ᠬᠤᠪᠢᠰᠬᠠᠯᠲᠤ ᠰᠣᠩᠭᠤᠳᠠᠭ ᠵᠤᠬᠢᠶᠠᠯ ᠤᠨ ᠤᠷᠠᠠ ᠤᠩᠰᠢᠯᠭ᠎ᠠ ᠶᠢᠨ ᠤᠷᠤᠯᠳᠤᠭᠠᠨ ᠶᠠᠪᠤᠠᠠᠳᠠᠪᠠ
ᠨᠡᠶᠢᠲᠡᠯᠡᠭᠰᠡᠨ ᠴᠠᠭ᠄
2024/1/8
ᠬᠤᠪᠢᠰᠬᠠᠯᠲᠤ ᠰᠣᠩᠭᠤᠳᠠᠭ ᠵᠤᠬᠢᠶᠠᠯ ᠤᠨ ᠤᠷᠠᠠ ᠤᠩᠰᠢᠯᠭ᠎ᠠ ᠶᠢᠨ ᠤᠷᠤᠯᠳᠤᠭᠠᠨ ᠶᠠᠪᠤᠠᠠᠳᠠᠪᠠ                              ᠬᠠᠮ ᠵᠠᠭᠤᠴᠢᠯᠠᠭᠤᠷ ᠤᠨ ᠰᠤᠷᠪᠤᠯᠵᠢᠯᠠᠭᠴᠢ  ᠬᠠᠰᠭᠤᠸ᠎ᠠ ᠬᠠᠰᠪᠢᠯᠢᠭ᠌        ᠪᠥᠬᠦ ᠬᠤᠰᠢᠭᠤᠨ ᠤ ᠵᠠᠯᠠᠭᠤᠴᠤᠳ ᠪᠠᠭᠠᠴᠤᠳ ᠢ ᠬᠥᠲᠥᠯᠦᠨ ᠵᠢᠯᠣᠭᠤᠳᠴᠤ ᠬᠤᠪᠢᠰᠬᠠᠯ ᠤᠨ ᠲᠡᠤᠬᠡ ᠶᠢ ᠪᠠᠲᠤ ᠴᠡᠭᠡᠵᠢᠯᠡᠵᠦ᠂ ᠬᠤᠪᠢᠰᠬᠠᠯ ᠤᠨ ᠤᠳᠤᠮᠰᠢᠯ ᠢ ᠤᠯᠠᠮᠵᠢᠯᠠᠨ ᠵᠠᠯᠭᠠᠮᠵᠢᠯᠠᠭᠤᠯᠬᠤ ᠶᠢᠨ ᠲᠥᠯᠥᠭᠡ᠂ ᠪᠥᠬᠦ ᠬᠤᠰᠢᠭᠤᠨ ᠤ ᠥᠷᠭᠡᠨ ᠣᠯᠠᠨ ᠵᠠᠯᠠᠭᠤᠴᠤᠳ ᠪᠠᠭᠠᠴᠤᠳ ᠤᠨ ᠨᠠᠮ ᠢᠶᠠᠨ ᠬᠠᠶᠢᠷᠠᠯᠠᠬᠤ᠂ ᠤᠯᠤᠰ ᠢᠶᠠᠨ ᠬᠠᠶᠢᠷᠠᠯᠠᠬᠤ ᠂ ᠨᠡᠶᠢᠭᠡᠮ ᠵᠢᠷᠤᠮ ᠢ ᠬᠠᠶᠢᠷᠠᠯᠠᠬᠤ ᠬᠠᠶᠢᠷ᠎ᠠ ᠰᠡᠳᠬᠢᠯᠭᠡ ᠶᠢ ᠵᠤᠵᠠᠭᠠᠳᠬᠠᠬᠤ ᠶᠢᠨ ᠲᠥᠯᠥᠭᠡ᠂ 12 ᠰᠠᠷ᠎ᠠ ᠶᠢᠨ 9᠎ ᠤ ᠡᠳᠦᠷ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ᠂ ᠡᠪ ᠬᠠᠮᠳᠥ ᠵᠠᠯᠠᠭᠤᠴᠤᠳ ᠤᠨ ᠡᠪᠯᠡᠯ ᠤᠨ ᠭᠦᠪᠡᠭᠡᠳᠥ ᠰᠢᠷ᠎ᠠ ᠬᠤᠰᠢᠭᠤᠨ ᠤ ᠬᠤᠷᠢᠶ᠎ᠠ᠂ ᠪᠠᠭᠠᠴᠤᠳ ᠤᠨ ᠬᠤᠰᠢᠭᠤᠴᠢ ᠠᠩᠬᠢ ᠶᠢᠨ ᠭᠦᠪᠡᠭᠡᠳᠥ ᠰᠢᠷ᠎ᠠ ᠬᠤᠰᠢᠭᠤᠨ ᠤ ᠠᠵᠢᠯ ᠤᠨ ᠬᠤᠷᠢᠶ᠎ᠠ ᠬᠠᠮᠲᠤᠷᠠᠨ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠪᠥᠬᠦ ᠬᠤᠰᠢᠭᠤᠨ ᠤ ᠵᠠᠯᠠᠭᠤᠴᠤᠳ ᠪᠠᠭᠠᠴᠤᠳ ᠤᠨ ᠬᠤᠪᠢᠰᠬᠠᠯᠲᠤ ᠰᠣᠩᠭᠤᠳᠠᠭ ᠵᠤᠬᠢᠶᠠᠯ ᠤᠨ ᠤᠷᠠᠨ ᠤᠩᠰᠢᠯᠭ᠎ᠠ ᠶᠢᠨ ᠤᠷᠤᠯᠳᠤᠭᠠᠨ ᠢ ᠡᠷᠭᠢᠯᠡᠪᠡ᠃ᠡᠪ ᠬᠠᠮᠳᠥ ᠵᠠᠯᠠᠭᠤᠴᠤᠳ ᠤᠨ ᠡᠪᠯᠡᠯ ᠤᠨ ᠭᠦᠪᠡᠭᠡᠳᠥ ᠰᠢᠷ᠎ᠠ ᠬᠤᠰᠢᠭᠤᠨ ᠤ ᠬᠤᠷᠢᠶ᠎ᠠ᠂ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠬᠡᠷ᠂ ᠰᠤᠷᠭᠠᠨ ᠬᠥᠮᠦᠵᠢᠯ ᠤᠨ ᠲᠣᠪᠴᠢᠶ᠎ᠠ᠂ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠤ᠋ ᠲᠧᠯᠸᠢᠰ ᠤᠨ ᠲᠣᠪᠴᠢᠶ᠎ᠠ᠂ ᠨᠠᠮ ᠤᠨ ᠰᠤᠷᠭᠠᠭᠤᠯᠢ ᠵᠢᠴᠢ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ᠂ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠡᠪᠯᠡᠯ ᠤᠨ ᠬᠤᠷᠢᠶᠠᠨ ᠤ ᠱᠦᠵᠢ᠂ ᠪᠠᠭᠠᠴᠤᠳ ᠤᠨ ᠬᠤᠰᠢᠭᠤᠴᠢ ᠠᠩᠭᠢ ᠶᠢᠨ ᠬᠠᠪᠰᠤᠷᠤᠨ ᠵᠢᠯᠣᠭᠤᠳᠤᠭᠴᠢ᠂ ᠤᠷᠤᠯᠳᠤᠭᠠᠨ ᠳᠤ ᠣᠷᠣᠯᠴᠠᠭᠰᠠᠳ ᠪᠠ ᠪᠠᠭᠰᠢ ᠰᠤᠷᠤᠭᠴᠢᠳ ᠤᠨ ᠲᠥᠯᠥᠭᠡᠯᠡᠭᠴᠢ ᠤᠷᠤᠯᠳᠤᠭᠠᠨ ᠤ ᠠᠵᠢᠯᠯᠠᠭ᠎ᠠ ᠳᠤ ᠣᠷᠣᠯᠴᠠᠵᠠᠶ᠃ᠤᠷᠤᠯᠳᠤᠭᠠᠨ ᠨᠢ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠨᠠᠷᠢᠨ ᠨᠢᠮᠪᠠᠶ ᠪᠡᠯᠡᠳᠬᠡᠭᠰᠡᠨ ᠮᠣᠷᠢᠨ ᠬᠤᠭᠤᠷ ᠤᠨ ᠨᠠᠶᠢᠷᠠᠯ ᠬᠥᠭᠵᠢᠮ ︽ᠢᠯᠠᠯᠲᠠ ᠲᠠᠢ︾᠂ ᠪᠥᠵᠢᠭ ︽ᠬᠠᠮᠤᠭ ᠤᠨ ᠭᠤᠶᠤ ᠬᠦᠦ︾᠂ ᠨᠠᠶᠢᠷᠠᠯ ᠳᠠᠭᠤᠤ ︽ᠮᠢᠨᠦ ᠱᠠᠭ᠎ᠠ︾ ᠵᠡᠷᠭᠡ ᠲᠣᠭᠯᠠᠯᠲᠠ ᠪᠠᠷ ᠬᠥᠰᠢᠭᠡ ᠪᠠᠨ ᠰᠡᠭᠦᠪᠡ᠃ ᠤᠷᠤᠯᠳᠤᠭᠠᠨ ᠢ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠪᠠ ᠪᠠᠭ᠎ᠠ ᠰᠤᠷᠭᠠᠭᠤᠯᠢ ᠶᠢᠨ ᠳᠤᠭᠤᠶᠢᠯᠠᠩ ᠬᠤᠪᠢᠶᠠᠨ ᠶᠠᠪᠤᠭᠳᠠᠭᠤᠯᠵᠤ᠂ ᠪᠥᠬᠦ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ 24 ᠰᠣᠷᠣᠭᠴᠢ ᠣᠷᠣᠯᠴᠠᠵᠠᠶ᠃ᠤᠷᠤᠯᠳᠤᠭᠠᠨ ᠤ ᠲᠠᠯᠠᠪᠠᠢ ᠳᠤ᠂ ᠤᠷᠤᠯᠴᠬᠠᠴᠢ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠭᠤᠣᠯ ᠰᠡᠳᠦᠪ ᠤᠨ ᠲᠣᠭᠤᠷᠢᠨ ᠳᠤ᠂ ᠰᠣᠩᠭᠤᠳᠠᠭ ᠬᠤᠪᠢᠰᠬᠠᠯᠲᠦ ᠵᠤᠬᠢᠶᠠᠯ ᠪᠦᠲᠦᠭᠡᠯ ᠢ ᠪᠢᠯᠬᠠᠮ᠎ᠠ ᠰᠡᠳᠬᠢᠯᠭᠡ ᠲᠠᠢ ᠤᠶᠠᠩᠭᠠᠯᠠᠵᠤ᠂ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠬᠠᠯᠠᠭᠤᠨ ᠠᠯᠠᠭ᠎ᠠ ᠲᠠᠰᠢᠯᠳᠠ ᠶᠢ ᠬᠦᠷᠲᠡᠵᠤ᠂ ᠡᠮᠦᠨ᠎ᠡ ᠭᠤᠷᠪᠠ ᠳᠤ ᠳᠤᠳᠤᠷᠠᠭᠰᠠᠨ ᠰᠤᠷᠤᠭᠴᠢᠳ ᠲᠤ ᠱᠠᠩᠨᠠᠯ ᠤᠯᠭᠤᠬᠤ ᠎ ᠶᠢᠨ ᠬᠠᠮᠲᠦ ᠰᠢᠯᠢᠳᠡᠭ ᠵᠢᠭᠠᠨ ᠵᠢᠯᠤᠭᠤᠳᠤᠭᠰᠠᠨ ᠪᠠᠭᠰᠢ ᠪᠠ ᠰᠢᠯᠢᠳᠡᠭ ᠵᠣᠬᠢᠶᠠᠨ ᠪᠠᠶᠢᠭᠤᠯᠤᠭᠰᠠᠨ ᠱᠠᠩᠨᠠᠯ ᠢ ᠣᠯᠭᠤᠪᠠ᠃ᠲᠣᠰ ᠤᠳᠠᠭᠠᠨ ᠤ ᠤᠷᠤᠯᠳᠤᠭᠠᠨ ᠢᠶᠠᠷ ᠳᠠᠮᠵᠢᠭᠤᠯᠤᠨ ᠵᠠᠯᠠᠭᠤᠴᠤᠳ ᠪᠠᠭᠠᠴᠤᠳ ᠢ ᠬᠥᠲᠥᠯᠥᠨ ᠵᠢᠯᠣᠭᠤᠳᠴᠤ᠂ ᠰᠤᠷᠤᠭᠴᠢᠳ ᠤᠨ ᠨᠠᠮ᠂ ᠤᠯᠤᠰ ᠣᠷᠣᠨ ᠢᠶᠠᠨ ᠬᠠᠶᠢᠷᠠᠯᠠᠬᠤ ᠰᠡᠳᠬᠢᠯᠭᠡ ᠶᠢ ᠬᠥᠭᠵᠢᠭᠡᠵᠦ᠂  ᠬᠦᠰᠡᠯᠡᠩ ᠲᠠᠢ᠂ ᠬᠠᠷᠢᠭᠤᠴᠠᠯᠭ᠎ᠠ ᠲᠠᠢ ᠰᠢᠨ᠎ᠡ ᠴᠠᠭ ᠦᠶ᠎ᠡ ᠶᠢᠨ ᠰᠠᠶᠢᠨ ᠵᠠᠯᠠᠭᠤ ᠪᠠᠭᠠᠴᠤᠳ ᠪᠤᠯᠤᠨ ᠬᠦᠮᠦᠵᠢᠬᠦ ᠶᠢ ᠵᠤᠷᠢᠭᠵᠢᠭᠤᠯᠵᠠᠢ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号