ᠮᠤᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠤ ᠬᠥᠪᠡᠭᠡᠲᠦᠰᠢᠷ᠎ᠠ ᠬᠤᠰᠢᠭᠤᠠ ᠳᠠᠬᠢ ᠬᠤᠪᠢᠶᠠᠷᠢ ᠤᠷᠤᠯᠳᠤᠭᠠᠠ ᠡᠬᠢ᠊
ᠨᠡᠶᠢᠲᠡᠯᠡᠭᠰᠡᠨ ᠴᠠᠭ᠄
2024/1/8
ᠮᠤᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠤ ᠬᠥᠪᠡᠭᠡᠲᠦᠰᠢᠷ᠎ᠠ ᠬᠤᠰᠢᠭᠤᠠ ᠳᠠᠬᠢ ᠬᠤᠪᠢᠶᠠᠷᠢ ᠤᠷᠤᠯᠳᠤᠭᠠᠠ ᠡᠬᠢᠯᠡᠪᠡ                               ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ11 ᠰᠠᠷ᠎ᠠ ᠶᠢᠨ 29 ᠤ ᠡᠳᠦᠷ᠂ ᠠᠩᠬᠠᠳᠤᠭᠠᠷ ᠬᠤᠭᠤᠴᠠᠭᠠᠨ ᠤ ︽ᠮᠣᠩᠭᠤᠯ ᠮᠣᠷᠢᠨ ᠤ ᠵᠣᠷᠢᠭ ᠰᠠᠨᠠᠭ᠎ᠠ ᠬᠤᠨᠳᠠᠭᠠᠲᠤ︾ ᠳᠤᠮᠳᠠᠳᠤ ᠤᠯᠤᠰ ᠤᠨ ᠠᠳᠤᠭᠤᠨ ᠰᠤᠶᠤᠯ ᠤᠨ ᠲᠦᠪ ᠰᠢᠯᠢ ᠶᠢᠨ ᠭᠤᠣᠯ ᠤᠨ ᠮᠤᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠤ ᠬᠥᠪᠡᠭᠡᠲᠦ ᠰᠢᠷ᠎ᠠ ᠬᠤᠰᠢᠭᠤᠠ ᠳᠠᠬᠢ ᠬᠤᠪᠢᠶᠠᠷᠢ ᠲᠠᠯᠠᠪᠠᠢ ᠤᠷᠤᠯᠳᠤᠭᠠᠠ  ᠤ ᠭᠠᠴᠠᠭ᠎ᠠ ᠲᠡᠰ ᠤᠨ ᠤᠷᠤᠯᠳᠤᠭᠠᠨ ᠪᠣᠭᠳᠠ ᠶᠢᠨ ᠭᠤᠣᠯ ᠰᠤᠮᠤᠠ ᠤ ᠡᠬᠢᠨ ᠤᠰᠤ ᠭᠠᠴᠠᠭᠠᠠ ᠳᠤ ᠡᠬᠢᠯᠡᠵᠦ᠂ ᠳᠡᠳ᠋ ᠬᠤᠰᠢᠭᠤ ᠳᠠᠷᠤᠭ᠎ᠠ ᠪᠠᠭᠠᠲᠤᠷ ᠡᠬᠢᠯᠡᠬᠦ ᠶᠤᠰᠤᠯᠠᠯ ᠳᠤ ᠪᠠᠶᠠᠷ ᠤᠨ ᠦᠭᠡ ᠬᠡᠯᠡᠵᠦ᠂ ᠵᠠᠰᠠᠭ ᠤᠨ ᠣᠷᠳᠣᠨ ᠤ ᠠᠯᠪᠠᠨ ᠭᠡᠷ᠂ ᠰᠣᠶᠣᠯ ᠲᠠᠮᠢᠷ ᠵᠢᠭᠤᠯᠴᠢᠯᠠᠯ ᠷᠠᠳᠢᠤ᠋ ᠲᠧᠯᠸᠢᠰ ᠤᠨ ᠲᠣᠪᠴᠢᠶ᠎ᠠ᠂ ᠪᠤᠭᠳᠠ ᠶᠢᠨ ᠭᠤᠤᠯ ᠰᠤᠮᠤᠨ ᠤ ᠬᠠᠷᠢᠭᠤᠴᠠᠯᠭᠠᠲᠠᠨ ᠡᠬᠢᠯᠡᠬᠦ ᠶᠤᠰᠤᠯᠠᠯ ᠳᠤ ᠣᠷᠣᠯᠴᠠᠪᠠ᠃ᠤᠷᠤᠯᠳᠤᠭᠠᠨ ᠤ ᠠᠬᠤᠢ ᠲᠠᠯᠠᠪᠠᠢ ᠳᠤ᠂ ᠤᠨᠤᠭᠠᠴᠢᠤᠠ ᠠᠭᠲᠠ ᠬᠦᠯᠦᠭ ᠢᠶᠠᠷ ᠢᠶᠠᠨ ᠲᠡᠰᠬᠢᠮ᠎ᠡ ᠭᠦᠢᠳᠡᠡ ᠢ ᠰᠦᠷᠥᠡ ᠳᠠᠪᠬᠢᠭᠤᠯᠵᠤ᠂ ᠮᠤᠷᠢᠲᠦ ᠪᠠᠭᠠᠲᠤᠷ ᠤᠨ ᠵᠢᠪᠬᠤᠭ᠎ᠠ ᠪᠠᠷ ᠴᠠᠰᠤᠲᠤ ᠲᠠᠯ᠎ᠠ ᠪᠠᠨ ᠴᠢᠮᠡᠵᠤ᠂ ᠮᠤᠩᠭᠤᠯ ᠮᠤᠷᠢᠨ ᠤ ᠬᠤᠷᠳᠤᠴᠠ ᠲᠡᠰᠪᠦᠷᠢ ᠶᠢ ᠤᠯᠠᠨ ᠳᠤ ᠬᠠᠷᠠᠭᠤᠯᠪᠠ᠃ᠣᠶᠢᠯᠠᠭᠠᠭᠰᠠᠨ ᠢᠶᠠᠷ᠂ ᠲᠣᠰ ᠤᠳᠠᠭᠠᠨ ᠤ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠤ ᠬᠦᠪᠡᠭᠡᠲᠦ ᠰᠢᠷ᠎ᠠ ᠬᠤᠰᠢᠭᠤᠠ ᠳᠠᠬᠢ ᠬᠤᠪᠢᠶᠠᠷᠢ ᠲᠠᠯᠠᠪᠠᠢ ᠶᠢᠨ ᠤᠷᠤᠯᠳᠤᠭᠠᠠ ᠳᠤ ᠭᠠᠴᠠᠭ᠎ᠠ᠂ ᠰᠤᠮᠤ ᠪᠠᠯᠭᠠᠰᠤ᠂ ᠬᠤᠰᠢᠭᠤ ᠭᠤᠷᠪᠠᠨ ᠱᠠᠲᠤᠨ ᠤ 7 ᠲᠠᠯᠠᠪᠤᠷ ᠤᠷᠤᠯᠳᠤᠭᠠᠨ ᠢ ᠪᠠᠶᠢᠷᠢᠯᠠᠭᠤᠯᠵᠤ᠂ ᠭᠠᠴᠠᠭ᠎ᠠ ᠱᠠᠲᠦ ᠠᠴᠠ ᠡᠬᠢᠯᠡᠨ ᠤᠷᠤᠯᠳᠤᠵᠤ᠂ ᠱᠠᠳᠤ ᠱᠠᠳᠤ ᠪᠠᠷ ᠰᠢᠭᠰᠢᠨ᠂ ᠠᠶᠢᠮᠠᠭ ᠤᠨ ᠱᠠᠲᠤᠨ ᠤ ᠤᠷᠤᠯᠳᠤᠭᠠᠨ ᠳᠤ ᠤᠷᠤᠯᠴᠠᠬᠤ ᠡᠷᠬᠡ ᠶᠢ ᠲᠡᠮᠡᠴᠡᠬᠦ ᠪᠤᠯᠤᠨ᠎ᠠ᠃ ᠤᠷᠤᠯᠳᠤᠭᠠᠨ ᠳᠤ ᠡᠪᠦᠯ ᠤᠨ ᠤᠯᠠᠷᠢᠯ ᠤᠨ ᠭᠤᠴᠢᠠ ᠭᠠᠵᠠᠷ ᠤᠨ ᠠᠯᠤᠰ ᠤᠨ ᠮᠤᠷᠢᠠ ᠤ ᠤᠷᠤᠯᠳᠤᠭᠠᠨ ︵ᠮᠣᠩᠭᠤᠯ ᠮᠣᠷᠢ︶᠂ 6000 ᠮᠧᠲᠷ ᠤᠨ ᠪᠦᠯᠬᠦᠮ ᠤᠨ ᠭᠦᠴᠥᠡ ᠵᠠᠯᠭᠠᠬᠤ ᠤᠷᠤᠯᠳᠤᠭᠠᠨ ᠭᠡᠬᠦ ᠬᠤᠶᠠᠷ ᠵᠦᠢᠯ ᠤᠨ ᠤᠷᠤᠯᠳᠤᠭᠠᠨ ᠤ ᠠᠭᠤᠯᠭ᠎ᠠ ᠶᠢ ᠲᠤᠬᠢᠷᠠᠭᠤᠯᠵᠠᠢ᠃ᠲᠤᠰ ᠤᠳᠠᠭᠠᠨ ᠤ ᠮᠣᠷᠢᠨ ᠤ ᠤᠷᠤᠯᠳᠤᠭᠠᠨ ᠨᠢ ᠠᠩᠬᠠᠳᠤᠭᠠᠷ ᠬᠤᠭᠤᠴᠠᠭᠠᠨ ᠤ ︽ᠮᠣᠩᠭᠤᠯ ᠮᠣᠷᠢᠨ ᠤ ᠵᠣᠷᠢᠭ ᠰᠠᠨᠠᠭ᠎ᠠ ᠬᠤᠨᠳᠠᠭᠠᠲᠤ︾ ᠳᠤᠮᠳᠠᠳᠤ ᠤᠯᠤᠰ ᠤᠨ ᠠᠳᠤᠭᠤᠨ ᠰᠤᠶᠤᠯ ᠤᠨ ᠲᠦᠪ ᠰᠢᠯᠢ ᠶᠢᠨ ᠭᠤᠣᠯ ᠤᠨ ᠮᠤᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠤ ᠬᠥᠪᠡᠭᠡᠲᠦ ᠰᠢᠷ᠎ᠠ ᠬᠤᠰᠢᠭᠤᠠ ᠳᠠᠬᠢ ᠬᠤᠪᠢᠶᠠᠷᠢ ᠲᠠᠯᠠᠪᠠᠢ ᠤᠷᠤᠯᠳᠤᠭᠠᠠ ᠤ ᠬᠥᠰᠢᠭᠡ ᠶᠢ ᠰᠡᠬᠦᠵᠦ᠂ ᠤᠷᠤᠯᠳᠤᠭᠠᠨ ᠤ ᠪᠦᠬᠦᠶᠢᠯᠡ ᠠᠵᠢᠯᠯᠠᠭ᠎ᠠ ᠨᠢ 2024 ᠣᠨ ᠤ 1 ᠰᠠᠷ᠎ᠠ ᠶᠢᠨ ᠳᠤᠮᠳᠠᠴᠢ ᠪᠣᠯᠲᠠᠯ᠎ᠠ ᠦᠷᠭᠦᠯᠵᠢᠯᠡᠬᠦ ᠪᠣᠯᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号