | ᠵᠦᠢᠯ ᠢ ᠪᠡᠶᠡᠯᠡᠬᠦᠯᠦᠨ᠎ᠡ᠃ ᠤᠷᠤᠰᠢᠨ ᠰᠠᠭᠤᠬᠤ ᠣᠷᠴᠢᠨ ᠨᠦᠬᠦᠴᠡᠯ ᠤᠨ ᠴᠡᠭᠴᠡᠯᠡᠨ ᠰᠠᠶᠢᠵᠢᠷᠠᠭᠤᠯᠤᠯᠲᠠ ᠶᠢ | ᠴᠢᠩᠭᠠᠳᠬᠠᠵᠤ᠂ ᠤᠷᠤᠰᠢᠨ ᠰᠠᠭᠤᠬᠤ ᠳᠤ ᠲᠠᠭᠠᠯᠠᠮᠵᠢᠲᠠᠢ᠂ ᠪᠤᠯᠪᠠᠰᠤᠨ᠂ ᠡᠶ᠎ᠡ ᠵᠤᠬᠢᠴᠠᠩᠭᠤᠢ᠂ ᠦᠵᠡᠰᠬᠦᠯᠡᠩᠳᠦ ᠰᠠᠶᠢᠬᠠᠨ | ᠬᠦᠳᠡᠭᠡ ᠲᠤᠰᠬᠤᠨ ᠢ ᠴᠤᠭᠴᠠᠯᠠᠨ ᠪᠠᠶᠢᠭᠤᠯᠤᠨ᠎ᠠ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ | ᠭᠦᠨᠵᠡᠭᠡᠢ ᠥᠷᠨᠢᠭᠦᠯᠦᠨ᠎ᠡ᠃ ᠬᠤᠯᠤᠭᠠᠨ᠎ᠠ ᠶᠢᠨ ᠬᠢᠵᠢᠭ᠂ ᠪᠷᠦ᠋ᠼᠧᠯ ᠡᠪᠡᠳᠴᠢᠨ ᠵᠡᠷᠭᠡ ᠬᠥᠮᠥᠨ ᠮᠠᠯ ᠳᠤ ᠴᠦᠮ | ᠬᠠᠯᠳᠠᠪᠤᠷᠢᠯᠠᠳᠠᠭ ᠬᠠᠯᠳᠠᠪᠤᠷᠢᠲᠤ ᠡᠪᠡᠳᠴᠢᠨ᠂ ᠣᠷᠣᠨ ᠨᠤᠲᠤᠭ ᠤᠨ ᠡᠪᠡᠳᠴᠢᠨ ᠵᠡᠷᠭᠡ ᠶᠢ ᠬᠠᠮᠲᠤ ᠪᠠᠷ ᠰᠡᠷᠭᠡᠶᠢᠯᠡᠬᠦ | ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠤᠯᠠᠨ ᠲᠦᠮᠡᠨ ᠤ ᠡᠷᠡᠭᠦᠯ ᠮᠡᠨᠳᠤ ᠠᠮᠤᠷ ᠲᠦᠪᠰᠢᠨ ᠢ ᠪᠦᠬᠦ | ᠬᠦᠴᠦᠨ ᠢᠶᠠᠷ ᠢᠶᠠᠨ ᠬᠠᠮᠠᠭᠠᠯᠠᠵᠤ᠂ ᠮᠠᠯᠴᠢᠳ ᠢ ᠬᠥᠲᠥᠯᠥᠨ ᠵᠢᠯᠤᠭᠤᠳᠴᠤ᠂ ᠦᠵᠡᠯᠲᠡ ᠲᠠᠨᠢᠯᠲᠠ ᠶᠢ ᠨᠢ ᠬᠤᠪᠢᠷᠠᠭᠤᠯᠵᠤ᠂ | ᠡᠷᠡᠭᠦᠯ ᠪᠣᠯᠪᠠᠰᠤᠨ ᠠᠮᠢᠳᠤᠷᠠᠯ ᠤᠨ ᠠᠷᠭ᠎ᠠ ᠮᠠᠶ᠋ᠢᠭ ᠢ ᠪᠤᠢ ᠪᠤᠯᠭᠠᠬᠤ ᠶᠢ ᠠᠬᠢᠭᠤᠯᠤᠨ᠎ᠠ᠃ | ᠲᠥᠷᠪᠡ᠂ ᠶᠠᠳᠠᠭᠤ ᠠᠴᠠ ᠠᠩᠭᠢᠵᠢᠷᠠᠭᠤᠯᠤᠨ ᠪᠣᠭᠤᠮᠲᠠ ᠰᠢᠪᠳᠤᠯᠬᠤ ᠦᠷ᠎ᠡ ᠪᠦᠲᠦᠭᠡᠯ ᠢ ᠦᠷᠭᠦᠯᠵᠢᠯᠡᠨ | ᠪᠠᠬᠢᠵᠢᠭᠦᠯᠵᠦ᠂ ᠮᠠᠯᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠤᠶ᠎ᠠ | ᠨᠢᠭᠡ ᠳᠤ᠂ ︽ᠮᠠᠯ ᠠᠵᠤ ᠠᠬᠤᠢ᠂ ᠮᠠᠯᠵᠢᠬᠤ ᠤᠷᠤᠨ᠂ ᠮᠠᠯᠴᠢᠳ︾ ᠤᠨ ᠣᠷᠤᠭᠤᠯᠤᠯᠲᠠ ᠪᠠᠨ ᠦᠷᠬᠦᠯᠵᠢᠯᠡᠨ | ᠨᠡᠮᠡᠭᠳᠡᠭᠦᠯᠦᠨ᠎ᠡ᠃ ᠨᠢᠳᠤᠨᠤᠨ᠂ ︽ᠮᠠᠯ ᠠᠵᠤ ᠠᠬᠤᠢ᠂ ᠮᠠᠯᠵᠢᠬᠤ ᠤᠷᠤᠨ᠂ ᠮᠠᠯᠴᠢᠳ︾ ᠲᠤ 2.3 ᠳ᠋ᠦᠩᠰᠢᠭᠤᠷ | ᠲᠥᠭᠦᠷᠢᠭ ᠪᠡᠯᠡ ᠤᠷᠤᠭᠤᠯᠵᠤ᠂ ᠶᠡᠷᠦᠩᠬᠡᠢ ᠵᠠᠷᠤᠯᠭ᠎ᠠ ᠶᠢᠨ 25.27% ᠶᠢ ᠡᠵᠡᠯᠡᠵᠦ᠂ ᠠᠳᠠᠯᠢ ᠬᠤᠭᠤᠴᠠᠭᠠᠨ ᠤ ᠠᠴᠠ | 9% ᠪᠠᠷ ᠨᠡᠮᠡᠭᠳᠡᠪᠡ᠃ ᠥᠨᠦ ᠵᠢᠯ ᠨᠢ ᠤᠳᠤᠬᠠᠨ ᠪᠤᠯᠲᠠᠯ᠎ᠠ ︽ᠮᠠᠯ ᠠᠵᠤ ᠠᠬᠤᠢ᠂ ᠮᠠᠯᠵᠢᠬᠤ ᠤᠷᠤᠨ᠂ ᠮᠠᠯᠴᠢᠳ︾ | ᠲᠤ ᠨᠢᠭᠡᠨᠲᠡ 1.5 ᠳ᠋ᠦᠩᠰᠢᠭᠤᠷ ᠲᠦᠬᠦᠷᠢᠭ ᠪᠡᠯᠡ ᠤᠷᠤᠭᠤᠯᠪᠠ᠃ ᠪᠢᠳᠡ ᠡᠳ᠋ ᠤᠨ ᠵᠠᠰᠠᠭ ᠤᠨ ᠲᠤᠰᠬᠠᠢ ᠪᠡᠯᠡ | ᠮᠥᠩᠭᠦ ᠶᠢ ᠨᠢᠭᠡᠳᠦᠯᠲᠡᠢ ᠲᠥᠯᠥᠪᠯᠡᠵᠦ ᠡᠮᠬᠢᠯᠡᠨ ᠨᠡᠶᠢᠯᠡᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ︽ᠮᠠᠯ | ᠠᠵᠤ ᠠᠬᠤᠢ᠂ ᠮᠠᠯᠵᠢᠬᠤ ᠤᠷᠤᠨ᠂ ᠮᠠᠯᠴᠢᠳ︾ ᠤᠨ ᠪᠠᠴᠢᠮ ᠱᠠᠭᠠᠷᠳᠠᠭᠳᠠᠵᠤ ᠪᠠᠶᠢᠭ᠎ᠠ ᠭᠤᠣᠯᠳᠠᠯᠭ᠎ᠠ ᠲᠠᠢ ᠬᠦᠷᠢᠶ᠎ᠡ | ᠬᠡᠪᠴᠢᠶᠡᠨ ᠳᠤ ᠬᠡᠷᠡᠭᠯᠡᠵᠦ᠂ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ ᠦᠷ᠎ᠡ ᠪᠦᠲᠦᠭᠡᠯ ᠢ ᠦᠷᠭᠡᠳᠬᠡᠨ | ᠪᠠᠬᠢᠵᠢᠬᠦᠯᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠳᠦᠮᠵᠢᠳᠡᠢ ᠵᠤᠯᠭᠠᠭᠤᠯᠵᠦ᠂ ᠮᠠᠯ ᠠᠵᠤ | ᠠᠬᠤᠢ ᠶᠢᠨ ᠦᠢᠯᠡᠰ ᠤᠨ ᠦᠷ᠎ᠡ ᠠᠰᠢᠭ ᠢ ᠨᠡᠮᠡᠭᠳᠡᠭᠦᠯᠬᠦ ᠪᠠ ᠮᠠᠯᠴᠢᠳ ᠤᠨ ᠣᠷᠣᠯᠭ᠎ᠠ ᠶᠢᠨ ᠨᠡᠮᠡᠭᠳᠡᠯ ᠢ ᠦᠷᠭᠦᠯᠵᠢᠯᠡᠨ | ᠠᠬᠢᠭᠤᠯᠤᠨ᠎ᠠ᠃ | ᠬᠤᠶᠠᠷ ᠲᠤ᠂ ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠦᠳᠡᠯᠦᠩᠬᠦᠢ ᠬᠢᠨᠠᠨ | ᠬᠡᠮᠵᠢᠯᠲᠡ ᠶᠢ ᠴᠢᠩᠭᠠᠳᠬᠠᠨ᠎ᠠ᠃ ᠨᠢᠭᠡᠳᠦᠭᠡᠷ ᠤᠯᠠᠷᠢᠯ ᠳᠤ ᠬᠥᠳᠡᠯᠦᠩᠭᠦᠢ ᠪᠠᠷ ᠲᠣᠬᠢᠷᠠᠭᠤᠯᠤᠯᠲᠠ ᠬᠢᠭᠰᠡᠨ ᠤ ᠳᠠᠷᠠᠭ᠎ᠠ᠂ | ᠮᠠᠨ ᠤ ᠬᠤᠰᠢᠭᠤᠨ ᠳᠤ ᠶᠠᠳᠠᠭᠤ ᠠᠴᠠ ᠠᠩᠭᠢᠵᠢᠷᠠᠭᠰᠠᠨ ᠡᠷᠦᠬᠡ 598 ᠡᠷᠦᠬᠡ 1470 ᠬᠦᠮᠦᠨ ᠠᠮᠠ ᠪᠠᠶᠢᠵᠤ᠂ ᠬᠢᠨᠠᠨ | ᠬᠡᠮᠵᠢᠯᠲᠡ ᠶᠢᠨ ᠡᠷᠦᠬᠡ 15 ᠡᠷᠦᠬᠡ 35 ᠬᠦᠮᠦᠨ ᠠᠮᠠ ᠪᠠᠶᠢᠨ᠎ᠠ᠃ ᠡᠯ᠎ᠡ ᠰᠣᠮᠣ ᠪᠠᠯᠭᠠᠰᠤ᠂ ᠬᠠᠮᠢᠶ᠎ᠠ ᠪᠦᠬᠦᠢ ᠰᠠᠯᠠᠭ᠎ᠠ | ᠮᠦᠴᠢᠷ ᠨᠢ ᠬᠢᠨᠠᠨ ᠬᠡᠮᠵᠢᠬᠦ ᠪᠠᠷᠢᠮᠵᠢᠶ᠎ᠠ ᠶᠢ ᠬᠥᠳᠡᠯᠦᠩᠭᠦᠢ ᠪᠠᠷ ᠲᠣᠬᠢᠷᠠᠭᠤᠯᠬᠤ ᠲᠤᠭᠲᠠᠯᠴᠠᠭ᠎ᠠ ᠶᠢ ᠪᠦᠷᠢᠨᠰᠢᠭᠦᠯᠵᠦ᠂ | ᠲᠠᠬᠢᠨ ᠶᠠᠳᠠᠭᠤᠷᠠᠬᠤ ᠠᠶᠤᠯ ᠲᠦᠭᠰᠢᠬᠦᠷᠢ ᠶᠢᠨ ᠬᠢᠨᠠᠨ ᠬᠡᠮᠵᠢᠯᠲᠡ ᠶᠢ ᠰᠠᠶᠢᠲᠤᠷ ᠬᠢᠵᠤ᠂ ︽ᠰᠠᠭᠠᠳ ᠦᠭᠡᠢ ᠨᠡᠪᠳᠡᠷᠡᠬᠦ︾ | ᠶᠠᠳᠠᠭᠤᠷᠠᠬᠤ ᠶᠢ ᠰᠡᠷᠭᠡᠶᠢᠯᠡᠬᠦ ᠭᠤᠣᠯ ᠠᠷᠭ᠎ᠠ ᠠᠪᠴᠠᠯ ᠢ ᠰᠠᠶᠢᠲᠤᠷ ᠬᠡᠷᠡᠭᠯᠡᠨ᠂ ᠲᠠᠬᠢᠨ ᠶᠠᠳᠠᠭᠤᠷᠠᠬᠤ ᠠᠶᠤᠯ ᠲᠦᠭᠰᠢᠬᠦᠷᠢ | ᠲᠠᠢ ᠮᠠᠯᠴᠢᠳ ᠤᠨ ᠲᠤᠰᠢᠶᠠᠬᠤ ᠶᠤᠰᠤᠳᠠᠢ ᠪᠦᠬᠦᠨ ᠢ ᠨᠢ ᠲᠤᠰᠢᠶᠠᠨ᠎ᠠ᠃ ᠬᠢᠨᠠᠨ ᠬᠡᠮᠵᠢᠭᠳᠡᠵᠦ ᠪᠠᠶᠢᠭ᠎ᠠ ᠡᠷᠦᠬᠡ ᠶᠢᠨ ︽ | ᠡᠷᠬᠢᠨ ᠬᠠᠷᠠᠬᠤ︾ ᠠᠵᠢᠯ ᠢ ᠦᠷᠬᠦᠯᠵᠢᠯᠡᠨ ᠰᠠᠶᠢᠲᠤᠷ ᠬᠢᠵᠤ᠂ ᠢᠯᠭᠠᠨ ᠲᠠᠨᠢᠬᠤ ᠪᠠ ᠠᠶᠤᠯ ᠲᠦᠭᠰᠢᠬᠦᠷᠢ ᠶᠢ | ᠠᠷᠢᠯᠭᠠᠭᠰᠠᠨ ᠪᠠᠶᠢᠳᠠᠯ ᠨᠢ ᠨᠠᠷᠢᠯᠢᠭ ᠤᠨᠤᠪᠴᠢ ᠦᠭᠡᠢ ᠪᠠᠶᠢᠪᠠᠯ᠂ ᠴᠠᠭ ᠲᠤᠬᠠᠢ ᠳᠤᠨᠢ ᠲᠡᠭᠡᠭᠰᠢ ᠮᠡᠳᠡᠬᠦᠯᠦᠨ᠎ᠡ᠃ ᠠᠶᠤᠯ | ᠲᠦᠭᠰᠢᠬᠦᠷᠢ ᠶᠢ ᠠᠷᠢᠯᠭᠠᠭᠰᠠᠨ ᠬᠤᠶᠢᠨ᠎ᠠ᠂ ᠰᠢᠨ᠎ᠡ ᠲᠦᠭᠰᠢᠬᠦᠷᠢ ᠶᠢᠨ ᠴᠡᠭ ᠢᠯᠡᠷᠡᠪᠡᠯ᠂ ᠲᠠᠬᠢᠨ ᠬᠢᠨᠠᠨ ᠬᠡᠮᠵᠢᠯᠲᠡ ᠶᠢᠨ | ᠬᠦᠷᠢᠶ᠎ᠡ ᠬᠡᠪᠴᠢᠶᠡᠨ ᠳᠤ ᠤᠷᠤᠭᠤᠯᠵᠤ᠂ ᠬᠠᠪᠰᠤᠷᠤᠨ ᠳᠡᠳᠬᠦᠨ᠎ᠡ᠃ ᠬᠠᠪᠰᠤᠷᠤᠨ ᠲᠡᠳᠬᠦᠭᠰᠡᠨ ᠦᠷ᠎ᠡ ᠪᠦᠳᠦᠮᠵᠢ ᠢᠯᠡ | ᠲᠤᠳᠤ ᠪᠢᠰᠢ ᠪᠣᠯ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠪᠠᠨ ᠴᠠᠭ ᠲᠤᠬᠠᠢ ᠳᠤᠨᠢ ᠲᠤᠬᠢᠷᠠᠭᠤᠯᠤᠨ᠎ᠠ᠃ ᠤᠨᠤᠪᠴᠢ | ᠦᠭᠡᠢ ᠲᠤᠭ᠎ᠠ ᠪᠠᠷᠢᠮᠲᠠ ᠶᠢ ᠴᠠᠭ ᠲᠤᠬᠠᠢ ᠳᠤᠨᠢ ᠪᠠᠶᠢᠴᠠᠭᠠᠵᠤ ᠵᠠᠰᠠᠨ ᠵᠠᠯᠠᠷᠠᠭᠤᠯᠤᠨ᠎ᠠ᠃ | ᠭᠤᠷᠪᠠ ᠳᠤ᠂ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠲᠣᠭᠲᠠᠪᠤᠷᠢᠵᠢᠭᠤᠯᠤᠨ᠎ᠠ᠃ ᠰᠠᠯᠠᠭ᠎ᠠ | ᠮᠦᠴᠢᠷ ᠠᠴᠠ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠠᠷᠢᠯᠴᠠᠨ | ᠤᠶᠠᠯᠳᠤᠭᠤᠯᠬᠤ ᠬᠠᠷᠢᠴᠠᠭ᠎ᠠ ᠶᠢ ᠰᠠᠶᠢᠲᠤᠷ ᠲᠣᠬᠢᠷᠠᠭᠤᠯᠤᠨ ᠲᠡᠬᠦᠯᠳᠡᠷᠵᠢᠬᠦᠯᠦᠨ᠎ᠡ᠃ ᠶᠠᠳᠠᠭᠤ ᠠᠴᠠ ᠠᠩᠭᠢᠵᠢᠷᠠᠭᠤᠯᠬᠤ | ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠠᠵᠢᠯ ᠢ ᠯᠠᠪᠳᠠᠭᠤᠨ ᠬᠢᠨ᠎ᠡ᠃ ᠶᠠᠳᠠᠭᠤ ᠠᠴᠠ ᠠᠩᠭᠢᠵᠢᠷᠠᠭᠰᠠᠨ | ᠡᠷᠦᠬᠡ ᠶᠢᠨ ᠬᠥᠮᠥᠨ ᠪᠦᠷᠢ ᠳᠤ 50 ᠲᠥᠭᠦᠷᠢᠭ ᠤᠨ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠳᠠᠭᠠᠳᠬᠠᠯ ᠢ ᠨᠢ | ᠦᠷᠭᠦᠯᠵᠢᠯᠡᠨ ᠲᠤᠰᠢᠶᠠᠨ᠎ᠠ᠃ ᠬᠠᠮᠤᠭ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠢ | ᠬᠥᠮᠥᠰ ᠤᠨ ᠨᠥᠬᠦᠪᠦᠷᠢ᠂ ᠵᠡᠮᠳᠡᠭᠴᠦᠳ ᠤᠨ ᠬᠤᠶᠠᠷ ᠲᠥᠷᠦᠯ ᠤᠨ ᠨᠥᠬᠦᠪᠦᠷᠢ᠂ ᠭᠡᠷ ᠲᠦᠷᠢᠶᠡᠰᠦᠯᠡᠬᠦ ᠨᠥᠬᠦᠪᠦᠷᠢ ᠵᠡᠷᠭᠡ | ᠠᠷᠠᠳ ᠤᠨ ᠠᠮᠢᠳᠤᠷᠠᠯ ᠤᠨ ᠳᠡᠮᠵᠢᠨ ᠲᠤᠰᠠᠯᠠᠬᠤ ᠪᠡᠯᠡ ᠮᠥᠩᠭᠦ ᠶᠢ ᠴᠠᠭ ᠲᠤᠬᠠᠢ ᠳᠤᠨᠢ ᠲᠤᠭ᠎ᠠ ᠶᠣᠰᠣᠭᠠᠷ ᠪᠠᠭᠤᠯᠭᠠᠨ᠎ᠠ᠃ | ᠣᠨᠳᠣᠣ ᠭᠠᠵᠠᠷ ᠲᠤ ᠨᠡᠭᠦᠯᠭᠡᠵᠦ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠲᠤᠰᠬᠠᠢ | ᠠᠵᠢᠯᠯᠠᠭ᠎ᠠ ᠪᠠ ᠨᠡᠭᠦᠯᠭᠡᠭᠰᠡᠨ ᠤᠯᠠᠨ ᠲᠦᠮᠡᠨ ᠳᠤ ᠲᠠᠬᠢᠨ ᠠᠵᠢᠯ ᠣᠯᠭᠤᠵᠤ ᠬᠠᠪᠰᠤᠷᠤᠨ ᠲᠡᠳᠬᠦᠬᠦ ᠠᠵᠢᠯᠯᠠᠭ᠎ᠠ ᠶᠢ | ᠭᠦᠨᠵᠡᠭᠡᠢ ᠥᠷᠨᠢᠭᠦᠯᠵᠦ᠂ ᠠᠵᠤ ᠦᠢᠯᠡᠰ ᠢᠶᠠᠷ ᠠᠵᠢᠯ ᠣᠯᠭᠤᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠣᠯᠭ᠎ᠠ ᠶᠢᠨ | ᠵᠥᠷᠢᠶ᠎ᠡ᠂ ᠬᠥᠭᠵᠢᠯᠲᠡ ᠶᠢᠨ ᠵᠥᠷᠢᠶ᠎ᠡ ᠶᠢ ᠲᠠᠰᠤᠷᠠᠯᠲᠠ ᠦᠭᠡᠢ ᠪᠠᠭᠠᠰᠬᠠᠵᠤ᠂ ᠶᠠᠳᠠᠭᠤ ᠠᠴᠠ ᠠᠩᠭᠢᠵᠢᠷᠠᠭᠰᠠᠨ ᠤᠯᠠᠨ | ᠲᠦᠮᠡᠨ ᠤ ᠬᠥᠭᠵᠢᠯᠲᠡ ᠶᠢᠨ ᠳᠣᠲᠣᠭᠠᠳᠤ ᠬᠦᠳᠡᠯᠭᠡᠭᠴᠢ ᠬᠦᠴᠦᠨ ᠢ ᠨᠢ ᠨᠡᠮᠡᠭᠳᠡᠬᠦᠯᠦᠨ᠎ᠡ᠃ | ᠳᠥᠷᠪᠡ ᠳᠤ᠂ ᠭᠠᠮᠰᠢᠭ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠶᠢ ᠴᠢᠩᠭᠠᠳᠬᠠᠨ᠎ᠠ᠃ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠡᠵᠢᠭᠡᠯ ᠡᠪᠡᠰᠦ ᠪᠣᠷᠳᠣᠭᠠᠨ ᠤ | ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠲᠡᠵᠢᠭᠡᠯ | ᠡᠪᠡᠰᠦ ᠪᠣᠷᠳᠣᠭᠠᠨ ᠤ ᠪᠠᠲᠤᠯᠠᠭ᠎ᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠬᠦᠯᠦᠨ᠎ᠡ᠃ ᠴᠠᠭ ᠠᠭᠤᠷ ᠤᠨ | ᠰᠠᠯᠠᠭ᠎ᠠ ᠮᠦᠴᠢᠷ ᠨᠢ ᠬᠡᠨᠡᠳᠳᠡ ᠡᠬᠦᠰᠬᠦ ᠴᠠᠭ ᠠᠭᠤᠷ ᠤᠨ ᠬᠢᠨᠠᠨ ᠬᠡᠮᠵᠢᠯᠲᠡ ᠶᠢ ᠴᠢᠩᠭᠠᠳᠬᠠᠵᠤ᠂ ᠡᠯ᠎ᠡ ᠲᠥᠷᠦᠯ ᠤᠨ | ᠤᠬᠠᠭᠤᠯᠭ᠎ᠠ ᠶᠢᠨ ᠵᠠᠭᠤᠴᠢᠯᠠᠭᠤᠷ ᠢᠶᠠᠷ ᠳᠠᠮᠵᠢᠭᠤᠯᠤᠨ᠂ ᠤᠷᠢᠳᠴᠢᠯᠠᠨ ᠰᠡᠷᠡᠮᠵᠢᠯᠡᠬᠦᠯᠦᠨ ᠰᠡᠷᠭᠡᠶᠢᠯᠡᠬᠦ ᠮᠡᠳᠡᠭᠳᠡᠯ | ᠨᠡᠶᠢᠲᠡᠯᠡᠨ᠎ᠡ᠃ ᠡᠬᠦᠨ ᠤ ᠬᠠᠮᠳᠤ᠂ ᠡᠯ᠎ᠡ ᠰᠣᠮᠣ ᠪᠠᠯᠭᠠᠰᠤ᠂ ᠭᠠᠴᠠᠭ᠎ᠠ ᠪᠠ ᠪᠠᠴᠢᠮ ᠪᠠᠶᠢᠳᠠᠯ ᠢ ᠠᠷᠭᠠᠴᠠᠬᠤ ᠰᠠᠯᠠᠭ᠎ᠠ | ᠮᠦᠴᠢᠷ ᠲᠠᠢ ᠬᠤᠯᠪᠤᠭᠠᠯᠠᠨ᠂ ᠴᠠᠭ ᠠᠭᠤᠷ ᠤᠨ ᠭᠠᠮᠰᠢᠭ ᠤᠨ ᠠᠶᠤᠯ ᠲᠦᠭᠰᠢᠬᠦᠷᠢ ᠶᠢᠨ ᠬᠠᠮᠢᠶᠠᠷᠤᠯᠲᠠ ᠵᠢᠴᠢ ᠰᠢᠨᠵᠢᠯᠡᠭᠡ | ᠮᠡᠷᠭᠡᠵᠢᠯ ᠢᠶᠠᠷ ᠭᠠᠮᠰᠢᠭ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠮᠡᠷᠭᠡᠵᠢᠯ ᠤᠨ ᠪᠤᠯᠪᠠᠰᠤᠷᠠᠯ ᠢ ᠴᠢᠩᠭᠠᠳᠬᠠᠵᠤ᠂ | ᠮᠠᠯᠴᠢᠳ ᠤᠨ ᠪᠠᠶᠢᠭᠠᠯᠢ ᠶᠢᠨ ᠭᠠᠮᠰᠢᠭ ᠢ ᠪᠦᠳᠦᠮᠵᠢᠳᠡᠢ ᠰᠡᠷᠭᠡᠶᠢᠯᠡᠨ ᠠᠷᠭᠠᠴᠠᠬᠤ ᠶᠢ ᠢᠳᠡᠪᠬᠢᠳᠡᠢ ᠬᠦᠳᠦᠯᠦᠨ | ᠵᠢᠯᠤᠭᠤᠳᠤᠨ᠎ᠠ᠃ ᠡᠪᠡᠰᠦᠨ ᠤ ᠦᠢᠯᠡᠰ ᠤᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢ ᠰᠢᠯᠢᠳᠡᠭᠵᠢᠭᠦᠯᠵᠦ᠂ 2023 ᠣᠨ ᠤ | ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠰᠠᠶᠢᠲᠤᠷ | ᠬᠡᠷᠡᠭᠯᠡᠬᠦ ᠪᠠᠷ ᠳᠠᠮᠵᠢᠨ᠂ ᠪᠠᠴᠢᠮ ᠪᠠᠶᠢᠳᠠᠯ ᠢ ᠠᠷᠭᠠᠴᠠᠬᠤ ᠪᠠ ᠬᠢᠮᠲᠠ ᠡᠪᠡᠰᠦ ᠪᠤᠷᠳᠤᠭ᠎ᠠ ᠬᠠᠩᠭᠠᠬᠤ ᠵᠡᠷᠭᠡ ᠦᠢᠯᠡᠳᠦᠯ ᠢ | ᠬᠦᠢᠴᠡᠳ ᠪᠠᠳᠠᠷᠠᠭᠤᠯᠤᠨ᠎ᠠ᠃ ᠭᠠᠩ ᠢ ᠡᠰᠡᠷᠭᠦᠴᠡᠬᠦ ᠪᠡᠯᠡᠳᠬᠡᠯ ᠤᠰᠤᠨ ᠤ ᠰᠤᠷᠪᠤᠯᠵᠢ ᠵᠡᠷᠭᠡ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ | ᠠᠵᠢᠯ ᠢ ᠢᠳᠡᠪᠬᠢᠲᠡᠢ ᠲᠦᠯᠬᠢᠨ ᠠᠬᠢᠭᠤᠯᠵᠤ᠂ ᠦᠢᠯᠡᠳᠦᠯ ᠴᠢᠳᠠᠪᠬᠢ ᠪᠠᠨ ᠦᠨᠡᠨ ᠬᠦ ᠪᠠᠳᠠᠷᠠᠭᠤᠯᠤᠨ᠎ᠠ᠃ 1︱2 ᠠᠮᠢᠳᠤ | ᠮᠠᠯ ᠤᠨ ᠰᠣᠯᠢᠯᠴᠠᠭᠠᠨ ᠤ ᠵᠠᠬ᠎ᠠ ᠳᠡᠯᠭᠡᠭᠦᠷ ᠢ ᠪᠠᠶᠢᠭᠤᠯᠵᠤ᠂ ᠮᠠᠯᠴᠢᠳ ᠤᠨ ᠮᠠᠯ ᠤᠨ ᠭᠠᠷᠭᠠᠯᠲᠠ ᠳᠤ ᠲᠥᠬᠦᠮ ᠦᠵᠡᠭᠦᠯᠦᠨ | ᠂ ᠮᠠᠯᠴᠢᠳ ᠤᠨ ᠠᠰᠢᠭ ᠲᠤᠰᠠ ᠶᠢ ᠬᠠᠮᠠᠭᠠᠯᠠᠨ᠎ᠠ᠃ ᠬᠢᠵᠢᠭ ᠭᠡᠮ᠂ ᠬᠤᠷᠣᠬᠠᠢ ᠶᠢᠨ ᠬᠥᠨᠥᠭᠡᠯ ᠢ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠬᠦ ᠲᠣᠣᠷ ᠰᠦᠯᠵᠢᠶ᠎ᠡ ᠶᠢ ᠪᠦᠷᠢᠨᠰᠢᠭᠦᠯᠵᠦ᠂ ᠥᠨᠳᠥᠷ ᠦᠷ᠎ᠡ ᠪᠦᠲᠦᠮᠵᠢᠲᠡᠢ ᠠᠮᠢ ᠠᠬᠤᠢ ᠶᠢᠨ | ᠭᠠᠮᠰᠢᠭ ᠠᠴᠠ ᠵᠠᠶᠢᠯᠠᠬᠤ ᠬᠡᠯᠪᠡᠷᠢ ᠶᠢᠨ ᠤᠳᠤᠬᠢᠴᠢᠯᠠᠭᠰᠠᠨ ᠮᠠᠯ ᠠᠵᠤ ᠠᠬᠤᠢ ᠶᠢᠨ ᠰᠠᠭᠤᠷᠢ ᠶᠢ ᠪᠠᠬᠢᠵᠢᠬᠦᠯᠦᠨ᠎ᠡ᠃ | ᠲᠠᠪᠤ ᠳᠤ᠂ ᠮᠠᠯᠴᠢᠳ ᠪᠠ ᠠᠵᠤ ᠠᠬᠤᠶᠢᠯᠠᠯ ᠤᠨ ᠡᠶ᠎ᠡ ᠵᠤᠬᠢᠴᠠᠯ ᠲᠠᠢ ᠬᠠᠷᠢᠴᠠᠭ᠎ᠠ ᠶᠢ ᠪᠠᠶᠢᠭᠤᠯᠤᠨ᠎ᠠ᠃ ᠠᠵᠤ | ᠠᠬᠤᠶᠢᠯᠠᠯ ᠤᠨ ᠬᠥᠭᠵᠢᠯᠲᠡ ᠨᠢ ᠨᠡᠶᠢᠭᠡᠮ ᠤᠨ ᠡᠯ᠎ᠡ ᠡᠳᠡᠭᠡᠳ ᠤᠨ ᠬᠢᠨ ᠪᠠ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠤᠨ ᠲᠤᠯᠭᠠᠭᠤᠷᠢᠯᠠᠯ ᠠᠴᠠ ᠰᠠᠯᠵᠤ ᠴᠢᠳᠠᠬᠤ ᠦᠭᠡᠢ᠃ ᠠᠵᠤ ᠠᠬᠤᠶᠢᠯᠠᠯ ᠤᠨ ᠦᠷᠬᠦᠯᠵᠢᠯᠡᠬᠦᠶᠢᠴᠡ ᠬᠥᠭᠵᠢᠯᠲᠡ | ᠨᠢ ᠮᠠᠯᠵᠢᠬᠤ ᠤᠷᠤᠨ ᠤ ᠬᠥᠭᠵᠢᠯᠲᠡ ᠶᠢ ᠳᠠᠶᠢᠴᠢᠯᠠᠵᠤ᠂ ᠲᠣᠬᠠᠢ ᠶᠢᠨ ᠭᠠᠵᠠᠷ ᠤᠷᠤᠨ ᠤ ᠮᠠᠯᠴᠢᠳ ᠤᠨ ᠠᠵᠢᠯ ᠣᠯᠵᠤ᠂ | ᠤᠷᠤᠯᠭ᠎ᠠ ᠪᠠᠨ ᠨᠡᠮᠡᠭᠳᠡᠬᠦᠯᠬᠦ ᠳᠤ ᠨᠠᠩ ᠣᠯᠠᠨ ᠠᠵᠠ ᠲᠣᠬᠢᠶᠠᠯ ᠬᠠᠩᠭᠠᠵᠤ᠂ ᠮᠠᠯᠴᠢᠳ ᠪᠠ ᠠᠵᠤ ᠠᠬᠤᠶᠢᠯᠠᠯ ᠤᠨ | ᠬᠤᠭᠤᠷᠤᠨᠳᠠᠬᠢ ᠠᠰᠢᠭ ᠲᠤᠰᠠ ᠨᠢ ᠬᠠᠷᠢᠯᠴᠠᠨ ᠬᠤᠯᠪᠤᠯᠳᠤᠵᠤ᠂ ᠬᠠᠷᠢᠯᠴᠠᠨ ᠠᠬᠢᠭᠤᠯᠬᠤ ᠬᠠᠷᠢᠴᠠᠭ᠎ᠠ ᠲᠠᠢ ᠶᠤᠮ᠃ ᠡᠯ᠎ᠡ | ᠰᠤᠮᠤ ᠪᠠᠯᠭᠠᠰᠤ᠂ ᠭᠠᠴᠠᠭ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠨᠢ ᠮᠠᠯᠴᠢᠳ ᠪᠠ ᠠᠵᠤ ᠠᠬᠤᠶᠢᠯᠠᠯ ᠤᠨ ᠡᠶ᠎ᠡ | ᠵᠤᠬᠢᠴᠠᠯ ᠲᠠᠢ ᠬᠠᠷᠢᠴᠠᠭ᠎ᠠ ᠶᠢ ᠦᠷᠭᠦᠯᠵᠢᠯᠡᠨ ᠰᠠᠶᠢᠲᠤᠷ ᠬᠠᠮᠠᠭᠠᠯᠠᠨ᠎ᠠ᠃ ᠶᠡᠭᠡ ᠲᠠᠯ᠎ᠠ ᠶᠢ ᠡᠷᠬᠢᠮᠯᠡᠬᠦ᠂ ᠪᠦᠬᠦ ᠲᠠᠯ᠎ᠠ ᠶᠢ | ᠬᠠᠷᠠᠭᠠᠯᠵᠠᠬᠤ ᠡᠭᠦᠳᠡᠨ ᠠᠴᠠ᠂ ᠮᠠᠯᠴᠢᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠬᠠᠮᠲᠤ᠂ | ᠠᠵᠤ ᠠᠬᠤᠶᠢᠯᠠᠯ ᠤᠨ ᠲᠦᠷᠭᠡᠨ ᠠᠰᠢᠭᠯᠠᠯᠲᠠ ᠳᠤ ᠤᠷᠤᠵᠤ ᠦᠷᠬᠦᠯᠵᠢᠯᠡᠨ ᠬᠥᠭᠵᠢᠬᠦ ᠶᠢ ᠦᠨᠨᠡᠬᠦ ᠪᠠᠲᠤᠯᠠᠨ᠎ᠠ᠃ ︽ | ᠭᠠᠴᠠᠭᠠᠨ ᠤ ᠡᠵᠡᠷᠬᠡᠭᠴᠢ ᠦᠵᠡᠯᠲᠡᠨ︾ ᠵᠡᠷᠭᠡ ᠳᠤ ᠴᠢᠩᠭ᠎ᠠ ᠴᠣᠬᠢᠯᠲᠠ ᠥᠭᠴᠦ᠂ ᠬᠤᠳᠠᠯᠳᠤᠭ᠎ᠠ ᠡᠵᠡᠩᠨᠡᠬᠦ ᠣᠷᠴᠢᠨ | ᠨᠦᠬᠦᠴᠡᠯ ᠢ ᠨᠡᠩ ᠰᠢᠯᠢᠳᠡᠭᠵᠢᠬᠦᠯᠬᠦ ᠪᠠᠷ ᠳᠠᠮᠵᠢᠨ᠂ ᠨᠡᠩ ᠤᠯᠠᠨ ᠨᠡᠶᠢᠭᠡᠮ ᠤᠨ ᠪᠡᠯᠡ ᠮᠦᠩᠬᠦ ᠶᠢ ᠲᠠᠲᠠᠵᠤ᠂ ᠮᠠᠯᠴᠢᠳ ᠤᠨ | ᠪᠠᠶᠠᠵᠢᠨ ᠴᠢᠨᠡᠭᠡᠯᠢᠭᠵᠢᠬᠦ ᠶᠢ ᠳᠠᠶᠢᠴᠢᠯᠠᠨ᠎ᠠ᠃ | ᠵᠢᠷᠭᠤᠭ᠎ᠠ ᠳᠤ᠂ ᠮᠠᠯᠴᠢᠳ ᠤᠨ ᠣᠷᠣᠯᠭ᠎ᠠ ᠶᠢᠨ ᠨᠡᠮᠡᠭᠳᠡᠯ ᠢ ᠦᠷᠬᠦᠯᠵᠢᠯᠡᠨ ᠠᠬᠢᠭᠤᠯᠤᠨ᠎ᠠ᠃ ᠡᠯ᠎ᠡ ᠰᠤᠮᠤ ᠪᠠᠯᠭᠠᠰᠤ | ᠂ ᠭᠠᠴᠠᠭ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠨᠢ ᠮᠠᠯᠴᠢᠳ ᠤᠨ ︽ᠴᠥᠬᠡᠨ ᠮᠠᠯᠵᠢᠬᠤ᠂ ᠨᠠᠷᠢᠯᠢᠭ ᠮᠠᠯᠵᠢᠬᠤ᠂ | ᠨᠡᠷᠡᠲᠦ ᠲᠡᠮᠳᠡᠭᠳᠦ ᠲᠡᠰᠢ ᠬᠦᠭᠵᠢᠬᠦ︾ ᠰᠢᠨᠵᠢᠯᠡᠬᠦ ᠤᠬᠠᠭᠠᠨᠴᠢ ᠲᠡᠵᠢᠭᠡᠨ ᠦᠷᠡᠵᠢᠬᠦᠯᠬᠦ ᠵᠠᠮ ᠢᠶᠠᠷ ᠵᠠᠮᠨᠠᠬᠤ ᠶᠢ ᠢᠳᠡᠪᠬᠢᠳᠡᠢ | ᠬᠦᠳᠦᠯᠦᠨ ᠵᠢᠯᠤᠭᠤᠳᠴᠤ᠂ ᠲᠡᠵᠢᠭᠡᠨ ᠦᠷᠡᠵᠢᠬᠦᠯᠬᠦ ᠲᠤᠭ᠎ᠠ ᠲᠣᠯᠣᠭᠠᠢ ᠶᠢ ᠲᠤᠭᠲᠠᠪᠤᠷᠢᠳᠠᠢ ᠬᠢᠵᠠᠭᠠᠷᠯᠠᠬᠤ ᠶᠢᠨ ᠬᠠᠮᠲᠤ | ᠴᠢᠨᠠᠷ ᠴᠢᠨᠰᠠᠭ᠎ᠠ ᠶᠢ ᠪᠠᠲᠤᠯᠠᠨ᠎ᠠ᠃ ᠮᠠᠯᠴᠢᠳ ᠤᠨ ᠮᠠᠯ ᠤᠨ ᠭᠠᠷᠭᠠᠯᠲᠠ ᠶᠢᠨ ᠨᠣᠷᠮ᠎ᠠ ᠪᠠᠨ ᠥᠷᠭᠡᠳᠬᠡᠨ᠂ ᠡᠷᠲᠡ ᠭᠠᠷᠭᠠᠬᠤ | ᠂ ᠬᠤᠷᠳᠤᠨ ᠭᠠᠷᠭᠠᠬᠤ᠂ ᠣᠯᠠᠨ ᠭᠠᠷᠭᠠᠬᠤ ᠶᠢ ᠢᠳᠡᠪᠬᠢᠳᠡᠢ ᠵᠣᠷᠢᠭᠵᠢᠭᠤᠯᠵᠤ᠂ ᠲᠡᠵᠢᠭᠡᠨ ᠦᠷᠡᠵᠢᠬᠦᠯᠬᠦ ᠥᠪᠡᠷ ᠤᠨ | ᠥᠷᠲᠡᠭ ᠢ ᠪᠦᠳᠦᠮᠵᠢᠳᠡᠢ ᠲᠤᠷᠤᠭᠰᠢᠯᠠᠭᠤᠯᠤᠨ᠂ ᠡᠵᠡᠩᠨᠡᠯᠲᠡ ᠶᠢᠨ ᠤᠷᠤᠯᠭ᠎ᠠ ᠪᠠᠨ ᠨᠡᠮᠡᠭᠳᠡᠬᠦᠯᠬᠦ ᠶᠢ ᠵᠣᠷᠢᠭᠵᠢᠭᠤᠯᠣᠨ᠎ᠠ᠃ | ᠲᠤᠰᠬᠠᠢ ᠬᠤᠷᠰᠢᠶᠠᠵᠢᠯ᠂ ᠬᠠᠮᠲᠤ ᠶᠢᠨ ᠠᠵᠤ ᠠᠬᠤᠢ᠂ ᠭᠡᠷ ᠪᠦᠯᠢ ᠶᠢᠨ ᠮᠠᠯᠵᠢᠯ ᠤᠨ ᠲᠠᠯᠠᠪᠠᠢ ᠶᠢᠨ ᠬᠦᠭᠵᠢᠯᠲᠡ ᠶᠢ | ᠦᠷᠬᠦᠯᠵᠢᠯᠡᠨ ᠲᠡᠳᠬᠦᠵᠦ᠂ 20 ᠭᠡᠷ ᠪᠦᠯᠢ ᠶᠢᠨ ᠮᠠᠯᠵᠢᠯ ᠤᠨ ᠲᠠᠯᠠᠪᠠᠢ᠂ 7 ᠲᠤᠰᠬᠠᠢ ᠬᠤᠷᠰᠢᠶᠠᠵᠢᠯ ᠢ ᠰᠢᠨ᠎ᠡ ᠪᠠᠷ | ᠳᠡᠭᠡᠭᠰᠢ ᠮᠡᠳᠡᠬᠦᠯᠦᠨ᠂ ᠨᠤᠲᠠᠯᠠᠨ ᠲᠤᠭᠲᠠᠭᠠᠵᠤ᠂ 2 ᠵᠢᠱᠢᠶ᠎ᠡ ᠦᠵᠡᠬᠦᠯᠬᠦ ᠡᠷᠦᠬᠡ ᠶᠢ ᠡᠬᠦᠳᠦᠨ ᠪᠠᠶᠢᠭᠤᠯᠤᠨ᠎ᠠ᠃ | ᠮᠠᠯᠴᠢᠳ ᠢ ᠬᠤᠷᠰᠢᠭᠰᠠᠨ ᠡᠵᠡᠩᠨᠡᠯᠲᠡ᠂ ᠬᠡᠪᠴᠢᠶᠡᠵᠢᠭᠰᠡᠨ ᠡᠵᠡᠩᠨᠡᠯᠲᠡ ᠳᠤ ᠢᠳᠡᠪᠬᠢᠳᠡᠢ ᠤᠷᠤᠯᠴᠠᠬᠤ ᠶᠢ ᠳᠠᠶᠢᠴᠢᠯᠠᠨ᠂ | ᠮᠠᠯᠴᠢᠳ ᠪᠠ ᠠᠵᠤ ᠠᠬᠤᠶᠢᠯᠠᠯ ᠳᠤ ᠬᠠᠷᠢᠯᠴᠠᠨ ᠠᠰᠢᠭᠲᠠᠢ ᠠᠰᠢᠭ ᠲᠤᠰᠠ ᠶᠢᠨ ᠬᠤᠯᠪᠤᠯᠳᠤᠭᠰᠠᠨ ᠲᠤᠭᠲᠠᠯᠴᠠᠭ᠎ᠠ ᠶᠢ | ᠰᠦᠪᠡᠭᠴᠢᠯᠡᠨ᠂ ᠮᠠᠯᠴᠢᠳ ᠤᠨ ᠤᠷᠤᠯᠭ᠎ᠠ ᠶᠢ ᠨᠡᠮᠡᠭᠳᠡᠬᠦᠯᠵᠦ᠂ ᠪᠠᠶᠠᠵᠢᠨ ᠴᠢᠨᠡᠭᠡᠯᠢᠭᠵᠢᠬᠦ ᠶᠢ ᠨᠢ ᠠᠬᠢᠭᠤᠯᠤᠨ᠎ᠠ᠃ | ᠨᠥᠬᠦᠳ ᠠ᠋︕ 2023 ᠣᠨ ᠤ ︽ᠮᠠᠯ ᠠᠵᠤ ᠠᠬᠤᠢ᠂ ᠮᠠᠯᠵᠢᠬᠤ ᠤᠷᠤᠨ᠂ ᠮᠠᠯᠴᠢᠳ︾ ᠤᠨ ᠠᠵᠢᠯ ᠢ | ᠰᠠᠶᠢᠲᠤᠷ ᠬᠢᠬᠦ ᠳᠤ ᠪᠢᠳᠡᠨ ᠤ ᠡᠭᠦᠷᠭᠡ ᠬᠠᠲᠠᠭᠤ᠂ ᠬᠠᠷᠢᠭᠤᠴᠠᠯᠭ᠎ᠠ ᠬᠦᠨᠳᠦ ᠪᠠᠶᠢᠨ᠎ᠠ᠃ ᠪᠢᠳᠠ ᠰᠢ ᠶᠢᠨ ᠫᠢᠩ | ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠢᠯᠡᠬᠦᠦ ᠨᠢᠭᠲᠠᠷᠠᠨ ᠪᠦᠯᠬᠦᠮᠳᠡᠵᠦ᠂ | ᠲᠥᠪ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠨᠠᠮ ᠤᠨ | ᠬᠤᠷᠢᠶ᠎ᠠ᠂ ᠵᠠᠬᠢᠷᠭ᠎ᠠ ᠶᠢᠨ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠦᠷᠢᠵᠢᠭᠤᠯᠬᠤ ᠬᠡᠷᠡᠭᠳᠡᠢ᠃ | ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠢᠲᠡᠭᠡᠯ ᠵᠣᠷᠢᠭ ᠢᠶᠠᠨ ᠬᠦᠪᠴᠢᠯᠠᠨ᠂ | ᠰᠢᠷᠭᠠᠭᠤ ᠬᠠᠲᠠᠭᠤᠵᠢᠯᠲᠠᠢ ᠠᠵᠢᠯᠯᠠᠵᠤ᠂ ︽ᠮᠠᠯ ᠠᠵᠤ ᠠᠬᠤᠢ᠂ ᠮᠠᠯᠵᠢᠬᠤ ᠤᠷᠤᠨ᠂ ᠮᠠᠯᠴᠢᠳ︾ ᠤᠨ ᠡᠯ᠎ᠡ ᠲᠥᠷᠦᠯ | ᠤᠨ ᠠᠵᠢᠯ ᠤᠨ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠵᠦ᠂ ᠬᠦᠪᠡᠭᠡᠲᠦ ᠰᠢᠷ᠎ᠠ ᠬᠤᠰᠢᠭᠤᠨ ᠤ ᠬᠥᠳᠡᠭᠡ ᠲᠣᠰᠬᠤᠨ ᠢ | ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠰᠢᠨ᠎ᠡ ᠲᠦᠷᠰᠦ ᠪᠠᠶᠢᠳᠠᠯ ᠢ ᠴᠢᠷᠮᠠᠶᠢᠨ ᠴᠤᠭᠴᠠᠯᠠᠶ᠎ᠠ᠃ | |