ᠨᠤᠮᠤ ᠰᠤᠮᠤᠠ ᠤ ᠨᠡᠶᠢᠭᠡᠮᠯᠢᠭ ︽ᠨᠠᠮᠤᠷ ᠤᠨ ᠤᠯᠠᠷᠢᠯ ᠤᠨ ᠮᠠᠩᠯᠠᠢ ᠰᠢᠯᠭᠠᠷᠠᠭᠤᠯᠬᠤ ᠤᠷᠤᠯᠳᠤᠭᠠᠨ︾᠎ ᠢ ᠶᠠᠪᠤᠠᠠᠳᠠᠭ᠋᠊
ᠨᠡᠶᠢᠲᠡᠯᠡᠭᠰᠡᠨ ᠴᠠᠭ᠄
2024/1/8
ᠨᠤᠮᠤ ᠰᠤᠮᠤᠠ ᠤ ᠨᠡᠶᠢᠭᠡᠮᠯᠢᠭ ︽ᠨᠠᠮᠤᠷ ᠤᠨ ᠤᠯᠠᠷᠢᠯ ᠤᠨ ᠮᠠᠩᠯᠠᠢ ᠰᠢᠯᠭᠠᠷᠠᠭᠤᠯᠬᠤ ᠤᠷᠤᠯᠳᠤᠭᠠᠨ︾᠎ ᠢ ᠶᠠᠪᠤᠠᠠᠳᠠᠭᠤᠯᠪᠠᠬᠠᠮ ᠵᠠᠭᠤᠴᠢᠯᠠᠭᠤᠷ ᠤᠨ ᠰᠤᠷᠪᠤᠯᠵᠢᠯᠠᠭᠴᠢ ᠬᠠᠰᠭᠤᠸ᠎ᠠ ᠰᠢᠨᠡᠭᠦᠥ 12 ᠰᠠᠷ᠎ᠠ ᠶᠢᠨ 10᠎ ᠤ ᠡᠳᠦᠷ᠂ ᠬᠦᠪᠡᠭᠡᠲᠦ ᠰᠢᠷ᠎ᠠ ᠬᠤᠰᠢᠭᠤᠨ ᠤ ᠨᠤᠮᠤ ᠰᠤᠮᠤᠠ ᠤ ᠨᠡᠶᠢᠭᠡᠮᠯᠢᠭ ︽ᠨᠠᠮᠤᠷ ᠤᠨ ᠤᠯᠠᠷᠢᠯ ᠤᠨ ᠮᠠᠩᠯᠠᠢ ᠰᠢᠯᠭᠠᠷᠠᠭᠤᠯᠬᠤ ᠤᠷᠤᠯᠳᠤᠭᠠᠨ︾᠎ ᠢ ᠬᠤᠰᠢᠭᠤᠨ ᠤ ᠪᠡᠶ᠎ᠡ ᠶᠢᠨ ᠲᠠᠮᠢᠷ ᠤᠨ ᠣᠷᠳᠣᠨ ᠳᠤ ᠶᠠᠪᠤᠠᠠᠳᠠᠭᠤᠯᠵᠤ᠂ ᠪᠦᠬᠦ ᠣᠷᠣᠨ ᠤ ᠪᠤᠭᠤᠲᠤ ᠬᠤᠲᠠ᠂ ᠣᠷᠳᠣᠰ ᠬᠤᠲᠠ᠂ ᠠᠯᠠᠱᠠ ᠠᠶᠢᠮᠠᠭ᠂ ᠤᠯᠠᠭᠠᠨᠬᠠᠳᠠ ᠬᠤᠲᠠ ᠵᠢᠴᠢ ᠰᠢᠯᠢ ᠶᠢᠨ ᠭᠤᠣᠯ ᠠᠶᠢᠮᠠᠭ ᠤᠨ ᠡᠯ᠎ᠡ ᠬᠤᠰᠢᠭᠤ ᠰᠢᠶᠠᠨ ᠤ 100 ᠭᠠᠷᠤᠢ  ᠬᠠᠷᠪᠤᠭᠠᠴᠢᠤᠠ ᠤᠷᠤᠯᠳᠤᠭᠠᠨ ᠳᠤ ᠣᠷᠣᠯᠴᠠᠪᠠ᠃ᠲᠣᠰ ᠤᠳᠠᠭᠠᠨ ᠤ ᠤᠷᠤᠯᠳᠤᠭᠠᠨ ᠢ ᠬᠤᠪᠢ ᠬᠥᠮᠦᠨ ᠤ ᠰᠢᠭᠰᠢᠯᠲᠡ ᠶᠢᠨ ᠤᠷᠤᠯᠳᠤᠭᠠᠨ ᠤ ᠠᠷᠭ᠎ᠠ ᠮᠠᠶ᠋ᠢᠭ ᠢᠶᠠᠷ ᠶᠠᠪᠤᠭᠳᠠᠭᠤᠯᠵᠤ᠂ ᠬᠥᠮᠦᠨ ᠪᠦᠷᠢ ᠭᠤᠷᠪᠠᠨ ᠡᠭᠡᠯᠵᠢ ᠪᠠᠷ ᠡᠭᠡᠯᠵᠢ ᠪᠦᠷᠢ ᠲᠠᠪᠤᠠ ᠰᠤᠮᠤ ᠬᠠᠷᠪᠤᠵᠤ᠂ ᠬᠠᠮᠤᠭ ᠡᠴᠦᠰ ᠲᠤ 15 ᠰᠤᠮᠤᠨ ᠤ ᠨᠠᠶᠢᠯᠠᠪᠤᠷᠢ ᠤᠨᠤᠭ᠎ᠠ ᠪᠠᠷ ᠰᠢᠭᠤᠤᠠ ᠰᠢᠯᠭᠠᠷᠠᠭᠤᠯᠵᠤ᠂ ᠡᠮᠦᠨ᠎ᠡ 35 ᠨᠡᠷ᠎ᠡ ᠬᠠᠷᠪᠤᠭᠠᠴᠢᠤᠠ ᠲᠤ ᠱᠠᠩᠨᠠᠯ ᠤᠯᠭᠤᠠᠠᠰᠠᠠ ᠪᠠᠶᠢᠨ᠎ᠠ᠃ᠬᠥᠪᠡᠭᠡᠲᠦ ᠰᠢᠷ᠎ᠠ ᠬᠤᠰᠢᠭᠤᠨ ᠤ ᠨᠤᠮᠤ ᠰᠤᠮᠤᠠ ᠤ ᠨᠡᠶᠢᠭᠡᠮᠯᠢᠭ ᠤᠨ ᠳᠠᠷᠤᠭ᠎ᠠ ᠲᠤᠤᠯᠢᠰ᠄ ︽ᠮᠠᠨ ᠤ ᠬᠤᠰᠢᠭᠤᠨ ᠤ ᠨᠤᠮᠤ ᠰᠤᠮᠤᠠ ᠤ ᠨᠡᠶᠢᠭᠡᠮᠯᠢᠭ ᠨᠢ ᠰᠠᠷ᠎ᠠ ᠶᠢᠨ ᠮᠠᠩᠯᠠᠢ ᠪᠠ ᠤᠯᠠᠷᠢᠯ ᠤᠨ ᠮᠠᠩᠯᠠᠢ ᠰᠢᠯᠭᠠᠷᠠᠭᠤᠯᠬᠤ ᠤᠷᠤᠯᠳᠤᠭᠠᠨ ᠢ ᠶᠠᠪᠤᠠᠠᠳᠠᠭᠤᠯᠳᠠᠭ᠃ ᠰᠠᠷ᠎ᠠ ᠶᠢᠨ ᠮᠠᠩᠯᠠᠢ ᠎ ᠶᠢᠨ ᠤᠷᠤᠯᠳᠤᠭᠠᠨ ᠢ ᠨᠡᠶᠢᠭᠡᠮᠯᠢᠭ ᠤᠨ ᠲᠤᠳᠤᠷ᠎ᠠ ᠎ ᠪᠠᠨ ᠤᠷᠤᠯᠳᠤᠵᠤ᠂ ᠬᠠᠷᠪᠤᠭᠠᠴᠢᠤᠠ ᠤᠨ ᠪᠤᠯᠪᠠᠰᠤᠷᠠᠯ ᠰᠤᠷᠢᠶ᠎ᠡ ᠶᠢ ᠲᠤᠷᠰᠢᠵᠤ ᠦᠵᠡᠳᠡᠭ︔ ᠤᠯᠠᠷᠢᠯ ᠤᠨ ᠮᠠᠩᠯᠠᠢ ᠰᠢᠯᠭᠠᠷᠠᠭᠤᠯᠬᠤ ᠤᠷᠤᠯᠳᠤᠭᠠᠨ ᠢᠶᠠᠨ ᠬᠠᠪᠤᠷ᠂ ᠵᠤᠨ᠂ ᠨᠠᠮᠤᠷ᠂ ᠡᠪᠦᠯ ᠤᠨ ᠤᠯᠠᠷᠢᠯ ᠤᠨ ᠤᠷᠤᠯᠳᠤᠭᠠᠨ ᠬᠤᠪᠢᠶᠠᠠ ᠡᠷᠬᠢᠯᠡᠵᠥ᠂ ᠤᠷᠤᠯᠳᠤᠭᠠᠨ ᠢᠶᠠᠨ ᠪᠥᠬᠦ ᠣᠷᠣᠨ ᠤ ᠬᠡᠪᠴᠢᠶ᠎ᠡ ᠲᠠᠢ ᠶᠠᠪᠤᠭᠳᠠᠭᠤᠯᠳᠠᠭ︔ ᠬᠤᠰᠢᠭᠤᠨ ᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠨᠢ ᠮᠠᠠ ᠤ ᠨᠤᠮᠤ ᠰᠤᠮᠤᠠ ᠤ ᠨᠡᠶᠢᠭᠡᠮᠯᠢᠭ ᠤᠨ ᠦᠢᠯᠡᠰ ᠢ ᠲᠡᠮᠵᠢᠵᠤ᠂ ᠤᠯᠠᠷᠢᠯ ᠪᠦᠷᠢ ᠶᠢᠨ ᠤᠷᠤᠯᠳᠤᠭᠠᠨ ᠳᠤ ᠵᠠᠷᠤᠳᠠᠯ ᠮᠦᠩᠭᠦ ᠶᠢᠨ ᠲᠠᠯ᠎ᠠ ᠪᠠᠷ ᠳᠡᠮᠵᠢᠯᠭᠡ ᠦᠵᠡᠭᠦᠯᠳᠡᠭ︾ ᠬᠡᠵᠥ  ᠪᠠᠶᠢᠯ᠎ᠠ᠃ᠬᠠᠷᠪᠤᠭᠠᠴᠢᠤᠠ ᠨᠤᠮᠤ ᠪᠠᠨ ᠲᠡᠯᠡᠵᠥ᠂ ᠰᠤᠮᠤ ᠪᠠᠨ ᠬᠠᠷᠪᠤᠠ ᠡᠷᠡᠬᠡᠢ ᠮᠡᠷᠭᠡᠨ ᠢᠶᠠᠨ ᠭᠠᠶᠢᠬᠠᠭᠤᠯᠵᠤ᠂ ᠤᠷᠠᠨ ᠬᠠᠷᠪᠤᠭ᠎ᠠ ᠪᠠᠷ ᠢᠶᠠᠨ ᠱᠠᠭᠰᠢᠭᠳᠠᠨ ᠮᠦᠷᠦᠶᠢᠴᠡᠭᠰᠡᠨ ᠤ ᠡᠴᠦᠰ ᠲᠤ ᠰᠥᠨᠢᠳ ᠵᠡᠭᠦᠨ ᠬᠤᠰᠢᠭᠤᠨ ᠤ ᠲᠤᠩᠭᠠᠯᠠᠭ ᠲᠡᠷᠢᠬᠦᠯᠡᠵᠤ᠂ ᠰᠥᠨᠢᠳ ᠵᠡᠭᠦᠨ ᠬᠤᠰᠢᠭᠤᠨ ᠤ ᠬᠠᠰᠪᠠᠭᠠᠨ᠎ᠠ ᠳᠡᠳ᠋ᠯᠡᠨ᠂ ᠠᠪᠠᠭ᠎ᠠ ᠬᠤᠰᠢᠭᠤᠨ ᠤ ᠵᠢᠷᠤᠮᠲᠦ ᠭᠤᠷᠪᠠᠳᠤᠭᠠᠷ ᠲᠤ ᠲᠤᠰ ᠲᠤᠰ ᠲᠤᠳᠤᠷᠬᠠᠰᠠᠠ ᠪᠠᠶᠢᠨ᠎ᠠ᠃ᠤᠯᠠᠷᠢᠯ ᠤᠨ ᠮᠠᠩᠯᠠᠢ ᠰᠢᠯᠭᠠᠷᠠᠭᠤᠯᠬᠤ ᠤᠷᠤᠯᠳᠤᠭᠠᠨ ᠨᠢ ᠬᠠᠷᠪᠤᠭᠠᠴᠢᠳ ᠲᠤ ᠤᠷ᠎ᠠ ᠮᠡᠷᠭᠡᠵᠢᠯ ᠢᠶᠠᠨ ᠰᠤᠷᠢᠬᠤ ᠲᠠᠪᠴᠠᠩ ᠬᠠᠩᠭᠠᠵᠤ᠂ ᠬᠠᠷᠢᠯᠴᠠᠨ ᠰᠤᠷᠤᠯᠴᠠᠵᠤ ᠬᠠᠮᠲᠤ ᠪᠠᠷ ᠳᠠᠪᠰᠢᠬᠤ ᠲᠣᠬᠢᠶᠠᠯ ᠢ ᠤᠯᠭᠤᠨ᠂ ᠨᠤᠮᠤ ᠰᠤᠮᠤ ᠬᠠᠷᠪᠤᠬᠤ ᠦᠨᠳᠦᠰᠦᠲᠡᠨ ᠤ ᠤᠯᠠᠮᠵᠢᠯᠠᠯᠲᠤ ᠰᠣᠶᠣᠯ ᠲᠠᠮᠢᠷ ᠢ ᠤᠯᠠᠮᠵᠢᠯᠠᠨ ᠵᠠᠯᠭᠠᠮᠵᠢᠯᠠᠬᠤ ᠪᠠ ᠬᠦᠭᠵᠢᠬᠦᠯᠬᠦ ᠳᠤ  ᠢᠳᠡᠪᠬᠢᠲᠠᠢ ᠠᠬᠢᠭᠤᠯᠬᠤ ᠨᠦᠯᠦᠭᠡ ᠦᠵᠡᠬᠦᠯᠦᠭᠰᠡᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号