ᠴᠠᠭᠠᠨ ᠢᠳᠡᠭᠡᠨ ᠤ ᠠᠵᠤ ᠦᠢᠯᠡᠰ ᠢᠶᠠᠷ ᠴᠢᠨᠳᠠᠮᠤᠨᠢ ᠮᠡᠲᠦ ᠠᠮᠢᠳᠤᠷᠠᠯ ᠢᠶᠠᠨ ᠴᠤᠭᠴᠠᠯᠠᠨ᠋
ᠨᠡᠶᠢᠲᠡᠯᠡᠭᠰᠡᠨ ᠴᠠᠭ᠄
2024/1/8
ᠴᠠᠭᠠᠨ ᠢᠳᠡᠭᠡᠨ ᠤ ᠠᠵᠤ ᠦᠢᠯᠡᠰ ᠢᠶᠠᠷ ᠴᠢᠨᠳᠠᠮᠤᠨᠢ ᠮᠡᠲᠦ ᠠᠮᠢᠳᠤᠷᠠᠯ ᠢᠶᠠᠨ ᠴᠤᠭᠴᠠᠯᠠᠨ᠎ᠠ             ᠬᠠᠮ ᠵᠠᠭᠤᠴᠢᠯᠠᠭᠤᠷ ᠤᠨ ᠲᠦᠪ ᠤᠨ ᠰᠤᠷᠪᠤᠯᠵᠢᠯᠠᠭᠴᠢ ᠵᠤᠨ᠎ᠠ ᠬᠠᠰᠪᠢᠯᠢᠭ᠌ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠦᠷᠭᠦᠯᠵᠢᠯᠡᠨ ᠲᠤᠤᠱᠯᠠᠭᠳᠠᠬᠤ ᠶᠢ ᠲᠠᠭᠠᠯᠳᠤᠨ᠂ ᠮᠠᠯᠵᠢᠬᠤ ᠣᠷᠣᠨ ᠤ ᠳᠦᠷᠰᠦ ᠪᠠᠶᠢᠳᠠᠯ ᠳᠤ ᠶᠡᠬᠡᠳᠡ ᠬᠤᠪᠢᠷᠠᠯᠲᠠ ᠭᠠᠷᠴᠤ᠂ ᠦᠢᠯᠡᠰ ᠪᠤᠰᠬᠠᠵᠤ ᠰᠢᠨ᠎ᠡ ᠶᠢ ᠡᠭᠦᠳᠬᠦ ᠣᠷᠴᠢᠨ ᠲᠣᠭᠤᠷᠢᠨ ᠲᠠᠰᠤᠷᠠᠯᠳᠡ ᠦᠭᠡᠢ ᠰᠢᠯᠢᠳᠡᠭᠵᠢᠵᠦ᠂ ᠮᠠᠯᠵᠢᠬᠤ ᠣᠷᠣᠨ ᠤ ᠤᠯᠠᠮᠵᠢᠯᠠᠯᠲᠤ ᠴᠠᠭᠠᠨ ᠢᠳᠡᠭᠡᠨ ᠨᠢ ᠴᠤ ᠡᠳᠦᠷ ᠢᠷᠡᠬᠦᠶ᠎ᠡ ᠲᠤᠬᠠᠢ ᠶᠢᠨ ᠭᠠᠵᠠᠷ ᠤᠨ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠪᠠ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠴᠢᠬᠤᠯᠠ ᠬᠦᠴᠦᠨ ᠵᠦᠢᠯ ᠪᠣᠯᠵᠤ ᠪᠤᠢ᠃ᠪᠠᠶᠠᠨᠲᠠᠯ᠎ᠠ ᠪᠠᠯᠭᠠᠰᠤᠨ ᠤ ᠬᠤᠲᠠ ᠶᠢᠨ ᠭᠤᠣᠯ ᠭᠠᠴᠠᠭᠠᠨ ᠤ ᠮᠠᠯᠴᠢᠨ ᠵᠢᠩᠬᠤᠸᠠᠷ ᠤᠨ ᠳᠤ ᠬᠦᠷᠬᠦ ᠳᠤ᠂ ᠴᠠᠭᠠᠨ ᠢᠳᠡᠭᠡᠨ ᠤ ᠰᠤᠳᠤᠨ ᠦᠨᠦᠷ ᠭᠡᠷ ᠳᠦᠭᠦᠷᠡᠩ ᠬᠠᠩᠬᠤᠯᠵᠤ᠂ ᠵᠢᠩᠬᠤᠸᠠᠷ ᠶᠠᠭ ᠰᠠᠶᠢᠬᠠᠨ ᠬᠤᠷᠤᠳ ᠬᠢᠵᠤ ᠪᠠᠶᠢᠬᠤ ᠎ ᠲᠠᠢ ᠲᠠᠭᠠᠷᠠᠯᠳᠤᠯ᠎ᠠ᠃ ᠵᠢᠩᠬᠤᠸᠠᠷ ᠤᠯᠠᠮᠵᠢᠯᠠᠯᠲᠤ ᠴᠠᠭᠠᠨ ᠢᠳᠡᠭᠡᠨ ᠬᠢᠬᠦ ᠳᠤᠷ᠎ᠠ ᠪᠠᠬ᠎ᠠ ᠲᠠᠢ ᠪᠠᠶᠢᠵᠤ᠂ ᠲᠡᠬᠦᠨ ᠎ ᠢᠶᠠᠨ ᠠᠵᠢᠯ ᠲᠦᠷᠦᠯ ᠪᠤᠯᠭᠠᠨ ᠡᠷᠬᠢᠯᠡᠵᠤ᠂ ᠥᠷᠯᠥᠭᠡ ᠪᠦᠷᠢ 4᠂ 5 ᠴᠠᠭ ᠲᠤ ᠪᠣᠰᠤᠭᠠᠳ ᠦᠨᠢᠶ᠎ᠡ ᠪᠠᠨ ᠰᠠᠭᠠᠵᠤ ᠂ ᠴᠠᠭ ᠴᠢᠯᠥᠭᠡ ᠰᠢᠬᠠᠨ ᠴᠠᠭᠠᠨ ᠢᠳᠡᠭᠡᠨ ᠬᠢᠳᠡᠭ ᠪᠠᠶᠢᠯ᠎ᠠ᠃ ᠲᠡᠷᠡ ᠴᠠᠭᠠᠨ ᠢᠳᠡᠭᠡᠨ ᠳᠤ ᠪᠠᠨ ᠰᠢᠨ᠎ᠡ ᠲᠦᠷᠦᠯ ᠨᠡᠮᠡᠵᠤ᠂ ᠰᠢᠷ᠎ᠠ ᠤᠰᠤᠨ ᠤ ᠰᠢᠬᠢᠷ᠂ ᠰᠦᠨ ᠮᠥᠰᠥᠯᠡᠮᠵᠢ᠂ ᠤᠯᠠᠨ ᠲᠦᠷᠦᠯ ᠤᠨ ᠦᠨᠦᠷ ᠠᠮᠲᠠ ᠲᠠᠢ ᠴᠦᠴᠦᠭᠡᠢ ᠵᠡᠷᠭᠡ 20 ᠭᠠᠷᠤᠶ ᠵᠦᠢᠯ ᠤᠨ ᠪᠦᠲᠦᠭᠡᠭᠳᠡᠬᠦᠨ ᠬᠢᠵᠥ ᠪᠤᠢ᠃ ︽ᠪᠢ 2008 ᠣᠨ ᠠᠴᠠ ᠴᠠᠭᠠᠨ ᠢᠳᠡᠭᠡ ᠬᠢᠵᠦ ᠠᠩᠬᠠᠨ ᠳᠠᠭᠠᠨ ᠬᠤᠷᠤᠳ ᠪᠢᠰᠢᠯᠠᠭ ᠬᠢᠵᠦ ᠪᠠᠶᠢᠭᠰᠠᠨ︔ ᠰᠡᠬᠦᠯᠡᠷ ᠨᠢ ᠴᠠᠭᠠᠨ ᠢᠳᠡᠭᠡᠨ ᠤ ᠲᠦᠷᠦᠯ ᠵᠦᠢᠯ ᠢᠶᠠᠨ ᠦᠷᠭᠡᠳᠬᠡᠵᠡᠢ︔ ᠮᠢᠨᠤ ᠬᠢᠭᠰᠡᠨ ᠴᠠᠭᠠᠨ ᠢᠳᠡᠭᠡᠨ ᠨᠢ ᠴᠣᠯ ᠪᠠᠶᠢᠭᠠᠯᠢᠯᠢᠭ ᠰᠢᠨᠵᠢ ᠲᠠᠢ ᠪᠤᠯᠬᠤᠷ ᠬᠡᠷᠡᠭᠯᠡᠭᠴᠢᠳ ᠤᠨ ᠬᠦᠷᠢᠶᠡᠯᠡᠯ ᠢ ᠶᠡᠬᠡᠳᠡ ᠣᠯᠳᠠᠭ︾ ᠭᠡᠵᠤ ᠮᠠᠯᠴᠢᠨ ᠵᠢᠩᠬᠤᠸᠠᠷ ᠶᠠᠷᠢᠯ᠎ᠠ᠃ᠣᠶᠢᠷ᠎ᠠ ᠶᠢᠨ ᠬᠡᠳᠦᠨ ᠵᠢᠯ ᠳᠤ᠂ ᠬᠥᠪᠡᠭᠡᠲᠦ ᠰᠢᠷ᠎ᠠ ᠬᠤᠰᠢᠭᠤᠨ ᠤ ᠴᠠᠭᠠᠨ ᠢᠳᠡᠭᠡᠨ ᠨᠢ ︽ᠴᠠᠭᠠᠨ ᠢᠳᠡᠭᠡᠨ ᠤ ᠨᠤᠲᠤᠭ︾ ᠭᠡᠬᠦ ᠨᠠᠷᠠᠲᠤ ᠲᠡᠮᠳᠡᠭ ᠤᠨ ᠳᠠᠪᠠᠭᠤᠯᠢᠭ ᠲᠤ ᠪᠠᠨ ᠲᠦᠰᠢᠭᠯᠡᠨ᠂ ᠵᠠᠬ᠎ᠠ ᠳᠡᠯᠭᠡᠭᠦᠷ ᠲᠤ ᠤᠷᠤᠨ ᠪᠠᠶᠢᠷᠢ ᠎ ᠪᠠᠨ ᠡᠵᠡᠯᠡᠵᠤ ᠪᠤᠢ᠃ ᠵᠢᠩᠬᠤᠸᠠᠷ ᠤᠨ ᠴᠠᠭᠠᠨ ᠢᠳᠡᠭᠡᠨ ᠨᠢ ᠪᠡᠭᠡᠵᠢᠩ ᠂ ᠲᠢᠶᠠᠨᠵᠢᠨ ᠵᠡᠷᠭᠡ ᠭᠠᠵᠠᠷ ᠲᠤ ᠬᠦᠷᠲᠡᠯ᠎ᠡ ᠪᠣᠷᠣᠯᠠᠭᠤᠯᠤᠭᠳᠠᠵᠤ᠂ ᠵᠢᠯ ᠤᠨ 8᠎ ᠠᠴᠠ 9 ᠲᠦᠮᠡᠨ ᠲᠦᠭᠦᠷᠢᠭ ᠤᠨ ᠴᠡᠪᠡᠷ ᠤᠷᠣᠯᠭ᠎ᠠ ᠡᠬᠦᠳᠴᠠᠢ᠃ ︽ᠪᠢ ᠦᠷᠭᠦᠯᠵᠢ ᠵᠢᠩᠬᠤᠸᠠᠷ ᠤᠨ ᠬᠢ ᠠᠴᠠ ᠴᠠᠭᠠᠨ ᠢᠳᠡᠭᠡᠨ ᠬᠤᠳᠠᠯᠳᠤᠨ ᠠᠪᠲᠠᠭ︔ ᠲᠡᠭᠦᠨ ᠤ ᠬᠢᠭᠰᠡᠨ ᠴᠠᠭᠠᠨ ᠢᠳᠡᠭᠡᠨ ᠤ ᠲᠦᠷᠦᠯ ᠵᠦᠢᠯ ᠬᠤᠰᠢᠭᠤᠨ ᠤ ᠴᠠᠭᠠᠨ ᠢᠳᠡᠭᠡᠨ ᠳᠡᠯᠭᠡᠬᠦᠷ ᠤᠨ ᠬᠢ ᠲᠠᠢ ᠠᠳᠠᠯᠢ ᠲᠦᠷᠦᠯ ᠵᠦᠢᠯ ᠤᠯᠠᠨ ᠪᠠᠶᠢᠳᠠᠭ ᠪᠦᠭᠡᠳ ᠦᠨᠦᠷ ᠠᠮᠲᠠ ᠨᠢ ᠴᠦ ᠰᠠᠶᠢᠬᠠᠨ︾ ᠭᠡᠵᠤ ᠬᠡᠷᠡᠭᠯᠡᠭᠴᠢ ᠲᠠᠨ᠎ᠠ ᠶᠠᠷᠢᠯ᠎ᠠ᠃ᠲᠠᠯᠠᠢᠨᠴᠡᠴᠡᠭ ᠪᠣᠯ ᠮᠦᠨ ᠴᠤ ᠬᠤᠳᠠ ᠶᠢᠨ ᠭᠤᠣᠯ ᠭᠠᠴᠠᠭᠠᠨ ᠤ ᠴᠠᠭᠠᠨ ᠢᠳᠡᠭᠡᠨ ᠬᠢᠵᠦ ᠪᠣᠷᠣᠯᠠᠭᠤᠯᠳᠠᠭ ᠮᠠᠯᠴᠢᠨ  ᠶᠤᠮ᠃ ᠵᠢᠩᠬᠤᠸᠠᠷ ᠲᠠᠢ ᠠᠳᠠᠯᠢ ᠪᠠᠷ ᠲᠠᠯᠠᠢᠨᠴᠡᠴᠡᠭ ᠡᠳᠦᠷ ᠪᠦᠷᠢ ᠡᠷᠲᠡᠯᠡᠵᠦ ᠣᠷᠦ᠋ᠢᠯᠠᠨ᠂ ᠠᠵᠢᠯ ᠤᠨ ᠰᠡᠯᠡᠭᠦᠦ ᠴᠠᠭ ᠢᠶᠠᠷ ᠢᠶᠠᠨ ᠴᠠᠭᠠᠨ ᠢᠳᠡᠭᠡᠨ ᠬᠢᠵᠥ᠂ ᠬᠡᠳᠦᠶᠢᠪᠡᠷ ᠬᠡᠪᠴᠢᠶ᠎ᠡ ᠪᠠᠷ ᠶᠡᠭᠡ ᠪᠢᠰᠢ ᠴᠤ ᠬᠡᠰᠡᠨ ᠴᠠᠭᠠᠨ ᠢᠳᠡᠭᠡᠨ ᠎ ᠢᠶᠠᠨ ᠤᠶᠢᠷ᠎ᠠ ᠬᠠᠪᠢ ᠳᠤ ᠪᠠᠨ ᠪᠤᠷᠤᠯᠠᠭᠤᠯᠵᠤ᠂ ᠪᠠᠭ᠎ᠠ ᠪᠤᠰᠤ ᠤᠷᠣᠯᠭ᠎ᠠ ᠡᠭᠦᠳᠴᠦ ᠪᠤᠢ᠃ᠣᠶᠢᠷ᠎ᠠ ᠶᠢᠨ ᠵᠢᠯ ᠳᠤ᠂ ᠬᠥᠪᠡᠭᠡᠲᠦ ᠰᠢᠷ᠎ᠠ ᠬᠤᠰᠢᠭᠤ ᠨᠢ ᠤᠯᠤᠰ ᠠᠴᠠ ᠰᠦᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠠ ᠲᠣᠬᠢᠶᠠᠯ ᠢ ᠠᠳᠬᠤᠨ᠂ ᠥᠪᠡᠷᠲᠡᠭᠡᠨ ᠵᠠᠰᠠᠬᠤ ᠣᠷᠣᠨ ᠪᠠ ᠰᠢᠯᠢ ᠶᠢᠨ ᠭᠤᠤᠯ ᠠᠶᠢᠮᠠᠭ ᠤᠨ ᠰᠦᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠠ ᠤᠨᠴᠠᠯᠢᠬᠳᠤ ᠴᠠᠭᠠᠨ ᠢᠳᠡᠭᠡᠨ ᠤ ᠠᠵᠤ ᠦᠢᠯᠡᠰ ᠢ ᠬᠥᠭᠵᠢᠭᠦᠯᠬᠦ ᠲᠤᠬᠠᠶ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠡᠷᠡᠰ ᠲᠤᠤᠱᠯᠠᠭᠤᠯᠵᠤ᠂ ︽ᠰᠢᠯᠢ ᠶᠢᠨ ᠭᠤᠤᠯ ᠤᠨ ᠴᠠᠭᠠᠨ ᠢᠳᠡᠭᠡᠨ︾᠂ ︽ᠴᠠᠭᠠᠨ ᠢᠳᠡᠭᠡᠨ ᠤ ᠨᠤᠲᠤᠭ︾ ᠭᠡᠬᠦ ᠨᠠᠷᠠᠲᠤ ᠲᠥᠷᠥᠯ ᠲᠡᠮᠳᠡᠭᠲᠦ ᠶᠢ ᠤᠯᠠᠮ ᠠᠯᠳᠠᠷᠰᠢᠭᠤᠯᠵᠤ᠂ ᠤᠯᠠᠮᠵᠢᠯᠠᠯᠲᠤ ᠴᠠᠭᠠᠨ ᠢᠳᠡᠭᠡᠨ ᠢ ᠠᠷᠠᠳ ᠢ ᠪᠠᠶᠠᠵᠢᠭᠤᠯᠬᠤ ᠠᠵᠤ ᠦᠢᠯᠡᠰ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯᠯᠠᠬᠤ ᠠᠵᠤ ᠦᠢᠯᠡᠰ ᠪᠣᠯᠭᠠᠨ ᠳᠦᠯᠬᠢᠨ ᠠᠬᠢᠭᠤᠯᠵᠤ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号