ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠠᠴᠠ ᠭᠠᠳᠠᠭᠤᠷ ︿ᠪᠥᠬᠦ ᠣᠷᠣᠨ ᠳᠤ | ᠨᠡᠶᠢᠳᠡᠮ ᠭᠦᠢᠴᠡᠳᠬᠡᠬᠦ﹀ ᠵᠦᠢᠯᠡᠰ ᠤᠨ ᠨᠠᠷᠢᠨ ᠬᠠᠭᠤᠳᠠᠰᠤ ︵156 ᠵᠦᠢᠯ︶︾ ︵ᠥᠪᠥᠷ ᠵᠠᠰᠠᠭ ᠠᠯᠪᠠᠨ ᠲᠠᠷᠬᠠᠭᠠᠭᠰᠠᠨ | ﹇2023﹈ 39 ᠳ᠋ᠦ᠋ᠭᠡᠷ ᠲᠣᠭᠠᠲᠤ᠂ ᠳᠣᠷᠣᠭᠰᠢ ︽ᠨᠡᠶᠢᠳᠡᠮ ᠭᠦᠢᠴᠡᠳᠬᠡᠬᠦ ᠨᠠᠷᠢᠨ ᠬᠠᠭᠤᠳᠠᠰᠤ︾ ᠭᠡᠵᠦ ᠲᠣᠪᠴᠢᠯᠠᠨ᠎ᠠ︶ ᠶᠢ | ᠳᠠᠷᠤᠮᠠᠯᠯᠠᠨ ᠲᠠᠷᠬᠠᠭᠠᠪᠠ᠃ ᠨᠡᠶᠢᠭᠡᠮ ᠨᠡᠶᠢᠲᠡ ᠶᠢᠨ ᠬᠢᠨ ᠤ ︽ᠨᠡᠶᠢᠳᠡᠮ ᠭᠦᠢᠴᠡᠳᠬᠡᠬᠦ ᠨᠠᠷᠢᠨ ᠬᠠᠭᠤᠳᠠᠰᠤ︾ ᠶᠢᠨ ᠬᠠᠮᠢᠶ᠎ᠠ | ᠪᠦᠬᠦᠢ ᠠᠭᠤᠯᠭ᠎ᠠ ᠶᠢ ᠥᠷᠭᠡᠨ ᠢᠶᠠᠷ ᠮᠡᠳᠡᠬᠦ ᠪᠠ ᠵᠥᠪ ᠣᠨᠣᠪᠴᠢᠲᠠᠶ ᠣᠶᠢᠯᠠᠭᠠᠬᠤ ᠳᠤ ᠲᠥᠬᠦᠮ ᠦᠵᠡᠭᠦᠯᠵᠦ᠂ ᠡᠯ᠎ᠡ | ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠶᠢᠨ ᠲᠤᠰᠠᠳᠠ᠂ ᠡᠳᠦᠭᠡ ᠳᠣᠣᠷᠠᠬᠢ ᠮᠡᠲᠦ | ᠲᠠᠶᠢᠯᠤᠮᠵᠢ ᠬᠢᠪᠡ᠃ | ᠨᠢᠭᠡ᠂ ᠨᠡᠶᠢᠲᠡᠯᠡᠭᠰᠡᠨ ᠠᠬᠤᠢ ᠪᠠᠶᠢᠳᠠᠯ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠬᠤ ᠶᠢᠨ ᠲᠤᠰᠠᠳᠠ᠂ 2023 ᠣᠨ ᠤ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠱᠠᠭᠠᠷᠳᠠᠯᠭ᠎ᠠ ᠶᠢ ᠦᠨᠳᠦᠰᠦᠯᠡᠵᠦ᠂ ︽ᠮᠤᠵᠢ ᠠᠯᠤᠰᠯᠠᠨ | ᠨᠡᠶᠢᠳᠡᠮ ᠭᠦᠢᠴᠡᠳᠬᠡᠬᠦ︾ ᠠᠵᠢᠯ ᠲᠠᠢ ᠤᠶᠠᠯᠳᠤᠭᠤᠯᠤᠨ᠂ ᠲᠦᠷ ᠴᠠᠭ ᠤᠨ ᠪᠡᠶ᠎ᠡ ᠶᠢᠨ ᠦᠨᠡᠮᠯᠡᠯ᠂ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠵᠡᠷᠭᠡ ᠥᠨᠳᠥᠷ | ᠳᠠᠪᠲᠠᠮᠵᠢᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠲᠣᠭᠤᠷᠢᠨ ᠳᠤ᠂ ︽ᠨᠡᠶᠢᠳᠡᠮ ᠭᠦᠢᠴᠡᠳᠬᠡᠬᠦ ᠨᠠᠷᠢᠨ | ᠬᠠᠭᠤᠳᠠᠰᠤ︾ ᠶᠢ ᠲᠣᠭᠲᠠᠭᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ | ᠪᠠᠷᠢᠮᠲᠠᠯᠠᠨ᠂ ᠠᠵᠢᠯ ᠶᠠᠪᠤᠳᠠᠯ ᠭᠦᠢᠴᠡᠳᠬᠡᠬᠦ ᠬᠠᠷᠢᠶ᠎ᠠ ᠭᠠᠵᠠᠷ ᠤᠨ ᠬᠢᠵᠠᠭᠠᠷᠯᠠᠯ ᠢ ᠡᠪᠳᠡᠵᠦ᠂ ᠠᠵᠤ ᠠᠬᠤᠶᠢᠯᠠᠯ ᠪᠠ ᠣᠯᠠᠨ | ᠲᠦᠮᠡᠨ ᠳᠤ ᠴᠢᠨᠠᠷ ᠰᠠᠶᠢᠲᠠᠢ᠂ ᠥᠨᠳᠥᠷ ᠦᠷ᠎ᠡ ᠪᠦᠲᠦᠮᠵᠢᠲᠡᠶ᠂ ᠳᠥᠭᠦᠮ ᠳᠥᠲᠡ ᠢᠯᠭᠠᠭ᠎ᠠ ᠵᠥᠷᠢᠶ᠎ᠡ ᠦᠭᠡᠢ ︽ᠪᠥᠬᠦ | ᠣᠷᠣᠨ ᠳᠤ ᠨᠡᠶᠢᠳᠡᠮ ᠭᠦᠢᠴᠡᠳᠬᠡᠬᠦ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠢ ᠬᠠᠩᠭᠠᠨ᠎ᠠ᠃ | ᠬᠤᠶᠠᠷ᠂ ᠭᠤᠣᠯ ᠠᠭᠤᠯᠭ᠎ᠠ | ︵ᠨᠢᠭᠡ︶ ᠰᠦᠯᠵᠢᠶᠡᠨ ᠠᠴᠠ ᠭᠠᠳᠠᠭᠤᠷ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ ᠵᠦᠢᠯᠡᠰ ᠢ ᠲᠥᠷᠥᠯ | ᠬᠤᠪᠢᠶᠠᠨ ᠬᠡᠷᠡᠭᠵᠢᠭᠦᠯᠬᠦ ᠶᠢ ᠠᠬᠢᠭᠤᠯᠤᠨ᠎ᠠ᠃ ᠡᠷᠦᠬᠡ ᠠᠮᠠ ᠶᠢᠨ ᠬᠠᠷᠢᠶᠠᠯᠠᠯ ᠤᠨ ᠭᠡᠷᠡᠴᠢ ᠭᠠᠷᠭᠠᠬᠤ᠂ ᠡᠷᠦᠬᠡ ᠠᠮᠠ | ᠰᠢᠯᠵᠢᠭᠦᠯᠬᠦ᠂ ᠲᠦᠷ ᠴᠠᠭ ᠤᠨ ᠪᠡᠶ᠎ᠡ ᠶᠢᠨ ᠦᠨᠡᠮᠯᠡᠯ ᠭᠦᠢᠴᠡᠳᠬᠡᠬᠦ ᠵᠡᠷᠭᠡ ᠳᠤ ᠬᠤᠯᠪᠣᠭᠳᠠᠭᠰᠠᠨ 24 ᠵᠦᠢᠯ ᠤᠨ | ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠰᠦᠯᠵᠢᠶᠡᠨ ᠠᠴᠠ ᠭᠠᠳᠠᠭᠤᠷ ︽ᠪᠥᠬᠦ ᠣᠷᠣᠨ ᠳᠤ ᠨᠡᠶᠢᠳᠡᠮ | ᠭᠦᠢᠴᠡᠳᠬᠡᠬᠦ︾ ᠵᠦᠢᠯᠡᠰ ᠢ ᠨᠡᠭᠦᠯᠭᠡᠵᠦ ᠣᠷᠣᠭᠤᠯᠬᠤ ᠭᠠᠵᠠᠷ ᠤᠨ ᠲᠣᠮᠢᠯᠠᠭᠰᠠᠨ ᠰᠠᠯᠪᠤᠷᠢ ᠳᠤ ᠭᠦᠢᠴᠡᠳᠬᠡᠨ᠎ᠡ᠃ ᠪᠤᠰᠤᠳ | 132 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠣᠶᠢᠷ᠎ᠠ ᠬᠠᠪᠢ ᠳᠤ ᠪᠠᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠥᠪ ᠤᠨ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ ᠴᠣᠩᠬᠤᠪᠴᠢ ᠶᠢ ᠰᠣᠩᠭᠤᠨ | ᠭᠦᠢᠴᠡᠳᠬᠡᠵᠦ ᠪᠣᠯᠣᠨ᠎ᠠ᠃ | ︵ᠬᠤᠶᠠᠷ︶ ᠰᠦᠯᠵᠢᠶᠡᠨ ᠠᠴᠠ ᠭᠠᠳᠠᠭᠤᠷ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ ᠴᠣᠩᠬᠤᠪᠴᠢ ᠶᠢᠨ | ᠲᠤᠯᠭᠠᠭᠤᠷᠢᠯᠠᠯ ᠶᠢ ᠴᠢᠩᠭᠠᠳᠬᠠᠨ᠎ᠠ᠃ ᠰᠢᠶᠠᠨ ᠤ ᠱᠠᠲᠤᠨ ᠠᠴᠠ ᠳᠡᠭᠡᠭᠰᠢᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠥᠪ ᠠᠴᠠ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ ᠦᠢᠯᠡᠴᠢᠯᠡᠭᠡᠨ ᠤ ᠲᠤᠰᠬᠠᠢ ᠴᠣᠩᠬᠤᠪᠴᠢ ᠲᠣᠬᠢᠷᠠᠭᠤᠯᠵᠤ᠂ | ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ ᠴᠢᠳᠠᠮᠵᠢ ᠶᠢᠨ ᠬᠡᠰᠡᠭ ᠢᠶᠠᠷ ᠳᠠᠮᠵᠢᠭᠤᠯᠤᠨ᠂ ᠮᠠᠲ᠋ᠧᠷᠢᠶᠠᠯ ᠢ ᠣᠨᠳᠣᠣ | ᠭᠠᠵᠠᠷ ᠲᠤ ᠣᠷᠣᠯᠠᠨ ᠬᠤᠷᠢᠶᠠᠵᠤ᠂ ᠰᠦᠯᠵᠢᠶᠡᠨ ᠳᠡᠭᠡᠷ᠎ᠡ ᠬᠠᠨᠳᠤᠯᠭ᠎ᠠ ᠲᠠᠢ ᠪᠠᠷ ᠰᠢᠯᠵᠢᠭᠦᠯᠬᠦ ︽ᠨᠢᠭᠡ ᠥᠷᠲᠡᠭᠡᠴᠢᠯᠡᠭᠰᠡᠨ | ᠮᠠᠶ᠋ᠢᠭ︾ ᠤᠨ ᠦᠢᠯᠡᠴᠢᠯᠡᠭᠡ ᠶᠢ ᠬᠡᠷᠡᠭᠵᠢᠭᠦᠯᠦᠨ᠎ᠡ᠃ | ︵ᠭᠤᠷᠪᠠ︶ ᠰᠦᠯᠵᠢᠶᠡᠨ ᠠᠴᠠ ᠭᠠᠳᠠᠭᠤᠷ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ ᠵᠦᠢᠯᠡᠰ ᠢ | ᠵᠣᠯᠭᠠᠭᠤᠯᠬᠤ ᠶᠢ ᠲᠦᠷᠭᠡᠳᠬᠡᠨ᠎ᠡ᠃ ᠰᠦᠯᠵᠢᠶᠡᠨ ᠠᠴᠠ ᠭᠠᠳᠠᠭᠤᠷ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ | ᠵᠦᠢᠯᠡᠰ ᠤᠨ ᠨᠡᠷᠡᠶᠢᠳᠦᠯ᠂ ᠭᠠᠷᠴᠠᠭ ᠳ᠋ᠤᠭᠠᠷᠯᠠᠯ᠂ ᠭᠤᠶᠤᠴᠢᠯᠠᠬᠤ ᠮᠠᠲ᠋ᠧᠷᠢᠶᠠᠯ᠂ ᠭᠦᠢᠴᠡᠳᠬᠡᠬᠦ ᠴᠠᠭ ᠤᠨ ᠬᠢᠵᠠᠭᠠᠷ ᠵᠡᠷᠭᠡ | ᠮᠡᠳᠡᠭᠡ ᠵᠠᠩᠭᠢ ᠶᠢᠨ ᠡᠯᠧᠮᠧᠨ᠋ᠲ ᠢ ᠨᠠᠶᠢᠷᠠᠭᠤᠯᠤᠨ ᠵᠣᠬᠢᠶᠠᠬᠤ ᠪᠠ ᠰᠢᠨᠡᠳᠬᠡᠬᠦ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ | ᠬᠢᠵᠦ᠂ ᠲᠤᠬᠠᠶᠢᠯᠠᠭᠰᠠᠨ ᠠᠵᠢᠯ ᠤᠨ ᠪᠥᠬᠦ ᠴᠤᠪᠤᠷᠠᠯ ᠤᠨ ︽ᠵᠥᠷᠢᠶ᠎ᠡ ᠦᠭᠡᠢ︾ ᠭᠦᠢᠴᠡᠳᠬᠡᠬᠦ ᠶᠢ ᠪᠠᠷᠢᠮᠵᠢᠶᠠᠵᠢᠭᠤᠯᠬᠤ ᠶᠢ | ᠪᠡᠶᠡᠯᠡᠭᠦᠯᠦᠨ᠎ᠡ᠃ | ︵ᠳᠥᠷᠪᠡ︶ ᠰᠦᠯᠵᠢᠶᠡᠨ ᠠᠴᠠ ᠭᠠᠳᠠᠭᠤᠷ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ ᠰᠢᠯᠵᠢᠭᠦᠯᠦᠨ | ᠭᠦᠢᠴᠡᠳᠬᠡᠬᠦ ᠴᠠᠭ ᠤᠨ ᠬᠢᠵᠠᠭᠠᠷ ᠢ ᠴᠢᠩᠳᠠᠯᠠᠨ᠎ᠠ᠃ ᠭᠥᠯᠢᠶᠡᠨ ᠠᠪᠬᠤ ᠭᠠᠵᠠᠷ᠂ ᠭᠦᠢᠴᠡᠳᠬᠡᠬᠦ ᠭᠠᠵᠠᠷ ᠤᠨ ︽ᠪᠥᠬᠦ | ᠣᠷᠣᠨ ᠳᠤ ᠨᠡᠶᠢᠳᠡᠮ ᠭᠦᠢᠴᠡᠳᠬᠡᠬᠦ︾ ᠴᠣᠩᠬᠤᠪᠴᠢ ᠨᠢ ᠲᠣᠰ ᠲᠣᠰ 1 ᠠᠵᠢᠯᠯᠠᠬᠤ ᠡᠳᠦᠷ ᠤᠨ ᠳᠣᠲᠣᠷ᠎ᠠ ᠭᠥᠯᠢᠶᠡᠨ | ᠠᠪᠬᠤ ᠶᠢᠨ ᠬᠠᠮᠲᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠲᠤ ᠰᠢᠯᠵᠢᠭᠦᠯᠦᠨ ᠭᠦᠢᠴᠡᠳᠬᠡᠯᠭᠡᠵᠦ᠂ ᠬᠢᠨᠠᠨ ᠵᠥᠪᠰᠢᠶᠡᠷᠡᠬᠦ | ᠰᠠᠯᠠᠭ᠎ᠠ ᠮᠥᠴᠢᠷ ᠠᠴᠠ ᠴᠠᠭ ᠲᠤᠬᠠᠢ ᠳᠤ ᠨᠢ ᠭᠦᠢᠴᠡᠳᠬᠡᠵᠦ ᠳᠠᠭᠤᠰᠬᠠᠬᠤ ᠶᠢᠨ ᠬᠠᠮᠲᠤ 1 ᠠᠵᠢᠯᠯᠠᠬᠤ ᠡᠳᠦᠷ ᠤᠨ | ᠳᠣᠲᠣᠷ᠎ᠠ ᠢᠯᠡᠭᠡᠨ᠎ᠡ᠃ ᠴᠠᠭᠠᠰᠤᠨ ᠮᠠᠲ᠋ᠧᠷᠢᠶᠠᠯ ᠢ ᠦᠯᠡᠳᠡᠭᠡᠨ ᠬᠠᠳᠠᠭᠠᠯᠠᠬᠤ ᠴᠢᠬᠤᠯᠠ ᠲᠠᠢ ᠶᠢ ᠨᠢ 2 ᠠᠵᠢᠯᠯᠠᠬᠤ | ᠡᠳᠦᠷ ᠤᠨ ᠳᠣᠲᠣᠷ᠎ᠠ ᠢᠯᠡᠭᠡᠨ᠎ᠡ᠃ | ︵ᠲᠠᠪᠤ︶ ᠰᠠᠯᠠᠭ᠎ᠠ ᠮᠥᠴᠢᠷ ᠤᠳ ᠤᠨ ᠬᠤᠭᠤᠷᠣᠨᠳᠣᠬᠢ ᠨᠡᠪᠲᠡᠷᠡᠯᠴᠡᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ | ᠪᠦᠷᠢᠨᠰᠢᠭᠦᠯᠦᠨ᠎ᠡ᠃ ᠨᠡᠶᠢᠳᠡᠮ ᠭᠦᠢᠴᠡᠳᠬᠡᠬᠦ ᠲᠣᠭᠲᠠᠴᠠ ᠶᠢ ᠪᠠᠶᠢᠭᠤᠯᠵᠤ᠂ ᠬᠠᠷᠢᠶ᠎ᠠ ᠭᠠᠵᠠᠷ ᠤᠨ ᠰᠠᠯᠠᠭ᠎ᠠ ᠮᠥᠴᠢᠷ ᠪᠠ | ᠣᠨᠳᠣᠣ ᠭᠠᠵᠠᠷ ᠤᠨ ᠰᠠᠯᠠᠭ᠎ᠠ ᠮᠥᠴᠢᠷ ᠢ ᠨᠡᠪᠲᠡᠷᠡᠯᠴᠡᠭᠦᠯᠦᠨ ᠵᠣᠯᠭᠠᠭᠤᠯᠬᠤ ᠶᠢ ᠴᠢᠩᠭᠠᠳᠬᠠᠨ᠂ ᠨᠢᠭᠲᠠ ᠮᠥᠷᠲᠡᠭᠡᠨ | ᠣᠨᠣᠴᠠᠲᠠᠢ ᠪᠠᠷ ᠵᠣᠯᠭᠠᠭᠤᠯᠬᠤ ᠶᠢ ᠪᠡᠶᠡᠯᠡᠭᠦᠯᠵᠦ᠂ ᠬᠡᠷᠡᠭ ᠶᠠᠪᠤᠳᠠᠯ ᠭᠦᠢᠴᠡᠳᠬᠡᠬᠦ ᠴᠤᠪᠤᠷᠠᠯ ᠤᠨ ᠪᠢᠲᠡᠭᠦᠦ ᠴᠠᠭᠠᠷᠢᠭ ᠢ ᠪᠣᠶ | ᠪᠣᠯᠭᠠᠨ᠎ᠠ᠃ | ︵ᠵᠢᠷᠭᠤᠭ᠎ᠠ︶ ᠰᠦᠯᠵᠢᠶᠡᠨ ᠠᠴᠠ ᠭᠠᠳᠠᠭᠤᠷ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ ᠶᠢᠨ ᠰᠢᠯᠭᠠᠨ ᠬᠢᠨᠠᠵᠤ | ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠨ᠎ᠠ᠃ ᠰᠦᠯᠵᠢᠶᠡᠨ ᠠᠴᠠ ᠭᠠᠳᠠᠭᠤᠷ ︽ᠪᠥᠬᠦ ᠣᠷᠣᠨ ᠳᠤ ᠨᠡᠶᠢᠳᠡᠮ | ᠭᠦᠢᠴᠡᠳᠬᠡᠬᠦ︾ ᠶᠢ ᠬᠠᠷᠠᠯᠲᠠᠲᠤ ᠰᠢᠯᠭᠠᠨ ᠬᠢᠨᠠᠯᠲᠠ ᠪᠠ ᠲᠤᠰᠬᠠᠢ ᠰᠢᠮᠳᠠᠭᠤᠯᠤᠨ ᠪᠠᠶᠢᠴᠠᠭᠠᠯᠲᠠ ᠶᠢᠨ ᠠᠭᠤᠯᠭ᠎ᠠ ᠳᠤ | ᠣᠷᠣᠭᠤᠯᠬᠤ ᠶᠢ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ | ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠪᠥᠬᠦ ᠲᠠᠯ᠎ᠠ ᠪᠠᠷ ᠠᠬᠢᠭᠤᠯᠤᠨ᠎ᠠ᠃ | ᠭᠤᠷᠪᠠ᠂ ᠣᠨᠴᠠᠯᠢᠭ ᠪᠠ ᠭᠢᠯᠠᠰ ᠴᠡᠭ | ︽ᠨᠡᠶᠢᠳᠡᠮ ᠭᠦᠢᠴᠡᠳᠬᠡᠬᠦ ᠨᠠᠷᠢᠨ ᠬᠠᠭᠤᠳᠠᠰᠤ︾ ᠨᠢ ᠠᠵᠤ ᠠᠬᠤᠶᠢᠯᠠᠯ ᠪᠣᠯᠣᠨ ᠣᠯᠠᠨ ᠲᠦᠮᠡᠨ ᠤ ᠬᠠᠮᠤᠭ ᠠᠴᠠ | ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠳᠤ | ᠠᠩᠬᠠᠷᠤᠯ ᠢᠶᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠳᠠᠪᠬᠤᠷᠭ᠎ᠠ ᠠᠴᠠ ᠪᠠᠷᠢᠮᠵᠢᠶ᠎ᠠ ᠶᠢ ᠵᠢᠷᠤᠮᠵᠢᠭᠤᠯᠤᠨ᠂ | ᠲᠤᠯᠭᠠᠭᠤᠷᠢᠯᠠᠯ ᠢ ᠳᠡᠭᠡᠭᠰᠢᠯᠡᠭᠦᠯᠵᠦ᠂ ᠪᠥᠬᠦ ᠣᠷᠣᠨ ᠤ ᠪᠠᠷᠢᠮᠵᠢᠶ᠎ᠠ ᠶᠢ ᠨᠢᠭᠡᠳᠦᠭᠦᠯᠬᠦ᠂ ᠣᠨᠳᠣᠣ ᠭᠠᠵᠠᠷ ᠲᠤ ᠭᠥᠯᠢᠶᠡᠨ | ᠠᠪᠴᠤ ᠰᠢᠢᠳᠪᠦᠷᠢᠯᠡᠬᠦ᠂ ᠰᠦᠯᠵᠢᠶᠡᠨ ᠳᠡᠭᠡᠷ᠎ᠡ ᠬᠠᠨᠳᠤᠯᠭ᠎ᠠ ᠲᠠᠢ ᠪᠠᠷ ᠰᠢᠯᠵᠢᠭᠦᠯᠬᠦ᠂ ᠰᠠᠯᠠᠭ᠎ᠠ ᠮᠥᠴᠢᠷ ᠤᠳ ᠬᠤᠯᠪᠤᠭᠠᠯᠠᠨ | ᠬᠥᠳᠡᠯᠦᠯᠴᠡᠬᠦ ᠠᠷᠭ᠎ᠠ ᠮᠠᠶ᠋ᠢᠭ ᠢ ᠬᠡᠷᠡᠭᠯᠡᠨ ᠪᠢᠲᠡᠭᠦᠦ ᠴᠠᠭᠠᠷᠢᠭ ᠢᠶᠠᠷ ᠭᠦᠢᠴᠡᠳᠬᠡᠬᠦ ᠵᠠᠭᠪᠤᠷ ᠢ ᠪᠣᠶ ᠪᠣᠯᠭᠠᠭᠰᠠᠨ ᠨᠢ ᠣᠨᠳᠣᠣ | ᠭᠠᠵᠠᠷ ᠲᠤ ᠠᠵᠢᠯ ᠶᠠᠪᠤᠳᠠᠯ ᠭᠦᠢᠴᠡᠳᠬᠡᠬᠦ ᠳᠤ ︽ᠣᠯᠠᠨ ᠭᠠᠵᠠᠷ ᠲᠤ ᠣᠴᠢᠬᠤ︾ ︽ᠨᠠᠭᠠᠰᠢ ᠴᠠᠭᠠᠰᠢ ᠭᠦᠶᠦᠬᠦ︾ | ᠠᠰᠠᠭᠤᠳᠠᠯ ᠢ ᠰᠢᠢᠳᠪᠦᠷᠢᠯᠡᠨ᠂ ᠣᠯᠠᠨ ᠲᠦᠮᠡᠨ ᠤ ᠣᠨᠳᠣᠣ ᠭᠠᠵᠠᠷ ᠲᠤ ᠠᠵᠢᠯᠯᠠᠵᠤ ᠠᠮᠢᠳᠤᠷᠠᠬᠤ ᠳᠤ ᠲᠥᠬᠦᠮ | ᠦᠵᠡᠭᠦᠯᠦᠭᠰᠡᠨ ᠢᠶᠠᠷ ᠪᠠᠷᠠᠬᠤ ᠦᠭᠡᠢ ᠵᠠᠮ ᠬᠠᠷᠢᠯᠴᠠᠭᠠᠨ ᠤ ᠵᠠᠷᠤᠳᠠᠯ ᠪᠠ ᠴᠠᠭ ᠬᠤᠭᠤᠴᠠᠭᠠᠨ ᠤ ᠥᠪᠡᠷ ᠤᠨ ᠥᠷᠲᠡᠭ ᠢ | ᠠᠷᠪᠢᠯᠠᠪᠠ᠃ |