ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠤᠯᠢ ᠶᠣᠰᠣᠭᠠᠷ ᠪᠠᠲᠤᠯᠠᠵᠤ᠂ | ᠬᠡᠭᠡᠷ᠎ᠡ ᠶᠢᠨ ᠠᠮᠢᠲᠠᠨ ᠤ ᠬᠠᠮᠠᠭᠠᠯᠠᠯᠲᠠ ᠪᠠ ᠠᠷᠠᠳ ᠣᠯᠠᠨ ᠤ ᠬᠡᠪ ᠤᠨ ᠦᠢᠯᠡᠳᠪᠦᠷᠢᠯᠡᠯ ᠠᠮᠢᠳᠤᠷᠠᠯ ᠤᠨ ᠵᠥᠷᠢᠴᠡᠯ ᠢ | ᠦᠨᠡᠨ ᠬᠦ ᠨᠠᠮᠳᠠᠭᠤᠯᠵᠤ᠂ ᠬᠠᠭᠤᠷᠠᠢ ᠳᠡᠭᠡᠷᠡᠬᠢ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠣᠯᠠᠨ ᠲᠦᠮᠡᠨ ᠤ ᠢᠳᠡᠪᠬᠢᠵᠢᠯ ᠢ | ᠴᠢᠩᠭᠠᠷᠠᠭᠤᠯᠬᠤ ᠪᠤᠰᠤᠳᠴᠢ ᠬᠡᠷᠡᠭᠴᠡᠭᠡ ᠠᠴᠠ ᠡᠭᠦᠰᠴᠦ᠂ ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠠᠭᠤᠷᠠᠢ ᠳᠡᠭᠡᠷᠡᠬᠢ ᠬᠡᠭᠡᠷ᠎ᠡ ᠶᠢᠨ ᠠᠮᠢᠲᠠᠨ ᠤ ᠤᠴᠠᠷᠠᠭᠤᠯᠤᠭᠰᠠᠨ ᠬᠥᠨᠥᠭᠡᠯ ᠳᠤ ᠨᠥᠬᠦᠪᠦᠷᠢ ᠣᠯᠭᠤᠬᠤ ᠬᠠᠮᠢᠶᠠᠷᠤᠯᠲᠠ ᠶᠢᠨ | ᠠᠷᠭ᠎ᠠ︾ ︵ᠥᠪᠥᠷ ᠵᠠᠰᠠᠭ ᠠᠯᠪᠠᠨ ᠲᠠᠷᠬᠠᠭᠠᠭᠰᠠᠨ ﹇2023﹈ 8 ᠳ᠋ᠤᠭᠠᠷ ᠲᠣᠭᠠᠲᠤ᠂ ᠳᠣᠷᠣᠭᠰᠢ ︽ᠠᠷᠭ᠎ᠠ︾ ᠭᠡᠵᠦ | ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠵᠤ᠂ ᠨᠡᠶᠢᠭᠡᠮ ᠨᠡᠶᠢᠲᠡ ᠪᠠᠷ ᠢᠶᠠᠨ ︽ᠠᠷᠭ᠎ᠠ︾ ᠶᠢᠨ ᠬᠠᠮᠢᠶ᠎ᠠ ᠪᠦᠬᠦᠢ ᠠᠭᠤᠯᠭ᠎ᠠ ᠶᠢ | ᠥᠷᠭᠡᠨ ᠢᠶᠠᠷ ᠣᠶᠢᠯᠠᠭᠠᠬᠤ ᠪᠠ ᠵᠥᠪ ᠣᠶᠢᠯᠠᠭᠠᠬᠤ ᠳᠤ ᠲᠥᠬᠦᠮ ᠦᠵᠡᠭᠦᠯᠵᠦ᠂ ᠡᠯ᠎ᠡ ᠵᠦᠢᠯ ᠤᠨ ᠠᠵᠢᠯ ᠤᠨ | ᠨᠠᠶᠢᠳᠠᠪᠤᠷᠢᠵᠢᠭᠤᠯᠤᠯᠲᠠ ᠶᠢ ᠦᠨᠡᠨ ᠬᠦ ᠰᠠᠶᠢᠲᠤᠷ ᠠᠳᠬᠤᠬᠤ ᠶᠢᠨ ᠲᠤᠰᠠᠳᠠ᠂ ᠡᠳᠦᠭᠡ ᠳᠣᠣᠷᠠᠬᠢ ᠮᠡᠲᠦ ᠲᠠᠶᠢᠯᠤᠮᠵᠢ ᠬᠢᠪᠡ᠃ | | ᠨᠢᠭᠡ᠂ ᠨᠠᠶᠢᠷᠠᠭᠤᠯᠤᠨ ᠵᠣᠬᠢᠶᠠᠭᠰᠠᠨ ᠠᠬᠤᠢ ᠪᠠᠶᠢᠳᠠᠯ | ᠣᠶᠢᠷ᠎ᠠ ᠶᠢᠨ ᠵᠢᠯ ᠤᠳ ᠲᠤ᠂ ᠪᠠᠶᠢᠭᠠᠯᠢ ᠶᠢᠨ ᠣᠶ ᠰᠢᠭᠤᠢ ᠶᠢ ᠬᠠᠮᠠᠭᠠᠯᠠᠬᠤ᠂ ᠬᠡᠭᠡᠷ᠎ᠡ ᠶᠢᠨ ᠠᠮᠢᠲᠠᠨ ᠤᠷᠭᠤᠮᠠᠯ ᠢ | ᠬᠠᠮᠠᠭᠠᠯᠠᠬᠤ ᠵᠡᠷᠭᠡ ᠴᠢᠬᠤᠯᠠ ᠶᠡᠭᠡ ᠢᠨᠵᠧᠨᠧᠷᠢᠩ ᠢ ᠶᠡᠭᠡ ᠪᠠᠷ ᠬᠡᠷᠡᠭᠵᠢᠭᠦᠯᠬᠦ ᠶᠢ ᠳᠠᠭᠠᠯᠳᠤᠨ᠂ ᠪᠥᠬᠦ ᠣᠷᠣᠨ ᠤ ᠠᠮᠢ | ᠠᠬᠤᠢ ᠶᠢᠨ ᠣᠷᠴᠢᠨ ᠲᠣᠭᠤᠷᠢᠨ ᠢᠯᠡᠳᠲᠡ ᠰᠠᠶᠢᠵᠢᠷᠠᠵᠤ᠂ ᠬᠡᠭᠡᠷ᠎ᠡ ᠶᠢᠨ ᠠᠮᠢᠲᠠᠨ ᠤ ᠳᠦᠷᠰᠦ ᠶᠢᠨ ᠰᠦᠷᠦᠭ ᠪᠠ ᠲᠤᠭ᠎ᠠ | ᠬᠡᠮᠵᠢᠶ᠎ᠡ ᠲᠠᠰᠤᠷᠠᠯᠲᠠ ᠦᠭᠡᠢ ᠨᠡᠮᠡᠭᠳᠡᠪᠡ᠃ ᠡᠭᠦᠨ ᠤ ᠳᠠᠭᠠᠤ ᠳᠤ ᠬᠡᠭᠡᠷ᠎ᠡ ᠶᠢᠨ ᠠᠮᠢᠲᠠᠨ ᠤ ᠠᠵᠢᠯᠯᠠᠭᠠᠨ ᠤ ᠬᠡᠪᠴᠢᠶ᠎ᠡ ᠪᠠ | ᠢᠳᠡᠰᠢᠯᠡᠬᠦ ᠬᠡᠷᠡᠭᠴᠡᠭᠡ ᠲᠠᠰᠤᠷᠠᠯᠲᠠ ᠦᠭᠡᠢ ᠨᠡᠮᠡᠭᠳᠡᠵᠦ᠂ ᠬᠡᠭᠡᠷ᠎ᠡ ᠶᠢᠨ ᠠᠮᠢᠲᠠᠨ ᠤ ᠲᠠᠷᠢᠶ᠎ᠠ ᠲᠥᠮᠥᠰᠥ ᠶᠢ ᠬᠤᠬᠢᠷᠠᠭᠤᠯᠬᠤ᠂ | ᠣᠶ ᠮᠣᠳᠣ ᠶᠢ ᠡᠪᠳᠡᠬᠦ ᠵᠡᠷᠭᠡ ᠬᠡᠷᠡᠭ ᠪᠠᠶᠢᠨ ᠳᠠᠬᠢᠨ ᠡᠭᠦᠰᠴᠦ᠂ ᠴᠢᠨᠠᠭᠰᠢᠯᠠᠪᠠᠯ ᠠᠷᠠᠳ ᠣᠯᠠᠨ ᠤ ᠪᠡᠶ᠎ᠡ ᠶᠢᠨ ᠠᠮᠤᠷ | ᠲᠦᠪᠰᠢᠨ ᠢ ᠰᠦᠷᠳᠡᠭᠦᠯᠵᠦ ᠪᠠᠶᠢᠨ᠎ᠠ᠃ | 2020 ᠣᠨ ᠳᠤ᠂ ︽ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ ᠠᠷᠠᠯᠵᠢᠶᠠᠯᠠᠬᠤ ᠶᠢ ᠪᠦᠬᠦ ᠲᠠᠯ᠎ᠠ ᠪᠠᠷ | ᠴᠠᠭᠠᠵᠠᠯᠠᠵᠤ᠂ ᠬᠡᠭᠡᠷ᠎ᠡ ᠶᠢᠨ ᠠᠮᠢᠲᠠᠨ ᠢ ᠳᠤᠷ᠎ᠠ ᠪᠠᠷ ᠢᠶᠠᠨ ᠢᠳᠡᠬᠦ ᠪᠣᠯᠬᠢ ᠳᠠᠳᠬᠠᠯ ᠢ ᠠᠷᠢᠯᠭᠠᠵᠤ᠂ ᠠᠷᠠᠳ ᠤᠯᠠᠨ ᠤ ᠠᠮᠢ | ᠨᠠᠰᠤ ᠡᠷᠡᠭᠦᠯ ᠮᠡᠨᠳᠤ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠲᠤᠬᠠᠢ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠲᠠᠭᠠᠯ︾ ︵ᠳᠣᠷᠣᠭᠰᠢ ︽ᠲᠣᠭᠲᠠᠭᠠᠯ︾ ᠭᠡᠵᠦ | ᠲᠣᠪᠴᠢᠯᠠᠨ᠎ᠠ︶ ᠢ ᠨᠡᠶᠢᠲᠡᠯᠡᠪᠡ᠃ ᠥᠪᠡᠷᠲᠡᠭᠡᠨ ᠵᠠᠰᠠᠬᠤ ᠣᠷᠣᠨ ︽ᠲᠣᠭᠲᠠᠭᠠᠯ︾ ᠢ ᠡᠷᠡᠰ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠬᠡᠭᠡᠷ᠎ᠡ ᠶᠢᠨ ᠠᠮᠢᠲᠠᠨ ᠢ ᠬᠥᠮᠥᠨ ᠤ ᠬᠦᠴᠦ ᠪᠠᠷ ᠲᠡᠵᠢᠭᠡᠨ ᠦᠷᠡᠵᠢᠭᠦᠯᠬᠦ ᠠᠵᠤ ᠦᠢᠯᠡᠰ ᠤᠨ | ᠤᠬᠤᠷᠢᠨ ᠭᠠᠷᠴᠤ ᠰᠢᠯᠵᠢᠭᠦᠯᠦᠨ ᠥᠭᠬᠦ ᠪᠠ ᠲᠡᠵᠢᠭᠡᠵᠦ ᠪᠠᠶᠢᠭ᠎ᠠ ᠠᠮᠢᠲᠠᠨ ᠢ ᠰᠢᠢᠳᠪᠦᠷᠢᠯᠡᠬᠦ ᠠᠵᠢᠯ ᠢ ᠪᠦᠬᠦ ᠲᠠᠯ᠎ᠠ ᠪᠠᠷ | ᠪᠡᠶᠡᠯᠡᠭᠦᠯᠵᠦ᠂ ᠪᠥᠬᠦ ᠣᠷᠣᠨ ᠤ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠪᠠ ᠠᠰᠢᠭᠯᠠᠬᠤ ᠠᠵᠢᠯᠯᠠᠭ᠎ᠠ ᠶᠢ ᠵᠢᠷᠤᠮᠵᠢᠭᠤᠯᠵᠤ᠂ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ︾ ᠶᠢᠨ ᠬᠠᠤᠯᠢ ᠪᠠᠷ | ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠪᠠ᠂ ᠡᠨᠡ ᠨᠢ ᠥᠪᠡᠷᠲᠡᠭᠡᠨ ᠵᠠᠰᠠᠬᠤ | ᠣᠷᠣᠨ ᠤ ᠬᠡᠭᠡᠷ᠎ᠡ ᠶᠢᠨ ᠠᠮᠢᠲᠠᠨ ᠤ ᠡᠬᠢ ᠪᠠᠶᠠᠯᠢᠭ ᠢ ᠬᠠᠮᠠᠭᠠᠯᠠᠨ ᠬᠠᠮᠢᠶᠠᠷᠬᠤ ᠳᠦᠷᠢᠮ ᠢ ᠪᠦᠷᠢᠨᠰᠢᠭᠦᠯᠦᠨ | ᠲᠡᠭᠦᠯᠳᠡᠷᠵᠢᠭᠦᠯᠵᠦ᠂ ᠬᠡᠭᠡᠷ᠎ᠡ ᠶᠢᠨ ᠠᠮᠢᠲᠠᠨ ᠢ ᠬᠠᠮᠠᠭᠠᠯᠠᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠬᠦ ᠳᠤ ᠠᠰᠢᠭᠲᠠᠢ ᠶᠤᠮ᠃ | ᠬᠤᠶᠠᠷ᠂ ᠨᠠᠶᠢᠷᠠᠭᠤᠯᠤᠨ ᠵᠣᠬᠢᠶᠠᠭᠰᠠᠨ ᠦᠨᠳᠦᠰᠦᠯᠡᠯ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ︾ ᠶᠢᠨ | ᠠᠷᠪᠠ ᠶᠢᠰᠦᠳᠦᠭᠡᠷ ᠵᠦᠢᠯ ᠤᠨ ᠨᠢᠭᠡᠳᠦᠭᠡᠷ ᠪᠠᠳᠠᠭ ᠤᠨ ᠲᠣᠭᠲᠠᠭᠠᠯ ᠢ ᠦᠨᠳᠦᠰᠦᠯᠡᠪᠡᠯ᠄ ︽ᠤᠯᠤᠰ ᠤᠨ ᠭᠤᠣᠯᠳᠠᠯᠭ᠎ᠠ ᠲᠠᠢ | ᠬᠠᠮᠠᠭᠠᠯᠠᠵᠤ ᠪᠠᠶᠢᠭ᠎ᠠ ᠬᠡᠭᠡᠷ᠎ᠡ ᠶᠢᠨ ᠠᠮᠢᠲᠠᠨ ᠪᠠ ᠠᠮᠢ ᠠᠬᠤᠢ ᠶᠢᠨ᠂ ᠰᠢᠨᠵᠢᠯᠡᠬᠦ ᠤᠬᠠᠭᠠᠨ ᠤ᠂ ᠨᠡᠶᠢᠭᠡᠮ ᠤᠨ ᠴᠢᠬᠤᠯᠠ | ᠦᠨ᠎ᠡ ᠦᠷᠲᠡᠭ ᠪᠦᠬᠦᠢ ᠬᠠᠭᠤᠷᠠᠢ ᠳᠡᠭᠡᠷᠡᠬᠢ ᠬᠡᠭᠡᠷ᠎ᠡ ᠶᠢᠨ ᠠᠮᠢᠲᠠᠨ ᠢ ᠬᠠᠮᠠᠭᠠᠯᠠᠭᠰᠠᠨ ᠠᠴᠠ ᠪᠣᠯᠵᠤ ᠬᠥᠮᠥᠨ ᠦᠬᠦᠵᠦ | ᠰᠢᠷᠬᠠᠲᠤᠬᠤ᠂ ᠲᠠᠷᠢᠮᠠᠯ ᠪᠤᠶᠤ ᠪᠤᠰᠤᠳ ᠡᠳ᠋ ᠬᠥᠷᠥᠩᠭᠡ ᠳᠤ ᠬᠤᠬᠢᠷᠠᠯ ᠤᠴᠠᠷᠠᠭᠤᠯᠤᠭᠰᠠᠨ ᠪᠣᠯ᠂ ᠲᠤᠬᠠᠢ ᠶᠢᠨ ᠭᠠᠵᠠᠷ ᠤᠨ | ᠠᠷᠠᠳ ᠤᠨ ᠵᠠᠰᠠᠭ ᠤᠨ ᠣᠷᠳᠣᠨ ᠠᠴᠠ ᠨᠥᠬᠦᠪᠦᠷᠢ ᠣᠯᠭᠤᠨ᠎ᠠ᠃ ᠪᠣᠳᠠᠲᠠᠢ ᠠᠷᠭ᠎ᠠ ᠶᠢ ᠮᠤᠵᠢ᠂ ᠥᠪᠡᠷᠲᠡᠭᠡᠨ ᠵᠠᠰᠠᠬᠤ | ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠨ᠎ᠠ︾ ᠭᠡᠵᠦ ᠲᠣᠭᠲᠠᠭᠠᠵᠠᠢ᠃ | ᠡᠨᠡ ᠬᠦ ᠲᠣᠭᠲᠠᠭᠠᠯ ᠨᠢ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ︽ᠠᠷᠭ᠎ᠠ︾ ᠶᠢᠨ ᠬᠠᠤᠯᠢ ᠴᠠᠭᠠᠵᠠ ᠶᠢᠨ | ᠦᠨᠳᠦᠰᠦᠯᠡᠯ ᠪᠣᠯᠬᠤ ᠪᠠᠷ ᠪᠠᠷᠠᠬᠤ ᠦᠭᠡᠢ᠂ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠣᠯᠣᠨ᠎ᠠ᠃ | ᠭᠤᠷᠪᠠ᠂ ︽ᠠᠷᠭ᠎ᠠ︾ ᠶᠢᠨ ᠭᠤᠣᠯ ᠠᠭᠤᠯᠭ᠎ᠠ | ︽ᠠᠷᠭ᠎ᠠ︾ ᠳᠤ ᠨᠡᠶᠢᠲᠡ 17 ᠵᠦᠢᠯ ᠪᠠᠶᠢᠵᠤ᠂ ᠭᠤᠣᠯᠳᠠᠭᠤ ᠳᠣᠣᠷᠠᠬᠢ ᠠᠭᠤᠯᠭ᠎ᠠ ᠨᠤᠭᠤᠳ ᠢ ᠪᠠᠭᠲᠠᠭᠠᠨ᠎ᠠ᠄ | ᠨᠢᠭᠡ ᠳᠤ᠂ ᠨᠥᠬᠦᠪᠦᠷᠢ ᠣᠯᠭᠤᠬᠤ ᠭᠤᠣᠯ ᠴᠣᠭᠴᠠ ᠶᠢ ᠲᠣᠳᠣᠷᠬᠠᠶᠢᠯᠠᠪᠠ᠃ ︽ᠠᠷᠭ᠎ᠠ︾ ᠳᠤ᠂ ᠬᠤᠰᠢᠭᠤ ᠰᠢᠶᠠᠨ | ︵ᠬᠤᠲᠠ᠂ ᠲᠣᠭᠤᠷᠢᠭ︶ ᠤ ᠣᠶ ᠰᠢᠭᠤᠢ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠬᠡᠭᠡᠷ᠎ᠡ ᠶᠢᠨ ᠠᠮᠢᠲᠠᠨ ᠤ ᠤᠴᠠᠷᠠᠭᠤᠯᠤᠭᠰᠠᠨ ᠬᠥᠮᠥᠨ ᠤ | ᠦᠬᠦᠯ ᠰᠢᠷᠬᠠᠲᠤᠯ ᠪᠠ ᠡᠳ᠋ ᠬᠥᠷᠥᠩᠭᠡ ᠶᠢᠨ ᠬᠤᠬᠢᠷᠠᠯ ᠰᠦᠢᠳᠦᠯ ᠢ ᠬᠢᠨᠠᠨ ᠬᠠᠷᠭᠤᠭᠤᠯᠬᠤ᠂ ᠮᠠᠭᠠᠳᠯᠠᠨ ᠲᠣᠭᠲᠠᠭᠠᠬᠤ᠂ | ᠨᠥᠬᠦᠪᠦᠷᠢ ᠣᠯᠭᠤᠬᠤ ᠠᠵᠢᠯ ᠢ ᠬᠠᠷᠢᠭᠤᠴᠠᠨ᠎ᠠ᠃ ᠰᠢᠶᠠᠩ ︵ᠪᠠᠯᠭᠠᠰᠤ᠂ ᠰᠤᠮᠤ︶ ᠤᠨ ᠠᠷᠠᠳ ᠤᠨ ᠵᠠᠰᠠᠭ ᠤᠨ ᠣᠷᠳᠣᠨ᠂ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠬᠡᠭᠡᠷ᠎ᠡ ᠶᠢᠨ ᠠᠮᠢᠲᠠᠨ ᠤ ᠤᠴᠠᠷᠠᠭᠤᠯᠤᠭᠰᠠᠨ ᠬᠤᠬᠢᠷᠠᠯ ᠤᠨ | ᠪᠠᠶᠢᠳᠠᠯ ᠢ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠭᠠᠴᠠᠭᠠᠨ ᠤ ︵ ᠰᠠᠭᠤᠭᠠᠯᠢ︶ ᠠᠷᠠᠳ ᠤᠨ ᠵᠥᠪᠯᠡᠯ ᠠᠴᠠ ᠬᠠᠮᠵᠢᠯᠴᠠᠨ | ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠢ᠃ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠣᠭᠤᠷᠢᠭ︶ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ᠂ ᠬᠥᠭᠵᠢᠭᠦᠯᠦᠯᠲᠡ ᠪᠠ ᠥᠭᠡᠷᠡᠴᠢᠯᠡᠯᠲᠡ᠂ | ᠠᠷᠠᠳ ᠤᠨ ᠶᠠᠪᠤᠳᠠᠯ᠂ ᠳᠣᠲᠣᠭᠠᠳᠤ ᠶᠢ ᠬᠠᠮᠠᠭᠠᠯᠠᠬᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ | ᠲᠠᠷᠢᠶᠠᠯᠠᠩ᠂ ᠡᠷᠡᠭᠦᠯ ᠬᠠᠮᠠᠭᠠᠯᠠᠯ ᠡᠷᠡᠭᠦᠯ ᠮᠡᠨᠳᠤ ᠵᠡᠷᠭᠡ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ | ᠰᠠᠯᠠᠭ᠎ᠠ ᠮᠥᠴᠢᠷ ᠤᠳ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ᠂ ᠬᠡᠭᠡᠷ᠎ᠡ ᠶᠢᠨ ᠠᠮᠢᠲᠠᠨ ᠤ | ᠤᠴᠠᠷᠠᠭᠤᠯᠤᠭᠰᠠᠨ ᠬᠤᠬᠢᠷᠠᠯ ᠢ ᠪᠠᠶᠢᠴᠠᠭᠠᠬᠤ᠂ ᠨᠤᠲᠠᠯᠠᠬᠤ ᠵᠡᠷᠭᠡ ᠨᠥᠬᠦᠪᠦᠷᠢ ᠣᠯᠭᠤᠬᠤ ᠬᠠᠮᠢᠶ᠎ᠠ ᠪᠦᠬᠦᠢ ᠠᠵᠢᠯ ᠢ | ᠬᠠᠮᠵᠢᠯᠴᠠᠨ ᠰᠠᠶᠢᠲᠤᠷ ᠬᠢᠬᠦ ᠬᠡᠷᠡᠭᠲᠡᠢ ᠭᠡᠵᠦ ᠲᠣᠭᠲᠠᠭᠠᠵᠠᠢ᠃ | ᠬᠤᠶᠠᠷ ᠲᠤ᠂ ᠨᠥᠬᠦᠪᠦᠷᠢ ᠣᠯᠭᠤᠬᠤ ᠬᠡᠪᠴᠢᠶ᠎ᠡ ᠶᠢ ᠲᠣᠳᠣᠷᠬᠠᠶᠢᠯᠠᠪᠠ᠃ ᠠᠷᠠᠳ ᠢᠷᠭᠡᠳ ᠤᠨ ᠪᠡᠶ᠎ᠡ ᠮᠠᠬᠠᠪᠤᠳ ᠢ | ᠭᠡᠮᠲᠦᠭᠡᠭᠰᠡᠨ ᠪᠤᠶᠤ ᠠᠷᠠᠳ ᠢᠷᠭᠡᠳ ᠢ ᠦᠬᠦᠭᠦᠯᠦᠭᠰᠡᠨ︔ ᠬᠠᠰᠢᠶᠠᠯᠠᠨ ᠲᠡᠵᠢᠭᠡᠭᠰᠡᠨ ᠪᠤᠶᠤ ᠬᠠᠤᠯᠢ ᠶᠣᠰᠣᠭᠠᠷ ᠵᠠᠭᠠᠭᠯᠠᠨ | ᠲᠣᠭᠲᠠᠭᠠᠭᠰᠠᠨ ᠣᠷᠣᠨ ᠬᠡᠪᠴᠢᠶᠡᠨ ᠳᠣᠲᠣᠷ᠎ᠠ ᠪᠡᠯᠴᠢᠭᠡᠷᠯᠡᠭᠦᠯᠵᠦ ᠪᠠᠶᠢᠭᠰᠠᠨ ᠮᠠᠯ ᠵᠢᠭᠦᠷᠲᠡᠨ ᠢ ᠰᠢᠷᠬᠠᠲᠤᠭᠤᠯᠤᠭᠰᠠᠨ ᠪᠤᠶᠤ | ᠦᠬᠦᠭᠦᠯᠦᠭᠰᠡᠨ︔ ᠬᠠᠤᠯᠢ ᠶᠣᠰᠣᠭᠠᠷ ᠵᠠᠭᠠᠭᠯᠠᠨ ᠲᠣᠭᠲᠠᠭᠠᠭᠰᠠᠨ ᠣᠷᠣᠨ ᠬᠡᠪᠴᠢᠶᠡᠨ ᠳᠣᠲᠣᠷ᠎ᠠ ᠳᠠᠷᠢᠭᠰᠠᠨ ᠲᠠᠷᠢᠮᠠᠯ᠂ | ᠠᠵᠤ ᠠᠬᠤᠢ ᠶᠢᠨ ᠤᠢ ᠮᠣᠳᠣ ᠵᠡᠷᠭᠡ ᠳᠤ ᠰᠢᠭᠤᠳ ᠬᠤᠬᠢᠷᠠᠯ ᠤᠴᠠᠷᠠᠭᠤᠯᠤᠭᠰᠠᠨ︔ ᠤᠯᠠᠨ ᠲᠦᠮᠡᠨ ᠤ ᠡᠳᠦᠷ | ᠲᠤᠳᠤᠮ ᠤᠨ ᠰᠠᠭᠤᠵᠤ ᠪᠠᠶᠢᠭ᠎ᠠ ᠭᠡᠷ ᠪᠠᠶᠢᠰᠢᠩ᠂ ᠭᠡᠷ ᠤᠨ ᠬᠡᠷᠡᠭᠰᠡᠯ᠂ ᠮᠠᠯ ᠤᠨ ᠬᠠᠰᠢᠶ᠎ᠠ ᠵᠡᠷᠭᠡ ᠦᠢᠯᠡᠳᠪᠦᠷᠢᠯᠡᠯ | ᠠᠮᠢᠳᠤᠷᠠᠯ ᠤᠨ ᠪᠡᠯᠡᠳᠬᠡᠮᠵᠢ ᠳᠤ ᠬᠤᠬᠢᠷᠠᠯ ᠤᠴᠠᠷᠠᠭᠤᠯᠤᠭᠰᠠᠨ︔ ᠬᠤᠰᠢᠭᠤ ᠰᠢᠶᠠᠨ ︵ᠬᠤᠲᠠ᠂ ᠲᠣᠭᠤᠷᠢᠭ︶ ᠤ ᠣᠶ ᠰᠢᠭᠤᠢ | ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠤᠯᠢ ᠶᠣᠰᠣᠭᠠᠷ ᠨᠤᠲᠠᠯᠠᠨ | ᠲᠣᠭᠲᠠᠭᠠᠭᠰᠠᠨ ᠪᠤᠰᠤᠳ ᠪᠠᠶᠢᠳᠠᠯ᠃ | ᠭᠤᠷᠪᠠ ᠳᠤ᠂ ᠨᠥᠬᠦᠪᠦᠷᠢ ᠣᠯᠭᠤᠬᠤ ᠪᠠᠷᠢᠮᠵᠢᠶ᠎ᠠ ᠶᠢ ᠲᠣᠳᠣᠷᠬᠠᠶᠢᠯᠠᠪᠠ᠃ ᠬᠥᠮᠥᠨ ᠢ ᠰᠢᠷᠬᠠᠲᠤᠭᠤᠯᠤᠭᠰᠠᠨ ᠪᠣᠯᠪᠠᠴᠤ | ᠬᠥᠳᠡᠯᠮᠦᠷᠢᠯᠡᠬᠦ ᠴᠢᠳᠠᠪᠤᠷᠢ ᠶᠢ ᠨᠢ ᠠᠯᠳᠠᠭᠤᠯᠤᠭᠰᠠᠨ ᠦᠭᠡᠢ ᠪᠣᠯ᠂ ᠡᠮᠴᠢᠯᠡᠭᠡᠨ ᠤ ᠵᠠᠷᠤᠳᠠᠯ ᠵᠢᠴᠢ ᠠᠵᠢᠯ | ᠰᠠᠭᠠᠲᠠᠭᠰᠠᠨ ᠠᠴᠠ ᠪᠣᠯᠵᠤ ᠬᠠᠰᠤᠭᠳᠠᠭᠰᠠᠨ ᠣᠷᠣᠯᠭ᠎ᠠ ᠶᠢ ᠨᠢ ᠲᠥᠯᠥᠵᠦ᠂ ᠨᠥᠬᠦᠪᠦᠷᠢ ᠮᠥᠩᠭᠦ ᠶᠢᠨ ᠬᠠᠮᠤᠭ ᠤᠨ ᠥᠨᠳᠥᠷ | ᠲᠤᠭ᠎ᠠ ᠶᠢ ᠳᠡᠭᠡᠷ᠎ᠡ ᠵᠢᠯ ᠤᠨ ᠥᠪᠡᠷᠲᠡᠭᠡᠨ ᠵᠠᠰᠠᠬᠤ ᠣᠷᠣᠨ ᠤ ᠪᠥᠬᠦ ᠰᠠᠭᠤᠭᠠᠯᠢ ᠠᠷᠠᠳ ᠤᠨ ᠵᠢᠯ ᠤᠨ ᠬᠥᠮᠥᠨ ᠳᠤᠮᠳᠠᠴᠢ | ᠡᠵᠡᠮᠳᠡᠵᠦ ᠪᠣᠯᠬᠤᠶᠢᠴᠠ ᠣᠷᠣᠯᠭ᠎ᠠ ᠶᠢᠨ 3 ᠳᠠᠬᠢᠨ ᠠᠴᠠ ᠳᠠᠪᠠᠭᠤᠯᠬᠤ ᠦᠭᠡᠢ︔ ᠬᠥᠮᠥᠨ ᠤ ᠬᠥᠳᠡᠯᠮᠦᠷᠢᠯᠡᠬᠦ ᠴᠢᠳᠠᠪᠤᠷᠢ ᠶᠢ | ᠬᠡᠰᠡᠭ ᠲᠠᠯ᠎ᠠ ᠪᠠᠷ ᠠᠯᠳᠠᠭᠤᠯᠤᠭᠰᠠᠨ ᠪᠣᠯ᠂ ᠡᠮᠴᠢᠯᠡᠭᠡᠨ ᠤ ᠵᠠᠷᠤᠳᠠᠯ ᠵᠢᠴᠢ ᠨᠢᠭᠡ ᠯᠡ ᠤᠳᠠᠭ᠎ᠠ ᠶᠢᠨ ᠴᠢᠨᠠᠷᠲᠠᠢ ᠨᠥᠬᠦᠪᠦᠷᠢ | ᠮᠥᠩᠭᠦ ᠥᠭᠴᠦ᠂ ᠨᠥᠬᠦᠪᠦᠷᠢ ᠮᠥᠩᠭᠦ ᠶᠢᠨ ᠬᠠᠮᠤᠭ ᠤᠨ ᠥᠨᠳᠥᠷ ᠲᠤᠭ᠎ᠠ ᠶᠢ ᠳᠡᠭᠡᠷ᠎ᠡ ᠵᠢᠯ ᠤᠨ ᠥᠪᠡᠷᠲᠡᠭᠡᠨ ᠵᠠᠰᠠᠬᠤ | ᠣᠷᠣᠨ ᠤ ᠪᠥᠬᠦ ᠰᠠᠭᠤᠭᠠᠯᠢ ᠠᠷᠠᠳ ᠤᠨ ᠵᠢᠯ ᠤᠨ ᠬᠥᠮᠥᠨ ᠳᠤᠮᠳᠠᠴᠢ ᠡᠵᠡᠮᠳᠡᠵᠦ ᠪᠣᠯᠬᠤᠶᠢᠴᠠ ᠣᠷᠣᠯᠭ᠎ᠠ ᠶᠢᠨ 5 ᠠᠴᠠ | 10 ᠳᠠᠬᠢᠨ ᠢᠶᠠᠷ ᠪᠤᠳᠤᠨ᠎ᠠ︔ ᠬᠥᠮᠥᠨ ᠤ ᠬᠥᠳᠡᠯᠮᠦᠷᠢᠯᠡᠬᠦ ᠴᠢᠳᠠᠪᠤᠷᠢ ᠶᠢ ᠪᠦᠬᠦᠨ ᠢ ᠠᠯᠳᠠᠭᠤᠯᠤᠭᠰᠠᠨ ᠪᠣᠯ᠂ ᠡᠮᠴᠢᠯᠡᠭᠡᠨ ᠤ | ᠵᠠᠷᠤᠳᠠᠯ ᠵᠢᠴᠢ ᠨᠢᠭᠡ ᠯᠡ ᠤᠳᠠᠭ᠎ᠠ ᠶᠢᠨ ᠴᠢᠨᠠᠷᠲᠠᠢ ᠨᠥᠬᠦᠪᠦᠷᠢ ᠮᠥᠩᠭᠦ ᠥᠭᠴᠦ᠂ ᠨᠥᠬᠦᠪᠦᠷᠢ ᠮᠥᠩᠭᠦ ᠶᠢᠨ ᠬᠠᠮᠤᠭ ᠤᠨ | ᠥᠨᠳᠥᠷ ᠲᠤᠭ᠎ᠠ ᠶᠢ ᠳᠡᠭᠡᠷ᠎ᠡ ᠵᠢᠯ ᠤᠨ ᠥᠪᠡᠷᠲᠡᠭᠡᠨ ᠵᠠᠰᠠᠬᠤ ᠣᠷᠣᠨ ᠤ ᠪᠥᠬᠦ ᠰᠠᠭᠤᠭᠠᠯᠢ ᠠᠷᠠᠳ ᠤᠨ ᠬᠥᠮᠥᠨ ᠳᠤᠮᠳᠠᠴᠢ | ᠡᠵᠡᠮᠳᠡᠵᠦ ᠪᠣᠯᠬᠤᠶᠢᠴᠠ ᠣᠷᠣᠯᠭ᠎ᠠ ᠶᠢᠨ 10 ᠠᠴᠠ 15 ᠳᠠᠬᠢᠨ ᠢᠶᠠᠷ ᠪᠣᠳᠣᠨ᠎ᠠ︔ ᠬᠥᠮᠥᠨ ᠢ ᠦᠬᠦᠭᠦᠯᠦᠭᠰᠡᠨ ᠪᠣᠯ᠂ | ᠡᠮᠴᠢᠯᠡᠭᠡᠨ ᠤ ᠵᠠᠷᠤᠳᠠᠯ ᠵᠢᠴᠢ ᠨᠥᠬᠦᠪᠦᠷᠢ ᠮᠥᠩᠭᠦ᠂ ᠣᠷᠣᠰᠢᠭᠤᠯᠭ᠎ᠠ ᠶᠢᠨ ᠵᠠᠷᠤᠳᠠᠯ ᠢ ᠨᠢ ᠥᠭᠴᠦ᠂ ᠶᠡᠷᠦᠩᠬᠡᠢ ᠲᠤᠭ᠎ᠠ ᠶᠢ | ᠳᠡᠭᠡᠷ᠎ᠡ ᠵᠢᠯ ᠤᠨ ᠥᠪᠡᠷᠲᠡᠭᠡᠨ ᠵᠠᠰᠠᠬᠤ ᠣᠷᠣᠨ ᠤ ᠪᠥᠬᠦ ᠰᠠᠭᠤᠭᠠᠯᠢ ᠠᠷᠠᠳ ᠤᠨ ᠵᠢᠯ ᠤᠨ ᠬᠥᠮᠥᠨ ᠳᠤᠮᠳᠠᠴᠢ ᠡᠵᠡᠮᠳᠡᠵᠦ | ᠪᠣᠯᠬᠤᠶᠢᠴᠠ ᠣᠷᠣᠯᠭ᠎ᠠ ᠶᠢᠨ 15 ᠳᠠᠬᠢᠨ ᠢᠶᠠᠷ ᠪᠤᠳᠤᠨ᠎ᠠ᠃ ᠲᠠᠷᠢᠮᠠᠯ᠂ ᠠᠵᠤ ᠠᠬᠤᠢ ᠶᠢᠨ ᠤᠢ ᠮᠣᠳᠣᠨ ᠳᠤ ᠬᠤᠬᠢᠷᠠᠯ | ᠤᠴᠠᠷᠠᠭᠤᠯᠤᠭᠰᠠᠨ ᠪᠣᠯ᠂ ᠬᠤᠬᠢᠷᠠᠯ ᠤᠨ ᠬᠡᠰᠡᠭ ᠢ ᠳᠡᠭᠡᠷ᠎ᠡ ᠵᠢᠯ ᠤᠨ ᠲᠤᠬᠠᠢ ᠶᠢᠨ ᠭᠠᠵᠠᠷ ᠤᠨ ᠳᠤᠰ ᠳᠦᠷᠦᠯ ᠤᠨ ᠲᠠᠷᠢᠮᠠᠯ᠂ | ᠠᠵᠤ ᠠᠬᠤᠢ ᠶᠢᠨ ᠤᠢ ᠮᠣᠳᠣᠨ ᠤ ᠵᠠᠬ᠎ᠠ ᠳᠡᠯᠭᠡᠭᠦᠷ ᠤᠨ ᠳᠤᠮᠳᠠᠴᠢ ᠦᠨ᠎ᠡ ᠪᠠᠷ ᠪᠤᠳᠤᠵᠤ᠂ ᠪᠦᠬᠦ ᠬᠤᠬᠢᠷᠠᠯ ᠤᠨ | 60% ᠪᠠᠷ ᠨᠥᠬᠦᠪᠦᠷᠢᠯᠡᠨ᠎ᠡ︔ ᠭᠡᠷ ᠤᠨ ᠵᠢᠭᠦᠷᠲᠡᠨ ᠭᠡᠷ ᠤᠨ ᠲᠡᠵᠢᠭᠡᠪᠦᠷᠢ ᠶᠢ ᠰᠢᠷᠬᠠᠲᠤᠭᠤᠯᠤᠭᠰᠠᠨ ᠪᠣᠯ᠂ ᠲᠣᠰ | ᠲᠥᠷᠥᠯ ᠤᠨ ᠭᠡᠷ ᠤᠨ ᠵᠢᠭᠦᠷᠲᠡᠨ ᠭᠡᠷ ᠤᠨ ᠲᠡᠵᠢᠭᠡᠪᠦᠷᠢ ᠶᠢᠨ ᠲᠤᠬᠠᠢ ᠶᠢᠨ ᠦᠶ᠎ᠡ ᠶᠢᠨ ᠵᠠᠬ᠎ᠠ ᠳᠡᠯᠭᠡᠭᠦᠷ ᠤᠨ ᠳᠤᠮᠳᠠᠴᠢ | ᠦᠨ᠎ᠡ ᠶᠢᠨ 30% ᠪᠠᠷ ᠨᠥᠬᠦᠪᠦᠷᠢᠯᠡᠨ᠎ᠡ︔ ᠭᠡᠷ ᠤᠨ ᠵᠢᠭᠦᠷᠲᠡᠨ ᠭᠡᠷ ᠤᠨ ᠲᠡᠵᠢᠭᠡᠪᠦᠷᠢ ᠶᠢ ᠦᠬᠦᠭᠦᠯᠦᠭᠰᠡᠨ ᠪᠣᠯ᠂ ᠲᠣᠰ | ᠲᠥᠷᠥᠯ ᠤᠨ ᠭᠡᠷ ᠤᠨ ᠵᠢᠭᠦᠷᠲᠡᠨ ᠭᠡᠷ ᠤᠨ ᠲᠡᠵᠢᠭᠡᠪᠦᠷᠢ ᠶᠢᠨ ᠲᠤᠬᠠᠢ ᠶᠢᠨ ᠦᠶ᠎ᠡ ᠶᠢᠨ ᠵᠠᠬ᠎ᠠ ᠳᠡᠯᠭᠡᠭᠦᠷ ᠤᠨ ᠳᠤᠮᠳᠠᠴᠢ | ᠦᠨ᠎ᠡ ᠶᠢᠨ 60% ᠪᠠᠷ ᠨᠥᠬᠦᠪᠦᠷᠢᠯᠡᠨ᠎ᠡ᠃ | ᠳᠥᠷᠪᠡ ᠳᠤ᠂ ᠨᠥᠬᠦᠪᠦᠷᠢ ᠣᠯᠭᠤᠬᠤ ᠴᠤᠪᠤᠷᠠᠯ ᠢ ᠲᠣᠳᠣᠷᠬᠠᠶᠢᠯᠠᠪᠠ᠃ ᠬᠤᠬᠢᠷᠠᠯ ᠠᠮᠰᠠᠭᠴᠢ ᠪᠤᠶᠤ ᠬᠢᠨᠠᠨ | ᠬᠠᠮᠠᠭᠠᠯᠠᠭᠴᠢ᠂ ᠨᠠᠶᠢᠳᠠᠯᠭ᠎ᠠ ᠬᠦᠯᠢᠶᠡᠭᠴᠢ ᠨᠢ ᠬᠤᠬᠢᠷᠠᠯ ᠡᠭᠦᠰᠦᠭᠰᠡᠨ ᠭᠠᠵᠠᠷ ᠤᠨ ᠰᠤᠮᠤ ᠰᠢᠶᠠᠩ ᠪᠠᠯᠭᠠᠰᠤ ᠶᠢᠨ ᠠᠷᠠᠳ ᠤᠨ | ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠳᠤ ᠴᠠᠭ ᠲᠤᠬᠠᠢ ᠳᠤ ᠨᠢ ᠮᠡᠳᠡᠭᠦᠯᠬᠦ ᠶᠢᠨ ᠬᠠᠮᠲᠤ᠂ | ᠲᠤᠬᠠᠢ ᠶᠢᠨ ᠲᠠᠯᠠᠪᠤᠷ ᠢ ᠬᠠᠮᠠᠭᠠᠯᠠᠵᠤ ᠬᠢᠨᠠᠨ ᠪᠠᠶᠢᠴᠠᠭᠠᠬᠤ ᠳᠤ ᠪᠡᠯᠡᠳᠬᠡᠬᠦ ᠬᠡᠷᠡᠭᠲᠡᠢ᠃ ᠬᠥᠮᠥᠨ ᠢ ᠦᠬᠦᠭᠦᠯᠵᠦ | ᠰᠢᠷᠬᠠᠲᠤᠭᠤᠯᠤᠭᠰᠠᠨ ᠳᠤ ᠨᠥᠬᠦᠪᠦᠷᠢ ᠠᠪᠬᠤ ᠪᠠᠷ ᠭᠤᠶᠤᠴᠢᠯᠠᠭᠰᠠᠨ ᠪᠣᠯ᠂ ᠲᠦᠷᠭᠡᠨ ᠠᠪᠤᠷᠠᠯᠲᠠ ᠳᠠᠭᠤᠰᠤᠭᠰᠠᠨ ᠤ | ᠳᠠᠷᠠᠭᠠᠬᠢ 60 ᠡᠳᠦᠷ ᠤᠨ ᠳᠣᠲᠣᠷ᠎ᠠ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠳᠤ ᠳᠡᠪᠰᠢᠭᠦᠯᠬᠦ ᠬᠡᠷᠡᠭᠲᠡᠢ︔ ᠡᠳ᠋ ᠬᠥᠷᠥᠩᠭᠡ ᠶᠢᠨ ᠬᠤᠬᠢᠷᠠᠯ ᠢᠶᠠᠨ | ᠲᠥᠯᠥᠭᠦᠯᠬᠦ ᠪᠠᠷ ᠭᠤᠶᠤᠴᠢᠯᠠᠭᠰᠠᠨ ᠪᠣᠯ᠂ ᠡᠳ᠋ ᠬᠥᠷᠥᠩᠭᠡ ᠶᠢᠨ ᠬᠤᠬᠢᠷᠠᠯ ᠡᠭᠦᠰᠦᠭᠰᠡᠨ ᠢ ᠮᠡᠳᠡᠭᠰᠡᠨ ᠪᠤᠶᠤ ᠮᠡᠳᠡᠬᠦ | ᠶᠣᠰᠣᠲᠠᠢ ᠡᠳᠦᠷ ᠠᠴᠠ ᠡᠬᠢᠯᠡᠨ 15 ᠡᠳᠦᠷ ᠤᠨ ᠳᠣᠲᠣᠷ᠎ᠠ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ | ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠳᠤ ᠳᠡᠪᠰᠢᠭᠦᠯᠬᠦ ᠬᠡᠷᠡᠭᠲᠡᠢ᠃ | ᠳᠥᠷᠪᠡ᠂ ᠲᠤᠭᠤᠰᠢᠯᠠᠭᠤᠯᠬᠤ ᠠᠷᠭ᠎ᠠ ᠬᠡᠮᠵᠢᠶ᠎ᠡ | ︽ᠠᠷᠭ᠎ᠠ︾ ᠶᠢ ᠨᠡᠶᠢᠲᠡᠯᠡᠨ ᠬᠡᠷᠡᠭᠵᠢᠭᠦᠯᠦᠭᠰᠡᠨ ᠨᠢ ︽ᠬᠥᠮᠥᠨ ᠢᠶᠠᠷ ᠦᠨᠳᠦᠰᠦ ᠪᠣᠯᠭᠠᠬᠤ᠂ ᠠᠮᠢ ᠠᠬᠤᠢ ᠶᠢ | ᠲᠡᠷᠢᠭᠦᠨ ᠳᠤ ᠲᠠᠯᠪᠢᠬᠤ᠂ ᠬᠠᠤᠯᠢ ᠶᠣᠰᠣᠭᠠᠷ ᠬᠠᠮᠠᠭᠠᠯᠠᠬᠤ︾ ᠬᠠᠭᠤᠷᠠᠢ ᠳᠡᠭᠡᠷᠡᠬᠢ ᠬᠡᠭᠡᠷ᠎ᠡ ᠶᠢᠨ ᠠᠮᠢᠲᠠᠨ ᠢ ᠵᠠᠰᠠᠬᠤ | ᠣᠨᠣᠯᠵᠢᠬᠤᠨ ᠢ ᠢᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠪᠣᠯᠪᠠᠰᠤᠨ ᠤ ᠳᠦᠷᠢᠮ ᠤᠨ | ᠲᠣᠭᠲᠠᠯᠴᠠᠭ᠎ᠠ ᠶᠢ ᠪᠦᠷᠢᠨᠰᠢᠭᠦᠯᠬᠦ᠂ ᠣᠯᠠᠨ ᠲᠦᠮᠡᠨ ᠤ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠢᠳᠡᠪᠬᠢᠵᠢᠯ᠂ ᠰᠠᠨᠠᠭᠠᠴᠢᠯᠠᠭᠠᠲᠤ | ᠴᠢᠨᠠᠷ ᠢ ᠴᠢᠩᠭᠠᠷᠠᠭᠤᠯᠬᠤ᠂ ᠠᠷᠠᠳ ᠣᠯᠠᠨ ᠤ ᠪᠡᠶ᠎ᠡ ᠮᠠᠬᠠᠪᠤᠳ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠬᠠᠤᠯᠢ | ᠶᠣᠰᠣᠭᠠᠷ ᠪᠠᠲᠤᠯᠠᠬᠤ ᠵᠡᠷᠭᠡ ᠲᠠᠯ᠎ᠠ ᠪᠠᠷ ᠴᠥᠮ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠲᠠᠷᠠᠭᠠᠴᠢ ᠶᠢᠨ | ᠠᠯᠬᠤᠮ ᠳᠤ᠂ ᠳᠣᠣᠷᠠᠬᠢ ᠬᠡᠳᠦᠨ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠨ᠎ᠠ᠃ | ᠨᠢᠭᠡ ᠳᠤ᠂ ᠤᠬᠠᠭᠤᠯᠬᠤ ᠡᠷᠴᠢᠮ ᠢᠶᠠᠨ ᠴᠢᠩᠭᠠᠷᠠᠭᠤᠯᠤᠨ᠎ᠠ᠃ ᠣᠯᠠᠨ ᠵᠦᠢᠯ ᠤᠨ ᠵᠠᠭᠤᠴᠢᠯᠠᠭᠤᠷ ᠢ ᠠᠰᠢᠭᠯᠠᠨ | ︽ᠠᠷᠭ᠎ᠠ︾ ᠶᠢᠨ ᠲᠤᠬᠠᠢ ᠤᠬᠠᠭᠤᠯᠬᠤ᠂ ᠲᠠᠶᠢᠯᠤᠮᠵᠢ ᠬᠢᠬᠦ ᠶᠢ ᠴᠢᠩᠭᠠᠳᠬᠠᠵᠤ᠂ ᠢᠯᠠᠩᠭᠤᠶ᠎ᠠ ᠬᠠᠭᠤᠷᠠᠢ ᠳᠡᠭᠡᠷᠡᠬᠢ ᠬᠡᠭᠡᠷ᠎ᠡ ᠶᠢᠨ | ᠠᠮᠢᠲᠠᠨ ᠤ ᠬᠥᠨᠥᠭᠡᠯ ᠤᠴᠠᠷᠠᠭᠤᠯᠬᠤ ᠠᠶᠤᠯ ᠲᠦᠭᠰᠢᠭᠦᠷᠢ ᠣᠷᠣᠰᠢᠵᠤ ᠪᠠᠶᠢᠭ᠎ᠠ ᠭᠤᠣᠯᠳᠠᠯᠭ᠎ᠠ ᠲᠠᠢ ᠣᠷᠣᠨ ᠬᠡᠪᠴᠢᠶᠡᠨ | ᠳᠣᠲᠣᠷᠠᠬᠢ ᠠᠷᠠᠳ ᠣᠯᠠᠨ ᠳᠤ ︽ᠠᠷᠭ᠎ᠠ︾ ᠶᠢᠨ ᠠᠭᠤᠯᠭ᠎ᠠ ᠶᠢ ᠠᠯᠢ ᠲᠦᠷᠭᠡᠨ ᠢᠶᠠᠷ ᠣᠶᠢᠯᠠᠭᠠᠭᠤᠯᠵᠤ᠂ ᠬᠥᠨᠥᠭᠡᠯ | ᠤᠴᠠᠷᠠᠭᠤᠯᠤᠭᠰᠠᠨ ᠳᠤ ᠨᠥᠬᠦᠪᠦᠷᠢ ᠣᠯᠭᠤᠬᠤ ᠴᠤᠪᠤᠷᠠᠯ ᠢ ᠣᠶᠢᠯᠠᠭᠠᠭᠤᠯᠵᠤ᠂ ᠲᠣᠰ ᠪᠡᠶ᠎ᠡ ᠶᠢᠨ ᠡᠷᠬᠡ ᠠᠰᠢᠭ ᠢ ᠨᠢ ᠨᠠᠩ | ᠰᠠᠶᠢᠲᠤᠷ ᠬᠠᠮᠠᠭᠠᠯᠠᠭᠤᠯᠤᠨ᠎ᠠ᠃ | ᠬᠤᠶᠠᠷ ᠲᠤ᠂ ᠴᠤᠪᠤᠷᠠᠯ ᠢ ᠨᠠᠷᠢᠯᠢᠭᠵᠢᠭᠤᠯᠤᠨ ᠵᠢᠷᠤᠮᠵᠢᠭᠤᠯᠤᠨ᠎ᠠ᠃ ︽ᠠᠷᠭ᠎ᠠ︾ ᠶᠢᠨ ᠲᠣᠭᠲᠠᠭᠠᠯ ᠶᠣᠰᠣᠭᠠᠷ᠂ | ᠦᠢᠯᠡᠴᠢᠯᠡᠭᠡᠨ ᠤ ᠴᠤᠪᠤᠷᠠᠯ ᠢ ᠰᠢᠯᠢᠳᠡᠭᠵᠢᠭᠦᠯᠵᠦ᠂ ᠠᠷᠠᠳ ᠲᠤ ᠲᠥᠬᠦᠮ ᠦᠵᠡᠭᠦᠯᠵᠦ ᠠᠰᠢᠭ ᠬᠦᠷᠲᠡᠭᠡᠬᠦ ᠠᠷᠭ᠎ᠠ | ᠬᠡᠮᠵᠢᠶ᠎ᠡ ᠶᠢ ᠲᠣᠭᠲᠠᠭᠠᠨ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠣᠯᠠᠨ ᠲᠦᠮᠡᠨ ᠤ ᠠᠰᠢᠭ ᠲᠤᠰᠠ ᠶᠢ | ᠬᠠᠮᠠᠭᠠᠯᠠᠨ᠎ᠠ᠃ | ᠭᠤᠷᠪᠠ ᠳᠤ᠂ ᠠᠷᠭ᠎ᠠ ᠬᠡᠮᠵᠢᠶ᠎ᠡ ᠶᠢ ᠢᠵᠢ ᠪᠦᠷᠢᠳᠦᠭᠦᠯᠦᠨ ᠨᠠᠶᠢᠳᠠᠪᠤᠷᠢᠵᠢᠭᠤᠯᠤᠨ᠎ᠠ᠃ ᠡᠯ᠎ᠡ ᠱᠠᠲᠤᠨ ᠤ ᠵᠠᠰᠠᠭ ᠤᠨ | ᠣᠷᠳᠣᠨ ᠠᠴᠠ ᠳᠠᠭᠠᠳᠬᠠᠯ ᠤᠨ ᠪᠠᠶᠢᠭᠤᠯᠤᠮᠵᠢ ᠯᠤᠭ᠎ᠠ ᠨᠡᠪᠲᠡᠷᠡᠯᠴᠡᠵᠦ ᠵᠣᠯᠭᠠᠭᠤᠯᠬᠤ ᠶᠢ ᠰᠠᠨᠠᠭᠠᠴᠢᠯᠠᠭ᠎ᠠ ᠠᠴᠠ ᠪᠠᠨ | ᠴᠢᠩᠭᠠᠳᠬᠠᠵᠤ᠂ ᠳᠠᠭᠠᠳᠬᠠᠯ ᠤᠨ ᠪᠠᠶᠢᠭᠤᠯᠤᠮᠵᠢ ᠶᠢᠨ ᠬᠠᠭᠤᠷᠠᠢ ᠳᠡᠭᠡᠷᠡᠬᠢ ᠬᠡᠭᠡᠷ᠎ᠡ ᠶᠢᠨ ᠠᠮᠢᠲᠠᠨ ᠤ ᠬᠥᠮᠥᠨ ᠤ ᠪᠡᠶ᠎ᠡ ᠡᠳ᠋ | ᠬᠥᠷᠥᠩᠭᠡ ᠳᠤ ᠬᠤᠬᠢᠷᠠᠯ ᠤᠴᠠᠷᠠᠭᠤᠯᠤᠭᠰᠠᠨ ᠳᠤ ᠲᠥᠯᠥᠪᠦᠷᠢ ᠥᠭᠬᠦ ᠲᠥᠷᠥ ᠶᠢᠨ ᠪᠣᠳᠣᠯᠭ᠎ᠠ ᠶᠢᠨ ᠴᠢᠨᠠᠷᠲᠠᠢ | ᠳᠠᠭᠠᠳᠬᠠᠯ ᠤᠨ ᠲᠤᠬᠠᠶᠢᠯᠠᠭᠰᠠᠨ ᠠᠵᠢᠯ ᠥᠷᠨᠢᠭᠦᠯᠬᠦ ᠶᠢ ᠠᠬᠢᠭᠤᠯᠵᠤ᠂ ᠬᠠᠭᠤᠷᠠᠢ ᠳᠡᠭᠡᠷᠡᠬᠢ ᠬᠡᠭᠡᠷ᠎ᠡ ᠶᠢᠨ ᠠᠮᠢᠲᠠᠨ ᠤ | ᠤᠴᠠᠷᠠᠭᠤᠯᠤᠭᠰᠠᠨ ᠬᠤᠬᠢᠷᠠᠯ ᠤᠨ ᠪᠠᠲᠤᠯᠠᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠬᠤᠬᠢᠷᠠᠯ ᠳᠤ ᠤᠴᠠᠷᠠᠭᠰᠠᠨ ᠨᠢᠭᠡᠴᠢ | ᠵᠢᠴᠢ ᠣᠯᠠᠨ ᠲᠦᠮᠡᠨ ᠤ ᠬᠤᠬᠢᠷᠠᠯ ᠢ ᠤᠯᠠᠮ ᠨᠢᠭᠡ ᠠᠯᠬᠤᠮ ᠪᠠᠭᠠᠰᠬᠠᠨ᠎ᠠ᠃ ᠭᠤᠣᠯᠳᠠᠯᠭ᠎ᠠ ᠲᠠᠢ ᠬᠠᠮᠠᠭᠠᠯᠠᠬᠤ ᠬᠠᠭᠤᠷᠠᠢ | ᠳᠡᠭᠡᠷᠡᠬᠢ ᠬᠡᠭᠡᠷ᠎ᠡ ᠶᠢᠨ ᠠᠮᠢᠲᠠᠨ ᠢ ᠬᠠᠮᠠᠭᠠᠯᠠᠭᠰᠠᠨ ᠠᠴᠠ ᠪᠣᠯᠵᠤ ᠬᠤᠬᠢᠷᠠᠯ ᠠᠮᠰᠠᠵᠤ᠂ ᠭᠡᠷ ᠪᠦᠯᠢ ᠶᠢᠨ ᠠᠮᠢᠳᠤᠷᠠᠯ ᠨᠢ | ᠬᠦᠴᠢᠷᠳᠡᠯᠲᠡᠢ ᠪᠣᠯᠤᠭᠰᠠᠨ ᠮᠥᠷᠲᠡᠭᠡᠨ ᠨᠡᠶᠢᠭᠡᠮ ᠤᠨ ᠠᠪᠤᠷᠠᠨ ᠲᠤᠰᠠᠯᠠᠬᠤ ᠨᠥᠬᠦᠴᠡᠯ ᠳᠤ ᠨᠡᠶᠢᠴᠡᠭᠰᠡᠨ ᠪᠣᠯ᠂ ᠲᠤᠬᠠᠢ ᠶᠢᠨ | ᠭᠠᠵᠠᠷ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠨᠡᠶᠢᠭᠡᠮ ᠤᠨ ᠠᠪᠤᠷᠠᠨ ᠲᠤᠰᠠᠯᠠᠯᠲᠠ ᠭᠤᠶᠤᠴᠢᠯᠠᠵᠤ | ᠪᠣᠯᠣᠨ᠎ᠠ᠃ ᠹᠢᠽᠢᠺ ᠤᠨ ᠠᠷᠭ᠎ᠠ ᠪᠠᠷ ᠲᠤᠰᠠᠭᠠᠷᠯᠠᠬᠤ᠂ ᠳᠦᠷᠰᠦ ᠶᠢᠨ ᠰᠦᠷᠦᠭ ᠢ ᠲᠣᠬᠢᠷᠠᠭᠤᠯᠤᠨ ᠡᠵᠡᠮᠳᠡᠬᠦ᠂ ᠣᠷᠣᠰᠢᠨ | ᠠᠮᠢᠳᠤᠷᠠᠬᠤ ᠭᠠᠵᠠᠷ ᠢ ᠬᠠᠮᠠᠭᠠᠯᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠭᠤᠣᠯᠳᠠᠯᠭ᠎ᠠ ᠲᠠᠢ ᠣᠷᠣᠨ ᠪᠦᠰᠡ ᠶᠢᠨ | ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ᠂ ᠬᠠᠭᠤᠷᠠᠢ ᠳᠡᠭᠡᠷᠡᠬᠢ ᠬᠡᠭᠡᠷ᠎ᠡ ᠶᠢᠨ ᠠᠮᠢᠳᠠᠨ ᠤ ᠬᠥᠨᠥᠭᠡᠯ | ᠤᠴᠠᠷᠠᠭᠤᠯᠬᠤ ᠠᠶᠤᠯ ᠲᠦᠭᠰᠢᠭᠦᠷᠢ ᠶᠢ ᠪᠠᠭᠠᠰᠬᠠᠨ᠎ᠠ᠃ | ᠳᠥᠷᠪᠡ ᠳᠤ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠲᠣᠰ ᠠᠷᠭ᠎ᠠ ᠶᠢ ᠬᠡᠷᠡᠭᠵᠢᠭᠦᠯᠦᠭᠰᠡᠨ ᠤ ᠳᠠᠷᠠᠭ᠎ᠠ᠂ | ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠬᠠᠮᠢᠶ᠎ᠠ ᠪᠦᠬᠦᠢ ᠠᠵᠢᠯ ᠳᠤ ᠬᠢᠨᠠᠯᠲᠠ | ᠲᠠᠯᠪᠢᠬᠤ ᠪᠠᠨ ᠴᠢᠩᠭᠠᠳᠬᠠᠵᠤ᠂ ᠡᠯ᠎ᠡ ᠱᠠᠲᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠯᠠᠨ | ᠬᠠᠮᠢᠶᠠᠷᠬᠤ ᠰᠠᠯᠠᠭ᠎ᠠ ᠮᠥᠴᠢᠷ ᠤᠳ ᠪᠤᠰᠤᠳᠴᠢ ᠪᠥᠭᠡᠳ ᠲᠥᠪ ᠭᠤᠥᠯᠴᠢ᠂ ᠢᠯᠡ ᠲᠣᠳᠣ ᠪᠠᠷ ᠲᠤᠭᠤᠰᠢᠯᠠᠭᠤᠯᠤᠨ | ᠬᠡᠷᠡᠭᠵᠢᠭᠦᠯᠵᠦ᠂ ᠨᠥᠬᠦᠪᠦᠷᠢ ᠣᠯᠭᠤᠬᠤ ᠶᠣᠰᠣᠲᠠᠢ ᠪᠦᠬᠦᠨ ᠳᠤ ᠨᠢ ᠨᠥᠬᠦᠪᠦᠷᠢ ᠣᠯᠭᠤᠬᠤ ᠶᠢᠨ ᠬᠠᠮᠲᠤ ᠵᠠᠭᠤᠴᠢᠯᠠᠭᠤᠷ ᠪᠠ | ᠣᠯᠠᠨ ᠨᠡᠶᠢᠲᠡ ᠶᠢᠨ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ︽ᠠᠷᠭ᠎ᠠ︾ ᠳᠤ ᠲᠣᠭᠲᠠᠭᠠᠭᠰᠠᠨ | ᠠᠷᠠᠳ ᠲᠤ ᠲᠥᠬᠦᠮ ᠦᠵᠡᠭᠦᠯᠵᠦ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃ | |