ᠬᠡᠭᠡᠷ᠎ᠡ ᠶᠢᠨ ᠠᠮᠢᠲᠠᠨ ᠪᠣᠯ ᠪᠠᠶᠢᠭᠠᠯᠢ ᠶᠢᠨ ᠠᠮᠢ ᠠᠬᠤᠶ ᠶᠢᠨ ᠰᠢᠰᠲ᠋ᠧᠮ ᠤᠨ ᠴᠢᠬᠤᠯᠠ ᠪᠦᠷᠢᠯᠳᠦᠬᠦᠨ ᠮᠥᠨ᠃ | ᠣᠶᠢᠷ᠎ᠠ ᠳᠤ᠂ ᠬᠥᠪᠡᠭᠡᠲᠦ ᠰᠢᠷ᠎ᠠ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠳᠤᠪᠴᠢᠶᠠᠨ ᠤ | ᠬᠤᠩᠭᠤᠷ ᠠᠭᠤᠯᠠ ᠶᠢᠨ ᠣᠶ ᠰᠢᠭᠤᠶ ᠬᠠᠮᠠᠭᠠᠯᠠᠬᠤ ᠥᠷᠲᠡᠭᠡ ᠬᠤᠶᠠᠷ ᠰᠢᠷᠬᠠᠳᠤᠭᠰᠠᠨ ᠬᠡᠭᠡᠷ᠎ᠡ ᠶᠢᠨ ᠵᠢᠬᠦᠷᠲᠡᠨ ᠢ | ᠠᠪᠤᠷᠠᠪᠠ᠃ | 10 ᠰᠠᠷ᠎ᠠ ᠶᠢᠨ 24 ᠪᠠ 26 ᠤ ᠡᠳᠦᠷ᠂ ᠬᠥᠪᠡᠭᠡᠲᠦ ᠰᠢᠷ᠎ᠠ ᠬᠤᠰᠢᠭᠤᠨ ᠤ ᠬᠤᠩᠭᠤᠷ ᠠᠭᠤᠯᠠ ᠶᠢᠨ ᠤᠢ | ᠰᠢᠭᠤᠢ ᠶᠢ ᠬᠠᠮᠠᠭᠠᠯᠠᠬᠤ ᠦᠷᠳᠡᠭᠡ ᠨᠢ ᠪᠣᠭᠳᠠ ᠶᠢᠨ ᠭᠤᠣᠯ ᠰᠤᠮᠤᠨ ᠤ ᠰᠡᠬᠦᠵᠢ ᠭᠠᠴᠠᠭ᠎ᠠ ᠪᠣᠯᠤᠨ ᠤᠩᠭᠤᠨ | ᠠᠭᠤᠯᠠ ᠰᠤᠮᠤᠨ ᠤ ᠪᠣᠷᠣ ᠬᠤᠵᠢᠷ ᠭᠠᠴᠠᠭᠠᠨ ᠤ ᠮᠠᠯᠴᠢᠳ ᠤᠨ ︽ᠬᠡᠭᠡᠷ᠎ᠡ ᠶᠢᠨ ᠰᠢᠪᠠᠭᠤ ᠰᠢᠷᠠᠭᠲᠤᠵᠠᠢ︔ | ᠠᠪᠤᠷᠠᠨ ᠲᠤᠰᠠᠯᠠᠬᠤ ᠶᠢ ᠬᠦᠰᠡᠵᠥ ᠪᠠᠶᠢᠨ᠎ᠠ︾ ᠭᠡᠰᠡᠨ ᠲᠤᠰᠠᠯᠠᠮᠵᠢ ᠶᠢᠨ ᠤᠲᠠᠰᠤ ᠶᠢ ᠲᠤᠰᠤᠭᠰᠠᠨ ᠤ ᠳᠠᠷᠠᠭ᠎ᠠ᠂ | ᠲᠡᠷᠡ ᠳᠠᠷᠤᠶ ᠳᠤᠨᠢ ᠲᠤᠬᠠᠶ ᠶᠢᠨ ᠲᠠᠯᠠᠪᠤᠷ ᠲᠤ ᠬᠦᠷᠴᠦ᠂ ᠰᠢᠷᠬᠠᠳᠤᠭᠠᠳ ᠨᠢᠰᠴᠦ ᠴᠢᠳᠠᠬᠤ ᠦᠭᠡᠢ ᠪᠤᠯᠤᠭᠰᠠᠨ | ᠬᠤᠶᠠᠷ ᠰᠢᠪᠠᠭᠤ ᠨᠢ ᠤᠯᠤᠰ ᠤᠨ ᠨᠢᠭᠡᠳᠦᠭᠡᠷ ᠳᠡᠰ ᠤᠨ ᠬᠠᠮᠠᠭᠠᠯᠠᠯᠲᠠ ᠶᠢᠨ ᠵᠢᠬᠦᠷᠲᠡᠨ ᠪᠤᠯᠬᠤ ᠠᠯᠲᠠᠨ ᠪᠦᠷᠭᠦᠳ | ᠪᠠ ᠲᠠᠯ᠎ᠠ ᠶᠢᠨ ᠪᠦᠷᠭᠦᠳ ᠪᠤᠯᠬᠤ ᠶᠢ ᠲᠤᠳᠤᠯᠠᠵᠠᠢ᠃ ᠲᠤᠰᠬᠠᠢ ᠮᠡᠷᠭᠡᠵᠢᠯᠲᠡᠨ ᠠᠴᠠ ᠤᠳᠤᠬᠠᠨ ᠳᠤ ᠰᠢᠷᠬ᠎ᠠ ᠶᠢ ᠨᠢ | ᠡᠮᠨᠡᠨ ᠵᠠᠰᠠᠵᠤ ᠪᠠᠶᠢᠭ᠎ᠠ ᠪᠦᠭᠡᠳ ᠰᠢᠷᠬ᠎ᠠ ᠨᠢ ᠠᠨᠠᠭᠰᠠᠨ ᠤ ᠳᠠᠷᠠᠭ᠎ᠠ ᠡᠬᠡ ᠪᠠᠶᠢᠭᠠᠯᠢ ᠳᠤ ᠨᠢ ᠪᠤᠴᠠᠭᠠᠬᠤ ᠪᠠᠷ ᠪᠤᠢ᠃ | | ᠣᠶᠢᠯᠠᠭᠠᠭᠰᠠᠨ ᠢᠶᠠᠷ᠂ ᠬᠥᠪᠡᠭᠡᠲᠦ ᠰᠢᠷ᠎ᠠ ᠬᠤᠰᠢᠭᠤ ᠨᠢ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠮᠡᠳᠡᠯᠭᠡ | ᠤᠬᠠᠮᠰᠠᠷ ᠢ ᠤᠬᠠᠭᠤᠯᠬᠤ ᠡᠷᠴᠢᠮ ᠢᠶᠠᠨ ᠲᠠᠰᠤᠷᠠᠯᠲᠠ ᠥᠬᠡᠶ ᠴᠢᠩᠭᠠᠳᠬᠠᠭᠰᠠᠨ ᠠᠴᠠ ᠠᠷᠠᠳ ᠣᠯᠠᠨ ᠤ | ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠤᠬᠠᠮᠰᠠᠷ ᠢᠯᠡᠳᠲᠡ ᠳᠡᠭᠡᠭᠰᠢᠯᠡᠵᠥ᠂ ᠪᠦᠷᠢᠳᠬᠡᠯ ᠢ ᠦᠨᠳᠦᠰᠦᠯᠡᠪᠡᠯ᠂ | 2023 ᠣᠨ ᠤ 1 ᠰᠠᠷ᠎ᠠ ᠠᠴᠠ ᠣᠲᠣ ᠪᠣᠯᠲᠠᠯ᠎ᠠ ᠬᠡᠭᠡᠷ᠎ᠡ ᠶᠢᠨ ᠠᠮᠢᠲᠠᠨ ᠢ ᠠᠪᠤᠷᠠᠨ ᠲᠤᠰᠠᠯᠠᠭᠰᠠᠨ ᠠᠵᠢᠯᠯᠠᠭ᠎ᠠ ᠶᠢ | ᠨᠢᠭᠡᠨᠲᠡ 24 ᠤᠳᠠᠭ᠎ᠠ ᠭᠥᠯᠢᠶᠡᠨ ᠠᠪᠴᠤ ᠰᠢᠢᠳᠪᠦᠷᠢᠯᠡᠨ᠂ ᠡᠭᠦᠨ ᠳᠤ ᠠᠯᠲᠠᠨ ᠪᠦᠷᠭᠦᠳ᠂ ᠲᠠᠯ᠎ᠠ ᠶᠢᠨ | ᠪᠦᠷᠭᠦᠳ᠂ ᠪᠣᠷᠣ ᠲᠣᠭᠤᠷᠤᠤ᠂ ᠱᠣᠩᠬᠤᠷ᠂ ᠬᠡᠷᠢᠶ᠎ᠡ᠂ ᠭᠠᠯᠠᠭᠤ ᠵᠡᠷᠭᠡ ᠬᠤᠪᠣᠷ ᠴᠣᠬᠠᠭ ᠬᠡᠭᠡᠷ᠎ᠡ ᠶᠢᠨ ᠠᠮᠢᠲᠠᠨ | ᠪᠤᠢ᠃ | | |