2023 ᠣᠨ ᠤ 5 ᠰᠠᠷ᠎ᠠ ᠶᠢᠨ 23 ᠤ ᠡᠳᠦᠷ | ᠯᠢ ᠵᠢᠶᠠᠨ ᠴᠢᠶᠠᠩ | | ᠨᠥᠬᠦᠳ ᠠ᠋᠄ | ᠥᠨᠥᠳᠥᠷ᠂ ᠪᠢᠳᠡ ᠬᠤᠰᠢᠭᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ | ᠬᠤᠷᠠᠯᠳᠤᠭᠠᠨ ᠢ ᠬᠤᠷᠠᠯᠳᠤᠭᠤᠯᠵᠤ᠂ ᠤᠳᠤᠬᠠᠨ ᠤ ᠪᠠᠶᠢᠳᠠᠯ ᠢ ᠵᠠᠳᠠᠯᠤᠨ ᠰᠤᠳᠤᠯᠵᠤ᠂ ᠪᠦᠬᠦ ᠬᠤᠰᠢᠭᠤᠨ ᠤ ︽ᠮᠠᠯ | ᠠᠵᠤ ᠠᠬᠤᠢ᠂ ᠮᠠᠯᠵᠢᠬᠤ ᠤᠷᠤᠨ᠂ ᠮᠠᠯᠴᠢᠳ︾ ᠤᠨ ᠠᠵᠢᠯ ᠢ ᠪᠤᠳᠠᠳᠠᠢ ᠪᠠᠶᠢᠷᠢᠯᠠᠭᠤᠯᠵᠤ᠂ ᠡᠯ᠎ᠡ ᠰᠣᠮᠣ ᠪᠠᠯᠭᠠᠰᠤ᠂ | ᠭᠠᠴᠠᠭ᠎ᠠ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠢ ᠲᠠᠶᠢᠴᠢᠯᠠᠵᠤ᠂ ᠢᠲᠡᠭᠡᠯ ᠢᠶᠠᠨ ᠬᠥᠪᠴᠢᠯᠡᠨ᠂ | ᠵᠤᠭᠰᠤᠯᠲᠠ ᠪᠠᠨ ᠪᠠᠳᠤᠵᠢᠭᠤᠯᠵᠤ᠂ ᠯᠠᠪᠳᠠᠭᠤᠨ ᠠᠵᠢᠯᠯᠠᠨ᠂ ᠰᠢᠨ᠎ᠡ ᠶᠢ ᠡᠷᠢᠯᠬᠢᠯᠡᠵᠦ᠂ ᠮᠠᠨ ᠤ ᠬᠤᠰᠢᠭᠤᠨ ᠤ ︽ | ᠮᠠᠯ ᠠᠵᠤ ᠠᠬᠤᠢ᠂ ᠮᠠᠯᠵᠢᠬᠤ ᠤᠷᠤᠨ᠂ ᠮᠠᠯᠴᠢᠳ︾ ᠤᠨ ᠠᠵᠢᠯ ᠤᠨ ᠰᠢᠨ᠎ᠡ ᠪᠠᠶᠢᠳᠠᠯ ᠢ ᠪᠤᠢ ᠪᠣᠯᠭᠠᠬᠤ ᠪᠠᠷ | ᠴᠢᠷᠮᠠᠶᠢᠨ᠎ᠠ᠃ ᠮᠦᠳᠳᠤ ᠬᠤᠰᠢᠭᠤ ᠨᠠᠮ ᠤᠨ ᠬᠤᠷᠢᠶᠠᠨ ᠤ ᠱᠦᠵᠢ ᠬᠤᠪᠢᠰᠬᠠᠯᠲᠤ ᠨᠦᠬᠦᠷ ᠠᠴᠠ ᠴᠢᠬᠤᠯᠠ ᠶᠠᠷᠢᠶ᠎ᠠ | ᠲᠠᠯᠪᠢᠬᠤ ᠪᠤᠯᠤᠨ᠎ᠠ᠂ ᠤᠯᠠᠨ ᠢᠶᠠᠷ ᠢᠶᠠᠨ ᠨᠠᠷᠢᠨ ᠬᠢᠨᠠᠮᠠᠭᠠᠢ ᠰᠤᠷᠤᠯᠴᠠᠵᠤ᠂ ᠬᠤᠷᠠᠯᠳᠤᠭᠠᠨ ᠤ ᠵᠣᠷᠢᠭ ᠰᠠᠨᠠᠭ᠎ᠠ ᠶᠢ | ᠰᠠᠶᠢᠲᠤᠷ ᠲᠤᠤᠱᠯᠠᠭᠤᠯᠤᠨ ᠨᠠᠶᠢᠳᠠᠪᠦᠷᠢᠵᠢᠭᠤᠯᠤᠶ᠎ᠠ᠃ ᠳᠣᠣᠷ᠎ᠠ ᠪᠢ ᠳᠦᠷᠪᠡᠨ ᠲᠠᠯ᠎ᠠ ᠪᠠᠷ ᠰᠠᠨᠠᠯ ᠢᠶᠠᠨ ᠶᠠᠷᠢᠶ᠎ᠠ᠃ | ᠨᠢᠭᠡ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ ︽ᠮᠠᠯ ᠠᠵᠤ ᠠᠬᠤᠢ᠂ ᠮᠠᠯᠵᠢᠬᠤ ᠤᠷᠤᠨ᠂ | ᠮᠠᠯᠴᠢᠳ ︾ ᠤᠨ ᠠᠵᠢᠯ ᠢ ᠰᠠᠶᠢᠲᠤᠷ ᠬᠢᠬᠦ ᠢᠲᠡᠭᠡᠯ ᠵᠣᠷᠢᠭ ᠢᠶᠠᠨ ᠪᠠᠳᠤᠳᠬᠠᠶ᠎ᠠ | 2022 ᠣᠨ ᠳᠤ᠂ ᠪᠡᠷᠭᠡ ᠪᠤᠳᠤᠯᠢᠶᠠᠨᠲᠠᠢ ᠠᠵᠤ ᠠᠬᠤᠢ ᠶᠢᠨ ᠪᠠᠶᠢᠳᠠᠯ᠂ ᠢᠯᠠᠩᠭᠤᠶ᠎ᠠ ᠰᠢᠨ᠎ᠡ ᠲᠢᠳᠢᠮᠯᠢᠭ | ᠠᠭᠤᠰᠬᠢᠨ ᠥᠷᠪᠢᠰᠦᠯ ᠤᠨ ᠬᠢᠵᠢᠭ ᠤᠨ ᠬᠦᠨᠳᠦ ᠬᠡᠴᠡᠭᠦᠦ ᠪᠠᠶᠢᠳᠠᠯ ᠤᠨ ᠲᠤᠤᠷ᠎ᠠ᠂ ᠪᠥᠬᠦ ᠬᠤᠰᠢᠭᠤᠨ ᠤ ᠡᠯ᠎ᠡ | ᠱᠠᠲᠤᠨ ᠤ ᠬᠢᠨ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠡᠷᠡᠮᠡᠭᠡᠶᠢᠯᠡᠨ ᠲᠡᠮᠡᠴᠡᠵᠦ᠂ ᠡᠷᠡᠯᠭᠡᠭᠯᠡᠨ ᠤᠷᠤᠭᠰᠢᠯᠠᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ | ᠵᠢᠯ ᠤᠨ ᠡᠬᠢᠨ ᠳᠤ ᠲᠣᠭᠲᠠᠭᠠᠭᠰᠠᠨ ᠡᠯ᠎ᠡ ᠲᠥᠷᠦᠯ ᠤᠨ ︽ᠮᠠᠯ ᠠᠵᠤ ᠠᠬᠤᠢ᠂ ᠮᠠᠯᠵᠢᠬᠤ ᠤᠷᠤᠨ᠂ ᠮᠠᠯᠴᠢᠳ︾ | ᠤᠨ ᠠᠵᠢᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠬᠦᠯᠪᠡ᠃ ᠨᠢᠭᠡ ᠳᠤ᠂ ᠮᠠᠯ ᠠᠵᠤ | ᠠᠬᠤᠢ ᠶᠢᠨ ᠬᠥᠭᠵᠢᠯᠲᠡ ᠶᠢᠨ ᠰᠠᠭᠤᠷᠢ ᠤᠯᠠᠮ ᠪᠠᠬᠢᠵᠢᠪᠡ᠃ᠵᠢᠯ ᠤᠨ ᠡᠴᠦᠰ ᠤᠨ ᠮᠠᠯ ᠤᠨ ᠲᠤᠭ᠎ᠠ 34.5 | ᠲᠦᠮᠡᠨ ᠲᠤᠯᠤᠭᠠᠢ ᠳᠤ ᠬᠦᠷᠴᠦ᠂ ᠮᠠᠯ ᠤᠨ ᠭᠠᠷᠭᠠᠯᠲᠠ 19.7 ᠲᠦᠮᠡᠨ ᠲᠤᠯᠤᠭᠠᠢ ᠳᠤ ᠬᠦᠷᠪᠡ᠃ 2.6 ᠲᠦᠮᠡᠨ | ᠲᠤᠯᠤᠭᠠᠢ ᠦᠬᠡᠷ ᠤᠨ ᠡᠬᠦᠯᠳᠡᠷ ᠢ ᠰᠠᠶᠢᠵᠢᠷᠠᠭᠤᠯᠵᠣ᠂ ᠬᠤᠸᠠ ᠰᠢ ᠦᠬᠡᠷ ᠤᠨ ᠡᠬᠦᠯᠳᠡᠷ ᠤᠨ ᠪᠤᠶᠢᠵᠢᠭᠤᠯᠤᠯᠲᠠ ᠶᠢ | ᠲᠤᠭᠲᠠᠭᠠᠬᠤ ᠠᠵᠢᠯ ᠢ ᠪᠡᠶᠡᠯᠡᠬᠦᠯᠵᠦ᠂ ᠰᠢᠮᠧᠨ᠋ᠲᠷ ᠦᠬᠡᠷ ᠤᠨ ᠭᠤᠣᠯᠳᠠᠯᠭᠠᠲᠤ ᠰᠦᠷᠦᠭ 18 ᠪᠣᠯᠪᠠ᠃ ᠴᠠᠬᠠᠷ | ᠬᠤᠨᠢᠨ ᠤ ᠭᠤᠣᠯᠳᠠᠯᠭᠠᠲᠤ ᠰᠦᠷᠦᠭ 213 ᠪᠣᠯᠵᠤ᠂ ᠴᠠᠬᠠᠷ ᠬᠤᠨᠢᠨ ᠤ ᠦᠷ᠎ᠡ ᠶᠢᠨ ᠮᠠᠯ ᠤᠨ ᠲᠠᠯᠠᠪᠠᠢ ᠨᠢ | ᠥᠪᠡᠷᠲᠡᠭᠡᠨ ᠵᠠᠰᠠᠬᠤ ᠣᠷᠣᠨ ᠤ ᠳᠡᠰ ᠤᠨ ᠭᠤᠣᠯ ᠪᠣᠯᠬᠤ ᠡᠭᠦᠯᠳᠡᠷ ᠪᠣᠶᠢᠵᠢᠭᠤᠯᠬᠤ ᠲᠠᠯᠠᠪᠠᠢ ᠪᠠᠷ ᠨᠤᠲᠠᠯᠠᠨ | ᠲᠤᠭᠲᠠᠭᠠᠭᠳᠠᠵᠤ᠂ ᠴᠠᠬᠠᠷ ᠬᠤᠨᠢᠨ ᠤ ᠠᠵᠤ ᠦᠢᠯᠡᠰ ᠤᠨ ᠶᠡᠭᠡ ᠳ᠋ᠠᠶᠢᠲ᠋ᠠ ᠶᠢᠨ ᠬᠠᠮᠢᠶᠠᠷᠤᠯᠲᠠ ᠶᠢᠨ ᠲᠠᠪᠴᠠᠩ ᠤᠨ | ᠢᠨᠵᠧᠨᠧᠷᠢᠩ ᠢ ᠪᠠᠶᠢᠭᠤᠯᠵᠤ ᠲᠠᠭᠤᠰᠬᠠᠪᠠ᠃ 1500 ᠮᠦ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠵᠤ | ᠂ 1 ᠲᠦᠮᠡᠨ ᠮᠦ ᠮᠣᠷᠢᠨ ᠲᠡᠰᠬᠢ ᠲᠠᠷᠢᠵᠤ ᠪᠤᠶᠢᠵᠢᠭᠤᠯᠬᠤ ᠰᠠᠭᠤᠷᠢᠨ ᠭᠠᠵᠠᠷ ᠪᠠ 50 ᠮᠦ ᠮᠣᠷᠢᠨ ᠲᠡᠰᠬᠢ ᠶᠢᠨ | ᠴᠢᠬᠢ ᠪᠤᠶᠢᠵᠢᠭᠤᠯᠬᠤ ᠰᠠᠭᠤᠷᠢᠨ ᠭᠠᠵᠠᠷ ᠢ ᠦᠷᠬᠦᠯᠵᠢᠯᠡᠨ ᠪᠠᠶᠢᠭᠤᠯᠪᠠ᠃ 7 ᠰᠠᠭᠠᠯᠢ ᠶᠢᠨ ᠦᠨᠢᠶᠡᠨ ᠤ ᠳᠤᠮᠳᠠ | ᠵᠢᠵᠢᠭ ᠮᠠᠯᠵᠢᠯ ᠤᠨ ᠲᠠᠯᠠᠪᠠᠢ ᠶᠢ ᠲᠡᠰ ᠲᠡᠪᠰᠢᠬᠦᠯᠦᠨ ᠦᠭᠡᠷᠡᠴᠢᠯᠡᠵᠦ᠂ 4 ᠪᠠᠷᠢᠮᠵᠢᠶᠠᠵᠢᠭᠰᠠᠨ ᠴᠠᠭᠠᠨ ᠢᠳᠡᠭᠡᠨ ᠤ | ᠭᠠᠷ ᠦᠢᠯᠡᠳᠭᠡᠯ ᠤᠨ ᠭᠠᠵᠠᠷ ᠢ ᠪᠠᠶᠢᠭᠤᠯᠪᠠ᠃ ᠰᠠᠭᠠᠯᠢ ᠶᠢᠨ ᠦᠨᠢᠶᠡᠨ ᠤ ᠲᠤᠭ᠎ᠠ ᠲᠤᠯᠤᠭᠠᠢ 4200 ᠳᠤ ᠬᠦᠷᠴᠦ | ᠂ ᠵᠢᠯ ᠤᠨ ᠰᠦᠨ ᠤ ᠭᠠᠷᠤᠯᠲᠠ 5 ᠲᠦᠮᠡᠨ ᠲᠣᠨ ᠳᠤ ᠬᠦᠷᠪᠡ᠃ 2 ᠴᠠᠭᠠᠨ ᠢᠳᠡᠭᠡᠨ ᠤ ᠭᠠᠷ ᠦᠢᠯᠡᠳᠬᠡᠯ ᠤᠨ | ᠭᠠᠵᠠᠷ ᠨᠢ SC ᠵᠥᠪᠰᠢᠶᠡᠷᠡᠯ ᠤᠨ ᠬᠢᠷᠢ ᠬᠡᠮ ᠪᠠ ᠰᠢᠯᠢ ᠶᠢᠨ ᠭᠤᠣᠯ ᠤᠨ ᠴᠠᠭᠠᠨ ᠢᠳᠡᠭᠡᠨ ᠤ ᠭᠠᠵᠠᠷ ᠣᠷᠤᠨ ᠤ | ᠨᠡᠶᠢᠲᠡᠯᠢᠭ ᠨᠡᠷᠡᠲᠦ ᠲᠡᠮᠳᠡᠭᠳᠦ ᠪᠠ ᠭᠠᠵᠠᠷ ᠵᠦᠢ ᠶᠢᠨ ᠢᠯᠡᠳᠭᠡᠮᠵᠢᠲᠦ ᠲᠡᠸᠠᠷ ᠤᠨ ᠲᠡᠮᠳᠡᠭ ᠤᠨ ᠬᠢᠷᠢ ᠬᠡᠮ ᠤᠨ | ᠡᠷᠬᠡ ᠶᠢ ᠣᠯᠪᠠ᠃ ᠴᠠᠭᠠᠨ ᠢᠳᠡᠭᠡᠨ ᠤ ᠰᠢᠯᠭᠠᠨ ᠪᠠᠶᠢᠴᠠᠭᠠᠯᠲᠠ ᠶᠢᠨ ᠲᠥᠪ ᠨᠢ CMA ᠵᠥᠪᠰᠢᠶᠡᠷᠡᠯ ᠤᠨ ᠬᠢᠷᠢ | ᠬᠡᠮ ᠢ ᠭᠥᠷᠳᠡᠪᠡ᠃ ᠠᠭᠤᠯᠠᠨᠳᠤ ᠭᠡᠷ ᠪᠦᠯᠢ ᠶᠢᠨ ᠮᠠᠯᠵᠢᠯ ᠤᠨ ᠲᠠᠯᠠᠪᠠᠶ ᠨᠢ ᠠᠶᠢᠮᠠᠭ ᠤᠨ ᠲᠠᠰ ᠤᠨ ᠲᠠᠷᠢᠶᠠᠯᠠᠩ ᠮᠠᠯ | ᠠᠵᠤ ᠠᠬᠤᠢ ᠶᠢᠨ ᠰᠢᠨᠵᠢᠯᠡᠭᠡ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠤᠭᠤᠷᠢᠭ ᠢᠶᠠᠷ ᠦᠨᠡᠯᠡᠨ | ᠲᠤᠭᠲᠠᠭᠠᠭᠳᠠᠪᠠ᠃ ᠳ᠋ᠠ ᠳ᠋ᠢ ᠠᠮᠢᠳᠤ ᠪᠣᠳᠠᠰ ᠤᠨ ᠺᠣᠮᠫᠠᠨᠢ ᠨᠢ ᠠᠶᠢᠮᠠᠭ ᠤᠨ ᠲᠠᠰ ᠤᠨ ᠲᠠᠷᠢᠶᠠᠯᠠᠩ ᠮᠠᠯ ᠠᠵᠤ | ᠠᠬᠤᠢ ᠶᠢᠨ ᠠᠵᠤ ᠦᠶᠯᠡᠰᠵᠢᠯᠲᠡ ᠶᠢᠨ ᠲᠣᠯᠣᠭᠠᠶᠢᠯᠠᠭᠴᠢ ᠠᠵᠤ ᠠᠬᠤᠶᠢᠯᠠᠯ ᠢᠶᠠᠷ ᠦᠨᠡᠯᠡᠭᠳᠡᠪᠡ᠃ 31 ᠭᠡᠷ | ᠪᠦᠯᠢ ᠶᠢᠨ ᠮᠠᠯᠵᠢᠯ ᠤᠨ ᠲᠠᠯᠠᠪᠠᠢ ᠶᠢ ᠨᠤᠲᠠᠯᠠᠨ ᠲᠤᠭᠲᠠᠭᠠᠵᠤ᠂ 10 ᠬᠤᠰᠢᠭᠤ ᠲᠡᠰ ᠤᠨ ᠵᠢᠱᠢᠶ᠎ᠡ ᠦᠵᠡᠬᠦᠯᠬᠦ ᠭᠡᠷ | ᠪᠦᠯᠢ ᠶᠢᠨ ᠮᠠᠯᠵᠢᠯ ᠤᠨ ᠲᠠᠯᠠᠪᠠᠢ᠂ 2 ᠵᠢᠱᠢᠶ᠎ᠡ ᠦᠵᠡᠬᠦᠯᠬᠦ ᠬᠤᠷᠰᠢᠶᠠᠵᠢᠯ ᠢ ᠡᠬᠦᠳᠦᠨ ᠪᠠᠶᠢᠭᠤᠯᠪᠠ᠃ ᠬᠤᠶᠠᠷ ᠲᠤ᠂ | ᠮᠠᠯᠵᠢᠬᠤ ᠣᠷᠣᠨ ᠤ ᠰᠠᠭᠤᠷᠢ ᠲᠦᠬᠦᠭᠡᠷᠦᠮᠵᠢ ᠤᠯᠠᠮ ᠲᠡᠭᠦᠯᠳᠡᠷᠵᠢᠪᠡ᠃ ᠲᠦᠭᠡᠭᠡᠯ ᠤᠰᠤᠨ ᠤ ᠢᠨᠵᠧᠨᠧᠷᠢᠩ ᠢ | 16 ᠶᠢ ᠰᠢᠨ᠎ᠡ ᠪᠠᠷ ᠪᠠᠶᠢᠭᠤᠯᠵᠤ᠂ 9 ᠶᠢ ᠰᠡᠯᠪᠢᠨ ᠵᠠᠰᠠᠵᠤ᠂ 2230 ᠬᠥᠮᠥᠨ ᠠᠮᠠ ᠶᠢᠨ ᠤᠰᠤ ᠬᠠᠩᠭᠠᠬᠤ | ᠪᠠᠲᠤᠯᠠᠭ᠎ᠠ ᠶᠢᠨ ᠠᠰᠠᠭᠤᠳᠠᠯ ᠢ ᠰᠢᠢᠳᠪᠦᠷᠢᠯᠡᠪᠡ᠃ 10 ᠺᠢᠯᠣᠸᠠᠲ ᠤᠨ ᠬᠥᠳᠡᠭᠡ ᠲᠣᠰᠬᠤᠨ ᠤ ᠴᠠᠬᠢᠯᠭᠠᠨ ᠲᠣᠣᠷ | ᠱᠤᠭᠤᠮ ᠢ 87.4 ᠺᠢᠯᠣᠮᠧᠲᠷ᠂ 0.4 ᠺᠢᠯᠣᠸᠠᠲ ᠤᠨ ᠴᠠᠬᠢᠯᠭᠠᠨ ᠲᠤᠤᠷ ᠱᠤᠭᠤᠮ ᠢ 66.6 ᠺᠢᠯᠣᠮᠧᠲᠷ | ᠦᠬᠡᠷᠡᠴᠢᠯᠡᠨ ᠪᠠᠶᠢᠭᠤᠯᠵᠤ᠂ 152 ᠰᠠᠤᠷᠢ ᠴᠠᠬᠢᠯᠭᠠᠨ ᠬᠦᠴᠦᠳᠡᠯ ᠥᠭᠡᠷᠡᠴᠢᠯᠡᠭᠴᠢ ᠶᠢ ᠦᠭᠡᠷᠡᠴᠢᠯᠡᠨ ᠰᠢᠨᠡᠳᠭᠡᠵᠦ | ᠂ ᠮᠠᠯᠵᠢᠬᠤ ᠣᠷᠣᠨ ᠤ ᠴᠠᠬᠢᠯᠭᠠᠨ ᠲᠣᠣᠷ ᠱᠣᠭᠤᠮ ᠤᠨ ᠲᠣᠭᠲᠠᠭᠤᠨ ᠴᠢᠨᠠᠷ ᠢ ᠤᠯᠠᠮ ᠨᠢᠭᠡ ᠠᠯᠬᠤᠮ | ᠳᠡᠭᠡᠭᠰᠢᠯᠡᠬᠦᠯᠪᠡ᠃ 10 ᠵᠤᠷᠪᠤᠰ ᠮᠠᠯᠵᠢᠬᠤ ᠣᠷᠣᠨ ᠤ ᠵᠠᠰᠠᠮᠠᠯ ᠵᠠᠮ ᠢ 65.5 ᠺᠢᠯᠣᠮᠧᠲᠷ ᠰᠢᠨ᠎ᠡ ᠪᠠᠷ ᠵᠠᠰᠠᠭᠰᠠᠨ | ᠪᠠ ᠥᠭᠡᠷᠡᠴᠢᠯᠡᠨ ᠵᠠᠰᠠᠵᠤ᠂ 7 ᠵᠤᠷᠪᠤᠰ ᠵᠠᠰᠠᠮᠠᠯ ᠵᠠᠮ ᠢ 32.9 ᠺᠢᠯᠣᠮᠧᠲᠷ ᠠᠷᠠᠴᠢᠯᠠᠨ ᠬᠠᠮᠠᠭᠠᠯᠠᠵᠤ᠂ | ᠮᠠᠯᠴᠢᠳ ᠤᠨ ᠶᠠᠪᠤᠵᠤ ᠰᠠᠭᠤᠬᠤ ᠨᠦᠬᠦᠴᠡᠯ ᠨᠠᠩ ᠲᠥᠬᠦᠮ ᠲᠦᠲᠡ ᠪᠣᠯᠪᠠ᠃ ᠭᠤᠷᠪᠠ ᠳᠤ᠂ ᠮᠠᠯᠴᠢᠳ ᠤᠨ | ᠬᠦᠷᠲᠡᠮᠵᠢ ᠶᠢᠨ ᠲᠥᠷᠥᠭᠳᠡᠯ ᠤᠯᠠᠮ ᠨᠡᠮᠡᠭᠳᠡᠪᠡ᠃ ᠮᠠᠯᠴᠢᠳ ᠤᠨ ᠬᠥᠮᠥᠨ ᠳᠤᠮᠳᠠᠴᠢ ᠶᠢᠨ ᠡᠵᠡᠮᠳᠡᠵᠦ ᠪᠤᠯᠬᠤᠶᠢᠴᠠ | ᠣᠷᠣᠯᠭ᠎ᠠ 7.3% ᠪᠠᠷ ᠨᠡᠮᠡᠭᠳᠡᠪᠡ᠃ ᠴᠠᠭᠠᠨ ᠲᠡᠷᠡᠰᠦ᠂ ᠲᠠᠪᠤᠰᠤᠨ ᠭᠤᠣᠯ ᠵᠡᠷᠭᠡ 2 ᠠᠶᠢᠮᠠᠭ ᠤᠨ ᠲᠠᠰ ᠤᠨ | ᠵᠢᠱᠢᠶ᠎ᠡ ᠦᠵᠡᠭᠦᠯᠬᠦ ᠭᠠᠴᠠᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠦᠨᠳᠦᠰᠦᠨ ᠳᠡᠭᠡᠨ ᠪᠡᠶᠡᠯᠡᠭᠦᠯᠪᠡ᠃ | ᠮᠠᠯᠵᠢᠬᠤ ᠤᠷᠤᠨ ᠤ 136 ᠡᠷᠦᠬᠡ ᠳᠤ ᠪᠠᠶᠢᠰᠢᠩ ᠤᠨ ᠨᠠᠷᠠᠪᠴᠢ ᠪᠠᠷᠢᠵᠤ ᠥᠭᠪᠡ᠃ 6 ᠭᠤᠣᠯᠳᠠᠯᠭ᠎ᠠ ᠲᠠᠢ | ᠭᠠᠴᠠᠭᠠᠨ ᠳᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠬᠤ ᠬᠠᠰᠢᠶ᠎ᠠ ᠰᠡᠷᠡᠯᠵᠢ ᠶᠢᠨ | ᠪᠦᠳᠦᠭᠡᠨ ᠪᠠᠶᠢᠭᠤᠯᠤᠯᠲᠠ ᠶᠢᠨ ᠲᠥᠷᠦᠯ ᠵᠦᠢᠯ ᠪᠠ ᠲᠡᠮᠦᠷ ᠬᠦᠷᠢᠶ᠎ᠡ ᠬᠠᠰᠢᠶ᠎ᠠ ᠶᠢᠨ ᠲᠥᠷᠦᠯ ᠵᠦᠢᠯ ᠢ | ᠬᠡᠷᠡᠭᠵᠢᠬᠦᠯᠪᠡ᠃ 234 ᠡᠷᠦᠬᠡ ᠳᠤ ᠪᠠᠷᠢᠮᠵᠢᠶ᠎ᠠ ᠳᠤ ᠨᠠᠶᠢᠴᠡᠭᠰᠡᠨ ᠵᠤᠷᠯᠤᠩ ᠢ ᠰᠢᠨ᠎ᠡ ᠪᠠᠷ ᠪᠠᠶᠢᠭᠤᠯᠪᠠ᠃ 4 | ᠮᠠᠯᠵᠢᠬᠤ ᠣᠷᠣᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠠᠩᠭᠢ ᠶᠢ ᠪᠠᠶᠢᠭᠤᠯᠵᠤ᠂ ᠪᠥᠬᠦ ᠬᠤᠰᠢᠭᠤᠨ ᠤ 60 | ᠭᠠᠴᠠᠭᠠᠨ ᠳᠤ ᠨᠡᠶᠢᠭᠡᠮᠴᠢᠯᠡᠭᠰᠡᠨ ᠦᠢᠯᠡᠴᠢᠯᠡᠭᠡ ᠶᠢ ᠪᠦᠷᠬᠦᠬᠦᠯᠬᠦ ᠶᠢᠨ ᠬᠠᠮᠲᠤ᠂ ᠤᠳᠤᠬᠠᠨ ᠤ ᠮᠠᠯᠵᠢᠬᠤ | ᠦᠢᠯᠡᠳᠪᠦᠷᠢᠯᠡᠯ ᠠᠮᠢᠳᠤᠷᠠᠯ ᠤᠨ ᠳᠤᠮᠳᠠ ᠤᠷᠤᠰᠢᠵᠤ ᠪᠠᠶᠢᠭ᠎ᠠ ᠲᠤᠳᠠᠭᠤᠳᠠᠯ ᠳᠤ ᠴᠢᠭᠯᠡᠬᠦᠯᠦᠨ᠂ ᠣᠯᠠᠨ ᠡᠰᠢᠲᠦ | ᠦᠢᠯᠡᠴᠢᠯᠡᠭᠡᠨ ᠤ ᠵᠠᠭᠪᠤᠷ ᠢ ᠰᠦᠪᠡᠭᠴᠢᠯᠡᠨ ᠬᠡᠷᠡᠭᠵᠢᠬᠦᠯᠪᠡ᠃ ᠡᠨᠡ ᠨᠢ ᠪᠢᠳᠡᠨ ᠤ ᠲᠠᠷᠠᠭᠠᠴᠢ ᠶᠢᠨ ᠠᠯᠬᠤᠮ ᠤᠨ ︽ | ᠮᠠᠯ ᠠᠵᠤ ᠠᠬᠤᠢ᠂ ᠮᠠᠯᠵᠢᠬᠤ ᠤᠷᠤᠨ᠂ ᠮᠠᠯᠴᠢᠳ︾ ᠤᠨ ᠠᠵᠢᠯ ᠢ ᠰᠠᠶᠢᠲᠤᠷ ᠬᠢᠬᠦ ᠳᠤ ᠪᠠᠲᠤ ᠪᠠᠬᠢ ᠰᠠᠭᠤᠷᠢ ᠶᠢ | ᠲᠠᠯᠪᠢᠵᠤ᠂ ᠮᠦᠨᠴᠦ ᠬᠤᠶᠢᠰᠢᠳᠠ ᠶᠢᠨ ᠠᠵᠢᠯ ᠢᠶᠠᠨ ᠨᠡᠩ ᠰᠠᠶᠢᠨ ᠬᠢᠬᠦ ᠢᠲᠡᠭᠡᠯ ᠵᠣᠷᠢᠭ ᠢ ᠬᠥᠪᠴᠢᠯᠡᠪᠡ᠃ | ᠬᠡᠪᠡᠴᠦ᠂ ᠪᠢᠳᠡ ᠣᠳᠣᠬᠠᠨ ᠤ ᠪᠥᠬᠦ ᠬᠤᠰᠢᠭᠤᠨ ᠤ ︽ᠮᠠᠯ ᠠᠵᠤ ᠠᠬᠤᠢ᠂ ᠮᠠᠯᠵᠢᠬᠤ ᠤᠷᠤᠨ᠂ ᠮᠠᠯᠴᠢᠳ︾ ᠤᠨ | ᠠᠵᠢᠯ ᠳᠤ ᠪᠠᠰᠠ ᠴᠥᠭᠡᠨ ᠪᠤᠰᠤ ᠳᠤᠲᠠᠭᠤᠳᠠᠯ ᠪᠠ ᠪᠠᠭᠤᠷᠠᠢ ᠲᠠᠯ᠎ᠠ ᠪᠠᠶᠢᠬᠤ ᠶᠢ ᠰᠡᠷᠭᠡᠭ ᠢᠶᠠᠷ ᠲᠠᠨᠢᠵᠤ ᠣᠯᠬᠤ | ᠬᠡᠷᠡᠭᠲᠡᠢ᠃ ᠵᠢᠱᠢᠶᠡᠯᠡᠪᠡᠯ᠄ ᠮᠠᠯ ᠤᠨ ᠠᠰᠢᠭ ᠰᠢᠮ᠎ᠡ ᠶᠢᠨ ᠪᠦᠳᠦᠭᠡᠭᠳᠡᠬᠦᠨ ᠢ ᠨᠠᠷᠢᠯᠢᠭ ᠡᠳ᠋ᠰᠢᠬᠦᠯᠦᠨ | ᠪᠣᠯᠪᠠᠰᠤᠷᠠᠭᠤᠯᠬᠤ ᠴᠢᠳᠠᠪᠦᠷᠢ ᠲᠤᠲᠠᠮᠠᠭ︔ ᠮᠠᠯ ᠠᠵᠤ ᠠᠬᠤᠢ ᠶᠢᠨ ᠦᠢᠯᠡᠳᠪᠦᠷᠢᠯᠡᠯ ᠨᠢ ᠪᠠᠶᠢᠭᠠᠯᠢ ᠶᠢᠨ ᠭᠠᠮᠰᠢᠭ | ᠵᠡᠷᠭᠡ ᠪᠠᠶᠢᠳᠠᠯ ᠢ ᠠᠷᠭᠠᠴᠠᠬᠤ ᠴᠢᠳᠠᠪᠤᠷᠢ ᠳᠤᠷᠤᠢ︔ ᠬᠡᠪᠴᠢᠶᠡᠵᠢᠭᠰᠡᠨ ᠲᠡᠵᠢᠭᠡᠨ ᠦᠷᠡᠵᠢᠬᠦᠯᠬᠦ ᠰᠠᠭᠤᠷᠢᠨ ᠭᠠᠵᠠᠷ | ᠪᠠ ᠮᠠᠯ ᠤᠨ ᠰᠣᠯᠢᠯᠴᠠᠭᠠᠨ ᠤ ᠵᠠᠬ᠎ᠠ ᠳᠡᠯᠭᠡᠭᠦᠷ ᠪᠠᠶᠢᠬᠤ ᠦᠭᠡᠢ᠂ ᠮᠠᠯ ᠤᠨ ᠭᠠᠷᠭᠠᠯᠲᠠ ᠨᠢ ᠭᠤᠣᠯᠳᠠᠭᠤ | ᠵᠠᠪᠰᠠᠷ ᠤᠨ ᠮᠠᠶᠢᠮᠠᠶᠢᠴᠢᠨ ᠳᠤ ᠲᠦᠰᠢᠭᠯᠡᠵᠦ ᠪᠠᠶᠢᠭ᠎ᠠ ᠪᠠᠶᠢᠳᠠᠯ ᠲᠠᠢ︔ ᠲᠠᠬᠢᠪᠠᠯ ᠭᠠᠩ ᠬᠠᠭᠰᠠᠷᠠᠭᠠᠨ᠂ ᠡᠪᠡᠰᠦ | ᠪᠤᠷᠳᠤᠭᠠᠨ ᠤ ᠦᠨ᠎ᠡ ᠬᠠᠩᠰᠢ ᠥᠰᠬᠦ ᠪᠠ ᠪᠤᠷᠳᠤᠨ ᠲᠡᠵᠢᠭᠡᠬᠦ ᠬᠠᠮᠢᠶᠠᠷᠤᠯᠲᠠ ᠶᠢᠨ ᠥᠷᠲᠡᠭ ᠳᠡᠭᠡᠭᠰᠢᠯᠡᠬᠦ ᠵᠡᠷᠭᠡ | ᠰᠢᠯᠲᠠᠭᠠᠨ ᠠᠴᠠ ᠪᠣᠯᠵᠤ᠂ ᠮᠠᠯᠴᠢᠳ ᠤᠨ ᠮᠠᠯᠵᠢᠯ ᠤᠨ ᠵᠠᠷᠤᠳᠠᠯ ᠤᠨ ᠠᠴᠢᠶᠡᠯᠡᠯ ᠶᠡᠬᠡᠪᠡᠷ ᠬᠦᠨᠳᠦᠷᠡᠪᠡ︔ ︽ᠤᠰᠤ | ᠂ ᠴᠠᠬᠢᠯᠭᠠᠨ᠂ ᠵᠠᠮ᠂ ᠴᠢᠮᠡᠭᠡ ᠨᠡᠪᠳᠡᠷᠡᠬᠦᠯᠭᠡ︾ ᠵᠡᠷᠭᠡ ᠮᠠᠯᠵᠢᠬᠤ ᠣᠷᠣᠨ ᠤ ᠰᠠᠭᠤᠷᠢ ᠲᠦᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢ ᠮᠥᠨ ᠬᠦ ᠴᠢᠩᠭᠠᠳᠬᠠᠬᠤ ᠴᠢᠬᠤᠯᠠᠲᠠᠢ᠃ ᠵᠣᠷᠯᠣᠩ᠂ ᠬᠤᠭ ᠨᠣᠪᠰᠢ᠂ ᠪᠣᠬᠢᠷ | ᠤᠰᠤ ᠶᠢ ᠰᠢᠢᠳᠪᠦᠷᠢᠯᠡᠬᠦ ᠵᠡᠷᠭᠡ ᠮᠠᠯᠵᠢᠬᠤ ᠤᠷᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ | ᠰᠠᠶᠢᠵᠢᠷᠠᠭᠤᠯᠬᠤ ᠪᠠ ᠨᠡᠶᠢᠭᠡᠮ ᠤᠨ ᠦᠢᠯᠡᠴᠢᠯᠡᠭᠡᠨ ᠤ ᠲᠤᠭᠳᠠᠯᠴᠠᠭ᠎ᠠ ᠶᠢ ᠣᠯᠠᠨ ᠡᠰᠢᠵᠢᠬᠦᠯᠬᠦ ᠵᠡᠷᠭᠡ ᠠᠵᠢᠯ ᠢ | ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠯᠠᠪᠳᠠᠭᠤᠨ ᠢᠶᠠᠷ ᠠᠬᠢᠭᠤᠯᠬᠤ ᠴᠢᠬᠤᠯᠠᠲᠠᠢ | ᠪᠠᠶᠢᠨ᠎ᠠ᠃ | ᠥᠨᠦ ᠵᠢᠯ ᠤᠨ ᠡᠬᠢᠨ ᠳᠤ ᠬᠤᠷᠠᠯᠳᠤᠭᠰᠠᠨ ᠠᠶᠢᠮᠠᠭ ᠤᠨ ᠨᠠᠮ ᠤᠨ ᠬᠤᠷᠢᠶᠠᠨ ︵ᠥᠷᠭᠡᠳᠬᠡᠭᠰᠡᠨ︶ ᠤ | ᠬᠤᠷᠠᠯᠳᠤᠭᠠᠨ ᠵᠢᠴᠢ ᠪᠦᠬᠦ ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠳᠡᠭᠡᠷ᠎ᠡ᠂ ᠠᠶᠢᠮᠠᠭ ᠤᠨ | ᠨᠠᠮ ᠤᠨ ᠬᠤᠷᠢᠶᠠᠨ ᠤ ᠱᠦᠵᠢ ᠶᠤᠤ ᠶᠦᠩ ᠪᠥᠸᠧ ᠶᠠᠷᠢᠶᠠᠨ ᠳᠠᠭᠠᠨ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠷ ᠭᠤᠣᠯᠳᠠᠯᠭ᠎ᠠ ᠪᠣᠯᠭᠠᠭᠰᠠᠨ ︽ᠮᠠᠯ ᠠᠵᠤ ᠠᠬᠤᠢ᠂ ᠮᠠᠯᠵᠢᠬᠤ ᠣᠷᠤᠨ᠂ ᠮᠠᠯᠴᠢᠳ︾ ᠤᠨ ᠡᠯ᠎ᠡ | ᠲᠥᠷᠦᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠲᠠᠷᠢᠶᠠᠯᠠᠩ ᠮᠠᠯ ᠠᠵᠤ ᠠᠬᠤᠢ ᠶᠢᠨ | ᠦᠢᠯᠡᠰ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠦᠷ᠎ᠡ ᠠᠰᠢᠭ ᠢ ᠨᠡᠮᠡᠭᠳᠡᠭᠦᠯᠬᠦ ᠶᠢ ᠪᠦᠬᠦ ᠬᠦᠴᠦᠨ ᠢᠶᠠᠷ ᠢᠶᠠᠨ | ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ 4 ᠳ᠋ᠦ᠋ᠭᠡᠷ ᠰᠠᠷ᠎ᠠ ᠶᠢᠨ 12 ᠤᠨ ᠡᠳᠦᠷ ᠬᠤᠷᠠᠯᠳᠤᠭᠰᠠᠨ ᠠᠶᠢᠮᠠᠭ ᠤᠨ | ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯᠳᠤᠭᠠᠨ ᠳᠡᠭᠡᠷ᠎ᠡ᠂ ᠠᠶᠢᠮᠠᠭ ᠤᠨ | ᠳᠠᠷᠤᠭ᠎ᠠ ᠯᠥᠸᠧ ᠴᠢᠩ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠬᠢᠨᠠᠮᠠᠭᠠᠢ ᠲᠤᠤᠱᠯᠠᠭᠤᠯᠬᠤ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠤᠨ ᠨᠠᠮ ᠤᠨ ᠬᠤᠷᠢᠶᠠᠨ ᠤ ᠰᠢᠨ᠎ᠡ ᠴᠠᠭ | ᠦᠶ᠎ᠡ ᠶᠢᠨ ︽ᠮᠠᠯ ᠠᠵᠤ ᠠᠬᠤᠢ᠂ ᠮᠠᠯᠵᠢᠬᠤ ᠣᠷᠤᠨ᠂ ᠮᠠᠯᠴᠢᠳ︾ ᠤᠨ ᠠᠵᠢᠯ ᠢ ᠰᠠᠶᠢᠲᠤᠷ ᠬᠢᠬᠦ ᠶᠢ | ᠨᠠᠶᠢᠳᠠᠪᠤᠷᠢᠵᠢᠭᠤᠯᠬᠤ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠪᠠ᠃ 1 ᠳ᠋ᠦ᠋ᠭᠡᠷ ᠰᠠᠷ᠎ᠠ ᠶᠢᠨ 2 ᠤ ᠡᠳᠦᠷ | ᠬᠤᠷᠠᠯᠳᠤᠭᠰᠠᠨ ᠬᠦᠪᠡᠭᠡᠲᠦ ᠰᠢᠷ᠎ᠠ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯᠳᠤᠭᠠᠨ ᠤ ᠬᠤᠶᠠᠳᠤᠭᠠᠷ ᠪᠦᠬᠦᠳᠡ ᠬᠤᠷᠠᠯ ᠲᠡᠭᠡᠷ᠎ᠡ᠂ ᠮᠠᠯ ᠠᠵᠤ ᠠᠬᠤᠢ ᠶᠢᠨ | ᠠᠵᠢᠯ ᠳᠤ ᠴᠢᠭᠯᠡᠬᠦᠯᠦᠨ᠂ ︽ᠡᠯ᠎ᠡ ᠲᠥᠷᠦᠯ ᠤᠨ ᠲᠥᠷᠦᠯ ᠵᠦᠢᠯ᠂ ᠪᠡᠯᠡ ᠮᠦᠩᠬᠦ ᠶᠢ ᠡᠮᠬᠢᠳᠭᠡᠨ ᠨᠡᠶᠢᠯᠡᠬᠦᠯᠵᠦ᠂ | ᠮᠠᠯ ᠠᠵᠤ ᠠᠬᠤᠢ ᠶᠢᠨ ᠴᠢᠨᠠᠷ ᠰᠠᠶᠢᠲᠠᠢ᠂ ᠥᠨᠳᠥᠷ ᠦᠷ᠎ᠡ ᠠᠰᠢᠭ ᠲᠠᠢ ᠬᠥᠭᠵᠢᠯᠲᠡ ᠶᠢ ᠠᠬᠢᠭᠤᠯᠬᠤ | ᠢᠨᠵᠧᠨᠧᠷᠢᠩ ᠢ ᠬᠡᠷᠡᠭᠵᠢᠭᠦᠯᠦᠨ᠎ᠡ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠴᠡᠪᠡᠷ ᠡᠭᠦᠯᠳᠡᠷ ᠢ ᠥᠷᠭᠡᠳᠬᠡᠨ ᠦᠷᠡᠵᠢᠭᠦᠯᠬᠦ ᠪᠠ ᠰᠢᠯᠢᠳᠡᠭ ᠡᠭᠦᠯᠳᠡᠷ ᠢ ᠪᠣᠶᠢᠵᠢᠭᠤᠯᠬᠤ ᠶᠢ | ᠬᠦᠴᠦᠯᠡᠨ ᠰᠠᠶᠢᠲᠤᠷ ᠠᠳᠬᠤᠨ᠎ᠠ᠃ ︽ᠰᠢᠯᠢ ᠶᠢᠨ ᠭᠤᠣᠯ ᠤᠨ ᠬᠤᠨᠢᠨ ᠮᠢᠬ᠎ᠠ︾ ᠪᠠ ︽ᠰᠢᠯᠢ ᠶᠢᠨ ᠭᠤᠣᠯ ᠤᠨ | ᠴᠠᠭᠠᠨ ᠢᠳᠡᠭᠡ︾ ᠶᠢᠨ ᠣᠷᠤᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠦᠯ ᠲᠡᠮᠳᠡᠭ ᠤᠨ ᠨᠦᠯᠦᠭᠡᠯᠡᠯ ᠢ | ᠬᠦᠢᠴᠡᠳ ᠪᠠᠳᠠᠷᠠᠭᠤᠯᠵᠤ᠂ ᠰᠢᠯᠢᠳᠡᠭ ᠡᠭᠦᠯᠳᠡᠷ ᠤᠨ ᠮᠢᠬᠠᠨ ᠤ ᠦᠬᠡᠷ᠂ ᠰᠠᠭᠠᠯᠢ ᠶᠢᠨ ᠦᠨᠢᠶ᠎ᠡ ᠪᠠ ᠴᠠᠬᠠᠷ ᠬᠤᠨᠢ | ᠲᠡᠵᠢᠭᠡᠨ ᠦᠷᠡᠵᠢᠭᠦᠯᠬᠦ ᠣᠷᠣᠨ ᠪᠦᠰᠡ ᠶᠢᠨ ᠪᠠᠶᠢᠷᠢᠯᠠᠯ ᠢ ᠰᠢᠯᠢᠳᠡᠭᠵᠢᠭᠦᠯᠵᠦ᠂ ᠡᠪᠡᠰᠦ ᠪᠣᠷᠳᠤᠭᠠᠨ ᠤ | ᠪᠠᠲᠤᠯᠠᠭ᠎ᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠮᠠᠯ ᠠᠵᠤ ᠠᠬᠤᠢ ᠶᠢᠨ ᠲᠤᠭ᠎ᠠ | ᠲᠤᠯᠤᠭᠠᠢ ᠶᠢ ᠴᠢᠬᠤᠯᠠᠴᠢᠯᠠᠵᠤ ᠪᠠᠶᠢᠭᠰᠠᠨ ᠠᠴᠠ ᠪᠠᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠳᠠᠰᠢ | ᠬᠤᠪᠢᠷᠠᠭᠤᠯᠬᠤ ᠶᠢ ᠠᠬᠢᠭᠤᠯᠤᠨ᠎ᠠ᠃ ᠰᠠᠭᠠᠯᠢ ᠶᠢᠨ ᠦᠨᠢᠶᠡᠨ ᠤ ᠳᠤᠮᠳᠠ ᠪᠠᠭ᠎ᠠ ᠬᠡᠪᠴᠢᠶᠡᠵᠢᠭᠰᠡᠨ ᠲᠡᠵᠢᠭᠡᠨ | ᠦᠷᠡᠵᠢᠬᠦᠯᠬᠦ ᠲᠡᠰ ᠲᠡᠪᠰᠢᠭᠰᠡᠨ ᠢᠨᠵᠧᠨᠧᠷᠢᠩ ᠢ ᠪᠡᠶᠡᠯᠡᠭᠦᠯᠵᠦ᠂ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ | ᠡᠷᠦᠬᠡ ᠶᠢ ᠳᠠᠶᠢᠴᠢᠯᠠᠨ ᠦᠢᠯᠡᠳᠪᠦᠷᠢᠯᠡᠬᠦ᠂ ᠡᠳ᠋ᠰᠢᠭᠦᠯᠬᠦ᠂ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ | ᠪᠠᠷᠢᠮᠵᠢᠶᠠᠵᠢᠭᠰᠠᠨ ᠴᠢᠭᠯᠡᠯ ᠲᠠᠰᠢ ᠬᠦᠭᠵᠢᠬᠦ ᠶᠢ ᠠᠬᠢᠭᠤᠯᠤᠨ᠎ᠠ︔ ᠰᠦ ᠰᠠᠭᠠᠯᠢ ᠶᠢᠨ ᠦᠢᠯᠡᠰ ᠢ ᠬᠥᠭᠵᠢᠭᠦᠯᠦᠨ | ᠮᠠᠨᠳᠤᠭᠤᠯᠬᠤ ᠲᠥᠷᠥᠯ ᠵᠦᠢᠯ ᠢ ᠬᠡᠷᠡᠭᠵᠢᠭᠦᠯᠵᠦ᠂ ᠪᠠᠷᠢᠮᠵᠢᠶᠠᠵᠢᠭᠰᠠᠨ ᠪᠦᠲᠦᠭᠡᠨ ᠪᠠᠶᠢᠭᠤᠯᠤᠯᠲᠠ ᠶᠢ ᠲᠣᠪᠣᠶᠢᠮ᠎ᠠ | ᠠᠳᠬᠤᠵᠤ᠂ ᠵᠠᠬ᠎ᠠ ᠳᠡᠯᠭᠡᠭᠦᠷ ᠢ ᠬᠦᠴᠦᠯᠡᠨ ᠦᠷᠭᠡᠳᠬᠡᠵᠦ᠂ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠪᠠᠨ | ᠦᠷᠭᠦᠯᠵᠢᠯᠡᠨ ᠳᠡᠭᠡᠭᠰᠢᠯᠡᠬᠦᠯᠦᠨ᠎ᠡ᠃ ᠴᠠᠬᠠᠷ ᠬᠤᠨᠢᠨ ᠤ ᠪᠥᠬᠦ ᠠᠵᠤ ᠦᠢᠯᠡᠰ ᠤᠨ ᠬᠡᠯᠬᠢᠶᠡᠵᠢᠯ ᠢ | ᠳᠡᠭᠡᠭᠰᠢᠯᠡᠭᠦᠯᠬᠦ ᠶᠢ ᠪᠥᠬᠦ ᠬᠤᠰᠢᠭᠤ ᠪᠠᠷ ᠢᠶᠠᠨ ᠠᠬᠢᠭᠤᠯᠬᠤ ᠲᠥᠷᠥᠯ ᠵᠦᠢᠯ ᠢ ᠲᠦᠯᠬᠢᠨ ᠠᠬᠢᠭᠤᠯᠵᠤ᠂ ᠦᠷ᠎ᠡ ᠶᠢᠨ | ᠮᠠᠯ ᠤᠨ ᠲᠠᠯᠠᠪᠠᠶ᠂ ᠭᠤᠤᠯᠳᠠᠯᠭᠠᠲᠤ ᠰᠦᠷᠦᠭ᠂ ᠭᠡᠷ ᠪᠦᠯᠢ ᠶᠢᠨ ᠮᠠᠯᠵᠢᠯ ᠤᠨ ᠲᠠᠯᠠᠪᠠᠶ᠂ ᠲᠤᠰᠬᠠᠢ ᠬᠤᠷᠰᠢᠶᠠᠵᠢᠯ | ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠬᠢᠵᠦ᠂ ᠴᠠᠬᠠᠷ ᠬᠤᠨᠢ ᠲᠡᠵᠢᠭᠡᠨ ᠦᠷᠡᠵᠢᠭᠦᠯᠬᠦ ᠬᠡᠪᠴᠢᠶ᠎ᠡ ᠶᠢ | ᠥᠷᠭᠡᠳᠬᠡᠨ᠂ ᠨᠠᠷᠢᠯᠢᠭ ᠲᠡᠵᠢᠭᠡᠨ ᠦᠷᠡᠵᠢᠭᠦᠯᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠰᠢᠨᠵᠢᠯᠡᠭᠡ | ᠮᠡᠷᠭᠡᠵᠢᠯ ᠢᠶᠠᠷ ᠮᠠᠯ ᠠᠵᠤ ᠠᠬᠤᠢ ᠶᠢ ᠬᠦᠭᠵᠢᠬᠦᠯᠬᠦ ᠶᠢ ᠠᠬᠢᠭᠤᠯᠵᠤ᠂ ᠴᠠᠬᠠᠷ ᠬᠤᠨᠢᠨ ᠤ ᠢᠬᠢᠷᠡᠯᠡᠬᠦ ᠨᠣᠷᠮ᠎ᠠ ᠶᠢ | ᠳᠡᠭᠡᠭᠰᠢᠯᠡᠬᠦᠯᠦᠨ᠎ᠡ᠃ ᠴᠠᠬᠠᠷ ᠬᠤᠨᠢᠨ ᠤ ᠤᠯᠤᠰ ᠤᠨ ᠳᠡᠰ ᠤᠨ ᠭᠤᠣᠯ ᠪᠣᠯᠬᠤ ᠡᠭᠦᠯᠳᠡᠷ ᠪᠣᠶᠢᠵᠢᠭᠤᠯᠬᠤ | ᠲᠠᠯᠠᠪᠠᠢ ᠶᠢ ᠦᠷᠬᠦᠯᠵᠢᠯᠡᠨ ᠲᠡᠭᠡᠭᠰᠢ ᠡᠷᠡᠮᠡᠯᠵᠡᠯᠡᠨ᠎ᠡ᠃ ᠴᠢᠨᠠᠷ ᠰᠠᠶᠢᠲᠠᠢ ᠰᠢᠯᠢᠳᠡᠭ ᠡᠭᠦᠯᠳᠡᠷ ᠤᠨ ᠮᠢᠬᠠᠨ ᠤ | ᠦᠬᠡᠷ ᠤᠨ ᠭᠤᠤᠯᠳᠠᠯᠭᠠᠲᠤ ᠰᠦᠷᠦᠭ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠬᠤᠸᠠ ᠰᠢ | ᠦᠬᠡᠷ ᠤᠨ ᠡᠬᠦᠯᠳᠡᠷ ᠤᠨ ᠪᠤᠶᠢᠵᠢᠭᠤᠯᠤᠯᠲᠠ ᠶᠢ ᠥᠷᠭᠡᠳᠬᠡᠬᠦ ᠶᠢ ᠲᠦᠭᠡᠮᠡᠯᠵᠢᠬᠦᠯᠬᠦ ᠶᠢ ᠠᠬᠢᠭᠤᠯᠵᠤ᠂ ᠰᠢᠯᠢᠳᠡᠭ | ᠡᠬᠦᠯᠳᠡᠷ ᠤᠨ ᠮᠢᠬᠠᠨ ᠤ ᠦᠬᠡᠷ ᠤᠨ ᠲᠤᠭ᠎ᠠ ᠶᠢ 3 ᠲᠦᠮᠡ ᠳᠤ ᠬᠦᠷᠭᠡᠬᠦ ᠶᠢ ᠦᠨᠡᠨᠬᠦ ᠪᠠᠲᠤᠯᠠᠵᠤ᠂ ᠰᠢᠯᠢᠳᠡᠭ | ᠡᠬᠦᠯᠳᠡᠷ ᠤᠨ ᠮᠢᠬᠠᠨ ᠤ ᠦᠬᠡᠷ ᠤᠨ ᠢᠴᠡᠭᠡᠯ ᠦᠷ᠎ᠡ ᠶᠢᠨ ᠬᠡᠬᠡᠯᠳᠦᠬᠦᠯᠭᠡ ᠶᠢᠨ ᠮᠡᠷᠭᠡᠵᠢᠯ ᠵᠢᠴᠢ ᠬᠡᠭᠡᠯ | ᠲᠤᠭᠲᠠᠭᠠᠬᠤ ᠶᠢ ᠲᠦᠭᠡᠮᠡᠯᠵᠢᠬᠦᠯᠬᠦ ᠵᠢᠱᠢᠶ᠎ᠡ ᠦᠵᠡᠭᠦᠯᠬᠦ ᠲᠥᠷᠥᠯ ᠵᠦᠢᠯ ᠢ ᠪᠡᠶᠡᠯᠡᠭᠦᠯᠦᠨ᠎ᠡ᠃ ᠤᠯᠤᠰ ᠤᠨ | ᠲᠠᠷᠢᠶᠠᠯᠠᠩ ᠤᠨ ᠦᠢᠯᠡᠰ ᠤᠨ ᠬᠦᠴᠦᠷᠬᠡᠭ ᠪᠠᠯᠭᠠᠰᠤ ᠶᠢ ᠡᠭᠦᠳᠦᠨ ᠪᠠᠶᠢᠭᠤᠯᠬᠤ ᠲᠥᠷᠥᠯ ᠵᠦᠢᠯ ᠢ ᠢᠳᠡᠪᠬᠢᠳᠡᠢ | ᠡᠷᠡᠮᠡᠯᠵᠡᠯᠡᠨ ᠣᠯᠵᠤ᠂ ᠮᠠᠯ ᠤᠨ ᠠᠰᠢᠭ ᠰᠢᠮ᠎ᠡ ᠶᠢᠨ ᠪᠦᠳᠦᠭᠡᠭᠳᠡᠬᠦᠨ ᠢ ᠨᠠᠷᠢᠯᠢᠭ ᠡᠳ᠋ᠰᠢᠭᠦᠯᠬᠦ ᠠᠵᠤ ᠠᠬᠤᠶᠢᠯᠠᠯ ᠢ | ᠣᠷᠣᠭᠤᠯᠤᠨ ᠠᠪᠴᠢᠷᠠᠵᠤ᠂ ᠮᠠᠯ ᠤᠨ ᠠᠰᠢᠭ ᠰᠢᠮ᠎ᠡ ᠶᠢᠨ ᠪᠥᠬᠦ ᠠᠵᠤ ᠦᠢᠯᠡᠰ ᠤᠨ ᠬᠡᠯᠬᠢᠶᠡᠵᠢᠯ ᠤᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ᠂ ᠴᠢᠨᠠᠷ ᠰᠠᠶᠢᠲᠠᠢ ᠪᠥᠭᠡᠳ ᠥᠨᠳᠥᠷ ᠦᠷ᠎ᠡ ᠠᠰᠢᠭ ᠡᠬᠦᠳᠬᠦ ᠶᠢ ᠪᠡᠶᠡᠯᠡᠭᠦᠯᠦᠨ᠎ᠡ︾ | ᠭᠡᠬᠦ ᠬᠠᠷᠠᠯᠲᠠ ᠡᠭᠦᠷᠭᠡ ᠶᠢ ᠳᠤᠷᠠᠳᠪᠠ᠃ ᠪᠢᠳᠡ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠮᠠᠯᠴᠢᠨ | ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠲᠡᠷᠢᠬᠦᠨ ᠤ ᠬᠥᠭᠡᠭᠡᠴᠡᠯᠳᠦᠯ ᠪᠠ ᠲᠡᠮᠡᠴᠡᠯ ᠤᠨ | ᠬᠠᠷᠠᠯᠲᠠ ᠪᠠᠨ ᠪᠣᠯᠭᠠᠵᠤ᠂ ᠬᠥᠭᠵᠢᠯᠲᠡ ᠶᠢᠨ ᠡᠬᠢᠯᠡᠯ ᠪᠠ ᠲᠡᠭᠦᠰᠭᠡᠯ ᠢᠶᠠᠨ ᠠᠷᠠᠳ ᠲᠦᠮᠡᠨ ᠤ ᠵᠣᠯ ᠵᠢᠷᠭᠠᠯ ᠢ | ᠨᠡᠮᠡᠭᠳᠡᠭᠦᠯᠬᠦ᠂ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠳᠡᠭᠡᠷ᠎ᠡ ᠲᠠᠯᠪᠢᠵᠤ᠂ ᠮᠠᠯᠵᠢᠬᠤ ᠣᠷᠣᠨ ᠤ ᠮᠠᠯ ᠠᠵᠤ | ᠠᠬᠤᠢ ᠶᠢᠨ ᠬᠥᠭᠵᠢᠯᠲᠡ ᠳᠤ ᠬᠠᠮᠤᠭ ᠠᠴᠠ ᠲᠤᠯᠭᠠᠮ᠎ᠠ ᠱᠠᠭᠠᠷᠳᠠᠭᠳᠠᠵᠤ ᠪᠠᠶᠢᠭ᠎ᠠ᠂ ᠮᠠᠯᠵᠢᠬᠤ ᠣᠷᠤᠨ ᠤ ᠠᠮᠢ | ᠠᠬᠤᠢ ᠶᠢᠨ ᠬᠠᠮᠠᠭᠠᠯᠠᠯᠲᠠ ᠶᠢᠨ ᠲᠤᠲᠠᠭᠤᠳᠠᠯ ᠪᠠ ᠮᠠᠯᠴᠢᠳ ᠤᠨ ᠬᠠᠮᠤᠭ ᠠᠴᠠ ᠴᠢᠩᠭ᠎ᠠ ᠲᠤᠰᠬᠠᠵᠤ ᠪᠠᠶᠢᠭ᠎ᠠ | ᠪᠣᠳᠠᠲᠠᠢ ᠠᠰᠠᠭᠤᠳᠠᠯ ᠢ ᠰᠢᠢᠳᠪᠦᠷᠢᠯᠡᠵᠦ᠂ ᠮᠠᠯ ᠠᠵᠤ ᠠᠬᠤᠢ ᠶᠢᠨ ᠦᠢᠯᠡᠰ ᠴᠢᠨᠠᠷ ᠰᠠᠶᠢᠲᠠᠢ᠂ ᠦᠷ᠎ᠡ ᠠᠰᠢᠭ | ᠥᠨᠳᠦᠷ᠂ ᠣᠷᠣᠰᠢᠨ ᠰᠠᠭᠤᠬᠤ ᠣᠷᠴᠢᠨ ᠲᠤᠭᠤᠷᠢᠨ ᠲᠠᠭᠠᠯᠠᠮᠵᠢᠲᠠᠢ᠂ ᠮᠠᠯᠴᠢᠳ ᠪᠠᠶᠠᠨ ᠴᠢᠨᠡᠭᠡᠯᠢᠭ ᠪᠠᠶᠢᠬᠤ ᠶᠢ | ᠲᠦᠷᠭᠡᠳᠬᠡᠨ ᠠᠬᠢᠭᠤᠯᠬᠤ ᠬᠡᠷᠡᠭᠳᠡᠢ᠃ | ᠬᠤᠶᠠᠷ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠮᠠᠯ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠤᠶ᠎ᠠ | ᠨᠢᠭᠡ ᠳᠤ᠂ ᠮᠠᠯ ᠰᠦᠷᠦᠭ ᠤᠨ ᠲᠡᠵᠢᠭᠡᠨ ᠦᠷᠡᠵᠢᠬᠦᠯᠬᠦ ᠪᠦᠳᠦᠴᠡ ᠶᠢ ᠰᠢᠯᠢᠳᠡᠭᠵᠢᠬᠦᠯᠦᠨ᠎ᠡ᠃ ︽ᠴᠠᠬᠠᠷ | ᠬᠤᠨᠢᠨ︾ ᠤ ᠭᠠᠵᠠᠷ ᠣᠷᠤᠨ ᠤ ᠳᠠᠪᠠᠭᠤᠯᠢᠭ ᠢ ᠪᠠᠬᠢᠵᠢᠬᠦᠯᠵᠦ᠂ ᠤᠳᠤᠬᠢᠴᠢᠯᠠᠭᠰᠠᠨ ᠰᠢᠯᠢᠳᠡᠭ ᠡᠬᠦᠯᠳᠡᠷ | ᠪᠤᠶᠢᠵᠢᠭᠤᠯᠬᠤ ᠦᠢᠯᠡᠰ ᠤᠨ ᠲᠡᠰ ᠲᠡᠪᠰᠢᠬᠦᠯᠬᠦ ᠢᠨᠵᠧᠨᠧᠷᠢᠩ ᠤᠨ ᠲᠥᠷᠦᠯ ᠵᠦᠢᠯ ᠢ ᠬᠡᠷᠡᠭᠵᠢᠬᠦᠯᠵᠦ᠂ ᠴᠠᠬᠠᠷ | ᠬᠤᠨᠢᠨ ᠤ ᠤᠯᠤᠰ ᠤᠨ ᠳᠡᠰ ᠤᠨ ᠭᠤᠣᠯ ᠪᠣᠯᠬᠤ ᠡᠭᠦᠯᠳᠡᠷ ᠪᠣᠶᠢᠵᠢᠭᠤᠯᠬᠤ ᠲᠠᠯᠠᠪᠠᠢ ᠶᠢ ᠦᠷᠬᠦᠯᠵᠢᠯᠡᠨ ᠲᠡᠭᠡᠭᠰᠢ | ᠡᠷᠡᠮᠡᠯᠵᠡᠯᠡᠵᠦ᠂ ᠵᠢᠯ ᠤᠨ ᠳᠤᠳᠤᠷ᠎ᠠ 5 ᠴᠠᠬᠠᠷ ᠬᠤᠨᠢᠨ ᠤ ᠭᠤᠤᠯᠳᠠᠯᠭᠠᠲᠤ ᠰᠦᠷᠦᠭ ᠢ ᠰᠢᠨ᠎ᠡ ᠪᠠᠷ ᠨᠤᠲᠠᠯᠠᠨ | ᠲᠤᠭᠲᠠᠭᠠᠵᠤ᠂ 7 ᠦᠷᠭᠡᠳᠬᠡᠨ ᠲᠡᠵᠢᠭᠡᠨ ᠦᠷᠡᠵᠢᠬᠦᠯᠬᠦ ᠲᠠᠯᠠᠪᠠᠢ ᠶᠢ ᠪᠠᠶᠢᠭᠤᠯᠤᠨ᠎ᠠ᠃ ︽ᠬᠦᠪᠡᠭᠡᠲᠦ ᠰᠢᠷ᠎ᠠ | ᠬᠤᠰᠢᠭᠤᠨ ᠤ ᠴᠠᠬᠠᠷ ᠬᠤᠨᠢᠨ ᠤ ᠶᠡᠭᠡ ᠳ᠋ᠠᠶᠢᠲ᠋ᠠ ᠶᠢᠨ ᠬᠦᠮᠦᠷᠭᠡ︾ ᠶᠢᠨ ᠬᠠᠮᠢᠶᠠᠷᠤᠯᠲᠠ ᠶᠢᠨ ᠲᠠᠪᠴᠠᠩ ᠢ | ᠪᠠᠶᠢᠭᠤᠯᠬᠤ ᠪᠠᠷ ᠳᠠᠮᠵᠢᠨ᠂ ᠴᠠᠬᠠᠷ ᠬᠤᠨᠢᠨ ᠤ ᠠᠵᠤ ᠦᠢᠯᠡᠰ ᠤᠨ ᠤᠳᠤᠬᠢᠴᠢᠯᠠᠭᠰᠠᠨ ᠠᠵᠢᠯ ᠤᠨ ᠵᠠᠭᠪᠤᠷ ᠢ | ᠠᠬᠢᠭᠤᠯᠵᠤ᠂ ᠴᠠᠬᠠᠷ ᠬᠤᠨᠢᠨ ᠤ ᠨᠢᠭᠡ ᠴᠤᠭᠴᠠᠵᠢᠭᠰᠠᠨ᠂ ᠨᠠᠷᠢᠯᠢᠭᠵᠢᠭᠰᠠᠨ ᠪᠠ ᠤᠶᠤᠨᠴᠢᠯᠠᠭᠰᠠᠨ | ᠬᠠᠮᠢᠶᠠᠷᠤᠯᠲᠠ ᠶᠢᠨ ᠬᠢᠷᠢ ᠲᠥᠪᠰᠢᠨ ᠢ ᠲᠡᠭᠡᠭᠰᠢᠯᠡᠬᠦᠯᠦᠨ᠎ᠡ᠃ ᠬᠤᠸᠠ ᠰᠢ ᠦᠬᠡᠷ ᠤᠨ ᠡᠬᠦᠯᠳᠡᠷ ᠤᠨ | ᠪᠤᠶᠢᠵᠢᠭᠤᠯᠤᠯᠲᠠ ᠶᠢ ᠥᠷᠭᠡᠳᠬᠡᠬᠦ ᠠᠵᠢᠯ ᠢ ᠠᠬᠢᠭᠤᠯᠤᠨ᠂ ᠵᠢᠯ ᠤᠨ ᠳᠤᠳᠤᠷ᠎ᠠ ᠡᠬᠦᠯᠳᠡᠷ ᠪᠤᠶᠢᠵᠢᠭᠤᠯᠬᠤ ᠰᠦᠷᠦᠭ | 2 ᠢ ᠰᠢᠨ᠎ᠡ ᠪᠠᠷ ᠪᠠᠶᠢᠭᠤᠯᠤᠨ᠎ᠠ᠃ ᠰᠢᠯᠢᠳᠡᠭ ᠡᠬᠦᠯᠳᠡᠷ ᠤᠨ ᠮᠢᠬᠠᠨ ᠤ ᠦᠬᠡᠷ ᠤᠨ ᠢᠴᠡᠭᠡᠯ ᠦᠷ᠎ᠡ ᠶᠢᠨ | ᠬᠡᠬᠡᠯᠳᠦᠬᠦᠯᠭᠡ ᠶᠢᠨ ᠮᠡᠷᠭᠡᠵᠢᠯ ᠵᠢᠴᠢ ᠬᠡᠭᠡᠯ ᠲᠤᠭᠲᠠᠭᠠᠬᠤ ᠶᠢ ᠲᠦᠭᠡᠮᠡᠯᠵᠢᠬᠦᠯᠬᠦ ᠵᠢᠱᠢᠶ᠎ᠡ ᠦᠵᠡᠭᠦᠯᠬᠦ ᠲᠥᠷᠥᠯ | ᠵᠦᠢᠯ ᠢ ᠪᠡᠶᠡᠯᠡᠭᠦᠯᠦᠨ᠎ᠡ᠃ ᠰᠦ ᠮᠢᠬᠠᠨ ᠤ ᠬᠤᠣᠰ ᠬᠡᠷᠡᠭᠴᠡᠭᠡᠲᠦ ᠰᠢᠮᠧᠨ᠋ᠲᠷ ᠦᠬᠡᠷ ᠤᠨ ᠭᠤᠣᠯᠳᠠᠯᠭᠠᠲᠤ ᠵᠢᠱᠢᠶ᠎ᠡ | ᠦᠵᠡᠬᠦᠯᠬᠦ ᠰᠠᠭᠤᠷᠢᠨ ᠭᠠᠵᠠᠷ ᠤᠨ ᠲᠥᠷᠦᠯ ᠵᠦᠢᠯ ᠢ ᠢᠳᠡᠪᠬᠢᠳᠡᠢ ᠲᠦᠯᠬᠢᠨ ᠠᠬᠢᠭᠤᠯᠵᠤ᠂ ᠰᠢᠯᠢᠳᠡᠭ | ᠡᠬᠦᠯᠳᠡᠷ ᠤᠨ ᠦᠷ᠎ᠡ ᠶᠢᠨ ᠮᠠᠯ ᠪᠠ ᠮᠢᠬᠠᠨ ᠤ ᠦᠬᠡᠷ ᠤᠨ ᠬᠦᠪᠦᠷᠡᠯ ᠰᠢᠯᠵᠢᠬᠦᠯᠬᠦ ᠮᠡᠷᠭᠡᠵᠢᠯ ᠢ ᠶᠡᠬᠡᠪᠡᠷ | ᠪᠤᠶᠢᠵᠢᠭᠤᠯᠬᠤ ᠪᠠ ᠲᠦᠭᠡᠮᠡᠯᠵᠢᠬᠦᠯᠵᠦ᠂ ᠰᠢᠮᠧᠨ᠋ᠲᠷ ᠦᠬᠡᠷ ᠤᠨ ᠭᠤᠤᠯᠳᠠᠯᠭᠠᠲᠤ ᠰᠦᠷᠦᠭ ᠪᠠ ᠡᠬᠦᠯᠳᠡᠷ | ᠰᠠᠶᠢᠵᠢᠷᠠᠭᠤᠯᠬᠤ ᠬᠤᠪᠢ ᠶᠢᠨ ᠵᠢᠩ ᠢ ᠨᠡᠮᠡᠭᠳᠡᠬᠦᠯᠦᠨ᠎ᠡ᠃ ᠤᠯᠤᠰ ᠪᠠ ᠦᠪᠡᠷᠲᠡᠭᠡᠨ ᠵᠠᠰᠠᠬᠤ ᠣᠷᠤᠨ ᠤ ᠰᠦ | ᠰᠠᠭᠠᠯᠢ ᠶᠢᠨ ᠦᠢᠯᠡᠰ ᠢ ᠬᠦᠭᠵᠢᠬᠦᠯᠬᠦ ᠪᠠᠶᠢᠯᠳᠤᠬᠤ ᠪᠤᠳᠣᠯᠭ᠎ᠠ ᠶᠢᠨ ᠠᠵᠠ ᠲᠤᠬᠢᠶᠠᠯ ᠲᠠᠢ ᠤᠶᠠᠯᠳᠤᠭᠤᠯᠤᠨ᠂ | ᠲᠡᠭᠡᠳᠦ ᠱᠠᠳᠣᠨ ᠤ ᠲᠥᠷᠦᠯ ᠵᠦᠢᠯ ᠤᠨ ᠪᠡᠯᠡ ᠮᠦᠩᠬᠦ ᠶᠢ ᠢᠳᠡᠪᠬᠢᠳᠡᠢ ᠡᠷᠡᠮᠡᠯᠵᠡᠯᠡᠨ ᠣᠯᠵᠤ᠂ ᠮᠠᠨ ᠤ | ᠬᠤᠰᠢᠭᠤᠨ ᠤ ᠰᠦ ᠰᠠᠭᠠᠯᠢ ᠶᠢᠨ ᠦᠢᠯᠡᠰ ᠢ ᠬᠦᠭᠵᠢᠬᠦᠯᠬᠦ ᠲᠦᠯᠦᠪᠵᠢᠬᠦᠯᠭᠡ ᠶᠢ ᠦᠷᠬᠦᠯᠵᠢᠯᠡᠨ ᠠᠬᠢᠭᠤᠯᠵᠤ᠂ 50 | ︱ 100 ᠲᠤᠯᠤᠭᠠᠢ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ 4 ᠰᠢᠨ᠎ᠡ ᠪᠠᠷ ᠪᠠᠶᠢᠭᠤᠯᠵᠤ᠂ 10 | ᠡᠷᠦᠬᠡ ᠳᠤ ᠰᠠᠭᠠᠯᠢ ᠶᠢᠨ ᠦᠨᠢᠶᠡᠨ ᠤ ᠳᠤᠮᠳᠠ ᠪᠠᠭ᠎ᠠ ᠬᠡᠪᠴᠢᠶᠡᠵᠢᠭᠰᠡᠨ ᠲᠡᠵᠢᠭᠡᠨ ᠦᠷᠡᠵᠢᠬᠦᠯᠬᠦ ᠲᠡᠰ ᠲᠡᠪᠰᠢᠭᠰᠡᠨ | ᠲᠥᠷᠦᠯ ᠵᠦᠢᠯ ᠢ ᠪᠡᠶᠡᠯᠡᠭᠦᠯᠵᠦ᠂ 2 ᠳᠤᠮᠳᠠ ᠵᠢᠵᠢᠭ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ ᠶᠢᠨ | ᠰᠦᠨ ᠤ ᠥᠷᠲᠡᠭᠡ ᠶᠢ ᠰᠢᠨ᠎ᠡ ᠪᠠᠷ ᠪᠠᠶᠢᠭᠤᠯᠤᠨ᠎ᠠ᠃ ᠪᠥᠬᠦ ᠬᠤᠰᠢᠭᠤᠨ ᠤ ᠰᠠᠭᠠᠯᠢ ᠶᠢᠨ ᠦᠨᠢᠶᠡᠨ ᠤ ᠲᠤᠭ᠎ᠠ ᠶᠢ | ᠲᠦᠮᠡᠨ ᠲᠤᠯᠤᠭᠠᠢ ᠳᠤ ᠬᠦᠷᠭᠡᠵᠦ᠂ ᠰᠦᠨ ᠤ ᠭᠠᠷᠤᠯᠲᠠ ᠶᠢ ᠤᠯᠠᠮ ᠨᠡᠮᠡᠭᠳᠡᠬᠦᠯᠵᠦ᠂ ᠰᠢᠨᠡᠪᠤᠯᠠᠭ ᠪᠠᠯᠭᠠᠰᠤᠨ ᠤ | ᠣᠶᠢᠷᠠᠯᠴᠠᠭᠠᠬᠢ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠡᠷᠦᠬᠡ ᠶᠢ ᠳᠠᠶᠢᠴᠢᠯᠠᠨ ᠲᠡᠵᠢᠭᠡᠨ ᠦᠷᠡᠵᠢᠬᠦᠯᠬᠦ᠂ | ᠦᠢᠯᠡᠳᠪᠦᠷᠢᠯᠡᠬᠦ᠂ ᠡᠳ᠋ᠰᠢᠭᠦᠯᠬᠦ᠂ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠪᠠᠷᠢᠮᠵᠢᠶᠠᠵᠢᠭᠰᠠᠨ ᠴᠢᠭᠯᠡᠯ ᠲᠠᠰᠢ | ᠬᠦᠭᠵᠢᠬᠦ ᠶᠢ ᠠᠬᠢᠭᠤᠯᠤᠨ᠎ᠠ᠃ | ᠬᠤᠶᠠᠷ ᠲᠤ᠂ ᠨᠡᠷᠡᠲᠦ ᠳᠡᠮᠳᠡᠭ ᠤᠨ ᠪᠠᠶᠢᠭᠤᠯᠤᠯᠲᠠ ᠶᠢᠨ ᠬᠦᠴᠦᠯᠡᠴᠡ ᠪᠠᠨ ᠴᠢᠩᠭᠠᠳᠬᠠᠨ᠎ᠠ᠃ ᠡᠯ᠎ᠡ | ᠰᠣᠮᠣ ᠪᠠᠯᠭᠠᠰᠤ᠂ ᠬᠠᠮᠢᠶ᠎ᠠ ᠪᠦᠬᠦᠢ ᠰᠠᠯᠠᠭ᠎ᠠ ᠮᠦᠴᠢᠷ ︽ᠰᠢᠯᠢ ᠶᠢᠨ ᠭᠤᠣᠯ ᠤᠨ ᠬᠤᠨᠢᠨ ᠮᠢᠬ᠎ᠠ︾ ᠪᠠ ︽ | ᠰᠢᠯᠢ ᠶᠢᠨ ᠭᠤᠣᠯ ᠤᠨ ᠴᠠᠭᠠᠨ ᠢᠳᠡᠭᠡ︾ ᠶᠢᠨ ᠤᠷᠤᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠦᠯ ᠲᠡᠮᠳᠡᠭ | ᠪᠠ ᠭᠠᠵᠠᠷ ᠵᠦᠢ ᠶᠢᠨ ᠢᠯᠡᠳᠭᠡᠮᠵᠢᠲᠦ ᠲᠡᠸᠠᠷ ᠤᠨ ᠲᠡᠮᠳᠡᠭ ᠤᠨ ᠠᠯᠳᠠᠷᠰᠢᠯ ᠢ ᠤᠬᠠᠭᠤᠯᠤᠨ ᠰᠤᠷᠳᠠᠯᠴᠢᠯᠠᠬᠤ ᠶᠢ | ᠢᠳᠡᠪᠬᠢᠳᠡᠢ ᠵᠢᠯᠤᠭᠤᠳᠤᠨ ᠠᠬᠢᠭᠤᠯᠵᠤ᠂ ᠮᠠᠨ ᠤ ᠬᠤᠰᠢᠭᠤᠨ ᠤ ᠪᠤᠳᠠᠳᠤ ᠪᠠᠶᠢᠳᠠᠯ ᠲᠠᠢ ᠤᠶᠠᠯᠳᠤᠭᠤᠯᠤᠨ᠂ ︽ | ᠴᠠᠬᠠᠷ ᠬᠤᠨᠢ᠂ ᠴᠠᠬᠠᠷ ᠴᠠᠭᠠᠨ ᠢᠳᠡᠭᠡ︾ ᠶᠢᠨ ᠠᠵᠤ ᠦᠢᠯᠡᠰ ᠢ ᠪᠦᠬᠦ ᠲᠠᠯ᠎ᠠ ᠪᠠᠷ ᠴᠤᠭᠴᠠᠯᠠᠨ ᠪᠠᠶᠢᠭᠤᠯᠤᠨ᠎ᠠ᠃ | ᠤᠯᠠᠮᠵᠢᠯᠠᠯᠲᠤ ᠴᠠᠭᠠᠨ ᠢᠳᠡᠭᠡᠨ ᠤ ᠦᠢᠯᠡᠳᠪᠦᠷᠢᠯᠡᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ | ᠲᠥᠪᠯᠡᠷᠡᠨ ᠬᠦᠭᠵᠢᠭᠰᠡᠨ ᠳᠠᠪᠠᠭᠤᠯᠢᠭ ᠢ ᠪᠠᠳᠠᠷᠠᠭᠤᠯᠤᠨ᠂ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠨᠥᠯᠥᠭᠡᠯᠡᠬᠦ | ᠬᠦᠴᠦᠨ ᠪᠠ ᠠᠵᠤ ᠦᠢᠯᠡᠰ ᠤᠨ ᠬᠥᠭᠵᠢᠯᠲᠡ ᠶᠢᠨ ᠲᠦᠯᠬᠢᠴᠡ ᠬᠦᠴᠦᠨ ᠢᠶᠠᠨ ᠴᠢᠩᠭᠠᠷᠠᠭᠤᠯᠤᠨ᠎ᠠ᠃ ᠡᠯᠧᠺᠲᠷᠣᠨ | ᠬᠤᠳᠠᠯᠳᠤᠭᠠᠨ ᠤ ᠶᠠᠪᠤᠳᠠᠯ ᠢ ᠮᠠᠯᠵᠢᠬᠤ ᠣᠷᠣᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ | ᠬᠤᠰᠢᠭᠤ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠲᠠᠢ ᠤᠶᠠᠯᠳᠤᠭᠤᠯᠤᠨ᠂ ᠣᠷᠣᠨ ᠨᠤᠲᠤᠭ ᠤᠨ | ᠣᠨᠴᠠᠯᠢᠭᠲᠤ ᠲᠠᠸᠠᠷ ᠤᠨ ᠨᠠᠷᠠᠲᠤ ᠲᠡᠮᠳᠡᠭᠲᠦ ᠶᠢ ᠡᠬᠦᠳᠦᠨ ᠪᠤᠶᠢᠵᠢᠭᠤᠯᠤᠨ᠎ᠠ᠃ ᠨᠢᠭᠡ ᠪᠦᠯᠦᠭ ᠰᠦᠯᠵᠢᠶᠡᠨ | ᠳᠡᠭᠡᠷᠡᠬᠢ ᠪᠠ ᠪᠤᠳᠠᠳᠤ ᠵᠠᠬ᠎ᠠ ᠳᠡᠯᠭᠡᠬᠦᠷ ᠲᠠᠬᠢ ᠨᠠᠷᠠᠲᠤ ᠲᠡᠮᠳᠡᠭᠲᠦ ᠶᠢ ᠳᠡᠯᠭᠡᠷᠡᠭᠦᠯᠬᠦ ᠠᠵᠢᠯᠯᠠᠭ᠎ᠠ ᠶᠢ ᠲᠦᠰᠦᠪᠯᠡᠨ | ᠬᠡᠷᠡᠭᠵᠢᠭᠦᠯᠵᠦ᠂ ︽ᠴᠠᠬᠠᠷ ᠬᠤᠨᠢ︾ ᠪᠠ ︽ᠴᠠᠭᠠᠨ ᠢᠳᠡᠭᠡᠨ ᠤ ᠨᠤᠲᠤᠭ︾ ᠤᠨ ᠨᠡᠷ᠎ᠡ ᠠᠯᠳᠠᠷᠰᠢᠯ ᠢ ᠤᠯᠠᠮ | ᠨᠡᠮᠡᠭᠳᠡᠬᠦᠯᠦᠨ᠎ᠡ᠃ ᠪᠦᠬᠦ ᠠᠶᠢᠮᠠᠭ ᠤᠨ ᠰᠤᠶᠤᠯ ᠵᠢᠭᠤᠯᠴᠢᠯᠠᠯ ᠤᠨ ᠠᠵᠢᠯᠯᠠᠭ᠎ᠠ ᠲᠠᠢ ᠤᠶᠠᠯᠳᠤᠭᠤᠯᠤᠨ᠂ | ᠵᠢᠭᠤᠯᠴᠢᠯᠠᠭᠰᠠᠳ ᠲᠤ ᠵᠢᠩᠬᠢᠨᠢ ᠦᠨᠦᠷ ᠠᠮᠲᠠᠲᠤ ︽ᠴᠠᠬᠠᠷ ᠬᠤᠨᠢᠨ ᠮᠢᠬ᠎ᠠ︾᠂ ︽ᠰᠢᠯᠢ ᠶᠢᠨ ᠭᠤᠣᠯ ᠤᠨ | ᠴᠠᠭᠠᠨ ᠢᠳᠡᠭᠡ ᠶᠢᠨ ᠰᠢᠷᠢᠰ ᠪᠦᠳᠦᠭᠡᠭᠳᠡᠬᠦᠨ︱ ᠬᠦᠪᠡᠭᠡᠲᠦ ᠰᠢᠷ᠎ᠠ ᠶᠢᠨ ᠴᠠᠭᠠᠨ ᠢᠳᠡᠭᠡ︾ ᠶᠢ ᠲᠠᠨᠢᠭᠤᠯᠤᠨ᠎ᠠ᠃ | ᠭᠤᠷᠪᠠ ᠳᠤ᠂ ᠠᠵᠤ ᠦᠢᠯᠡᠰ ᠤᠨ ᠠᠭᠤᠰᠤᠯᠴᠠᠭᠰᠠᠨ ᠬᠦᠭᠵᠢᠯᠲᠡ ᠶᠢ ᠴᠢᠩᠭᠠᠳᠬᠠᠨ᠎ᠠ᠃ ᠡᠯ᠎ᠡ ᠰᠣᠮᠣ | ᠪᠠᠯᠭᠠᠰᠤ ᠵᠢᠴᠢ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠨᠢ ᠤᠯᠤᠰ ᠤᠨ ᠲᠠᠷᠢᠶᠠᠯᠠᠩ ᠤᠨ ᠦᠢᠯᠡᠰ ᠤᠨ | ᠬᠦᠴᠦᠷᠬᠡᠭ ᠪᠠᠯᠭᠠᠰᠤ ᠶᠢ ᠡᠭᠦᠳᠦᠨ ᠪᠠᠶᠢᠭᠤᠯᠬᠤ ᠲᠥᠷᠥᠯ ᠵᠦᠢᠯ ᠢ ᠢᠳᠡᠪᠬᠢᠳᠡᠢ ᠡᠷᠡᠮᠡᠯᠵᠡᠯᠡᠨ ᠣᠯᠬᠤ ᠶᠢᠨ ᠬᠠᠮᠲᠤ᠂ | ᠠᠷᠠᠯᠵᠢᠶᠠᠴᠢᠨ ᠤᠷᠢᠵᠤ ᠪᠡᠯᠡ ᠤᠷᠤᠭᠤᠯᠬᠤ ᠬᠦᠴᠦᠯᠡᠴᠡ ᠪᠠᠨ ᠤᠯᠠᠮ ᠴᠢᠩᠭᠠᠳᠬᠠᠵᠤ᠂ ᠨᠡᠶᠢᠭᠡᠮ ᠤᠨ ᠪᠡᠯᠡ | ᠮᠦᠩᠬᠦ ᠶᠢ ᠲᠠᠲᠠᠨ ᠠᠪᠴᠢᠷᠠᠵᠤ᠂ ᠮᠠᠯ ᠤᠨ ᠠᠰᠢᠭ ᠰᠢᠮ᠎ᠡ ᠶᠢᠨ ᠪᠦᠳᠦᠭᠡᠭᠳᠡᠬᠦᠨ ᠤ ᠪᠦᠬᠦ ᠠᠵᠤ ᠦᠢᠯᠡᠰ ᠤᠨ | ᠬᠡᠯᠬᠢᠶᠡᠵᠢᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠠᠵᠤ ᠦᠢᠯᠡᠰ ᠤᠨ ᠬᠥᠭᠵᠢᠯᠲᠡ ᠶᠢᠨ ᠲᠥᠷᠥᠯ ᠵᠦᠢᠯ ᠢ ᠠᠯᠢ ᠲᠦᠷᠭᠡᠨ ᠢᠶᠠᠷ ᠬᠡᠷᠡᠭᠵᠢᠭᠦᠯᠵᠦ᠂ | ᠪᠣᠬᠢᠷᠲᠤᠯ ᠦᠭᠡᠢ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ᠂ ᠮᠢᠬᠠᠨ ᠤ ᠬᠤᠨᠢᠨ ᠤ ᠪᠥᠬᠦ ᠠᠵᠤ ᠦᠢᠯᠡᠰ ᠤᠨ | ᠬᠡᠯᠬᠢᠶᠡᠵᠢᠯ ᠤᠨ ᠰᠠᠭᠤᠷᠢ ᠪᠦᠲᠦᠭᠡᠨ ᠪᠠᠶᠢᠭᠤᠯᠤᠯᠲᠠ ᠶᠢ ᠪᠡᠶᠡᠯᠡᠬᠦᠯᠦᠨ᠎ᠡ᠃ ᠴᠠᠭᠠᠨ ᠢᠳᠡᠭᠡ ᠶᠢ ᠡᠳ᠋ᠰᠢᠬᠦᠯᠦᠨ | ᠪᠤᠯᠪᠠᠰᠤᠷᠠᠭᠤᠯᠬᠤ ᠪᠠᠷᠢᠮᠵᠢᠶᠠᠵᠢᠭᠰᠠᠨ ᠦᠢᠯᠡᠳᠭᠡᠯ ᠤᠨ ᠲᠠᠰᠤᠭ ᠢ ᠰᠢᠨ᠎ᠡ ᠪᠠᠷ ᠪᠠᠶᠢᠭᠤᠯᠬᠤ ᠲᠥᠷᠥᠯ ᠵᠦᠢᠯ ᠢ ᠠᠯᠢ | ᠲᠦᠷᠭᠡᠨ ᠢᠶᠠᠷ ᠬᠡᠷᠡᠭᠵᠢᠭᠦᠯᠵᠦ᠂ 1︱2 ᠪᠠᠷᠢᠮᠵᠢᠶᠠᠵᠢᠭᠰᠠᠨ SC ᠦᠢᠯᠡᠳᠪᠦᠷᠢᠯᠡᠯ ᠤᠨ ᠠᠵᠤ ᠠᠬᠤᠶᠢᠯᠠᠯ ᠢ ᠲᠡᠰ | ᠲᠡᠪᠰᠢᠬᠦᠯᠵᠦ᠂ ᠰᠢᠨ᠎ᠡ ᠪᠦᠳᠦᠭᠡᠭᠳᠡᠬᠦᠨ ᠢ ᠰᠤᠳᠤᠯᠤᠨ ᠪᠦᠳᠦᠭᠡᠵᠦ᠂ ᠵᠠᠬ᠎ᠠ ᠳᠡᠯᠭᠡᠭᠦᠷ ᠢ ᠬᠦᠴᠦᠯᠡᠨ ᠦᠷᠭᠡᠳᠬᠡᠨ᠎ᠡ | ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠᠷ ᠳᠡᠮᠵᠢᠨ᠂ ᠳᠠᠪᠠᠭᠤᠯᠢᠭ ᠣᠨᠴᠠᠯᠢᠭᠲᠤ ᠠᠵᠤ ᠠᠬᠤᠶᠢᠯᠠᠯ ᠢ | ᠣᠷᠣᠭᠤᠯᠤᠨ ᠠᠪᠴᠢᠷᠠᠵᠤ᠂ ᠮᠢᠬ᠎ᠠ᠂ ᠰᠦ᠂ ᠠᠷᠠᠰᠤ ᠰᠢᠷᠢ᠂ ᠨᠤᠤᠰᠤ ᠨᠤᠤᠯᠤᠷ ᠵᠡᠷᠭᠡ ᠮᠠᠯ ᠤᠨ ᠠᠰᠢᠭ ᠰᠢᠮ᠎ᠡ ᠶᠢ | ᠨᠠᠷᠢᠯᠢᠭ ᠡᠳ᠋ᠰᠢᠬᠦᠯᠦᠨ ᠪᠤᠯᠪᠠᠰᠤᠷᠠᠭᠤᠯᠬᠤ ᠪᠠ ᠶᠡᠷᠦᠩᠬᠡᠶᠢᠯᠡᠨ ᠠᠰᠢᠭᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠰᠦ ᠰᠠᠭᠠᠯᠢ ᠪᠤᠯᠪᠠᠰᠤᠷᠠᠭᠤᠯᠬᠤ ᠪᠠ ᠰᠠᠭᠠᠯᠢ ᠶᠢᠨ ᠦᠨᠢᠶ᠎ᠡ ᠲᠡᠵᠢᠭᠡᠨ ᠦᠷᠡᠵᠢᠬᠦᠯᠬᠦ ᠲᠠᠯ᠎ᠠ ᠪᠠᠷ᠂ ᠤᠯᠠᠮᠵᠢᠯᠠᠯᠲᠤ | ᠦᠢᠯᠡᠳᠪᠦᠷᠢᠯᠡᠯ ᠪᠠ ᠲᠡᠵᠢᠭᠡᠨ ᠦᠷᠡᠵᠢᠭᠦᠯᠬᠦ ᠶᠢ ᠨᠥᠯᠥᠭᠡᠯᠡᠬᠦ ᠦᠭᠡᠢ ᠪᠠᠶᠢᠳᠠᠯ ᠤᠨ ᠳᠣᠣᠷ᠎ᠠ᠂ ᠲᠤᠯᠤᠭᠠᠶᠢᠯᠠᠭᠴᠢ | ᠠᠵᠤ ᠠᠬᠤᠶᠢᠯᠠᠯ ᠢ ᠣᠷᠣᠭᠤᠯᠤᠨ ᠠᠪᠴᠢᠷᠠᠵᠤ ᠪᠣᠶᠢᠵᠢᠭᠤᠯᠤᠨ᠂ ᠴᠠᠭᠠᠨ ᠢᠳᠡᠭᠡ ᠶᠢ ᠬᠡᠪᠴᠢᠶᠡᠵᠢᠭᠦᠯᠦᠨ | ᠦᠢᠯᠡᠳᠪᠦᠷᠢᠯᠡᠬᠦ ᠪᠠ ᠦᠬᠡᠷ ᠬᠤᠨᠢ ᠵᠡᠷᠭᠡ ᠶᠢ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠶᠢ ᠢᠳᠡᠪᠬᠢᠲᠡᠢ ᠪᠠᠷ | ᠠᠬᠢᠭᠤᠯᠤᠨ ᠬᠥᠭᠵᠢᠭᠦᠯᠦᠨ᠎ᠡ᠃ ᠮᠠᠯ ᠠᠵᠤ ᠠᠬᠤᠢ ᠬᠢᠭᠡᠳ ᠵᠢᠭᠤᠯᠴᠢᠯᠠᠯ᠂ ᠰᠣᠶᠣᠯ᠂ ᠡᠷᠡᠭᠦᠯᠵᠢᠯ ᠰᠤᠪᠢᠯᠠᠯᠲᠠ | ᠵᠡᠷᠭᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠮᠠᠯ ᠠᠵᠤ ᠠᠬᠤᠢ ᠶᠢᠨ ᠲᠠᠩ ᠭᠠᠭᠴᠠ ᠦᠢᠯᠡᠳᠪᠦᠷᠢᠯᠡᠯ ᠤᠨ | ᠴᠢᠳᠠᠮᠵᠢ ᠠᠴᠠ ᠠᠮᠢ ᠠᠬᠤᠢ᠂ ᠠᠮᠢᠳᠤᠷᠠᠯ ᠤᠨ ᠴᠢᠳᠠᠮᠵᠢ ᠳᠠᠰᠢ ᠥᠷᠭᠡᠳᠬᠦ ᠶᠢ ᠠᠬᠢᠭᠤᠯᠵᠤ᠂ ᠨᠢᠭᠡ ᠬᠤᠶᠠᠷ | ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠲᠦᠷᠭᠡᠳᠬᠡᠨ᠎ᠡ᠃ | ᠭᠤᠷᠪᠠ᠂ ᠮᠠᠯᠵᠢᠬᠤ ᠣᠷᠣᠨ ᠤ ᠰᠠᠭᠤᠷᠢ ᠲᠦᠬᠦᠭᠡᠷᠦᠮᠵᠢ ᠶᠢ ᠲᠠᠰᠤᠷᠠᠯᠲᠠ ᠦᠭᠡᠢ ᠲᠡᠬᠦᠯᠳᠡᠷᠵᠢᠬᠦᠯᠵᠦ᠂ | ᠣᠷᠣᠰᠢᠨ ᠰᠠᠭᠤᠬᠤ ᠣᠷᠴᠢᠨ ᠲᠤᠭᠤᠷᠢᠨ ᠢ ᠰᠠᠶᠢᠵᠢᠷᠠᠭᠤᠯᠤᠶ᠎ᠠ | ᠨᠢᠭᠡ ᠳᠤ᠂ ᠮᠠᠯᠵᠢᠬᠤ ᠣᠷᠣᠨ ᠤ ᠰᠠᠭᠤᠷᠢ ᠲᠦᠬᠦᠭᠡᠷᠦᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ | ᠳᠤᠲᠠᠭᠤᠳᠠᠯ ᠢ ᠨᠥᠬᠦᠪᠦᠷᠢᠯᠡᠨ᠎ᠡ᠃ ᠬᠥᠭᠵᠢᠯᠲᠡ ᠶᠢᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠮᠠᠯᠵᠢᠬᠤ ᠣᠷᠤᠨ ᠤ | ᠪᠤᠳᠠᠳᠠᠢ ᠲᠠᠢ ᠤᠶᠠᠯᠳᠤᠭᠤᠯᠵᠤ᠂ ︽ᠮᠠᠯ ᠤᠨ ᠪᠠᠷᠢᠮᠵᠢᠶᠠᠵᠢᠭᠰᠠᠨ ᠫᠧᠩ᠂ ᠡᠪᠡᠰᠦ ᠨᠦᠭᠡᠴᠡᠯᠡᠬᠦ ᠫᠧᠩ᠂ ᠡᠪᠡᠰᠦ | ᠲᠠᠷᠢᠮᠠᠯ ᠤᠨ ᠰᠠᠭᠤᠷᠢᠨ ᠭᠠᠵᠠᠷ︾ ᠤᠨ ᠲᠥᠷᠥᠯ ᠵᠦᠢᠯ ᠢ ᠨᠢᠭᠡᠳᠦᠯᠲᠡᠢ ᠲᠥᠯᠥᠪᠯᠡᠨ ᠬᠡᠷᠡᠭᠵᠢᠭᠦᠯᠦᠨ᠎ᠡ᠃ ᠲᠦᠭᠡᠭᠡᠯ | ᠣᠰᠣᠨ ᠤ ᠢᠨᠵᠧᠨᠧᠷᠢᠩ ᠢ 6 ᠶᠢ ᠰᠢᠨ᠎ᠡ ᠪᠠᠷ ᠪᠠᠶᠢᠭᠤᠯᠵᠤ᠂ 20 ᠰᠠᠤᠷᠢ ᠬᠤᠳᠳᠤᠭ ᠮᠠᠯᠲᠠᠨ᠂ 36 ᠢᠵᠢ | ᠤᠰᠤ ᠬᠠᠳᠠᠭᠠᠯᠠᠬᠤ ᠵᠣᠭᠤᠷᠢ ᠶᠢ ᠰᠢᠨ᠎ᠡ ᠪᠠᠷ ᠪᠠᠶᠢᠭᠤᠯᠵᠤ᠂ ᠮᠠᠯᠵᠢᠬᠤ ᠣᠷᠣᠨ ᠤ ᠤᠰᠤ ᠬᠠᠩᠭᠠᠬᠤ ᠪᠠᠲᠤᠯᠠᠭ᠎ᠠ ᠶᠢᠨ | ᠴᠢᠳᠠᠪᠤᠷᠢ ᠶᠢ ᠦᠨᠡᠨᠬᠦ ᠳᠡᠭᠡᠭᠰᠢᠯᠡᠭᠦᠯᠦᠨ᠎ᠡ᠃ ᠮᠠᠯᠵᠢᠬᠤ ᠣᠷᠤᠨ ᠤ 10 ᠺᠢᠯᠣᠸᠠᠲ ᠤᠨ ᠴᠠᠬᠢᠯᠭᠠᠨ ᠲᠤᠤᠷ | ᠱᠤᠭᠤᠮ ᠢ 73.4 ᠺᠢᠯᠣᠮᠧᠲᠷ᠂ 0.4 ᠺᠢᠯᠣᠸᠠᠲ ᠤᠨ ᠴᠠᠬᠢᠯᠭᠠᠨ ᠲᠣᠣᠷ ᠱᠤᠭᠤᠮ ᠢ 59.7 ᠺᠢᠯᠣᠮᠧᠲᠷ | ᠦᠬᠡᠷᠡᠴᠢᠯᠡᠨ ᠪᠠᠶᠢᠭᠤᠯᠵᠤ᠂ 162 ᠰᠠᠤᠷᠢ ᠴᠠᠬᠢᠯᠭᠠᠨ ᠬᠦᠴᠦᠳᠡᠯ ᠥᠭᠡᠷᠡᠴᠢᠯᠡᠭᠴᠢ ᠶᠢ ᠦᠭᠡᠷᠡᠴᠢᠯᠡᠨ ᠰᠢᠨᠡᠳᠭᠡᠵᠦ | ᠂ ᠰᠢᠨᠡᠪᠤᠯᠠᠭ ᠪᠠᠯᠭᠠᠰᠤᠨ ᠤ ᠪᠠᠷᠠᠭᠤᠨ ᠲᠡᠭᠦᠷᠭᠡ ᠶᠢᠨ 110 ᠺᠢᠯᠣᠸᠠᠲ ᠤᠨ ᠴᠠᠬᠢᠯᠭᠠᠨ ᠳᠠᠮᠵᠢᠭᠤᠯᠬᠤ ᠬᠦᠴᠦᠳᠡᠯ | ᠥᠭᠡᠷᠡᠴᠢᠯᠡᠬᠦ ᠢᠨᠵᠧᠨᠧᠷᠢᠩ ᠢ ᠪᠡᠶᠡᠯᠡᠭᠦᠯᠦᠨ᠎ᠡ᠃ 46.2 ᠺᠢᠯᠣᠮᠧᠲᠷ ᠮᠠᠯᠵᠢᠬᠤ ᠣᠷᠣᠨ ᠤ ᠵᠠᠰᠠᠮᠠᠯ ᠵᠠᠮ ᠢ | ᠰᠢᠨ᠎ᠡ ᠪᠠᠷ ᠪᠠᠶᠢᠭᠤᠯᠵᠤ᠂ 70.77 ᠺᠢᠯᠣᠮᠧᠲᠷ ᠵᠠᠰᠠᠮᠠᠯ ᠵᠠᠮ ᠢ ᠠᠷᠠᠴᠢᠯᠠᠨ ᠬᠠᠮᠠᠭᠠᠯᠠᠨ᠎ᠠ᠃ ᠵᠠᠮ ᠤᠨ | ᠳᠠᠷᠤᠭ᠎ᠠ ᠶᠢᠨ ᠳᠦᠷᠢᠮ ᠢ ᠭᠦᠨᠵᠡᠭᠡᠢ ᠨᠠᠶᠢᠳᠠᠪᠦᠷᠢᠵᠢᠭᠤᠯᠤᠨ᠎ᠠ᠃ 4G ᠴᠠᠬᠢᠯᠭᠠᠨ ᠬᠤᠯᠪᠣᠭᠠᠨ ᠤ ᠲᠦᠭᠡᠮᠡᠯ | ᠦᠢᠯᠡᠴᠢᠯᠡᠭᠡ ᠶᠢᠨ ᠰᠠᠭᠤᠷᠢ ᠥᠷᠲᠡᠭᠡ ᠶᠢ 6᠂ 5G ᠴᠠᠬᠢᠯᠭᠠᠨ ᠬᠤᠯᠪᠤᠭᠠᠨ ᠤ ᠰᠠᠭᠤᠷᠢ ᠥᠷᠲᠡᠭᠡ 10 ᠶᠢ | ᠰᠢᠨ᠎ᠡ ᠪᠠᠷ ᠪᠠᠶᠢᠭᠤᠯᠤᠨ᠎ᠠ᠃ ︽ᠣᠶᠤᠨᠲᠤ ᠷᠠᠳᠢᠣ᠋ ᠲᠧᠯᠸᠢᠰ︾ ᠢ ᠪᠦᠷᠬᠦᠬᠦᠯᠬᠦ ᠨᠣᠷᠮ᠎ᠠ ᠶᠢ ᠳᠡᠭᠡᠭᠰᠢᠯᠡᠭᠦᠯᠵᠦ᠂ | 120 ᠡᠷᠦᠬᠡ ᠳᠤ ᠦᠷᠭᠡᠨ ᠪᠦᠰᠡᠲᠦ ᠰᠦᠯᠵᠢᠶ᠎ᠡ ᠤᠭᠰᠠᠷᠠᠵᠤ᠂ ᠲᠤᠤᠷ ᠰᠦᠯᠵᠢᠶ᠎ᠡ ᠴᠢᠮᠡᠭᠡ ᠨᠡᠪᠳᠡᠷᠡᠬᠦᠯᠭᠡ | ᠳᠥᠬᠦᠮ ᠦᠭᠡᠢ ᠪᠠᠶᠢᠳᠠᠯ ᠢ ᠬᠤᠪᠢᠷᠠᠭᠤᠯᠤᠨ᠎ᠠ᠃ ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠦᠨᠳᠦᠰᠦᠨ | ᠠᠮᠢᠳᠤᠷᠠᠯ ᠢ ᠪᠠᠲᠤᠯᠠᠬᠤ ᠴᠢᠨᠠᠷᠲᠠᠢ᠂ ᠦᠨᠳᠦᠰᠦᠨ ᠴᠢᠨᠠᠷᠲᠠᠢ ᠠᠷᠠᠳ ᠤᠨ ᠠᠮᠢᠳᠤᠷᠠᠯ ᠤᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ᠎ᠠ᠃ ᠡᠷᠡᠭᠦᠯ ᠡᠩᠬᠡ ᠮᠠᠯᠵᠢᠬᠤ ᠣᠷᠣᠨ ᠤ ᠪᠦᠲᠦᠭᠡᠨ ᠪᠠᠶᠢᠭᠤᠯᠤᠯᠲᠠ ᠶᠢ ᠪᠥᠬᠦ | ᠲᠠᠯ᠎ᠠ ᠪᠠᠷ ᠲᠦᠯᠬᠢᠨ ᠠᠬᠢᠭᠤᠯᠵᠤ᠂ ᠦᠨᠳᠦᠰᠦᠨ ᠡᠮ ᠡᠮᠨᠡᠯᠭᠡ᠂ ᠨᠠᠰᠤᠵᠢᠯ ᠤᠨ ᠳᠠᠭᠠᠳᠬᠠᠯ ᠤᠨ ᠲᠥᠷᠢᠮ ᠢ | ᠲᠡᠬᠦᠯᠳᠡᠷᠵᠢᠬᠦᠯᠦᠨ᠎ᠡ᠃ ᠠᠵᠢᠯ ᠣᠯᠭᠤᠯᠲᠠ ᠪᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠤᠭᠲᠠᠯᠴᠠᠭ᠎ᠠ | ᠶᠢ ᠪᠦᠷᠢᠨᠰᠢᠭᠦᠯᠵᠦ᠂ ᠮᠠᠯᠵᠢᠬᠤ ᠣᠷᠣᠨ ᠤ ᠤᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠲᠠᠰᠤᠷᠠᠯᠳᠠ | ᠦᠭᠡᠢ ᠳᠡᠭᠡᠭᠰᠢᠯᠡᠬᠦᠯᠦᠨ᠎ᠡ᠃ | ᠬᠤᠶᠠᠷ ᠲᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠬᠦᠴᠦᠯᠡᠴᠡ ᠶᠢ | ᠴᠢᠩᠭᠠᠳᠬᠠᠨ᠎ᠠ᠃ ᠴᠠᠭᠠᠨᠨᠠᠭᠤᠷ ᠤᠨ ᠰᠠᠪᠠ ᠤᠷᠤᠰᠬᠠᠯ ᠤᠨ ᠠᠮᠢ ᠠᠬᠤᠢ ᠶᠢᠨ ᠬᠠᠮᠠᠭᠠᠯᠠᠯᠲᠠ ᠪᠠ ᠰᠡᠷᠭᠦᠭᠡᠯᠲᠡ ᠶᠢ | ᠴᠢᠩᠭᠠᠳᠬᠠᠵᠤ᠂ ᠦᠪᠡᠷᠲᠡᠭᠡᠨ ᠵᠠᠰᠠᠬᠤ ᠣᠷᠤᠨ ᠤ ᠴᠠᠭᠠᠨᠨᠠᠭᠤᠷ ᠤᠨ ᠰᠠᠪᠠ ᠤᠷᠤᠰᠬᠠᠯ ᠤᠨ ᠠᠮᠢ ᠠᠬᠤᠢ ᠶᠢᠨ | ᠶᠡᠷᠦᠩᠬᠡᠶᠢᠯᠡᠭᠰᠡᠨ ᠵᠠᠰᠠᠯᠲᠠ ᠶᠢᠨ ᠲᠥᠷᠦᠯ ᠵᠦᠢᠯ ᠢ ᠴᠢᠨᠠᠷ ᠰᠠᠶᠢᠲᠠᠢ ᠪᠡᠶᠡᠯᠡᠬᠦᠯᠦᠭᠰᠡᠨ ᠰᠠᠭᠤᠷᠢᠨ ᠳᠡᠭᠡᠷ᠎ᠡ᠂ ᠣᠷᠤᠨ | ᠬᠡᠪᠴᠢᠶᠡᠨ ᠤ ᠳᠤᠳᠤᠷᠠᠬᠢ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢ ᠤᠯᠠᠮ ᠨᠢᠭᠡ ᠠᠯᠬᠤᠮ | ᠴᠢᠩᠭᠠᠳᠬᠠᠵᠤ᠂ ᠰᠠᠪᠠ ᠤᠷᠤᠰᠬᠠᠯ ᠤᠨ ᠬᠡᠰᠡᠭ ᠤᠨ ᠤᠷᠭᠤᠮᠠᠯ ᠤᠨ ᠬᠤᠴᠢᠯᠭ᠎ᠠ ᠶᠢ ᠰᠡᠷᠭᠦᠬᠡᠬᠦ ᠠᠵᠢᠯ ᠢ | ᠲᠦᠷᠭᠡᠳᠬᠡᠨ ᠠᠬᠢᠭᠤᠯᠤᠨ᠎ᠠ᠃ ᠭᠠᠵᠠᠷ ᠲᠤᠤᠷᠠᠬᠢ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢ ᠰᠠᠶᠢᠲᠤᠷ | ᠬᠡᠷᠡᠭᠵᠢᠬᠦᠯᠵᠦ᠂ ᠬᠠᠤᠯᠢ ᠬᠡᠷᠡᠭᠵᠢᠬᠦᠯᠦᠯᠲᠡ ᠶᠢ ᠴᠢᠩᠭᠠᠳᠬᠠᠨ᠂ ᠲᠠᠯ᠎ᠠ ᠨᠤᠲᠤᠭ ᠤᠨ ᠠᠮᠢ ᠠᠬᠤᠢ ᠶᠢᠨ ᠴᠢᠳᠠᠮᠵᠢ | ᠪᠠ ᠦᠢᠯᠡᠳᠪᠦᠷᠢᠯᠡᠯ ᠤᠨ ᠴᠢᠳᠠᠮᠵᠢ ᠶᠢ ᠲᠠᠰᠤᠷᠠᠯᠲᠠ ᠦᠭᠡᠢ ᠲᠡᠭᠡᠭᠰᠢᠯᠡᠬᠦᠯᠦᠨ᠎ᠡ᠃ ᠥᠪᠡᠷᠲᠡᠭᠡᠨ ᠵᠠᠰᠠᠬᠤ ᠣᠷᠣᠨ ᠤ | ᠵᠡᠭᠦᠨ ᠬᠡᠰᠡᠭ ᠤᠨ ᠲᠠᠯ᠎ᠠ ᠨᠤᠲᠤᠭ ᠤᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ᠂ ᠴᠠᠭ ᠠᠭᠤᠷ ᠤᠨ ᠤᠰᠤᠨ | ᠵᠦᠢ ᠶᠢᠨ ᠬᠢᠨᠠᠨ ᠬᠡᠮᠵᠢᠬᠦ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ᠂ ᠠᠭᠤᠯᠠᠨ ᠤ ᠦᠶᠡᠷ ᠤᠨ ᠭᠤᠤ ᠶᠢ | ᠵᠠᠰᠠᠬᠤ᠂ ᠬᠦᠢᠲᠡᠨ ᠭᠤᠣᠯ ᠰᠡᠬᠦᠵᠢ ᠭᠠᠴᠠᠭᠠᠨ ᠤ ᠬᠡᠰᠡᠭ ᠤᠨ ᠦᠶᠡᠷ ᠢ ᠰᠡᠷᠭᠡᠶᠢᠯᠡᠬᠦ ᠪᠠᠷᠢᠯᠭ᠎ᠠ ᠵᠡᠷᠭᠡ ᠲᠥᠷᠥᠯ | ᠵᠦᠢᠯ ᠢ ᠬᠡᠷᠡᠭᠵᠢᠭᠦᠯᠦᠨ᠎ᠡ᠃ ᠲᠥᠪᠯᠡᠷᠡᠭᠰᠡᠨ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠣᠷᠴᠢᠨ | ᠠᠬᠤᠢ ᠶᠢᠨ ᠪᠠᠶᠢᠳᠠᠯ ᠢ ᠰᠢᠨᠵᠢᠯᠡᠨ ᠪᠠᠶᠢᠴᠠᠭᠠᠵᠤ ᠦᠨᠡᠯᠡᠨ ᠵᠢᠱᠢᠬᠦ ᠪᠠ ᠤᠰᠤᠨ ᠤ ᠴᠢᠨᠠᠷ ᠢ ᠬᠢᠨᠠᠨ ᠬᠡᠮᠵᠢᠬᠦ ᠠᠵᠢᠯ ᠢ | ᠬᠦᠨᠵᠡᠭᠡᠢ ᠥᠷᠨᠢᠭᠦᠯᠵᠦ᠂ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠬᠤ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠭᠤᠣᠯ ᠤᠨ ᠳᠠᠷᠤᠭ᠎ᠠ ᠶᠢᠨ ᠳᠦᠷᠢᠮ᠂ ᠤᠢ ᠰᠢᠭᠤᠢ ᠨᠤᠲᠤᠭ ᠪᠡᠯᠴᠢᠭᠡᠷ ᠤᠨ ᠳᠠᠷᠤᠭ᠎ᠠ ᠶᠢᠨ | ᠳᠦᠷᠢᠮ ᠵᠡᠷᠭᠡ ᠶᠢ ᠴᠢᠩᠭ᠎ᠠ ᠨᠠᠶᠢᠳᠠᠪᠦᠷᠢᠵᠢᠭᠤᠯᠤᠨ᠎ᠠ᠃ ᠤᠳᠤᠨ ᠵᠢᠷᠤᠭ ᠰᠡᠬᠦᠳᠡᠷ ᠢᠶᠠᠷ ᠬᠠᠤᠯᠢ ᠬᠡᠷᠡᠭᠵᠢᠬᠦᠯᠦᠨ | ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠭᠰᠡᠨ ᠠᠵᠢᠯᠯᠠᠭ᠎ᠠ ᠶᠢ | ᠢᠯᠡᠴᠢᠯᠡᠨ ᠮᠡᠳᠡᠬᠦᠯᠬᠦ ᠶᠢ ᠱᠠᠩᠨᠠᠨ ᠬᠥᠬᠢᠭᠦᠯᠬᠦ ᠳᠦᠷᠢᠮ ᠢ ᠲᠡᠭᠦᠯᠳᠡᠷᠵᠢᠭᠦᠯᠦᠨ᠂ ᠠᠮᠢ ᠠᠬᠤᠢ ᠶᠢᠨ ᠣᠷᠴᠢᠨ | ᠲᠣᠭᠤᠷᠢᠨ ᠢ ᠡᠪᠳᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠭᠡᠨ᠎ᠡ᠃ ᠨᠤᠲᠤᠭ ᠪᠡᠯᠴᠢᠭᠡᠷ ᠢ ᠵᠦᠢ | ᠵᠣᠬᠢᠰᠲᠠᠢ ᠠᠰᠢᠭᠯᠠᠬᠤ ᠶᠢ ᠭᠦᠨᠵᠡᠭᠡᠢ ᠲᠦᠯᠬᠢᠨ ᠠᠬᠢᠭᠤᠯᠵᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ | ᠳᠦᠷᠢᠮ ᠪᠠ ᠨᠤᠲᠤᠭ ᠪᠡᠯᠴᠢᠭᠡᠷ ᠤᠨ ᠠᠮᠢ ᠠᠬᠤᠢ ᠶᠢᠨ ᠨᠦᠬᠦᠪᠦᠷᠢᠯᠡᠨ ᠱᠠᠩᠨᠠᠬᠤ ᠲᠦᠷᠦ ᠶᠢᠨ ᠪᠣᠳᠣᠯᠭ᠎ᠠ ᠶᠢ | ᠴᠢᠩᠭ᠎ᠠ ᠨᠠᠶᠢᠳᠠᠪᠦᠷᠢᠵᠭᠤᠯᠤᠨᠠ᠃ ᠣᠯᠠᠨ ᠤ ᠬᠠᠮᠲᠤ ᠶᠢᠨ ᠴᠢᠷᠮᠠᠶᠢᠯᠭ᠎ᠠ ᠳᠣᠣᠷ᠎ᠠ᠂ ᠥᠨᠦ ᠵᠢᠯ ᠤᠨ ᠬᠠᠪᠤᠷ ᠤᠨ | ᠤᠯᠠᠷᠢᠯ ᠤᠨ ᠪᠡᠯᠴᠢᠭᠡᠷ ᠰᠡᠷᠭᠦᠬᠡᠬᠦ ᠠᠵᠢᠯ ᠢ ᠲᠡᠭᠦᠰ ᠠᠮᠵᠢᠯᠲᠠᠲᠠᠢ ᠪᠡᠶᠡᠯᠡᠬᠦᠯᠵᠦ᠂ ᠮᠠᠯᠴᠢᠳ ᠢ ᠬᠠᠪᠰᠤᠷᠤᠨ ᠠᠮᠢ | ᠠᠬᠤᠢ ᠶᠢᠨ ᠪᠠ ᠠᠵᠤ ᠠᠬᠤᠢ ᠶᠢᠨ ᠲᠠᠩᠰᠠ ᠶᠢ ᠰᠠᠶᠢᠲᠤᠷ ᠪᠤᠳᠤᠵᠤ᠂ ᠲᠠᠷᠠᠭ᠎ᠠ ᠵᠢᠯ ᠤᠨ ᠬᠠᠪᠤᠷ ᠤᠨ ᠤᠯᠠᠷᠢᠯ ᠤᠨ | ᠪᠡᠯᠴᠢᠭᠡᠷ ᠰᠡᠷᠭᠦᠭᠡᠬᠦ ᠠᠵᠢᠯ ᠤᠨ ᠪᠡᠯᠡᠳᠭᠡᠯ ᠠᠵᠢᠯ ᠢ ᠰᠠᠶᠢᠲᠤᠷ ᠬᠢᠵᠤ᠂ ᠨᠤᠲᠤᠭ ᠪᠡᠯᠴᠢᠭᠡᠷ ᠤᠨ ᠰᠡᠷᠭᠦᠭᠡᠯᠲᠡ ᠶᠢ | ᠦᠨᠡᠨᠬᠦ ᠪᠠᠲᠤᠯᠠᠨ᠎ᠠ᠃ | ᠭᠤᠷᠪᠠ ᠳᠤ᠂ ᠮᠠᠯᠵᠢᠬᠤ ᠣᠷᠤᠨ ᠤ ᠤᠶᠤᠨ ᠤ ᠪᠤᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ᠎ᠠ᠃ ︽ | ᠭᠠᠴᠠᠭᠠᠨ ᠤ ᠲᠥᠷᠢᠮ ᠢᠷᠭᠡᠳ ᠤᠨ ᠭᠡᠷ᠎ᠡ︾ ᠪᠠ ︽ᠲᠦᠷᠪᠡᠨ ᠬᠤᠷᠠᠯ︾ ᠵᠡᠷᠭᠡ ᠣᠯᠠᠨ ᠲᠥᠮᠡᠨᠴᠢ ᠥᠪᠡᠷᠲᠡᠭᠡᠨ | ᠵᠠᠰᠠᠬᠤ ᠵᠤᠬᠢᠶᠠᠨ ᠪᠠᠶᠢᠭᠤᠯᠤᠯᠲᠠ ᠶᠢᠨ ᠦᠢᠯᠡᠳᠦᠯ ᠢ ᠬᠦᠢᠴᠡᠳ ᠪᠠᠳᠠᠷᠠᠭᠤᠯᠵᠤ᠂ ᠮᠠᠯᠴᠢᠳ ᠢ ᠬᠠᠤᠯᠢ ᠴᠠᠭᠠᠵᠠ | ᠲᠥᠷᠢᠮ ᠲᠤᠭᠲᠠᠭᠠᠯ ᠢ ᠵᠢᠷᠤᠮᠯᠠᠨ ᠰᠠᠬᠢᠬᠤ ᠶᠢ ᠢᠳᠡᠪᠬᠢᠳᠡᠢ ᠵᠢᠯᠤᠭᠤᠳᠤᠨ᠂ ᠨᠡᠶᠢᠭᠡᠮ ᠵᠢᠷᠦᠮ ᠤᠨ ᠭᠤᠤᠯᠯᠠᠭᠴᠢ | ᠦᠷᠲᠡᠭ ᠤᠨ ᠦᠵᠡᠯᠲᠡ ᠶᠢ ᠦᠢᠯᠡᠳᠦᠯᠭᠡᠵᠢᠬᠦᠯᠦᠨ᠎ᠡ᠃ ᠠᠯᠵᠠᠭᠤ ᠬᠤᠶᠢᠷᠭᠤ᠂ ︽ᠪᠡᠯᠡᠨ ᠳᠤ ᠲᠦᠰᠢᠭᠯᠡᠬᠦ︾ ᠵᠡᠷᠭᠡ | ᠮᠠᠭᠤ ᠰᠤᠷᠲᠠᠯ ᠢ ᠡᠷᠡᠰ ᠲᠡᠪᠴᠢᠵᠤ᠂ ᠲᠡᠰᠪᠦᠷᠢ ᠬᠠᠲᠠᠭᠤᠵᠢᠯᠲᠠᠢ ᠲᠡᠮᠡᠴᠡᠬᠦ᠂ ᠦᠢᠯᠡᠰ ᠪᠣᠰᠬᠠᠵᠤ ᠥᠪᠡᠷ ᠢ ᠪᠠᠨ | ᠬᠦᠴᠦᠷᠬᠡᠭᠵᠢᠭᠦᠯᠬᠦ ᠳᠣᠲᠣᠭᠠᠳᠤ ᠬᠦᠳᠡᠯᠭᠡᠭᠴᠢ ᠬᠦᠴᠦᠨ ᠢ ᠬᠥᠭᠵᠢᠭᠡᠵᠦ᠂ ᠮᠠᠯᠴᠢᠳ ᠤᠨ ᠰᠢᠷᠭᠠᠭᠤ | ᠬᠥᠳᠡᠯᠮᠦᠷᠢ ᠪᠠᠷ ᠢᠶᠠᠨ ᠰᠠᠶᠢᠨ ᠰᠠᠶᠢᠬᠠᠨ ᠠᠮᠢᠳᠤᠷᠠᠯ ᠢᠶᠠᠨ ᠴᠣᠭᠴᠠᠯᠠᠬᠤ ᠶᠢ ᠢᠳᠡᠪᠬᠢᠳᠡᠢ ᠬᠥᠲᠥᠯᠥᠨ ᠵᠢᠯᠤᠭᠤᠳᠤᠨ᠎ᠠ | ᠃ ᠭᠠᠵᠢᠭᠤ ᠨᠣᠮᠯᠠᠯ᠂ ᠬᠠᠤᠯᠢ ᠪᠤᠰᠤ ᠱᠠᠰᠢᠨ ᠰᠤᠷᠲᠠᠬᠤᠨ ᠵᠢᠴᠢ ᠱᠠᠰᠢᠨ ᠰᠤᠷᠲᠠᠬᠤᠨ ᠤ ᠬᠡᠲᠦᠷᠡᠮᠡᠬᠡᠢ ᠦᠵᠡᠯ ᠳᠤ | ᠡᠷᠡᠰ ᠴᠣᠬᠢᠯᠲᠠ ᠥᠭᠴᠦ᠂ ᠮᠠᠯᠴᠢᠳ ᠤᠨ ᠰᠢᠨᠵᠢᠯᠡᠬᠦ ᠤᠬᠠᠭᠠᠨ ᠢ ᠡᠷᠬᠢᠮᠯᠡᠨ᠂ ᠮᠤᠬᠤᠷ ᠪᠢᠰᠢᠷᠡᠯ ᠢ ᠡᠰᠡᠷᠭᠦᠴᠡᠬᠦ ᠶᠢ | ᠬᠦᠳᠦᠯᠦᠨ ᠵᠢᠯᠤᠭᠤᠳᠤᠨ᠎ᠠ᠃ ᠴᠤᠤᠷᠬᠠᠯ ᠵᠤᠬᠢᠶᠠᠨ ᠴᠤᠤᠷᠬᠠᠯ ᠲᠠᠷᠬᠠᠭᠠᠬᠤ᠂ ᠵᠣᠷᠢᠯᠭ᠎ᠠ ᠲᠠᠢ ᠪᠠᠷ ᠬᠡᠷᠡᠭ ᠦᠳᠦᠭᠡᠬᠦ | ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠮᠠᠯᠴᠢᠳ ᠤᠨ ᠬᠦᠰᠡᠯ | ᠱᠠᠭᠠᠷᠳᠠᠯᠭ᠎ᠠ ᠪᠠᠨ ᠣᠶᠤᠨᠴᠢ ᠪᠠᠷ ᠢᠯᠡᠳᠭᠡᠬᠦ ᠶᠢ ᠬᠦᠳᠦᠯᠦᠨ ᠵᠢᠯᠤᠭᠤᠳᠤᠨ᠎ᠠ᠃ ᠮᠠᠯᠴᠢᠳ ᠤᠨ ᠦᠵᠡᠯ ᠰᠠᠨᠠᠭ᠎ᠠ᠂ | ᠬᠠᠤᠯᠢ ᠪᠠᠷ ᠵᠠᠰᠠᠬᠤ ᠦᠵᠡᠯᠲᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ | ᠬᠥᠮᠦᠵᠢᠯ ᠢ ᠬᠦᠨᠵᠡᠭᠡᠶᠢᠷᠡᠬᠦᠯᠦᠨ᠎ᠡ᠃ ᠮᠠᠯᠴᠢᠳ ᠤᠨ ᠶᠡᠷᠦᠩᠬᠡᠶᠢᠯᠡᠭᠰᠡᠨ ᠬᠡᠪ ᠴᠢᠨᠠᠷ ᠢ ᠳᠡᠭᠡᠭᠰᠢᠯᠡᠭᠦᠯᠦᠨ᠂ | ᠰᠣᠶᠣᠯ ᠲᠠᠢ᠂ ᠮᠡᠷᠭᠡᠵᠢᠯ ᠲᠠᠢ᠂ ᠡᠵᠡᠩᠨᠡᠵᠦ ᠴᠢᠳᠠᠬᠤ᠂ ᠪᠠᠶᠠᠵᠢᠵᠤ ᠴᠢᠳᠠᠬᠤ᠂ ᠬᠠᠤᠯᠢ ᠳᠥᠷᠢᠮ ᠢ ᠰᠠᠬᠢᠭᠰᠠᠨ | ᠰᠢᠨ᠎ᠡ ᠮᠠᠶ᠋ᠢᠭ ᠤᠨ ᠮᠠᠯᠴᠢᠳ ᠢ ᠬᠦᠴᠦᠯᠡᠨ ᠬᠥᠮᠥᠵᠢᠭᠦᠯᠦᠨ᠎ᠡ᠃ | ᠲᠥᠷᠪᠡ ᠳᠤ᠂ ᠮᠠᠯᠵᠢᠬᠤ ᠣᠷᠣᠨ ᠤ ᠣᠷᠣᠰᠢᠨ ᠰᠠᠭᠤᠬᠤ ᠣᠷᠴᠢᠨ ᠨᠦᠬᠦᠴᠡᠯ ᠤᠨ ᠴᠡᠭᠴᠡᠯᠡᠨ | ᠰᠠᠶᠢᠵᠢᠷᠠᠭᠤᠯᠤᠯᠲᠠ ᠶᠢ ᠠᠬᠢᠭᠤᠯᠤᠨ᠎ᠠ᠃ ᠮᠠᠯᠵᠢᠬᠤ ᠣᠷᠤᠨ ᠤ ᠣᠷᠣᠰᠢᠨ ᠰᠠᠭᠤᠬᠤ ᠣᠷᠴᠢᠨ ᠨᠦᠬᠦᠴᠡᠯ ᠢ | ᠴᠡᠭᠴᠡᠯᠡᠨ ᠰᠠᠶᠢᠵᠢᠷᠠᠭᠤᠯᠬᠤ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠦᠷ᠎ᠡ | ᠪᠦᠲᠦᠭᠡᠯ ᠢ ᠪᠠᠬᠢᠵᠢᠬᠦᠯᠦᠨ᠎ᠡ᠃ ᠨᠡᠶᠢᠭᠡᠮᠴᠢᠯᠡᠭᠰᠡᠨ ᠦᠢᠯᠡᠴᠢᠯᠡᠭᠡᠨ ᠤ ᠠᠩᠭᠢ ᠶᠢᠨ ᠬᠢᠨᠠᠨ ᠰᠢᠯᠭᠠᠬᠤ | ᠬᠠᠮᠢᠶᠠᠷᠤᠯᠲᠠ ᠶᠢᠨ ᠠᠷᠭ᠎ᠠ ᠶᠢ ᠲᠠᠰᠤᠷᠠᠯᠲᠠ ᠦᠭᠡᠢ ᠨᠠᠷᠢᠯᠢᠭᠵᠢᠭᠤᠯᠵᠤ᠂ ᠢᠯᠡ ᠪᠠᠷ ᠬᠤᠪᠢ ᠳᠡᠮᠳᠡᠭᠯᠡᠬᠦ ᠠᠷᠭ᠎ᠠ ᠪᠠᠷ | ᠨᠡᠶᠢᠭᠡᠮ ᠤᠨ ᠬᠢᠨᠠᠯᠲᠠ ᠶᠢ ᠴᠢᠩᠭᠠᠳᠬᠠᠵᠤ᠂ 4 ᠨᠡᠶᠢᠭᠡᠮ ᠤᠨ ᠦᠢᠯᠡᠴᠢᠯᠡᠭᠡᠨ ᠤ ᠠᠩᠭᠢ ᠶᠢᠨ ᠣᠯᠠᠨ ᠲᠥᠷᠦᠯ ᠤᠨ | ᠠᠷᠭ᠎ᠠ ᠠᠪᠴᠠᠯ ᠢᠶᠠᠷ ᠲᠣᠰ ᠪᠡᠶ᠎ᠡ ᠶᠢᠨ ᠡᠵᠡᠩᠨᠡᠯᠲᠡ ᠶᠢᠨ ᠴᠢᠳᠠᠪᠤᠷᠢ ᠢᠶᠠᠨ ᠴᠢᠩᠭᠠᠳᠬᠠᠬᠤ ᠶᠢ ᠬᠦᠳᠦᠯᠦᠨ | ᠵᠢᠯᠤᠭᠤᠳᠴᠤ᠂ ᠦᠢᠯᠡᠴᠢᠯᠡᠭᠡᠨ ᠤ ᠬᠢᠷᠢ ᠬᠡᠮᠵᠢᠶ᠎ᠡ ᠪᠠ ᠴᠢᠨᠠᠷ ᠴᠢᠨᠰᠠᠭ᠎ᠠ ᠶᠢ ᠦᠨᠡᠨᠬᠦ ᠳᠡᠭᠡᠭᠰᠢᠯᠡᠭᠦᠯᠦᠨ᠎ᠡ᠃ 2 | ᠠᠶᠢᠮᠠᠭ ᠤᠨ ᠲᠠᠰ ᠤᠨ ᠵᠢᠱᠢᠶ᠎ᠡ ᠦᠵᠡᠭᠦᠯᠬᠦ ᠭᠠᠴᠠᠭ᠎ᠠ ᠶᠢᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ | 1 ᠤᠯᠤᠰ ᠤᠨ ᠲᠠᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠭᠠᠴᠠᠭ᠎ᠠ᠂ 1 | ᠥᠪᠡᠷᠲᠡᠭᠡᠨ ᠵᠠᠰᠠᠬᠤ ᠣᠷᠣᠨ ᠤ ᠲᠠᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ | ᠦᠵᠡᠭᠦᠯᠬᠦ ᠭᠠᠴᠠᠭ᠎ᠠ᠂ 3 ᠠᠶᠢᠮᠠᠭ ᠤᠨ ᠲᠠᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ | ᠦᠵᠡᠭᠦᠯᠬᠦ ᠭᠠᠴᠠᠭ᠎ᠠ ᠶᠢ ᠰᠢᠨ᠎ᠡ ᠪᠠᠷ ᠪᠠᠶᠢᠭᠤᠯᠤᠨ᠎ᠠ᠃ ︽ᠵᠣᠷᠯᠣᠩ ᠤᠨ ᠬᠤᠪᠢᠰᠬᠠᠯ︾ ᠢ ᠯᠠᠪᠳᠠᠭᠤᠨ ᠢᠶᠠᠷ | ᠠᠬᠢᠭᠤᠯᠵᠤ᠂ ᠤᠳᠤ ᠪᠠᠶᠢᠭ᠎ᠠ ᠵᠣᠷᠯᠣᠩ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠡᠳᠦᠷ ᠲᠤᠲᠤᠮ ᠤᠨ | ᠬᠠᠮᠢᠶᠠᠷᠤᠯᠲᠠ ᠪᠠ ᠬᠠᠮᠠᠭᠠᠯᠠᠯᠲᠠ ᠶᠢ ᠰᠠᠶᠢᠲᠤᠷ ᠬᠢᠵᠦ᠂ ᠵᠢᠯ ᠤᠨ ᠳᠣᠲᠣᠷ᠎ᠠ 60 ᠡᠷᠦᠬᠡ ᠶᠢᠨ ᠵᠣᠷᠯᠣᠩ ᠢ | ᠰᠢᠨ᠎ᠡ ᠪᠠᠷ ᠪᠠᠶᠢᠭᠤᠯᠤᠨ᠎ᠠ᠃ ᠭᠦᠸᠧ ᠹᠧᠩ ᠮᠢᠨ ᠢᠦᠢ ᠮᠠᠯ ᠵᠢᠭᠦᠷᠲᠡᠨ ᠤ ᠢᠯᠭᠠᠲᠠᠰᠤ ᠶᠢ ᠡᠬᠢ ᠪᠠᠶᠠᠯᠢᠭ ᠪᠤᠯᠭᠠᠨ | ᠠᠰᠢᠭᠯᠠᠵᠤ ᠪᠥᠬᠦ ᠬᠤᠰᠢᠭᠤ ᠪᠠᠷ ᠢᠶᠠᠨ ᠲᠦᠯᠬᠢᠨ ᠠᠬᠢᠭᠤᠯᠬᠤ ᠲᠥᠷᠥᠯ ᠵᠦᠢᠯ ᠢ ᠠᠰᠢᠭᠯᠠᠯᠲᠠ ᠳᠤ ᠣᠷᠣᠭᠤᠯᠣᠨ᠎ᠠ᠃ | ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠳᠤᠯᠠᠭᠠᠯᠠᠭ᠎ᠠ ᠶᠢᠨ ᠲᠥᠷᠥᠯ ᠵᠦᠢᠯ ᠢ ᠢᠳᠡᠪᠬᠢᠳᠡᠢ | ᠲᠦᠭᠡᠮᠡᠯᠵᠢᠬᠦᠯᠵᠦ᠂ 3 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠶ ᠲᠠᠢ ᠲᠤᠯᠠᠭᠠᠯᠭ᠎ᠠ ᠶᠢᠨ ᠲᠥᠷᠦᠯ ᠵᠦᠢᠯ ᠢ | ᠪᠡᠶᠡᠯᠡᠬᠦᠯᠦᠨ᠎ᠡ᠃ ᠤᠷᠤᠰᠢᠨ ᠰᠠᠭᠤᠬᠤ ᠣᠷᠴᠢᠨ ᠨᠦᠬᠦᠴᠡᠯ ᠤᠨ ᠴᠡᠭᠴᠡᠯᠡᠨ ᠰᠠᠶᠢᠵᠢᠷᠠᠭᠤᠯᠤᠯᠲᠠ ᠶᠢ ᠴᠢᠩᠭᠠᠳᠬᠠᠵᠤ | ᠂ ᠤᠷᠤᠰᠢᠨ ᠰᠠᠭᠤᠬᠤ ᠳᠤ ᠲᠠᠭᠠᠯᠠᠮᠵᠢᠲᠠᠢ᠂ ᠪᠤᠯᠪᠠᠰᠤᠨ᠂ ᠡᠶ᠎ᠡ ᠵᠤᠬᠢᠴᠠᠩᠭᠤᠢ᠂ ᠦᠵᠡᠰᠬᠦᠯᠡᠩᠳᠦ ᠰᠠᠶᠢᠬᠠᠨ | ᠬᠦᠳᠡᠭᠡ ᠲᠤᠰᠬᠤᠨ ᠢ ᠴᠤᠭᠴᠠᠯᠠᠨ ᠪᠠᠶᠢᠭᠤᠯᠤᠨ᠎ᠠ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ | ᠬᠥᠳᠡᠯᠭᠡᠭᠡᠨ ᠢ ᠭᠦᠨᠵᠡᠭᠡᠢ ᠥᠷᠨᠢᠭᠦᠯᠦᠨ᠎ᠡ᠃ ᠬᠤᠯᠤᠭᠠᠨ᠎ᠠ ᠶᠢᠨ ᠬᠢᠵᠢᠭ᠂ ᠪᠷᠦ᠋ᠼᠧᠯ ᠡᠪᠡᠳᠴᠢᠨ ᠵᠡᠷᠭᠡ ᠬᠥᠮᠥᠨ | ᠮᠠᠯ ᠳᠤ ᠴᠦᠮ ᠬᠠᠯᠳᠠᠪᠤᠷᠢᠯᠠᠳᠠᠭ ᠬᠠᠯᠳᠠᠪᠤᠷᠢᠲᠤ ᠡᠪᠡᠳᠴᠢᠨ᠂ ᠣᠷᠣᠨ ᠨᠤᠲᠤᠭ ᠤᠨ ᠡᠪᠡᠳᠴᠢᠨ ᠵᠡᠷᠭᠡ ᠶᠢ | ᠬᠠᠮᠲᠤ ᠪᠠᠷ ᠰᠡᠷᠭᠡᠶᠢᠯᠡᠬᠦ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠤᠯᠠᠨ ᠲᠦᠮᠡᠨ ᠤ ᠡᠷᠡᠭᠦᠯ ᠮᠡᠨᠳᠤ | ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠬᠠᠮᠠᠭᠠᠯᠠᠵᠤ᠂ ᠮᠠᠯᠴᠢᠳ ᠢ ᠬᠥᠲᠥᠯᠥᠨ ᠵᠢᠯᠤᠭᠤᠳᠴᠤ᠂ ᠦᠵᠡᠯᠲᠡ | ᠲᠠᠨᠢᠯᠲᠠ ᠶᠢ ᠨᠢ ᠬᠤᠪᠢᠷᠠᠭᠤᠯᠵᠤ᠂ ᠡᠷᠡᠭᠦᠯ ᠪᠣᠯᠪᠠᠰᠤᠨ ᠠᠮᠢᠳᠤᠷᠠᠯ ᠤᠨ ᠠᠷᠭ᠎ᠠ ᠮᠠᠶ᠋ᠢᠭ ᠢ ᠪᠤᠢ ᠪᠤᠯᠭᠠᠬᠤ ᠶᠢ | ᠠᠬᠢᠭᠤᠯᠤᠨ᠎ᠠ᠃ | ᠲᠥᠷᠪᠡ᠂ ᠶᠠᠳᠠᠭᠤ ᠠᠴᠠ ᠠᠩᠭᠢᠵᠢᠷᠠᠭᠤᠯᠤᠨ ᠪᠣᠭᠤᠮᠲᠠ ᠰᠢᠪᠳᠤᠯᠬᠤ ᠦᠷ᠎ᠡ ᠪᠦᠲᠦᠭᠡᠯ ᠢ ᠦᠷᠭᠦᠯᠵᠢᠯᠡᠨ | ᠪᠠᠬᠢᠵᠢᠭᠦᠯᠵᠦ᠂ ᠮᠠᠯᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠤᠶ᠎ᠠ | ᠨᠢᠭᠡ ᠳᠤ᠂ ︽ᠮᠠᠯ ᠠᠵᠤ ᠠᠬᠤᠢ᠂ ᠮᠠᠯᠵᠢᠬᠤ ᠤᠷᠤᠨ᠂ ᠮᠠᠯᠴᠢᠳ︾ ᠤᠨ ᠣᠷᠤᠭᠤᠯᠤᠯᠲᠠ ᠪᠠᠨ | ᠦᠷᠬᠦᠯᠵᠢᠯᠡᠨ ᠨᠡᠮᠡᠭᠳᠡᠭᠦᠯᠦᠨ᠎ᠡ᠃ ᠨᠢᠳᠤᠨᠤᠨ᠂ ︽ᠮᠠᠯ ᠠᠵᠤ ᠠᠬᠤᠢ᠂ ᠮᠠᠯᠵᠢᠬᠤ ᠤᠷᠤᠨ᠂ ᠮᠠᠯᠴᠢᠳ︾ ᠲᠤ 2. | 3 ᠳ᠋ᠦᠩᠰᠢᠭᠤᠷ ᠲᠥᠭᠦᠷᠢᠭ ᠪᠡᠯᠡ ᠤᠷᠤᠭᠤᠯᠵᠤ᠂ ᠶᠡᠷᠦᠩᠬᠡᠢ ᠵᠠᠷᠤᠯᠭ᠎ᠠ ᠶᠢᠨ 25.27% ᠶᠢ ᠡᠵᠡᠯᠡᠵᠦ᠂ ᠠᠳᠠᠯᠢ | ᠬᠤᠭᠤᠴᠠᠭᠠᠨ ᠤ ᠠᠴᠠ 9% ᠪᠠᠷ ᠨᠡᠮᠡᠭᠳᠡᠪᠡ᠃ ᠥᠨᠦ ᠵᠢᠯ ᠨᠢ ᠤᠳᠤᠬᠠᠨ ᠪᠤᠯᠲᠠᠯ᠎ᠠ ︽ᠮᠠᠯ ᠠᠵᠤ ᠠᠬᠤᠢ᠂ | ᠮᠠᠯᠵᠢᠬᠤ ᠤᠷᠤᠨ᠂ ᠮᠠᠯᠴᠢᠳ︾ ᠲᠤ ᠨᠢᠭᠡᠨᠲᠡ 1.5 ᠳ᠋ᠦᠩᠰᠢᠭᠤᠷ ᠲᠦᠬᠦᠷᠢᠭ ᠪᠡᠯᠡ ᠤᠷᠤᠭᠤᠯᠪᠠ᠃ ᠪᠢᠳᠡ | ᠡᠳ᠋ ᠤᠨ ᠵᠠᠰᠠᠭ ᠤᠨ ᠲᠤᠰᠬᠠᠢ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠵᠦ ᠡᠮᠬᠢᠯᠡᠨ ᠨᠡᠶᠢᠯᠡᠭᠦᠯᠬᠦ ᠡᠷᠴᠢᠮ ᠢᠶᠠᠨ | ᠦᠷᠭᠦᠯᠵᠢᠯᠡᠨ ᠴᠢᠩᠭᠠᠷᠠᠭᠤᠯᠵᠤ᠂ ︽ᠮᠠᠯ ᠠᠵᠤ ᠠᠬᠤᠢ᠂ ᠮᠠᠯᠵᠢᠬᠤ ᠤᠷᠤᠨ᠂ ᠮᠠᠯᠴᠢᠳ︾ ᠤᠨ ᠪᠠᠴᠢᠮ | ᠱᠠᠭᠠᠷᠳᠠᠭᠳᠠᠵᠤ ᠪᠠᠶᠢᠭ᠎ᠠ ᠭᠤᠣᠯᠳᠠᠯᠭ᠎ᠠ ᠲᠠᠢ ᠬᠦᠷᠢᠶ᠎ᠡ ᠬᠡᠪᠴᠢᠶᠡᠨ ᠳᠤ ᠬᠡᠷᠡᠭᠯᠡᠵᠦ᠂ ᠶᠠᠳᠠᠭᠤ ᠠᠴᠠ | ᠠᠩᠭᠢᠵᠢᠷᠠᠭᠤᠯᠤᠨ ᠪᠤᠭᠤᠮᠳᠠ ᠰᠢᠪᠳᠤᠯᠬᠤ ᠦᠷ᠎ᠡ ᠪᠦᠲᠦᠭᠡᠯ ᠢ ᠦᠷᠭᠡᠳᠬᠡᠨ ᠪᠠᠬᠢᠵᠢᠬᠦᠯᠬᠦ ᠶᠢ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠠᠢ ᠪᠦᠳᠦᠮᠵᠢᠳᠡᠢ ᠵᠤᠯᠭᠠᠭᠤᠯᠵᠦ᠂ ᠮᠠᠯ ᠠᠵᠤ ᠠᠬᠤᠢ ᠶᠢᠨ ᠦᠢᠯᠡᠰ ᠤᠨ ᠦᠷ᠎ᠡ | ᠠᠰᠢᠭ ᠢ ᠨᠡᠮᠡᠭᠳᠡᠭᠦᠯᠬᠦ ᠪᠠ ᠮᠠᠯᠴᠢᠳ ᠤᠨ ᠣᠷᠣᠯᠭ᠎ᠠ ᠶᠢᠨ ᠨᠡᠮᠡᠭᠳᠡᠯ ᠢ ᠦᠷᠭᠦᠯᠵᠢᠯᠡᠨ ᠠᠬᠢᠭᠤᠯᠤᠨ᠎ᠠ᠃ | ᠬᠤᠶᠠᠷ ᠲᠤ᠂ ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠦᠳᠡᠯᠦᠩᠬᠦᠢ ᠬᠢᠨᠠᠨ | ᠬᠡᠮᠵᠢᠯᠲᠡ ᠶᠢ ᠴᠢᠩᠭᠠᠳᠬᠠᠨ᠎ᠠ᠃ ᠨᠢᠭᠡᠳᠦᠭᠡᠷ ᠤᠯᠠᠷᠢᠯ ᠳᠤ ᠬᠥᠳᠡᠯᠦᠩᠭᠦᠢ ᠪᠠᠷ ᠲᠣᠬᠢᠷᠠᠭᠤᠯᠤᠯᠲᠠ ᠬᠢᠭᠰᠡᠨ ᠤ | ᠳᠠᠷᠠᠭ᠎ᠠ᠂ ᠮᠠᠨ ᠤ ᠬᠤᠰᠢᠭᠤᠨ ᠳᠤ ᠶᠠᠳᠠᠭᠤ ᠠᠴᠠ ᠠᠩᠭᠢᠵᠢᠷᠠᠭᠰᠠᠨ ᠡᠷᠦᠬᠡ 598 ᠡᠷᠦᠬᠡ 1470 ᠬᠦᠮᠦᠨ ᠠᠮᠠ | ᠪᠠᠶᠢᠵᠤ᠂ ᠬᠢᠨᠠᠨ ᠬᠡᠮᠵᠢᠯᠲᠡ ᠶᠢᠨ ᠡᠷᠦᠬᠡ 15 ᠡᠷᠦᠬᠡ 35 ᠬᠦᠮᠦᠨ ᠠᠮᠠ ᠪᠠᠶᠢᠨ᠎ᠠ᠃ ᠡᠯ᠎ᠡ ᠰᠣᠮᠣ ᠪᠠᠯᠭᠠᠰᠤ᠂ | ᠬᠠᠮᠢᠶ᠎ᠠ ᠪᠦᠬᠦᠢ ᠰᠠᠯᠠᠭ᠎ᠠ ᠮᠦᠴᠢᠷ ᠨᠢ ᠬᠢᠨᠠᠨ ᠬᠡᠮᠵᠢᠬᠦ ᠪᠠᠷᠢᠮᠵᠢᠶ᠎ᠠ ᠶᠢ ᠬᠥᠳᠡᠯᠦᠩᠭᠦᠢ ᠪᠠᠷ ᠲᠣᠬᠢᠷᠠᠭᠤᠯᠬᠤ | ᠲᠤᠭᠲᠠᠯᠴᠠᠭ᠎ᠠ ᠶᠢ ᠪᠦᠷᠢᠨᠰᠢᠭᠦᠯᠵᠦ᠂ ᠲᠠᠬᠢᠨ ᠶᠠᠳᠠᠭᠤᠷᠠᠬᠤ ᠠᠶᠤᠯ ᠲᠦᠭᠰᠢᠬᠦᠷᠢ ᠶᠢᠨ ᠬᠢᠨᠠᠨ ᠬᠡᠮᠵᠢᠯᠲᠡ ᠶᠢ | ᠰᠠᠶᠢᠲᠤᠷ ᠬᠢᠵᠤ᠂ ︽ᠰᠠᠭᠠᠳ ᠦᠭᠡᠢ ᠨᠡᠪᠳᠡᠷᠡᠬᠦ︾ ᠶᠠᠳᠠᠭᠤᠷᠠᠬᠤ ᠶᠢ ᠰᠡᠷᠭᠡᠶᠢᠯᠡᠬᠦ ᠭᠤᠣᠯ ᠠᠷᠭ᠎ᠠ ᠠᠪᠴᠠᠯ ᠢ | ᠰᠠᠶᠢᠲᠤᠷ ᠬᠡᠷᠡᠭᠯᠡᠨ᠂ ᠲᠠᠬᠢᠨ ᠶᠠᠳᠠᠭᠤᠷᠠᠬᠤ ᠠᠶᠤᠯ ᠲᠦᠭᠰᠢᠬᠦᠷᠢ ᠲᠠᠢ ᠮᠠᠯᠴᠢᠳ ᠤᠨ ᠲᠤᠰᠢᠶᠠᠬᠤ ᠶᠤᠰᠤᠳᠠᠢ | ᠪᠦᠬᠦᠨ ᠢ ᠨᠢ ᠲᠤᠰᠢᠶᠠᠨ᠎ᠠ᠃ ᠬᠢᠨᠠᠨ ᠬᠡᠮᠵᠢᠭᠳᠡᠵᠦ ᠪᠠᠶᠢᠭ᠎ᠠ ᠡᠷᠦᠬᠡ ᠶᠢᠨ ︽ᠡᠷᠬᠢᠨ ᠬᠠᠷᠠᠬᠤ︾ ᠠᠵᠢᠯ ᠢ | ᠦᠷᠬᠦᠯᠵᠢᠯᠡᠨ ᠰᠠᠶᠢᠲᠤᠷ ᠬᠢᠵᠤ᠂ ᠢᠯᠭᠠᠨ ᠲᠠᠨᠢᠬᠤ ᠪᠠ ᠠᠶᠤᠯ ᠲᠦᠭᠰᠢᠬᠦᠷᠢ ᠶᠢ ᠠᠷᠢᠯᠭᠠᠭᠰᠠᠨ ᠪᠠᠶᠢᠳᠠᠯ ᠨᠢ | ᠨᠠᠷᠢᠯᠢᠭ ᠤᠨᠤᠪᠴᠢ ᠦᠭᠡᠢ ᠪᠠᠶᠢᠪᠠᠯ᠂ ᠴᠠᠭ ᠲᠤᠬᠠᠢ ᠳᠤᠨᠢ ᠲᠡᠭᠡᠭᠰᠢ ᠮᠡᠳᠡᠬᠦᠯᠦᠨ᠎ᠡ᠃ ᠠᠶᠤᠯ ᠲᠦᠭᠰᠢᠬᠦᠷᠢ ᠶᠢ | ᠠᠷᠢᠯᠭᠠᠭᠰᠠᠨ ᠬᠤᠶᠢᠨ᠎ᠠ᠂ ᠰᠢᠨ᠎ᠡ ᠲᠦᠭᠰᠢᠬᠦᠷᠢ ᠶᠢᠨ ᠴᠡᠭ ᠢᠯᠡᠷᠡᠪᠡᠯ᠂ ᠲᠠᠬᠢᠨ ᠬᠢᠨᠠᠨ ᠬᠡᠮᠵᠢᠯᠲᠡ ᠶᠢᠨ ᠬᠦᠷᠢᠶ᠎ᠡ | ᠬᠡᠪᠴᠢᠶᠡᠨ ᠳᠤ ᠤᠷᠤᠭᠤᠯᠵᠤ᠂ ᠬᠠᠪᠰᠤᠷᠤᠨ ᠳᠡᠳᠬᠦᠨ᠎ᠡ᠃ ᠬᠠᠪᠰᠤᠷᠤᠨ ᠲᠡᠳᠬᠦᠭᠰᠡᠨ ᠦᠷ᠎ᠡ ᠪᠦᠳᠦᠮᠵᠢ ᠢᠯᠡ | ᠲᠤᠳᠤ ᠪᠢᠰᠢ ᠪᠣᠯ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠪᠠᠨ ᠴᠠᠭ ᠲᠤᠬᠠᠢ ᠳᠤᠨᠢ ᠲᠤᠬᠢᠷᠠᠭᠤᠯᠤᠨ᠎ᠠ᠃ | ᠤᠨᠤᠪᠴᠢ ᠦᠭᠡᠢ ᠲᠤᠭ᠎ᠠ ᠪᠠᠷᠢᠮᠲᠠ ᠶᠢ ᠴᠠᠭ ᠲᠤᠬᠠᠢ ᠳᠤᠨᠢ ᠪᠠᠶᠢᠴᠠᠭᠠᠵᠤ ᠵᠠᠰᠠᠨ ᠵᠠᠯᠠᠷᠠᠭᠤᠯᠤᠨ᠎ᠠ᠃ | ᠭᠤᠷᠪᠠ ᠳᠤ᠂ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠲᠣᠭᠲᠠᠪᠤᠷᠢᠵᠢᠭᠤᠯᠤᠨ᠎ᠠ᠃ ᠰᠠᠯᠠᠭ᠎ᠠ | ᠮᠦᠴᠢᠷ ᠠᠴᠠ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠠᠷᠢᠯᠴᠠᠨ | ᠤᠶᠠᠯᠳᠤᠭᠤᠯᠬᠤ ᠬᠠᠷᠢᠴᠠᠭ᠎ᠠ ᠶᠢ ᠰᠠᠶᠢᠲᠤᠷ ᠲᠣᠬᠢᠷᠠᠭᠤᠯᠤᠨ ᠲᠡᠬᠦᠯᠳᠡᠷᠵᠢᠬᠦᠯᠦᠨ᠎ᠡ᠃ ᠶᠠᠳᠠᠭᠤ ᠠᠴᠠ | ᠠᠩᠭᠢᠵᠢᠷᠠᠭᠤᠯᠬᠤ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠠᠵᠢᠯ ᠢ ᠯᠠᠪᠳᠠᠭᠤᠨ ᠬᠢᠨ᠎ᠡ᠃ ᠶᠠᠳᠠᠭᠤ ᠠᠴᠠ | ᠠᠩᠭᠢᠵᠢᠷᠠᠭᠰᠠᠨ ᠡᠷᠦᠬᠡ ᠶᠢᠨ ᠬᠥᠮᠥᠨ ᠪᠦᠷᠢ ᠳᠤ 50 ᠲᠥᠭᠦᠷᠢᠭ ᠤᠨ ᠲᠠᠬᠢᠨ ᠶᠠᠳᠠᠭᠤᠷᠠᠬᠤ ᠶᠢ ᠰᠡᠷᠭᠡᠶᠢᠯᠡᠬᠦ | ᠳᠠᠭᠠᠳᠬᠠᠯ ᠢ ᠨᠢ ᠦᠷᠭᠦᠯᠵᠢᠯᠡᠨ ᠲᠤᠰᠢᠶᠠᠨ᠎ᠠ᠃ ᠬᠠᠮᠤᠭ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ | ᠬᠦᠴᠢᠷᠳᠡᠯᠲᠡᠢ ᠬᠥᠮᠥᠰ ᠤᠨ ᠨᠥᠬᠦᠪᠦᠷᠢ᠂ ᠵᠡᠮᠳᠡᠭᠴᠦᠳ ᠤᠨ ᠬᠤᠶᠠᠷ ᠲᠥᠷᠦᠯ ᠤᠨ ᠨᠥᠬᠦᠪᠦᠷᠢ᠂ ᠭᠡᠷ | ᠲᠦᠷᠢᠶᠡᠰᠦᠯᠡᠬᠦ ᠨᠥᠬᠦᠪᠦᠷᠢ ᠵᠡᠷᠭᠡ ᠠᠷᠠᠳ ᠤᠨ ᠠᠮᠢᠳᠤᠷᠠᠯ ᠤᠨ ᠳᠡᠮᠵᠢᠨ ᠲᠤᠰᠠᠯᠠᠬᠤ ᠪᠡᠯᠡ ᠮᠥᠩᠭᠦ ᠶᠢ ᠴᠠᠭ | ᠲᠤᠬᠠᠢ ᠳᠤᠨᠢ ᠲᠤᠭ᠎ᠠ ᠶᠣᠰᠣᠭᠠᠷ ᠪᠠᠭᠤᠯᠭᠠᠨ᠎ᠠ᠃ ᠣᠨᠳᠣᠣ ᠭᠠᠵᠠᠷ ᠲᠤ ᠨᠡᠭᠦᠯᠭᠡᠵᠦ ᠶᠠᠳᠠᠭᠤ ᠠᠴᠠ | ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠲᠤᠰᠬᠠᠢ ᠠᠵᠢᠯᠯᠠᠭ᠎ᠠ ᠪᠠ ᠨᠡᠭᠦᠯᠭᠡᠭᠰᠡᠨ ᠤᠯᠠᠨ | ᠲᠦᠮᠡᠨ ᠳᠤ ᠲᠠᠬᠢᠨ ᠠᠵᠢᠯ ᠣᠯᠭᠤᠵᠤ ᠬᠠᠪᠰᠤᠷᠤᠨ ᠲᠡᠳᠬᠦᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠠᠵᠤ | ᠦᠢᠯᠡᠰ ᠢᠶᠠᠷ ᠠᠵᠢᠯ ᠣᠯᠭᠤᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠣᠯᠭ᠎ᠠ ᠶᠢᠨ ᠵᠥᠷᠢᠶ᠎ᠡ᠂ | ᠬᠥᠭᠵᠢᠯᠲᠡ ᠶᠢᠨ ᠵᠥᠷᠢᠶ᠎ᠡ ᠶᠢ ᠲᠠᠰᠤᠷᠠᠯᠲᠠ ᠦᠭᠡᠢ ᠪᠠᠭᠠᠰᠬᠠᠵᠤ᠂ ᠶᠠᠳᠠᠭᠤ ᠠᠴᠠ ᠠᠩᠭᠢᠵᠢᠷᠠᠭᠰᠠᠨ ᠤᠯᠠᠨ | ᠲᠦᠮᠡᠨ ᠤ ᠬᠥᠭᠵᠢᠯᠲᠡ ᠶᠢᠨ ᠳᠣᠲᠣᠭᠠᠳᠤ ᠬᠦᠳᠡᠯᠭᠡᠭᠴᠢ ᠬᠦᠴᠦᠨ ᠢ ᠨᠢ ᠨᠡᠮᠡᠭᠳᠡᠬᠦᠯᠦᠨ᠎ᠡ᠃ | ᠳᠥᠷᠪᠡ ᠳᠤ᠂ ᠭᠠᠮᠰᠢᠭ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠶᠢ ᠴᠢᠩᠭᠠᠳᠬᠠᠨ᠎ᠠ᠃ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠡᠵᠢᠭᠡᠯ ᠡᠪᠡᠰᠦ | ᠪᠣᠷᠳᠣᠭᠠᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ | ᠪᠠᠬᠢᠵᠢᠭᠦᠯᠵᠦ᠂ ᠲᠡᠵᠢᠭᠡᠯ ᠡᠪᠡᠰᠦ ᠪᠣᠷᠳᠣᠭᠠᠨ ᠤ ᠪᠠᠲᠤᠯᠠᠭ᠎ᠠ ᠶᠢᠨ ᠴᠢᠳᠠᠪᠤᠷᠢ ᠶᠢ ᠤᠯᠠᠮ ᠨᠢᠭᠡ ᠠᠯᠬᠤᠮ | ᠳᠡᠭᠡᠭᠰᠢᠯᠡᠬᠦᠯᠦᠨ᠎ᠡ᠃ ᠴᠠᠭ ᠠᠭᠤᠷ ᠤᠨ ᠰᠠᠯᠠᠭ᠎ᠠ ᠮᠦᠴᠢᠷ ᠨᠢ ᠬᠡᠨᠡᠳᠳᠡ ᠡᠬᠦᠰᠬᠦ ᠴᠠᠭ ᠠᠭᠤᠷ ᠤᠨ ᠬᠢᠨᠠᠨ | ᠬᠡᠮᠵᠢᠯᠲᠡ ᠶᠢ ᠴᠢᠩᠭᠠᠳᠬᠠᠵᠤ᠂ ᠡᠯ᠎ᠡ ᠲᠥᠷᠦᠯ ᠤᠨ ᠤᠬᠠᠭᠤᠯᠭ᠎ᠠ ᠶᠢᠨ ᠵᠠᠭᠤᠴᠢᠯᠠᠭᠤᠷ ᠢᠶᠠᠷ ᠳᠠᠮᠵᠢᠭᠤᠯᠤᠨ᠂ | ᠤᠷᠢᠳᠴᠢᠯᠠᠨ ᠰᠡᠷᠡᠮᠵᠢᠯᠡᠬᠦᠯᠦᠨ ᠰᠡᠷᠭᠡᠶᠢᠯᠡᠬᠦ ᠮᠡᠳᠡᠭᠳᠡᠯ ᠨᠡᠶᠢᠲᠡᠯᠡᠨ᠎ᠡ᠃ ᠡᠬᠦᠨ ᠤ ᠬᠠᠮᠳᠤ᠂ ᠡᠯ᠎ᠡ ᠰᠣᠮᠣ ᠪᠠᠯᠭᠠᠰᠤ᠂ | ᠭᠠᠴᠠᠭ᠎ᠠ ᠪᠠ ᠪᠠᠴᠢᠮ ᠪᠠᠶᠢᠳᠠᠯ ᠢ ᠠᠷᠭᠠᠴᠠᠬᠤ ᠰᠠᠯᠠᠭ᠎ᠠ ᠮᠦᠴᠢᠷ ᠲᠠᠢ ᠬᠤᠯᠪᠤᠭᠠᠯᠠᠨ᠂ ᠴᠠᠭ ᠠᠭᠤᠷ ᠤᠨ | ᠭᠠᠮᠰᠢᠭ ᠤᠨ ᠠᠶᠤᠯ ᠲᠦᠭᠰᠢᠬᠦᠷᠢ ᠶᠢᠨ ᠬᠠᠮᠢᠶᠠᠷᠤᠯᠲᠠ ᠵᠢᠴᠢ ᠰᠢᠨᠵᠢᠯᠡᠭᠡ ᠮᠡᠷᠭᠡᠵᠢᠯ ᠢᠶᠠᠷ ᠭᠠᠮᠰᠢᠭ ᠠᠴᠠ | ᠰᠡᠷᠭᠡᠶᠢᠯᠡᠵᠦ ᠭᠠᠮᠰᠢᠭ ᠢ ᠪᠠᠭᠠᠰᠬᠠᠬᠤ ᠮᠡᠷᠭᠡᠵᠢᠯ ᠤᠨ ᠪᠤᠯᠪᠠᠰᠤᠷᠠᠯ ᠢ ᠴᠢᠩᠭᠠᠳᠬᠠᠵᠤ᠂ ᠮᠠᠯᠴᠢᠳ ᠤᠨ ᠪᠠᠶᠢᠭᠠᠯᠢ ᠶᠢᠨ | ᠭᠠᠮᠰᠢᠭ ᠢ ᠪᠦᠳᠦᠮᠵᠢᠳᠡᠢ ᠰᠡᠷᠭᠡᠶᠢᠯᠡᠨ ᠠᠷᠭᠠᠴᠠᠬᠤ ᠶᠢ ᠢᠳᠡᠪᠬᠢᠳᠡᠢ ᠬᠦᠳᠦᠯᠦᠨ ᠵᠢᠯᠤᠭᠤᠳᠤᠨ᠎ᠠ᠃ ᠡᠪᠡᠰᠦᠨ ᠤ | ᠦᠢᠯᠡᠰ ᠤᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢ ᠰᠢᠯᠢᠳᠡᠭᠵᠢᠭᠦᠯᠵᠦ᠂ 2023 ᠣᠨ ᠤ ᠲᠠᠷᠢᠶᠠᠯᠠᠩ ᠮᠠᠯ ᠠᠵᠤ | ᠠᠬᠤᠢ ᠶᠢᠨ ᠦᠢᠯᠡᠳᠪᠦᠷᠢᠯᠡᠯ ᠤᠨ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠰᠠᠶᠢᠲᠤᠷ ᠬᠡᠷᠡᠭᠯᠡᠬᠦ ᠪᠠᠷ ᠳᠠᠮᠵᠢᠨ᠂ | ᠪᠠᠴᠢᠮ ᠪᠠᠶᠢᠳᠠᠯ ᠢ ᠠᠷᠭᠠᠴᠠᠬᠤ ᠪᠠ ᠬᠢᠮᠲᠠ ᠡᠪᠡᠰᠦ ᠪᠤᠷᠳᠤᠭ᠎ᠠ ᠬᠠᠩᠭᠠᠬᠤ ᠵᠡᠷᠭᠡ ᠦᠢᠯᠡᠳᠦᠯ ᠢ ᠬᠦᠢᠴᠡᠳ | ᠪᠠᠳᠠᠷᠠᠭᠤᠯᠤᠨ᠎ᠠ᠃ ᠭᠠᠩ ᠢ ᠡᠰᠡᠷᠭᠦᠴᠡᠬᠦ ᠪᠡᠯᠡᠳᠬᠡᠯ ᠤᠰᠤᠨ ᠤ ᠰᠤᠷᠪᠤᠯᠵᠢ ᠵᠡᠷᠭᠡ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃ ᠮᠠᠯ ᠡᠮᠨᠡᠯᠭᠡ ᠶᠢᠨ ᠨᠡᠶᠢᠭᠡᠮᠴᠢᠯᠡᠭᠰᠡᠨ | ᠦᠢᠯᠡᠴᠢᠯᠡᠭᠡᠨ ᠤ ᠠᠵᠢᠯ ᠢ ᠢᠳᠡᠪᠬᠢᠲᠡᠢ ᠲᠦᠯᠬᠢᠨ ᠠᠬᠢᠭᠤᠯᠵᠤ᠂ ᠦᠢᠯᠡᠳᠦᠯ ᠴᠢᠳᠠᠪᠬᠢ ᠪᠠᠨ ᠦᠨᠡᠨ ᠬᠦ | ᠪᠠᠳᠠᠷᠠᠭᠤᠯᠤᠨ᠎ᠠ᠃ 1︱2 ᠠᠮᠢᠳᠤ ᠮᠠᠯ ᠤᠨ ᠰᠣᠯᠢᠯᠴᠠᠭᠠᠨ ᠤ ᠵᠠᠬ᠎ᠠ ᠳᠡᠯᠭᠡᠭᠦᠷ ᠢ ᠪᠠᠶᠢᠭᠤᠯᠵᠤ᠂ ᠮᠠᠯᠴᠢᠳ ᠤᠨ | ᠮᠠᠯ ᠤᠨ ᠭᠠᠷᠭᠠᠯᠲᠠ ᠳᠤ ᠲᠥᠬᠦᠮ ᠦᠵᠡᠭᠦᠯᠦᠨ᠂ ᠮᠠᠯᠴᠢᠳ ᠤᠨ ᠠᠰᠢᠭ ᠲᠤᠰᠠ ᠶᠢ ᠬᠠᠮᠠᠭᠠᠯᠠᠨ᠎ᠠ᠃ ᠬᠢᠵᠢᠭ ᠭᠡᠮ᠂ | ᠬᠤᠷᠣᠬᠠᠢ ᠶᠢᠨ ᠬᠥᠨᠥᠭᠡᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠣᠣᠷ ᠰᠦᠯᠵᠢᠶ᠎ᠡ ᠶᠢ ᠪᠦᠷᠢᠨᠰᠢᠭᠦᠯᠵᠦ | ᠂ ᠥᠨᠳᠥᠷ ᠦᠷ᠎ᠡ ᠪᠦᠲᠦᠮᠵᠢᠲᠡᠢ ᠠᠮᠢ ᠠᠬᠤᠢ ᠶᠢᠨ ᠭᠠᠮᠰᠢᠭ ᠠᠴᠠ ᠵᠠᠶᠢᠯᠠᠬᠤ ᠬᠡᠯᠪᠡᠷᠢ ᠶᠢᠨ ᠤᠳᠤᠬᠢᠴᠢᠯᠠᠭᠰᠠᠨ ᠮᠠᠯ | ᠠᠵᠤ ᠠᠬᠤᠢ ᠶᠢᠨ ᠰᠠᠭᠤᠷᠢ ᠶᠢ ᠪᠠᠬᠢᠵᠢᠬᠦᠯᠦᠨ᠎ᠡ᠃ | ᠲᠠᠪᠤ ᠳᠤ᠂ ᠮᠠᠯᠴᠢᠳ ᠪᠠ ᠠᠵᠤ ᠠᠬᠤᠶᠢᠯᠠᠯ ᠤᠨ ᠡᠶ᠎ᠡ ᠵᠤᠬᠢᠴᠠᠯ ᠲᠠᠢ ᠬᠠᠷᠢᠴᠠᠭ᠎ᠠ ᠶᠢ ᠪᠠᠶᠢᠭᠤᠯᠤᠨ᠎ᠠ᠃ | ᠠᠵᠤ ᠠᠬᠤᠶᠢᠯᠠᠯ ᠤᠨ ᠬᠥᠭᠵᠢᠯᠲᠡ ᠨᠢ ᠨᠡᠶᠢᠭᠡᠮ ᠤᠨ ᠡᠯ᠎ᠡ ᠡᠳᠡᠭᠡᠳ ᠤᠨ ᠬᠢᠨ ᠪᠠ ᠬᠤᠳᠠᠯᠳᠤᠭ᠎ᠠ ᠡᠵᠡᠩᠨᠡᠬᠦ | ᠣᠷᠴᠢᠨ ᠨᠥᠬᠦᠴᠡᠯ ᠤᠨ ᠲᠤᠯᠭᠠᠭᠤᠷᠢᠯᠠᠯ ᠠᠴᠠ ᠰᠠᠯᠵᠤ ᠴᠢᠳᠠᠬᠤ ᠦᠭᠡᠢ᠃ ᠠᠵᠤ ᠠᠬᠤᠶᠢᠯᠠᠯ ᠤᠨ | ᠦᠷᠬᠦᠯᠵᠢᠯᠡᠬᠦᠶᠢᠴᠡ ᠬᠥᠭᠵᠢᠯᠲᠡ ᠨᠢ ᠮᠠᠯᠵᠢᠬᠤ ᠤᠷᠤᠨ ᠤ ᠬᠥᠭᠵᠢᠯᠲᠡ ᠶᠢ ᠳᠠᠶᠢᠴᠢᠯᠠᠵᠤ᠂ ᠲᠣᠬᠠᠢ ᠶᠢᠨ ᠭᠠᠵᠠᠷ | ᠤᠷᠤᠨ ᠤ ᠮᠠᠯᠴᠢᠳ ᠤᠨ ᠠᠵᠢᠯ ᠣᠯᠵᠤ᠂ ᠤᠷᠤᠯᠭ᠎ᠠ ᠪᠠᠨ ᠨᠡᠮᠡᠭᠳᠡᠬᠦᠯᠬᠦ ᠳᠤ ᠨᠠᠩ ᠣᠯᠠᠨ ᠠᠵᠠ ᠲᠣᠬᠢᠶᠠᠯ | ᠬᠠᠩᠭᠠᠵᠤ᠂ ᠮᠠᠯᠴᠢᠳ ᠪᠠ ᠠᠵᠤ ᠠᠬᠤᠶᠢᠯᠠᠯ ᠤᠨ ᠬᠤᠭᠤᠷᠤᠨᠳᠠᠬᠢ ᠠᠰᠢᠭ ᠲᠤᠰᠠ ᠨᠢ ᠬᠠᠷᠢᠯᠴᠠᠨ ᠬᠤᠯᠪᠤᠯᠳᠤᠵᠤ᠂ | ᠬᠠᠷᠢᠯᠴᠠᠨ ᠠᠬᠢᠭᠤᠯᠬᠤ ᠬᠠᠷᠢᠴᠠᠭ᠎ᠠ ᠲᠠᠢ ᠶᠤᠮ᠃ ᠡᠯ᠎ᠡ ᠰᠤᠮᠤ ᠪᠠᠯᠭᠠᠰᠤ᠂ ᠭᠠᠴᠠᠭ᠎ᠠ ᠵᠢᠴᠢ ᠬᠠᠮᠢᠶ᠎ᠠ ᠪᠦᠬᠦᠢ | ᠰᠠᠯᠠᠭ᠎ᠠ ᠮᠦᠴᠢᠷ ᠨᠢ ᠮᠠᠯᠴᠢᠳ ᠪᠠ ᠠᠵᠤ ᠠᠬᠤᠶᠢᠯᠠᠯ ᠤᠨ ᠡᠶ᠎ᠡ ᠵᠤᠬᠢᠴᠠᠯ ᠲᠠᠢ ᠬᠠᠷᠢᠴᠠᠭ᠎ᠠ ᠶᠢ ᠦᠷᠭᠦᠯᠵᠢᠯᠡᠨ | ᠰᠠᠶᠢᠲᠤᠷ ᠬᠠᠮᠠᠭᠠᠯᠠᠨ᠎ᠠ᠃ ᠶᠡᠭᠡ ᠲᠠᠯ᠎ᠠ ᠶᠢ ᠡᠷᠬᠢᠮᠯᠡᠬᠦ᠂ ᠪᠦᠬᠦ ᠲᠠᠯ᠎ᠠ ᠶᠢ ᠬᠠᠷᠠᠭᠠᠯᠵᠠᠬᠤ ᠡᠭᠦᠳᠡᠨ ᠠᠴᠠ᠂ ᠮᠠᠯᠴᠢᠨ | ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠬᠠᠮᠲᠤ᠂ ᠠᠵᠤ ᠠᠬᠤᠶᠢᠯᠠᠯ ᠤᠨ ᠲᠦᠷᠭᠡᠨ | ᠠᠰᠢᠭᠯᠠᠯᠲᠠ ᠳᠤ ᠤᠷᠤᠵᠤ ᠦᠷᠬᠦᠯᠵᠢᠯᠡᠨ ᠬᠥᠭᠵᠢᠬᠦ ᠶᠢ ᠦᠨᠨᠡᠬᠦ ᠪᠠᠲᠤᠯᠠᠨ᠎ᠠ᠃ ︽ᠭᠠᠴᠠᠭᠠᠨ ᠤ ᠡᠵᠡᠷᠬᠡᠭᠴᠢ | ᠦᠵᠡᠯᠲᠡᠨ︾ ᠵᠡᠷᠭᠡ ᠳᠤ ᠴᠢᠩᠭ᠎ᠠ ᠴᠣᠬᠢᠯᠲᠠ ᠥᠭᠴᠦ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠨᠡᠩ | ᠰᠢᠯᠢᠳᠡᠭᠵᠢᠬᠦᠯᠬᠦ ᠪᠠᠷ ᠳᠠᠮᠵᠢᠨ᠂ ᠨᠡᠩ ᠤᠯᠠᠨ ᠨᠡᠶᠢᠭᠡᠮ ᠤᠨ ᠪᠡᠯᠡ ᠮᠦᠩᠬᠦ ᠶᠢ ᠲᠠᠲᠠᠵᠤ᠂ ᠮᠠᠯᠴᠢᠳ ᠤᠨ ᠪᠠᠶᠠᠵᠢᠨ | ᠴᠢᠨᠡᠭᠡᠯᠢᠭᠵᠢᠬᠦ ᠶᠢ ᠳᠠᠶᠢᠴᠢᠯᠠᠨ᠎ᠠ᠃ | ᠵᠢᠷᠭᠤᠭ᠎ᠠ ᠳᠤ᠂ ᠮᠠᠯᠴᠢᠳ ᠤᠨ ᠣᠷᠣᠯᠭ᠎ᠠ ᠶᠢᠨ ᠨᠡᠮᠡᠭᠳᠡᠯ ᠢ ᠦᠷᠬᠦᠯᠵᠢᠯᠡᠨ ᠠᠬᠢᠭᠤᠯᠤᠨ᠎ᠠ᠃ ᠡᠯ᠎ᠡ ᠰᠤᠮᠤ | ᠪᠠᠯᠭᠠᠰᠤ᠂ ᠭᠠᠴᠠᠭ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠨᠢ ᠮᠠᠯᠴᠢᠳ ᠤᠨ ︽ᠴᠥᠬᠡᠨ ᠮᠠᠯᠵᠢᠬᠤ᠂ ᠨᠠᠷᠢᠯᠢᠭ | ᠮᠠᠯᠵᠢᠬᠤ᠂ ᠨᠡᠷᠡᠲᠦ ᠲᠡᠮᠳᠡᠭᠳᠦ ᠲᠡᠰᠢ ᠬᠦᠭᠵᠢᠬᠦ︾ ᠰᠢᠨᠵᠢᠯᠡᠬᠦ ᠤᠬᠠᠭᠠᠨᠴᠢ ᠲᠡᠵᠢᠭᠡᠨ ᠦᠷᠡᠵᠢᠬᠦᠯᠬᠦ ᠵᠠᠮ ᠢᠶᠠᠷ | ᠵᠠᠮᠨᠠᠬᠤ ᠶᠢ ᠢᠳᠡᠪᠬᠢᠳᠡᠢ ᠬᠦᠳᠦᠯᠦᠨ ᠵᠢᠯᠤᠭᠤᠳᠴᠤ᠂ ᠲᠡᠵᠢᠭᠡᠨ ᠦᠷᠡᠵᠢᠬᠦᠯᠬᠦ ᠲᠤᠭ᠎ᠠ ᠲᠣᠯᠣᠭᠠᠢ ᠶᠢ | ᠲᠤᠭᠲᠠᠪᠤᠷᠢᠳᠠᠢ ᠬᠢᠵᠠᠭᠠᠷᠯᠠᠬᠤ ᠶᠢᠨ ᠬᠠᠮᠲᠤ ᠴᠢᠨᠠᠷ ᠴᠢᠨᠰᠠᠭ᠎ᠠ ᠶᠢ ᠪᠠᠲᠤᠯᠠᠨ᠎ᠠ᠃ ᠮᠠᠯᠴᠢᠳ ᠤᠨ ᠮᠠᠯ ᠤᠨ | ᠭᠠᠷᠭᠠᠯᠲᠠ ᠶᠢᠨ ᠨᠣᠷᠮ᠎ᠠ ᠪᠠᠨ ᠥᠷᠭᠡᠳᠬᠡᠨ᠂ ᠡᠷᠲᠡ ᠭᠠᠷᠭᠠᠬᠤ᠂ ᠬᠤᠷᠳᠤᠨ ᠭᠠᠷᠭᠠᠬᠤ᠂ ᠣᠯᠠᠨ ᠭᠠᠷᠭᠠᠬᠤ ᠶᠢ | ᠢᠳᠡᠪᠬᠢᠳᠡᠢ ᠵᠣᠷᠢᠭᠵᠢᠭᠤᠯᠵᠤ᠂ ᠲᠡᠵᠢᠭᠡᠨ ᠦᠷᠡᠵᠢᠬᠦᠯᠬᠦ ᠥᠪᠡᠷ ᠤᠨ ᠥᠷᠲᠡᠭ ᠢ ᠪᠦᠳᠦᠮᠵᠢᠳᠡᠢ ᠲᠤᠷᠤᠭᠰᠢᠯᠠᠭᠤᠯᠤᠨ | ᠂ ᠡᠵᠡᠩᠨᠡᠯᠲᠡ ᠶᠢᠨ ᠤᠷᠤᠯᠭ᠎ᠠ ᠪᠠᠨ ᠨᠡᠮᠡᠭᠳᠡᠬᠦᠯᠬᠦ ᠶᠢ ᠵᠣᠷᠢᠭᠵᠢᠭᠤᠯᠣᠨ᠎ᠠ᠃ ᠲᠤᠰᠬᠠᠢ ᠬᠤᠷᠰᠢᠶᠠᠵᠢᠯ᠂ ᠬᠠᠮᠲᠤ ᠶᠢᠨ | ᠠᠵᠤ ᠠᠬᠤᠢ᠂ ᠭᠡᠷ ᠪᠦᠯᠢ ᠶᠢᠨ ᠮᠠᠯᠵᠢᠯ ᠤᠨ ᠲᠠᠯᠠᠪᠠᠢ ᠶᠢᠨ ᠬᠦᠭᠵᠢᠯᠲᠡ ᠶᠢ ᠦᠷᠬᠦᠯᠵᠢᠯᠡᠨ ᠲᠡᠳᠬᠦᠵᠦ᠂ 20 ᠭᠡᠷ | ᠪᠦᠯᠢ ᠶᠢᠨ ᠮᠠᠯᠵᠢᠯ ᠤᠨ ᠲᠠᠯᠠᠪᠠᠢ᠂ 7 ᠲᠤᠰᠬᠠᠢ ᠬᠤᠷᠰᠢᠶᠠᠵᠢᠯ ᠢ ᠰᠢᠨ᠎ᠡ ᠪᠠᠷ ᠳᠡᠭᠡᠭᠰᠢ ᠮᠡᠳᠡᠬᠦᠯᠦᠨ᠂ ᠨᠤᠲᠠᠯᠠᠨ | ᠲᠤᠭᠲᠠᠭᠠᠵᠤ᠂ 2 ᠵᠢᠱᠢᠶ᠎ᠡ ᠦᠵᠡᠬᠦᠯᠬᠦ ᠡᠷᠦᠬᠡ ᠶᠢ ᠡᠬᠦᠳᠦᠨ ᠪᠠᠶᠢᠭᠤᠯᠤᠨ᠎ᠠ᠃ ᠮᠠᠯᠴᠢᠳ ᠢ ᠬᠤᠷᠰᠢᠭᠰᠠᠨ | ᠡᠵᠡᠩᠨᠡᠯᠲᠡ᠂ ᠬᠡᠪᠴᠢᠶᠡᠵᠢᠭᠰᠡᠨ ᠡᠵᠡᠩᠨᠡᠯᠲᠡ ᠳᠤ ᠢᠳᠡᠪᠬᠢᠳᠡᠢ ᠤᠷᠤᠯᠴᠠᠬᠤ ᠶᠢ ᠳᠠᠶᠢᠴᠢᠯᠠᠨ᠂ ᠮᠠᠯᠴᠢᠳ ᠪᠠ ᠠᠵᠤ | ᠠᠬᠤᠶᠢᠯᠠᠯ ᠳᠤ ᠬᠠᠷᠢᠯᠴᠠᠨ ᠠᠰᠢᠭᠲᠠᠢ ᠠᠰᠢᠭ ᠲᠤᠰᠠ ᠶᠢᠨ ᠬᠤᠯᠪᠤᠯᠳᠤᠭᠰᠠᠨ ᠲᠤᠭᠲᠠᠯᠴᠠᠭ᠎ᠠ ᠶᠢ ᠰᠦᠪᠡᠭᠴᠢᠯᠡᠨ᠂ | ᠮᠠᠯᠴᠢᠳ ᠤᠨ ᠤᠷᠤᠯᠭ᠎ᠠ ᠶᠢ ᠨᠡᠮᠡᠭᠳᠡᠬᠦᠯᠵᠦ᠂ ᠪᠠᠶᠠᠵᠢᠨ ᠴᠢᠨᠡᠭᠡᠯᠢᠭᠵᠢᠬᠦ ᠶᠢ ᠨᠢ ᠠᠬᠢᠭᠤᠯᠤᠨ᠎ᠠ᠃ | ᠨᠥᠬᠦᠳ ᠠ᠋︕ 2023 ᠣᠨ ᠤ ︽ᠮᠠᠯ ᠠᠵᠤ ᠠᠬᠤᠢ᠂ ᠮᠠᠯᠵᠢᠬᠤ ᠤᠷᠤᠨ᠂ ᠮᠠᠯᠴᠢᠳ︾ ᠤᠨ ᠠᠵᠢᠯ ᠢ | ᠰᠠᠶᠢᠲᠤᠷ ᠬᠢᠬᠦ ᠳᠤ ᠪᠢᠳᠡᠨ ᠤ ᠡᠭᠦᠷᠭᠡ ᠬᠠᠲᠠᠭᠤ᠂ ᠬᠠᠷᠢᠭᠤᠴᠠᠯᠭ᠎ᠠ ᠬᠦᠨᠳᠦ ᠪᠠᠶᠢᠨ᠎ᠠ᠃ ᠪᠢᠳᠠ ᠰᠢ ᠶᠢᠨ ᠫᠢᠩ | ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠢᠯᠡᠬᠦᠦ ᠨᠢᠭᠲᠠᠷᠠᠨ | ᠪᠦᠯᠬᠦᠮᠳᠡᠵᠦ᠂ ᠲᠥᠪ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠂ | ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠦᠷᠢᠵᠢᠭᠤᠯᠬᠤ ᠬᠡᠷᠡᠭᠳᠡᠢ᠃ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ | ᠢᠲᠡᠭᠡᠯ ᠵᠣᠷᠢᠭ ᠢᠶᠠᠨ ᠬᠦᠪᠴᠢᠯᠠᠨ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ︽ᠮᠠᠯ ᠠᠵᠤ ᠠᠬᠤᠢ᠂ ᠮᠠᠯᠵᠢᠬᠤ | ᠤᠷᠤᠨ᠂ ᠮᠠᠯᠴᠢᠳ︾ ᠤᠨ ᠡᠯ᠎ᠡ ᠲᠥᠷᠦᠯ ᠤᠨ ᠠᠵᠢᠯ ᠤᠨ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠵᠦ᠂ | ᠬᠦᠪᠡᠭᠡᠲᠦ ᠰᠢᠷ᠎ᠠ ᠬᠤᠰᠢᠭᠤᠨ ᠤ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠰᠢᠨ᠎ᠡ | ᠲᠦᠷᠰᠦ ᠪᠠᠶᠢᠳᠠᠯ ᠢ ᠴᠢᠷᠮᠠᠶᠢᠨ ᠴᠤᠭᠴᠠᠯᠠᠶ᠎ᠠ᠃ | |