ᠬᠠᠶᠢᠷ᠎ᠠ ᠪᠢᠯᠬᠠᠭᠰᠠᠨ ᠬᠠᠯᠠᠮᠵᠢ ᠶᠢᠨ ᠠᠵᠢᠯᠯᠠᠭ᠎ᠠ
ᠨᠡᠶᠢᠲᠡᠯᠡᠭᠰᠡᠨ ᠴᠠᠭ᠄
2024/1/8
ᠬᠠᠶᠢᠷ᠎ᠠ ᠪᠢᠯᠬᠠᠭᠰᠠᠨ ᠬᠠᠯᠠᠮᠵᠢ ᠶᠢᠨ ᠠᠵᠢᠯᠯᠠᠭ᠎ᠠ                                                   ᠬᠠᠮ ᠵᠠᠭᠤᠴᠢᠯᠠᠭᠤᠷ ᠤᠨ ᠰᠤᠷᠪᠤᠯᠵᠢᠯᠠᠭᠴᠢ                                                               ᠲᠣᠷᠠᠨ᠎ᠠ   ᠬᠠᠰᠪᠢᠯᠢᠭ᠌    ᠣᠶᠢᠷ᠎ᠡ ᠳᠤ᠂ ᠬᠦᠪᠡᠬᠡᠳᠣ ᠰᠢᠷ᠎ᠡ ᠬᠤᠰᠢᠭᠤᠨ ᠤ ᠰᠣᠣᠳᠣ ᠣᠯᠠᠮᠵᠢᠯᠠᠯᠳᠣ ᠴᠠᠭᠠᠨ ᠢᠳᠡᠬᠡᠨ ᠤ ᠲᠣᠰᠬᠠᠢ ᠬᠤᠷᠰᠢᠶᠠᠵᠢᠯ ᠨᠢ ᠬᠤᠰᠢᠭᠤᠨ ᠤ ᠨᠠᠰᠣᠳᠠᠶᠢᠴᠣᠳ ᠤᠨ ᠬᠦᠷᠢᠶᠠᠯᠡᠩ ᠳᠤ ᠬᠦᠷᠴᠣ᠂ 2024 ᠣᠨ ᠤ ᠨᠠᠰᠣᠳᠠᠶᠢᠴᠣᠳ ᠢᠶᠠᠨ ᠬᠠᠶᠢᠷᠠᠯᠠᠨ ᠬᠠᠯᠠᠮᠵᠢᠯᠠᠬᠤ ᠲᠣᠬᠤᠨᠢᠭᠤᠯᠭ᠎ᠠ ᠶᠢᠨ ᠠᠵᠢᠯᠯᠠᠭ᠎ᠠ ᠦᠷᠨᠢᠭᠦᠯᠪᠡ᠃ᠲᠣᠬᠤᠨᠢᠭᠤᠯᠭ᠎ᠠ ᠶᠢᠨ ᠠᠵᠢᠯᠯᠠᠭ᠎ᠠ ᠳᠤ᠂ ᠰᠣᠣᠳᠣ ᠣᠯᠠᠮᠵᠢᠯᠠᠯᠳᠣ ᠴᠠᠭᠠᠨ ᠢᠳᠡᠬᠡᠨ ᠤ ᠲᠣᠰᠬᠠᠢ ᠬᠤᠷᠰᠢᠶᠠᠵᠢᠯ ᠤᠨ ᠭᠡᠰᠢᠭᠦᠳ ᠦᠷᠯᠣᠬᠡ ᠡᠷᠲᠡ ᠨᠠᠰᠣᠳᠠᠶᠢᠴᠣᠳ ᠤᠨ ᠬᠦᠷᠢᠶᠠᠯᠡᠩ ᠤᠨ ᠨᠠᠰᠤᠳᠠᠳ ᠲᠤ ᠥᠪᠡᠷ ᠤᠨ ᠬᠢᠭᠰᠡᠨ ᠴᠠᠭᠠᠨ ᠢᠳᠡᠭᠡᠨ ᠢᠶᠠᠨ ᠠᠪᠴᠣ ᠣᠴᠢᠬᠰᠠᠨ ᠤ ᠬᠠᠮᠳᠣ ᠴᠠᠢ ᠴᠢᠨᠠᠨ᠂ ᠪᠠᠩᠰᠢ ᠪᠠᠷᠢᠵᠤ᠂ ᠨᠠᠰᠣᠳᠠᠶᠢᠴᠣᠳ ᠲᠤ ᠠᠮᠲᠠᠲᠤ ᠬᠤᠭᠤᠯᠠ ᠤᠮᠳᠠ ᠶᠢ ᠪᠠᠯᠠᠳᠬᠡᠵᠣ᠂ ᠨᠡᠶᠢᠭᠡᠮ ᠨᠠᠶᠢᠳᠠ ᠶᠢᠨ ᠬᠠᠯᠠᠭᠤᠨ ᠳᠤᠯᠠᠭᠠᠨ ᠢ ᠮᠡᠳᠡᠷᠡᠬᠦᠯᠦᠨ᠂ ᠨᠠᠰᠣᠳᠠᠶᠢᠴᠣᠳ ᠲᠤ ᠬᠠᠶᠢᠷ᠎ᠠ ᠬᠠᠯᠠᠮᠵᠢ ᠬᠦᠷᠳᠡᠬᠡᠯ᠎ᠡ᠃ ᠬᠦᠪᠡᠬᠡᠳᠣ ᠰᠢᠷ᠎ᠡ ᠬᠤᠰᠢᠭᠤᠨ ᠤ ᠰᠣᠣᠳᠣ ᠣᠯᠠᠮᠵᠢᠯᠠᠯᠳᠣ ᠴᠠᠭᠠᠨ ᠢᠳᠡᠬᠡᠨ ᠤ ᠲᠣᠰᠬᠠᠢ ᠬᠤᠷᠰᠢᠶᠠᠵᠢᠯ ᠤᠨ ᠬᠡᠷᠡᠭ ᠮᠡᠳᠡᠭᠴᠢ ᠶᠢᠨ ᠲᠠᠷᠤᠭ᠎ᠠ ᠰᠠᠷᠭᠠᠢ᠄ ︽ᠮᠠᠨ ᠤ ᠬᠤᠷᠰᠢᠶᠠᠵᠢᠯ ᠨᠢ ᠪᠠᠶᠢᠭᠤᠯᠣᠬᠳᠠᠬᠰᠠᠨ ᠠᠴᠠ ᠠᠪᠣᠭᠠᠳ ᠬᠤᠶᠠᠳᠠᠬᠢ ᠣᠳᠠᠭ᠎ᠠ ᠪᠠᠨ ᠨᠠᠰᠣᠳᠠᠶᠢᠴᠣᠳ ᠤᠨ ᠬᠦᠷᠢᠶᠠᠯᠡᠩ ᠳᠤ ᠢᠷᠡᠵᠣ᠂ ᠨᠠᠰᠣᠳᠠᠶᠢᠴᠣᠳ ᠲᠤ ᠬᠠᠶᠢᠷ᠎ᠡ ᠬᠠᠯᠠᠮᠵᠢ ᠬᠦᠷᠳᠡᠬᠡᠬᠦ ᠠᠵᠢᠯᠯᠠᠭ᠎ᠠ ᠦᠷᠨᠢᠬᠦᠯᠵᠣ ᠪᠠᠶᠢᠨ᠎ᠠ ︔ ᠬᠤᠶᠢᠰᠢᠳᠠ ᠵᠢᠯ ᠪᠣᠯᠭᠠᠨ ᠡᠶᠢᠮᠣᠷᠬᠦᠦ ᠠᠵᠢᠯᠯᠠᠭ᠎ᠠ ᠦᠷᠨᠢᠬᠦᠯᠵᠣ ᠨᠡᠩ ᠣᠯᠠᠨ ᠨᠠᠰᠣᠳᠠᠶᠢᠴᠣᠳ ᠲᠤ ᠬᠠᠶᠢᠷ᠎ᠡ ᠬᠠᠯᠠᠮᠵᠢ ᠬᠦᠷᠲᠡᠭᠡᠬᠦ ᠪᠠᠷ ᠴᠢᠷᠮᠠᠶᠢᠨ᠎ᠠ︾ ᠭᠡᠵᠦ ᠪᠠᠶᠢᠯ᠎ᠠ᠃ᠲᠣᠰ ᠤᠳᠠᠭᠠᠨ ᠤ ᠲᠣᠬᠤᠨᠢᠭᠤᠯᠭ᠎ᠠ ᠶᠢᠨ ᠠᠵᠢᠯᠯᠠᠭ᠎ᠠ ᠨᠢ ᠪᠤᠳᠠᠳᠦ ᠦᠢᠯᠡᠳᠦᠯᠭᠡ ᠪᠠᠷ ᠢᠶᠠᠨ ︽ᠨᠠᠰᠤᠲᠠᠨ ᠢᠶᠠᠨ ᠬᠦᠨᠳᠦᠯᠡᠵᠦ ᠨᠢᠯᠬᠠᠰ ᠢᠶᠠᠨ ᠬᠠᠶᠢᠷᠠᠯᠠᠬᠤ᠂ ᠨᠠᠰᠤᠲᠠᠨ ᠢᠶᠠᠨ ᠬᠦᠨᠳᠦᠯᠡᠵᠦ ᠨᠠᠰᠤᠲᠠᠨ ᠢᠶᠠᠨ ᠬᠠᠪᠰᠤᠷᠬᠤ︾ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠰᠤᠷᠲᠠᠯ ᠢ ᠢᠯᠡᠷᠡᠬᠦᠯᠵᠦ ᠴᠢᠳᠠᠭᠰᠠᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号