ᠴᠠᠰᠤ ᠠᠷᠢᠯᠭᠠᠬᠤ ᠠᠵᠢᠯ ᠢ ᠰᠠᠶᠢᠳᠤᠷ ᠥᠷᠨᠢᠭᠦᠯᠵᠦ ᠵᠠᠮ ᠬᠠᠷᠢᠯᠴᠠᠭᠠ᠊​‍ᠨ ᠤ ᠰᠠᠭᠠᠳ ᠥᠬᠡᠶ ᠨᠡᠪᠲᠡᠷᠡᠬᠦ ᠶᠢ ᠪᠠᠲᠤ᠋
ᠨᠡᠶᠢᠲᠡᠯᠡᠭᠰᠡᠨ ᠴᠠᠭ᠄
2024/1/2
         ᠠᠷᠠᠳ ᠤᠯᠠᠨ ᠤ ᠰᠠᠭᠠᠳ ᠦᠭᠡᠢ ᠠᠶᠠᠯᠠᠬᠤ ᠳᠤ ᠳᠦᠬᠦᠮ ᠦᠵᠡᠬᠦᠯᠬᠦ ᠶᠢᠨ ᠲᠦᠯᠦᠭᠡ᠂ ᠬᠥᠪᠡᠭᠡᠲᠦ ᠰᠢᠷ᠎ᠠ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ  ᠴᠠᠰᠤ ᠮᠥᠰᠥ ᠠᠷᠢᠯᠭᠠᠬᠤ ᠠᠵᠢᠯ ᠳᠤ ᠣᠷᠣᠯᠴᠠᠭᠤᠯᠵᠤ᠂ ᠴᠠᠰᠤ ᠮᠦᠰᠥ ᠲᠠᠢ ᠵᠠᠮ ᠬᠠᠷᠢᠯᠴᠠᠭᠠᠨ ᠤ ᠨᠥᠯᠥᠭᠡ ᠶᠢ ᠬᠠᠮᠤᠭ ᠤᠨ ᠳᠣᠤᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠵᠤ᠂ ᠣᠯᠠᠨ ᠲᠦᠮᠡᠨ ᠤ ᠶᠠᠪᠤᠵᠤ ᠰᠠᠭᠤᠬᠤ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠵᠤ ᠪᠤᠢ᠃ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠬᠦᠮᠦᠨ ᠬᠠᠷ᠎ᠠ᠂ ᠲᠡᠷᠭᠡ ᠤᠨᠤᠭ᠎ᠠ ᠬᠥᠳᠡᠯᠭᠡᠵᠦ᠂ ᠭᠤᠤᠯ ᠵᠡᠭᠡᠯᠢ ᠭᠤᠳᠤᠮᠵᠢ᠂ ᠵᠠᠮ ᠱᠤᠭᠤᠮ ᠤᠨ ᠴᠠᠰᠤ ᠶᠢ ᠠᠷᠢᠯᠭᠠᠵᠥ᠂ ᠴᠠᠰᠤ ᠬᠠᠳᠠᠭᠤᠷᠠᠵᠤ ᠮᠥᠰᠥ ᠬᠥᠯᠳᠡᠬᠦ ᠪᠣᠯᠤᠮᠵᠢ ᠶᠢ ᠪᠠᠭᠠᠰᠬᠠᠪᠠ᠃ᠲᠣᠰ ᠤᠳᠠᠭᠠᠨ ᠤ ᠴᠠᠰᠤ ᠠᠷᠢᠯᠭᠠᠬᠤ ᠠᠵᠢᠯ ᠳᠤ ᠣᠷᠴᠢᠨ ᠲᠣᠭᠤᠷᠢᠨ ᠤ ᠴᠡᠪᠡᠷᠯᠡᠭᠴᠢ ᠨᠡᠶᠢᠲᠡ 410 ᠭᠠᠷᠤᠶ ᠬᠥᠮᠦᠨ ᠤᠳᠠᠭ᠎ᠠ ᠤᠷᠤᠯᠴᠠᠵᠤ᠂ 3 ᠲᠡᠭᠡᠭᠡᠬᠦ ᠮᠠᠰᠢᠨ᠂ 2 ᠴᠠᠰᠤ ᠱᠦᠬᠦᠷᠳᠡᠬᠦ ᠲᠡᠷᠭᠡ᠂ 1 ᠴᠠᠰᠤ ᠤᠪᠤᠭᠠᠯᠠᠬᠤ ᠲᠡᠷᠭᠡ᠂ 3 ᠵᠦᠭᠡᠭᠡᠬᠦ ᠮᠠᠰᠢᠨ ᠬᠥᠳᠡᠯᠭᠡᠪᠡ᠃ ᠣᠳᠣᠬᠠᠨ ᠳᠤ᠂ ᠰᠢᠨᠡᠪᠤᠯᠠᠭ ᠶᠡᠭᠡ ᠵᠡᠭᠡᠯᠢ᠂ ᠪᠠᠶᠠᠨ ᠵᠡᠭᠡᠯᠢ᠂ ᠨᠠᠷᠠᠨ ᠵᠡᠭᠡᠯᠢ᠂ ᠬᠤᠩᠭᠤᠷ ᠶᠡᠭᠡ ᠵᠡᠭᠡᠯᠢ ᠵᠡᠷᠭᠡ 8 ᠵᠡᠭᠡᠯᠢ ᠶᠢ ᠨᠢᠭᠡᠨᠲᠡ ᠴᠡᠪᠡᠷᠯᠡᠵᠦ ᠳᠠᠭᠤᠰᠬᠠᠪᠠ᠃         ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠦᠷᠭᠦᠯᠵᠢᠯᠡᠨ ᠠᠷᠠᠳ ᠲᠤ ᠳᠦᠬᠦᠮ ᠦᠵᠡᠬᠦᠯᠵᠤ᠂ ᠴᠠᠭ ᠠᠭᠤᠷ ᠤᠨ ᠬᠤᠪᠢᠷᠠᠯᠲᠠ ᠶᠢ ᠨᠢᠭᠲᠠ ᠠᠩᠬᠠᠷᠴᠤ᠂ ᠴᠠᠰᠤ ᠮᠥᠰᠥ ᠶᠢ ᠴᠠᠭ ᠳᠤᠬᠠᠢ ᠳᠤᠨᠢ ᠠᠷᠢᠯᠭᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠵᠤ᠂ ᠠᠷᠠᠳ ᠣᠯᠠᠨ ᠤ ᠠᠮᠤᠷ ᠲᠦᠪᠰᠢᠨ ᠢᠶᠠᠷ ᠠᠶᠠᠯᠠᠬᠤ ᠶᠢ ᠪᠠᠳᠤᠯᠠᠬᠤ ᠪᠠᠷ ᠪᠤᠢ᠃ 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号