ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠦᠷᠭᠦᠯᠵᠢᠯᠡᠨ | ᠲᠤᠤᠱᠯᠠᠭᠳᠠᠬᠤ ᠶᠢ ᠲᠠᠭᠠᠯᠳᠤᠨ᠂ ᠮᠠᠯᠵᠢᠬᠤ ᠣᠷᠣᠨ ᠤ ᠳᠦᠷᠰᠦ ᠪᠠᠶᠢᠳᠠᠯ ᠳᠤ ᠶᠡᠬᠡᠳᠡ ᠬᠤᠪᠢᠷᠠᠯᠲᠠ ᠭᠠᠷᠴᠤ᠂ | ᠦᠢᠯᠡᠰ ᠪᠤᠰᠬᠠᠵᠤ ᠰᠢᠨ᠎ᠡ ᠶᠢ ᠡᠭᠦᠳᠬᠦ ᠣᠷᠴᠢᠨ ᠲᠣᠭᠤᠷᠢᠨ ᠲᠠᠰᠤᠷᠠᠯᠳᠡ ᠦᠭᠡᠢ ᠰᠢᠯᠢᠳᠡᠭᠵᠢᠵᠦ᠂ ᠮᠠᠯᠵᠢᠬᠤ | ᠣᠷᠣᠨ ᠤ ᠤᠯᠠᠮᠵᠢᠯᠠᠯᠲᠤ ᠴᠠᠭᠠᠨ ᠢᠳᠡᠭᠡᠨ ᠨᠢ ᠴᠤ ᠡᠳᠦᠷ ᠢᠷᠡᠬᠦᠶ᠎ᠡ ᠲᠤᠬᠠᠢ ᠶᠢᠨ ᠭᠠᠵᠠᠷ ᠤᠨ ᠤᠯᠠᠨ ᠲᠦᠮᠡᠨ ᠤ | ᠣᠷᠣᠯᠭ᠎ᠠ ᠶᠢ ᠨᠡᠮᠡᠭᠳᠡᠭᠦᠯᠬᠦ ᠪᠠ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠴᠢᠬᠤᠯᠠ ᠬᠦᠴᠦᠨ ᠵᠦᠢᠯ ᠪᠣᠯᠵᠤ | ᠪᠤᠢ᠃ | ᠪᠠᠶᠠᠨᠲᠠᠯ᠎ᠠ ᠪᠠᠯᠭᠠᠰᠤᠨ ᠤ ᠬᠤᠲᠠ ᠶᠢᠨ ᠭᠤᠣᠯ ᠭᠠᠴᠠᠭᠠᠨ ᠤ ᠮᠠᠯᠴᠢᠨ ᠵᠢᠩᠬᠤᠸᠠᠷ ᠤᠨ ᠳᠤ ᠬᠦᠷᠬᠦ ᠳᠤ᠂ | ᠴᠠᠭᠠᠨ ᠢᠳᠡᠭᠡᠨ ᠤ ᠰᠤᠳᠤᠨ ᠦᠨᠦᠷ ᠭᠡᠷ ᠳᠦᠭᠦᠷᠡᠩ ᠬᠠᠩᠬᠤᠯᠵᠤ᠂ ᠵᠢᠩᠬᠤᠸᠠᠷ ᠶᠠᠭ ᠰᠠᠶᠢᠬᠠᠨ ᠬᠤᠷᠤᠳ ᠬᠢᠵᠤ | ᠪᠠᠶᠢᠬᠤ ᠲᠠᠢ ᠲᠠᠭᠠᠷᠠᠯᠳᠤᠯ᠎ᠠ᠃ ᠵᠢᠩᠬᠤᠸᠠᠷ ᠤᠯᠠᠮᠵᠢᠯᠠᠯᠲᠤ ᠴᠠᠭᠠᠨ ᠢᠳᠡᠭᠡᠨ ᠬᠢᠬᠦ ᠳᠤᠷ᠎ᠠ ᠪᠠᠬ᠎ᠠ ᠲᠠᠢ ᠪᠠᠶᠢᠵᠤ᠂ | ᠲᠡᠬᠦᠨ ᠢᠶᠠᠨ ᠠᠵᠢᠯ ᠲᠦᠷᠦᠯ ᠪᠤᠯᠭᠠᠨ ᠡᠷᠬᠢᠯᠡᠵᠤ᠂ ᠥᠷᠯᠥᠭᠡ ᠪᠦᠷᠢ 4᠂ 5 ᠴᠠᠭ ᠲᠤ ᠪᠣᠰᠤᠭᠠᠳ ᠦᠨᠢᠶ᠎ᠡ ᠪᠠᠨ | ᠰᠠᠭᠠᠵᠤ᠂ ᠴᠠᠭ ᠴᠢᠯᠥᠭᠡ ᠰᠢᠬᠠᠨ ᠴᠠᠭᠠᠨ ᠢᠳᠡᠭᠡᠨ ᠬᠢᠳᠡᠭ ᠪᠠᠶᠢᠯ᠎ᠠ᠃ ᠲᠡᠷᠡ ᠴᠠᠭᠠᠨ ᠢᠳᠡᠭᠡᠨ ᠳᠤ ᠪᠠᠨ ᠰᠢᠨ᠎ᠡ | ᠲᠦᠷᠦᠯ ᠨᠡᠮᠡᠵᠤ᠂ ᠰᠢᠷ᠎ᠠ ᠤᠰᠤᠨ ᠤ ᠰᠢᠬᠢᠷ᠂ ᠰᠦᠨ ᠮᠥᠰᠥᠯᠡᠮᠵᠢ᠂ ᠤᠯᠠᠨ ᠲᠦᠷᠦᠯ ᠤᠨ ᠦᠨᠦᠷ ᠠᠮᠲᠠ ᠲᠠᠢ | ᠴᠦᠴᠦᠭᠡᠢ ᠵᠡᠷᠭᠡ 20 ᠭᠠᠷᠤᠶ ᠵᠦᠢᠯ ᠤᠨ ᠪᠦᠲᠦᠭᠡᠭᠳᠡᠬᠦᠨ ᠬᠢᠵᠥ ᠪᠤᠢ᠃ ︽ᠪᠢ 2008 ᠣᠨ ᠠᠴᠠ ᠴᠠᠭᠠᠨ | ᠢᠳᠡᠭᠡ ᠬᠢᠵᠦ ᠠᠩᠬᠠᠨ ᠳᠠᠭᠠᠨ ᠬᠤᠷᠤᠳ ᠪᠢᠰᠢᠯᠠᠭ ᠬᠢᠵᠦ ᠪᠠᠶᠢᠭᠰᠠᠨ︔ ᠰᠡᠬᠦᠯᠡᠷ ᠨᠢ ᠴᠠᠭᠠᠨ ᠢᠳᠡᠭᠡᠨ ᠤ | ᠲᠦᠷᠦᠯ ᠵᠦᠢᠯ ᠢᠶᠠᠨ ᠦᠷᠭᠡᠳᠬᠡᠵᠡᠢ︔ ᠮᠢᠨᠤ ᠬᠢᠭᠰᠡᠨ ᠴᠠᠭᠠᠨ ᠢᠳᠡᠭᠡᠨ ᠨᠢ ᠴᠣᠯ ᠪᠠᠶᠢᠭᠠᠯᠢᠯᠢᠭ ᠰᠢᠨᠵᠢ ᠲᠠᠢ | ᠪᠤᠯᠬᠤᠷ ᠬᠡᠷᠡᠭᠯᠡᠭᠴᠢᠳ ᠤᠨ ᠬᠦᠷᠢᠶᠡᠯᠡᠯ ᠢ ᠶᠡᠬᠡᠳᠡ ᠣᠯᠳᠠᠭ︾ ᠭᠡᠵᠤ ᠮᠠᠯᠴᠢᠨ ᠵᠢᠩᠬᠤᠸᠠᠷ ᠶᠠᠷᠢᠯ᠎ᠠ᠃ | ᠣᠶᠢᠷ᠎ᠠ ᠶᠢᠨ ᠬᠡᠳᠦᠨ ᠵᠢᠯ ᠳᠤ᠂ ᠬᠥᠪᠡᠭᠡᠲᠦ ᠰᠢᠷ᠎ᠠ ᠬᠤᠰᠢᠭᠤᠨ ᠤ ᠴᠠᠭᠠᠨ ᠢᠳᠡᠭᠡᠨ ᠨᠢ ︽ᠴᠠᠭᠠᠨ | ᠢᠳᠡᠭᠡᠨ ᠤ ᠨᠤᠲᠤᠭ︾ ᠭᠡᠬᠦ ᠨᠠᠷᠠᠲᠤ ᠲᠡᠮᠳᠡᠭ ᠤᠨ ᠳᠠᠪᠠᠭᠤᠯᠢᠭ ᠲᠤ ᠪᠠᠨ ᠲᠦᠰᠢᠭᠯᠡᠨ᠂ ᠵᠠᠬ᠎ᠠ ᠳᠡᠯᠭᠡᠭᠦᠷ ᠲᠤ | ᠤᠷᠤᠨ ᠪᠠᠶᠢᠷᠢ ᠪᠠᠨ ᠡᠵᠡᠯᠡᠵᠤ ᠪᠤᠢ᠃ ᠵᠢᠩᠬᠤᠸᠠᠷ ᠤᠨ ᠴᠠᠭᠠᠨ ᠢᠳᠡᠭᠡᠨ ᠨᠢ ᠪᠡᠭᠡᠵᠢᠩ ᠂ ᠲᠢᠶᠠᠨᠵᠢᠨ ᠵᠡᠷᠭᠡ | ᠭᠠᠵᠠᠷ ᠲᠤ ᠬᠦᠷᠲᠡᠯ᠎ᠡ ᠪᠣᠷᠣᠯᠠᠭᠤᠯᠤᠭᠳᠠᠵᠤ᠂ ᠵᠢᠯ ᠤᠨ 8 ᠠᠴᠠ 9 ᠲᠦᠮᠡᠨ ᠲᠦᠭᠦᠷᠢᠭ ᠤᠨ ᠴᠡᠪᠡᠷ ᠤᠷᠣᠯᠭ᠎ᠠ | ᠡᠬᠦᠳᠴᠠᠢ᠃ ︽ᠪᠢ ᠦᠷᠭᠦᠯᠵᠢ ᠵᠢᠩᠬᠤᠸᠠᠷ ᠤᠨ ᠬᠢ ᠠᠴᠠ ᠴᠠᠭᠠᠨ ᠢᠳᠡᠭᠡᠨ ᠬᠤᠳᠠᠯᠳᠤᠨ ᠠᠪᠲᠠᠭ︔ ᠲᠡᠭᠦᠨ ᠤ | ᠬᠢᠭᠰᠡᠨ ᠴᠠᠭᠠᠨ ᠢᠳᠡᠭᠡᠨ ᠤ ᠲᠦᠷᠦᠯ ᠵᠦᠢᠯ ᠬᠤᠰᠢᠭᠤᠨ ᠤ ᠴᠠᠭᠠᠨ ᠢᠳᠡᠭᠡᠨ ᠳᠡᠯᠭᠡᠬᠦᠷ ᠤᠨ ᠬᠢ ᠲᠠᠢ ᠠᠳᠠᠯᠢ | ᠲᠦᠷᠦᠯ ᠵᠦᠢᠯ ᠤᠯᠠᠨ ᠪᠠᠶᠢᠳᠠᠭ ᠪᠦᠭᠡᠳ ᠦᠨᠦᠷ ᠠᠮᠲᠠ ᠨᠢ ᠴᠦ ᠰᠠᠶᠢᠬᠠᠨ︾ ᠭᠡᠵᠤ ᠬᠡᠷᠡᠭᠯᠡᠭᠴᠢ ᠲᠠᠨ᠎ᠠ ᠶᠠᠷᠢᠯ᠎ᠠ᠃ | | ᠲᠠᠯᠠᠢᠨᠴᠡᠴᠡᠭ ᠪᠣᠯ ᠮᠦᠨ ᠴᠤ ᠬᠤᠳᠠ ᠶᠢᠨ ᠭᠤᠣᠯ ᠭᠠᠴᠠᠭᠠᠨ ᠤ ᠴᠠᠭᠠᠨ ᠢᠳᠡᠭᠡᠨ ᠬᠢᠵᠦ ᠪᠣᠷᠣᠯᠠᠭᠤᠯᠳᠠᠭ | ᠮᠠᠯᠴᠢᠨ ᠶᠤᠮ᠃ ᠵᠢᠩᠬᠤᠸᠠᠷ ᠲᠠᠢ ᠠᠳᠠᠯᠢ ᠪᠠᠷ ᠲᠠᠯᠠᠢᠨᠴᠡᠴᠡᠭ ᠡᠳᠦᠷ ᠪᠦᠷᠢ ᠡᠷᠲᠡᠯᠡᠵᠦ ᠣᠷᠦ᠋ᠢᠯᠠᠨ᠂ ᠠᠵᠢᠯ ᠤᠨ | ᠰᠡᠯᠡᠭᠦᠦ ᠴᠠᠭ ᠢᠶᠠᠷ ᠢᠶᠠᠨ ᠴᠠᠭᠠᠨ ᠢᠳᠡᠭᠡᠨ ᠬᠢᠵᠥ᠂ ᠬᠡᠳᠦᠶᠢᠪᠡᠷ ᠬᠡᠪᠴᠢᠶ᠎ᠡ ᠪᠠᠷ ᠶᠡᠭᠡ ᠪᠢᠰᠢ ᠴᠤ ᠬᠡᠰᠡᠨ ᠴᠠᠭᠠᠨ | ᠢᠳᠡᠭᠡᠨ ᠢᠶᠠᠨ ᠤᠶᠢᠷ᠎ᠠ ᠬᠠᠪᠢ ᠳᠤ ᠪᠠᠨ ᠪᠤᠷᠤᠯᠠᠭᠤᠯᠵᠤ᠂ ᠪᠠᠭ᠎ᠠ ᠪᠤᠰᠤ ᠤᠷᠣᠯᠭ᠎ᠠ ᠡᠭᠦᠳᠴᠦ ᠪᠤᠢ᠃ | ᠣᠶᠢᠷ᠎ᠠ ᠶᠢᠨ ᠵᠢᠯ ᠳᠤ᠂ ᠬᠥᠪᠡᠭᠡᠲᠦ ᠰᠢᠷ᠎ᠠ ᠬᠤᠰᠢᠭᠤ ᠨᠢ ᠤᠯᠤᠰ ᠠᠴᠠ ᠰᠦᠨ ᠤ ᠠᠵᠤ ᠦᠢᠯᠡᠰ ᠢ | ᠬᠥᠭᠵᠢᠭᠦᠯᠦᠨ ᠮᠠᠨᠳᠤᠭᠤᠯᠬᠤ ᠠᠵᠠ ᠲᠣᠬᠢᠶᠠᠯ ᠢ ᠠᠳᠬᠤᠨ᠂ ᠥᠪᠡᠷᠲᠡᠭᠡᠨ ᠵᠠᠰᠠᠬᠤ ᠣᠷᠣᠨ ᠪᠠ ᠰᠢᠯᠢ ᠶᠢᠨ ᠭᠤᠤᠯ | ᠠᠶᠢᠮᠠᠭ ᠤᠨ ᠰᠦᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠠ ᠤᠨᠴᠠᠯᠢᠬᠳᠤ ᠴᠠᠭᠠᠨ ᠢᠳᠡᠭᠡᠨ ᠤ ᠠᠵᠤ | ᠦᠢᠯᠡᠰ ᠢ ᠬᠥᠭᠵᠢᠭᠦᠯᠬᠦ ᠲᠤᠬᠠᠶ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠡᠷᠡᠰ ᠲᠤᠤᠱᠯᠠᠭᠤᠯᠵᠤ᠂ ︽ | ᠰᠢᠯᠢ ᠶᠢᠨ ᠭᠤᠤᠯ ᠤᠨ ᠴᠠᠭᠠᠨ ᠢᠳᠡᠭᠡᠨ︾᠂ ︽ᠴᠠᠭᠠᠨ ᠢᠳᠡᠭᠡᠨ ᠤ ᠨᠤᠲᠤᠭ︾ ᠭᠡᠬᠦ ᠨᠠᠷᠠᠲᠤ ᠲᠥᠷᠥᠯ ᠲᠡᠮᠳᠡᠭᠲᠦ | ᠶᠢ ᠤᠯᠠᠮ ᠠᠯᠳᠠᠷᠰᠢᠭᠤᠯᠵᠤ᠂ ᠤᠯᠠᠮᠵᠢᠯᠠᠯᠲᠤ ᠴᠠᠭᠠᠨ ᠢᠳᠡᠭᠡᠨ ᠢ ᠠᠷᠠᠳ ᠢ ᠪᠠᠶᠠᠵᠢᠭᠤᠯᠬᠤ ᠠᠵᠤ ᠦᠢᠯᠡᠰ ᠪᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯᠯᠠᠬᠤ ᠠᠵᠤ ᠦᠢᠯᠡᠰ ᠪᠣᠯᠭᠠᠨ ᠳᠦᠯᠬᠢᠨ ᠠᠬᠢᠭᠤᠯᠵᠤ | ᠪᠠᠶᠢᠨ᠎ᠠ᠃ | |