ᠵᠢᠷᠭᠤᠳᠤᠭᠠᠷ ᠬᠤᠭᠤᠴᠠᠭᠠᠨ ᠤ ︽ᠬᠥᠳᠡᠯᠮᠦᠷᠢᠴᠢᠨ ᠬᠤᠨᠳᠠᠭᠠᠲᠤ︾ᠺᠠᠲᠠᠷ ᠠᠵᠢᠯᠲᠠᠨ ᠤ ᠫᠢᠩᠫᠠᠩ ᠪᠥᠮᠪᠦᠭᠡ ᠶᠢᠨ ᠤᠷᠤᠯᠳᠤᠭᠠᠨ ᠶᠠᠪᠤᠭ᠊
ᠨᠡᠶᠢᠲᠡᠯᠡᠭᠰᠡᠨ ᠴᠠᠭ᠄
2024/1/8
ᠵᠢᠷᠭᠤᠳᠤᠭᠠᠷ ᠬᠤᠭᠤᠴᠠᠭᠠᠨ ᠤ ︽ᠬᠥᠳᠡᠯᠮᠦᠷᠢᠴᠢᠨ ᠬᠤᠨᠳᠠᠭᠠᠲᠤ︾ᠺᠠᠲᠠᠷ ᠠᠵᠢᠯᠲᠠᠨ ᠤ ᠫᠢᠩᠫᠠᠩ ᠪᠥᠮᠪᠦᠭᠡ ᠶᠢᠨ ᠤᠷᠤᠯᠳᠤᠭᠠᠨ ᠶᠠᠪᠤᠭᠳᠠᠪᠠ                              ᠬᠠᠮ ᠵᠠᠭᠤᠴᠢᠯᠠᠭᠤᠷ ᠤᠨ ᠰᠤᠷᠪᠤᠯᠵᠢᠯᠠᠭᠴᠢ     ᠵᠤᠨ᠎ᠠ   ᠲᠠᠩᠭᠢᠰ 12 ᠰᠠᠷ᠎ᠠ ᠶᠢᠨ 28᠎ ᠤ ᠡᠳᠦᠷ᠂ ᠬᠥᠪᠡᠭᠡᠲᠦ ᠰᠢᠷ᠎ᠠ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠠᠴᠠ ᠭᠤᠤᠯᠯᠠᠨ ᠡᠷᠭᠢᠯᠡᠵᠦ᠂ ᠰᠢᠨᠡᠪᠣᠯᠠᠭ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠬᠠᠪᠰᠤᠷᠤᠨ ᠡᠷᠭᠢᠯᠡᠭᠰᠡᠨ ︽ᠳᠤᠮᠳᠠᠳᠤ ᠶᠢᠨ ᠵᠡᠭᠦᠳᠦ᠂ ᠬᠥᠳᠡᠯᠮᠦᠷᠢ ᠶᠢᠨ ᠭᠤᠸ᠎ᠠ ᠰᠠᠶᠢᠬᠠᠨ — ᠰᠡᠳᠬᠢᠯ ᠨᠢᠭᠡᠳᠦᠨ ᠬᠦᠴᠥ ᠪᠠᠨ ᠬᠠᠮᠳᠤᠳᠬᠠᠵᠤ ᠨᠠᠮ ᠢᠶᠠᠨ ᠲᠠᠭᠠᠨ ᠪᠦᠯᠬᠦᠮᠳᠡᠨ ᠲᠡᠮᠡᠴᠡᠵᠥ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠶ᠎ᠠ︾ ᠵᠢᠴᠢ ︽ᠰᠢᠨ᠎ᠠ ᠣᠨ ᠢᠶᠠᠨ ᠤᠭᠲᠣᠬᠤ︾ ᠪᠥᠬᠦ ᠬᠤᠰᠢᠭᠤᠨ ᠤ ᠵᠢᠷᠭᠤᠳᠤᠭᠠᠷ ᠬᠤᠭᠤᠴᠠᠭᠠᠨ ᠤ ︽ᠬᠥᠳᠡᠯᠮᠦᠷᠢᠴᠢᠨ ᠬᠤᠨᠳᠠᠭᠠᠲᠤ︾ ᠺᠠᠲᠠᠷ ᠠᠵᠢᠯᠲᠠᠨ ᠤ ᠫᠢᠩᠫᠠᠩ ᠪᠥᠮᠪᠦᠭᠡ ᠶᠢᠨ ᠤᠷᠤᠯᠳᠤᠭᠠᠨ ᠬᠤᠰᠢᠭᠤᠨ ᠤ ᠰᠢᠨᠡᠪᠣᠯᠠᠭ ᠪᠠᠯᠭᠠᠰᠤᠨ ᠤ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠬᠡᠪ ᠴᠢᠨᠠᠷ ᠤᠨ ᠰᠤᠷᠭᠠᠨ ᠬᠥᠮᠦᠵᠢᠯ ᠤᠨ ᠰᠠᠭᠤᠷᠢᠨ ᠭᠠᠵᠠᠷ ᠲᠤ ᠡᠬᠢᠯᠡᠨ ᠶᠠᠪᠤᠭᠳᠠᠵᠠᠢ᠃ᠡᠬᠢᠯᠡᠯᠲᠡ ᠶᠢᠨ ᠶᠣᠰᠣᠯᠠᠯ ᠳᠡᠭᠡᠷ᠎ᠡ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠳᠡ ᠳᠠᠭᠤᠤ ᠶᠢ ᠳᠠᠭᠤᠯᠠᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠤᠤ ᠱᠤ᠋ ᠰᠢᠶᠠᠩ ᠠᠵᠢᠯᠯᠠᠭ᠎ᠠ ᠳᠤ ᠣᠷᠣᠯᠴᠠᠭᠰᠠᠨ ᠪᠥᠭᠡᠳ ᠤᠷᠤᠯᠳᠤᠭᠠᠨ ᠡᠬᠢᠯᠡᠭᠰᠡᠨ ᠢ ᠵᠠᠷᠯᠠᠵᠠᠶ᠃ ᠬᠥᠪᠡᠭᠡᠲᠦ ᠰᠢᠷ᠎ᠠ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ ᠬᠠᠷᠢᠭᠤᠴᠠᠯᠭᠠᠲᠠᠨ ᠡᠬᠢᠯᠡᠬᠦ ᠶᠤᠰᠤᠯᠠᠯ ᠳᠤ ᠦᠭᠡ ᠬᠡᠯᠡᠵᠦ᠂ ᠬᠢᠨᠠᠭᠴᠢ᠂ ᠲᠠᠮᠢᠷᠴᠢᠨ ᠤ ᠲᠥᠯᠥᠭᠡᠯᠡᠭᠴᠢ ᠠᠴᠠ ᠲᠠᠩᠭᠠᠷᠢᠭ ᠲᠠᠩᠭᠠᠷᠢᠭᠯᠠᠵᠠᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠠᠨ ᠶᠢᠨ ᠮᠢᠩ᠂ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠨ ᠱᠧᠩ᠂ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠳᠡᠭᠰᠢ ᠠᠵᠢᠯᠯᠠᠭ᠎ᠠ ᠳᠤ ᠤᠷᠤᠯᠴᠠᠵᠠᠢ᠃ ᠲᠤᠰ ᠤᠳᠠᠭᠠᠨ ᠤ ᠤᠷᠤᠯᠳᠤᠭᠠᠨ ᠳᠤ ᠪᠦᠭᠦ ᠬᠤᠰᠢᠭᠤᠨ ᠤ ᠡᠯ᠎ᠡ ᠪᠠᠶᠢᠭᠤᠯᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ 12 ᠲᠥᠯᠥᠭᠡᠯᠡᠭᠴᠢᠳ ᠤᠨ ᠠᠩᠭᠢ ᠶᠢᠨ 56 ᠲᠠᠮᠢᠷᠴᠢᠨ ᠤᠷᠤᠯᠴᠠᠵᠤ᠂ ᠤᠷᠤᠯᠳᠤᠭᠠᠨ ᠤ ᠲᠠᠯᠠᠪᠤᠷ ᠲᠤ᠂ ᠲᠠᠮᠢᠷᠴᠢᠳ ᠣᠷᠭᠢᠯᠤᠮ᠎ᠠ ᠬᠠᠯᠠᠭᠤᠨ ᠰᠡᠳᠬᠢᠯᠭᠡ ᠪᠠᠷ ᠫᠢᠩᠫᠠᠩ ᠪᠦᠮᠪᠦᠭᠡ ᠶᠢᠨ ᠤᠷ᠎ᠠ ᠮᠡᠷᠭᠡᠵᠢᠯ ᠢᠶᠠᠨ ᠢᠯᠡᠷᠡᠭᠦᠯᠵᠥ᠂ ᠬᠦᠷ ᠬᠦᠭᠵᠢᠶᠡᠨ ᠢᠶᠠᠷ ᠪᠢᠯᠬᠠᠵᠤ ᠪᠠᠶᠢᠯ᠎ᠠ᠃ ᠬᠤᠰᠢᠭᠤᠨ ᠤ ᠨᠢᠭᠤᠴᠠ ᠶᠢ ᠬᠠᠮᠠᠭᠠᠯᠠᠬᠤ ᠲᠣᠪᠴᠢᠶᠠᠨ ᠤ ᠳᠡᠳ᠋ ᠳᠠᠷᠤᠭ᠎ᠠ ᠱᠢ ᠽᠧ ᠹᠠᠩ᠄ ︽ᠮᠠᠨ ᠤ ᠬᠤᠰᠢᠭᠤᠨ ᠳᠤ ᠡᠶᠢᠮᠦᠷᠬᠦ ᠤᠷᠤᠯᠳᠤᠭᠠᠨ ᠶᠠᠪᠤᠭᠳᠠᠭᠤᠯᠤᠭᠰᠠᠨ ᠳᠤ ᠮᠠᠰᠢ ᠰᠠᠶᠢᠬᠠᠨ ᠰᠠᠨᠠᠭᠳᠠᠵᠤ ᠪᠠᠶᠢᠨ᠎ᠠ︔ ᠫᠢᠩᠫᠠᠩ ᠪᠥᠮᠪᠦᠭᠡ ᠲᠣᠭᠯᠠᠬᠤ ᠨᠢ ᠠᠷᠪᠢᠨ ᠰᠠᠶᠢᠨ ᠲᠠᠯ᠎ᠠ ᠲᠠᠢ︔ ᠬᠡᠦᠬᠡᠳ ᠲᠤ ᠠᠪᠴᠤ ᠬᠡᠯᠡᠪᠡᠯ ᠲᠡᠳᠡᠨ ᠤ ᠠᠩᠬᠠᠷᠤᠯ ᠢ ᠨᠡᠩ ᠰᠠᠶᠢᠨ ᠲᠦᠪᠯᠡᠷᠡᠭᠦᠯᠬᠦ ᠳᠤ ᠲᠤᠰᠠ ᠪᠣᠯᠤᠨ᠎ᠠ᠂ ᠢᠳᠡᠷ ᠦᠲᠡᠯᠦᠭᠡ ᠨᠠᠰᠤᠨ ᠤ ᠬᠥᠮᠦᠰ ᠲᠤ ᠠᠪᠴᠤ ᠬᠡᠯᠡᠪᠡᠯ᠂ ᠡᠪᠡᠳᠴᠢᠨ ᠢ ᠡᠰᠡᠷᠭᠦᠴᠡᠬᠦ ᠴᠢᠳᠠᠪᠤᠷᠢ ᠪᠠᠨ ᠳᠡᠭᠡᠭᠰᠢᠯᠡᠭᠦᠯᠵᠦ ᠪᠣᠯᠤᠨ᠎ᠠ︔ ᠠᠵᠢᠯᠲᠠᠳ ᠲᠤ ᠠᠪᠴᠤ ᠬᠡᠯᠡᠪᠡᠯ ᠢᠯᠡᠭᠦᠦ ᠬᠥᠳᠡᠯᠭᠡᠭᠡᠨ ᠬᠢᠬᠦ ᠨᠢ ᠰᠡᠳᠬᠢᠯ ᠰᠠᠨᠠᠭ᠎ᠠ ᠪᠠᠨ ᠲᠠᠶᠢᠪᠤᠰᠢᠷᠠᠭᠤᠯᠵᠤ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠵᠤ ᠪᠣᠯᠤᠨ᠎ᠠ︔ ᠬᠤᠶᠢᠰᠢᠳᠠ ᠡᠶᠢᠮᠦᠷᠬᠦᠦ ᠬᠥᠳᠡᠯᠭᠡᠭᠡᠨ ᠢ ᠢᠯᠡᠭᠦᠬᠡᠨ ᠦᠷᠨᠢᠭᠦᠯᠬᠦ ᠶᠢ ᠬᠦᠰᠡᠵᠦ ᠪᠠᠶᠢᠨ᠎ᠠ︾ ᠭᠡᠵᠦ ᠪᠠᠶᠢᠯ᠎ᠠ᠃ ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠲᠠᠨ ᠤ ᠫᠢᠩᠫᠠᠩ ᠪᠥᠮᠪᠦᠭᠡ ᠶᠢᠨ ᠤᠷᠤᠯᠳᠤᠭᠠᠨ ᠨᠢ 2 ᠡᠳᠦᠷ ᠶᠠᠪᠤᠭᠳᠠᠬᠤ ᠪᠠᠷ ᠪᠠᠶᠢᠵᠤ᠂ ᠺᠠᠲᠠᠷ ᠠᠵᠢᠯᠲᠠᠨ ᠤ ᠰᠣᠶᠣᠯ ᠲᠠᠮᠢᠷ ᠤᠨ ᠠᠮᠢᠳᠤᠷᠠᠯ ᠢ ᠪᠠᠶᠠᠯᠢᠭᠵᠢᠭᠤᠯᠤᠨ᠂ ᠡᠷᠡᠭᠦᠯ ᠥᠭᠡᠳᠡᠷᠬᠡᠭ᠂ ᠥᠭᠡᠳᠡᠯᠡᠨ ᠳᠠᠪᠰᠢᠬᠤ ᠵᠣᠷᠢᠭ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠵᠦ᠂ ᠦᠨᠳᠦᠰᠦᠨ ᠱᠠᠲᠤᠨ ᠤ ᠺᠠᠲᠠᠷ ᠠᠵᠢᠯᠲᠠᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠪᠠ ᠠᠮᠢᠵᠢᠷᠠᠯ ᠤᠨ ᠬᠦᠴᠦᠨ ᠢ ᠴᠢᠩᠭᠠᠷᠠᠭᠤᠯᠬᠤ ᠪᠠᠷ ᠵᠤᠷᠢᠯᠭ᠎ᠠ ᠪᠠᠨ ᠪᠤᠯᠭᠠᠭᠰᠠᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号