ᠬᠥᠪᠡᠭᠡᠲᠦ ᠰᠢᠷ᠎ᠠ ᠬᠤᠰᠢᠭᠤ ᠤᠯᠤᠰ ᠤᠨ ᠬᠠᠮᠠᠭᠠᠯᠠᠯᠲᠠ ᠲᠠᠢ ᠬᠡᠭᠡᠷ᠎ᠡ ᠶᠢᠨ ᠵᠢᠬᠦᠷᠲᠡᠨ ᠢ ᠠᠪᠤᠷᠠᠪᠠ
ᠨᠡᠶᠢᠲᠡᠯᠡᠭᠰᠡᠨ ᠴᠠᠭ᠄
2024/1/2
     ᠬᠡᠭᠡᠷ᠎ᠡ ᠶᠢᠨ ᠠᠮᠢᠲᠠᠨ ᠪᠣᠯ ᠪᠠᠶᠢᠭᠠᠯᠢ ᠶᠢᠨ ᠠᠮᠢ ᠠᠬᠤᠶ ᠶᠢᠨ ᠰᠢᠰᠲ᠋ᠧᠮ ᠤᠨ ᠴᠢᠬᠤᠯᠠ ᠪᠦᠷᠢᠯᠳᠦᠬᠦᠨ ᠮᠥᠨ᠃ ᠣᠶᠢᠷ᠎ᠠ ᠳᠤ᠂ ᠬᠥᠪᠡᠭᠡᠲᠦ ᠰᠢᠷ᠎ᠠ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠳᠤᠪᠴᠢᠶᠠᠨ ᠤ ᠬᠤᠩᠭᠤᠷ ᠠᠭᠤᠯᠠ ᠶᠢᠨ ᠣᠶ ᠰᠢᠭᠤᠶ ᠬᠠᠮᠠᠭᠠᠯᠠᠬᠤ ᠥᠷᠲᠡᠭᠡ ᠬᠤᠶᠠᠷ ᠰᠢᠷᠬᠠᠳᠤᠭᠰᠠᠨ ᠬᠡᠭᠡᠷ᠎ᠡ ᠶᠢᠨ ᠵᠢᠬᠦᠷᠲᠡᠨ ᠢ  ᠠᠪᠤᠷᠠᠪᠠ᠃10 ᠰᠠᠷ᠎ᠠ ᠶᠢᠨ 24 ᠪᠠ 26᠎ ᠤ ᠡᠳᠦᠷ᠂ ᠬᠥᠪᠡᠭᠡᠲᠦ ᠰᠢᠷ᠎ᠠ ᠬᠤᠰᠢᠭᠤᠨ ᠤ ᠬᠤᠩᠭᠤᠷ ᠠᠭᠤᠯᠠ ᠶᠢᠨ ᠤᠢ ᠰᠢᠭᠤᠢ ᠶᠢ ᠬᠠᠮᠠᠭᠠᠯᠠᠬᠤ ᠦᠷᠳᠡᠭᠡ ᠨᠢ ᠪᠣᠭᠳᠠ ᠶᠢᠨ ᠭᠤᠣᠯ ᠰᠤᠮᠤᠨ ᠤ ᠰᠡᠬᠦᠵᠢ ᠭᠠᠴᠠᠭ᠎ᠠ ᠪᠣᠯᠤᠨ ᠤᠩᠭᠤᠨ ᠠᠭᠤᠯᠠ ᠰᠤᠮᠤᠨ ᠤ ᠪᠣᠷᠣ ᠬᠤᠵᠢᠷ ᠭᠠᠴᠠᠭᠠᠨ ᠤ ᠮᠠᠯᠴᠢᠳ ᠤᠨ ︽ᠬᠡᠭᠡᠷ᠎ᠡ ᠶᠢᠨ ᠰᠢᠪᠠᠭᠤ ᠰᠢᠷᠠᠭᠲᠤᠵᠠᠢ︔ ᠠᠪᠤᠷᠠᠨ ᠲᠤᠰᠠᠯᠠᠬᠤ ᠶᠢ ᠬᠦᠰᠡᠵᠥ ᠪᠠᠶᠢᠨ᠎ᠠ︾ ᠭᠡᠰᠡᠨ ᠲᠤᠰᠠᠯᠠᠮᠵᠢ ᠶᠢᠨ ᠤᠲᠠᠰᠤ ᠶᠢ ᠲᠤᠰᠤᠭᠰᠠᠨ ᠤ ᠳᠠᠷᠠᠭ᠎ᠠ᠂ ᠲᠡᠷᠡ ᠳᠠᠷᠤᠶ ᠳᠤᠨᠢ ᠲᠤᠬᠠᠶ ᠶᠢᠨ ᠲᠠᠯᠠᠪᠤᠷ ᠲᠤ ᠬᠦᠷᠴᠦ᠂ ᠰᠢᠷᠬᠠᠳᠤᠭᠠᠳ ᠨᠢᠰᠴᠦ ᠴᠢᠳᠠᠬᠤ ᠦᠭᠡᠢ ᠪᠤᠯᠤᠭᠰᠠᠨ ᠬᠤᠶᠠᠷ ᠰᠢᠪᠠᠭᠤ ᠨᠢ ᠤᠯᠤᠰ ᠤᠨ ᠨᠢᠭᠡᠳᠦᠭᠡᠷ ᠳᠡᠰ ᠤᠨ ᠬᠠᠮᠠᠭᠠᠯᠠᠯᠲᠠ ᠶᠢᠨ ᠵᠢᠬᠦᠷᠲᠡᠨ ᠪᠤᠯᠬᠤ ᠠᠯᠲᠠᠨ ᠪᠦᠷᠭᠦᠳ ᠪᠠ ᠲᠠᠯ᠎ᠠ ᠶᠢᠨ ᠪᠦᠷᠭᠦᠳ ᠪᠤᠯᠬᠤ ᠶᠢ ᠲᠤᠳᠤᠯᠠᠵᠠᠢ᠃ ᠲᠤᠰᠬᠠᠢ ᠮᠡᠷᠭᠡᠵᠢᠯᠲᠡᠨ ᠠᠴᠠ ᠤᠳᠤᠬᠠᠨ ᠳᠤ ᠰᠢᠷᠬ᠎ᠠ ᠶᠢ ᠨᠢ ᠡᠮᠨᠡᠨ ᠵᠠᠰᠠᠵᠤ ᠪᠠᠶᠢᠭ᠎ᠠ ᠪᠦᠭᠡᠳ ᠰᠢᠷᠬ᠎ᠠ ᠨᠢ ᠠᠨᠠᠭᠰᠠᠨ ᠤ ᠳᠠᠷᠠᠭ᠎ᠠ ᠡᠬᠡ ᠪᠠᠶᠢᠭᠠᠯᠢ ᠳᠤ ᠨᠢ ᠪᠤᠴᠠᠭᠠᠬᠤ ᠪᠠᠷ ᠪᠤᠢ᠃    ᠣᠶᠢᠯᠠᠭᠠᠭᠰᠠᠨ ᠢᠶᠠᠷ᠂ ᠬᠥᠪᠡᠭᠡᠲᠦ ᠰᠢᠷ᠎ᠠ ᠬᠤᠰᠢᠭᠤ ᠨᠢ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠮᠡᠳᠡᠯᠭᠡ ᠤᠬᠠᠮᠰᠠᠷ ᠢ ᠤᠬᠠᠭᠤᠯᠬᠤ ᠡᠷᠴᠢᠮ ᠢᠶᠠᠨ ᠲᠠᠰᠤᠷᠠᠯᠲᠠ ᠥᠬᠡᠶ ᠴᠢᠩᠭᠠᠳᠬᠠᠭᠰᠠᠨ ᠠᠴᠠ ᠠᠷᠠᠳ ᠣᠯᠠᠨ ᠤ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠤᠬᠠᠮᠰᠠᠷ ᠢᠯᠡᠳᠲᠡ ᠳᠡᠭᠡᠭᠰᠢᠯᠡᠵᠥ᠂ ᠪᠦᠷᠢᠳᠬᠡᠯ ᠢ ᠦᠨᠳᠦᠰᠦᠯᠡᠪᠡᠯ᠂ 2023 ᠣᠨ ᠤ 1 ᠰᠠᠷ᠎ᠠ ᠠᠴᠠ ᠣᠲᠣ ᠪᠣᠯᠲᠠᠯ᠎ᠠ ᠬᠡᠭᠡᠷ᠎ᠡ ᠶᠢᠨ ᠠᠮᠢᠲᠠᠨ ᠢ ᠠᠪᠤᠷᠠᠨ ᠲᠤᠰᠠᠯᠠᠭᠰᠠᠨ ᠠᠵᠢᠯᠯᠠᠭ᠎ᠠ ᠶᠢ ᠨᠢᠭᠡᠨᠲᠡ 24 ᠤᠳᠠᠭ᠎ᠠ ᠭᠥᠯᠢᠶᠡᠨ ᠠᠪᠴᠤ ᠰᠢᠢᠳᠪᠦᠷᠢᠯᠡᠨ᠂ ᠡᠭᠦᠨ ᠳᠤ ᠠᠯᠲᠠᠨ ᠪᠦᠷᠭᠦᠳ᠂ ᠲᠠᠯ᠎ᠠ ᠶᠢᠨ ᠪᠦᠷᠭᠦᠳ᠂ ᠪᠣᠷᠣ ᠲᠣᠭᠤᠷᠤᠤ᠂ ᠱᠣᠩᠬᠤᠷ᠂ ᠬᠡᠷᠢᠶ᠎ᠡ᠂ ᠭᠠᠯᠠᠭᠤ ᠵᠡᠷᠭᠡ ᠬᠤᠪᠣᠷ ᠴᠣᠬᠠᠭ ᠬᠡᠭᠡᠷ᠎ᠡ ᠶᠢᠨ ᠠᠮᠢᠲᠠᠨ ᠪᠤᠢ᠃ 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号