ᠢᠷᠭᠠᠢ ᠭᠠᠴᠠᠭ᠎ᠠ ᠮᠠᠯᠴᠢᠳ ᠲᠤ ᠪᠠᠨ 42.8 ᠲᠦᠮᠡᠨ ᠲᠥᠭᠦᠷᠢᠭ ᠤᠨ ᠠᠰᠢᠭ ᠬᠤᠪᠢᠶᠠᠷᠢᠯᠠᠯ᠎ᠠ
ᠨᠡᠶᠢᠲᠡᠯᠡᠭᠰᠡᠨ ᠴᠠᠭ᠄
2024/1/8
      12 ᠰᠠᠷ᠎ᠠ ᠶᠢᠨ 22 ᠤ ᠡᠳᠦᠷ᠂ ᠬᠥᠪᠡᠭᠡᠲᠦ ᠰᠢᠷ᠎ᠠ ᠬᠤᠰᠢᠭᠤᠨ ᠤ ᠪᠣᠬᠳᠠ ᠶᠢᠨ ᠭᠤᠣᠯ ᠰᠣᠮᠣᠨ ᠤ ᠢᠷᠭᠠᠢ ᠭᠠᠴᠠᠭᠠᠨ ᠤ ᠬᠠᠮᠳᠣ ᠶᠢᠨ ᠵᠣᠬᠢᠶᠠᠨ ᠪᠠᠶᠢᠭᠤᠯᠣᠯᠳᠠ ᠶᠢᠨ ᠬᠤᠪᠢᠴᠠᠭᠠᠳᠣ ᠠᠵᠣ ᠠᠬᠤᠢ ᠶᠢᠨ ᠬᠤᠷᠰᠢᠶᠠᠵᠢᠯ  ᠤᠨ ᠠᠩᠬᠠᠳᠣᠭᠠᠷ ᠣᠳᠠᠭᠠᠨ ᠤ ᠠᠰᠢᠭ ᠣᠷᠣᠯᠭ᠎ᠠ ᠶᠢᠨ ᠬᠤᠪᠢᠶᠠᠷᠢᠯᠠᠯᠳᠠ ᠶᠢᠨ ᠶᠡᠭᠡ ᠬᠤᠷᠠᠯ ᠪᠣᠬᠳᠠ ᠶᠢᠨ ᠭᠤᠣᠯ ᠰᠣᠮᠣᠨ ᠳᠤ  ᠶᠠᠪᠣᠬᠳᠠᠯ᠎ᠠ᠃      ᠠᠬᠤᠢ ᠲᠠᠯᠠᠪᠠᠢ ᠳᠤ᠂ ᠪᠣᠬᠳᠠ ᠶᠢᠨ ᠭᠤᠣᠯ ᠰᠣᠮᠣᠨ ᠤ ᠢᠷᠭᠠᠢ ᠭᠠᠴᠠᠭᠠᠨ ᠤ ᠬᠠᠷᠢᠭᠤᠴᠠᠯᠭᠠᠳᠠᠨ ᠠᠴᠠ ︽ᠢᠷᠭᠠᠢ ᠭᠠᠴᠠᠭᠠᠨ ᠤ ᠬᠠᠮᠳᠣ ᠶᠢᠨ ᠵᠣᠬᠢᠶᠠᠨ ᠪᠠᠶᠢᠭᠤᠯᠣᠯᠳᠠ ᠶᠢᠨ ᠬᠤᠪᠢᠴᠠᠭᠠᠳᠣ ᠠᠵᠣ ᠠᠬᠤᠢ ᠶᠢᠨ ᠬᠤᠷᠰᠢᠶᠠᠵᠢᠯ  ᠤᠨ ᠠᠩᠬᠠᠳᠣᠭᠠᠷ ᠣᠳᠠᠭᠠᠨ ᠤ ᠠᠰᠢᠭ ᠣᠷᠣᠯᠭ᠎ᠠ ᠶᠢᠨ ᠬᠤᠪᠢᠶᠠᠷᠢᠯᠠᠯᠳᠠ ᠶᠢᠨ ᠲᠦᠰᠣᠪ︾ ᠢ ᠨᠠᠶᠢᠳᠠᠯᠠᠵᠣ᠂ ᠡᠯ᠎ᠡ ᠵᠦᠢᠯ ᠤᠨ ᠣᠷᠣᠯᠭ᠎ᠠ ᠪᠠ ᠵᠠᠷᠤᠯᠭ᠎ᠠ ᠶᠢ ᠨᠠᠷᠢᠨ ᠲᠠᠨᠢᠯᠴᠠᠭᠤᠯᠵᠤ᠂ ᠭᠠᠴᠠᠭᠠᠨ ᠤ ᠣᠯᠠᠨ ᠲᠦᠮᠡᠨ ᠠᠩᠬ᠎ᠠ ᠤᠳᠠᠭ᠎ᠠ ︽ᠬᠤᠪᠢ ᠣᠷᠣᠭᠤᠯᠤᠭᠴᠢ︾ ᠶᠢᠨ ᠬᠤᠪᠢ ᠪᠠᠷ ᠲᠣᠰ ᠠᠰᠢᠭ ᠣᠷᠣᠯᠭ᠎ᠠ ᠶᠢᠨ ᠬᠤᠪᠢᠶᠠᠷᠢᠯᠠᠯᠳᠠ ᠳᠤ ᠣᠷᠣᠯᠴᠡᠵᠣ᠂ ᠮᠠᠯᠴᠢᠳ ᠭᠠᠴᠠᠭᠠᠨ ᠤ ︽ᠬᠤᠶᠠᠷ ᠵᠥᠪᠯᠡᠯ︾ ᠤᠨ ᠺᠠᠳ᠋ᠷ ᠤᠨ ᠵᠣᠬᠢᠶᠠᠨ ᠪᠠᠶᠢᠭᠤᠯᠤᠯᠲᠠ ᠶᠢᠨ ᠲᠣᠬᠢᠷᠠᠭᠤᠯᠤᠯᠲᠠ ᠳᠣᠤᠷ᠎ᠠ ᠲᠠᠰ ᠳᠠᠷᠠᠭᠠᠯᠠᠨ ᠭᠠᠷ ᠤᠨ ᠥᠰᠥᠭ ᠵᠢᠷᠤᠵᠤ᠂ ᠠᠰᠢᠭ ᠣᠷᠣᠯᠭ᠎ᠠ ᠪᠠᠨ ᠬᠤᠪᠢᠶᠠᠵᠣ ᠠᠪᠤᠭᠰᠠᠨ ᠪᠠᠶᠢᠨ᠎ᠠ᠃  ᠲᠣᠰ ᠣᠳᠠᠭᠠᠨ ᠤ ᠠᠰᠢᠭ ᠣᠷᠣᠯᠭ᠎ᠠ ᠶᠢᠨ ᠬᠤᠪᠢᠶᠠᠷᠢᠯᠠᠯᠳᠠ ᠳᠤ ᠢᠷᠭᠠᠢ ᠭᠠᠴᠠᠭ᠎ᠠ 116 ᠮᠠᠯᠴᠢᠨ ᠡᠷᠦᠬᠡ ᠶᠢᠨ 292 ᠮᠠᠯᠴᠢᠨ ᠳᠤ 428050 ᠲᠥᠭᠦᠷᠢᠭ ᠤᠨ ᠠᠰᠢᠭ ᠣᠷᠣᠯᠭ᠎ᠠ ᠬᠤᠪᠢᠶᠠᠷᠢᠯᠠᠵᠣ᠂ ᠮᠠᠯᠴᠢᠳ ᠢᠶᠠᠨ ᠪᠠᠶᠠᠰᠬᠠᠯ᠎ᠠ ᠃ ︽ᠮᠠᠨ ᠤ ᠲᠠᠪᠣᠨ ᠬᠦᠮᠣᠨ ᠠᠮᠠ ᠲᠠᠢ᠂ ᠨᠠᠶᠢᠳᠠ 23  ᠬᠤᠪᠢ ᠲᠠᠢ᠂ 8050 ᠲᠦᠬᠦᠷᠢᠭ ᠬᠤᠪᠢᠳᠠᠵᠣ ᠣᠯᠣᠬᠰᠠᠨ ᠳᠤ ᠪᠠᠨ ᠲᠣᠩ ᠪᠠᠶᠠᠷᠯᠠᠵᠣ ᠪᠠᠶᠢᠨ᠎ᠠ︔ ᠬᠠᠮᠳᠣ ᠶᠢᠨ ᠠᠵᠣ ᠠᠬᠤᠢ ᠪᠠᠨ ᠪᠦᠬᠦᠳᠡᠬᠡᠷ ᠢᠶᠠᠨ ᠴᠢᠷᠮᠠᠶᠢᠵᠣ ᠰᠠᠶᠢᠨ ᠬᠢᠨ᠎ᠡ︾ ᠭᠡᠵᠤ ᠮᠠᠯᠴᠢᠨ ᠦᠬᠡᠳᠡᠩ ᠶᠠᠷᠢᠯ᠎ᠠ᠃      ᠢᠷᠭᠠᠢ ᠭᠠᠴᠠᠭ᠎ᠠ ᠨᠢ 2019 ᠣᠨ ᠳᠤ ᠡᠷᠬᠡ ᠶᠢᠨ ᠲᠦᠷᠢᠮ ᠤᠨ ᠦᠬᠡᠷᠡᠴᠢᠯᠠᠯᠳᠠ ᠶᠢᠨ ᠠᠵᠢᠯ ᠢ ᠬᠢᠵᠣ᠂ ᠭᠠᠴᠠᠭᠠᠨ ᠤ ᠪᠦᠷᠢᠯᠳᠦᠬᠦᠨ ᠤ ᠪᠡᠶ᠎ᠡ ᠶᠢᠨ ᠭᠠᠷᠤᠯ ᠢ ᠨᠤᠲᠠᠯᠠᠬᠤ᠂ ᠬᠤᠪᠢ ᠤᠷᠤᠬᠤ ᠡᠷᠬᠡ ᠶᠢ ᠲᠣᠬᠢᠷᠠᠭᠤᠯᠬᠤ᠂ ᠺᠣᠳ᠋ ᠣᠯᠭᠤᠬᠤ ᠳᠠᠩᠰᠠ ᠬᠢᠬᠦ᠂ ᠵᠠᠰᠠᠭ ᠠᠵᠤ ᠠᠬᠤᠢ ᠶᠢ ᠰᠠᠯᠭᠠᠨ ᠬᠠᠮᠢᠶᠠᠷᠬᠤ ᠵᠡᠷᠭᠡ ᠠᠯᠢ ᠣᠯᠠᠨ ᠠᠵᠢᠯ ᠢ ᠬᠢᠭᠰᠡᠨ ᠤ ᠳᠠᠷᠠᠭ᠎ᠠ᠂ 2021 ᠣᠨ ᠳᠤ ᠬᠠᠮᠳᠣ ᠶᠢᠨ ᠵᠣᠬᠢᠶᠠᠨ ᠪᠠᠶᠢᠭᠤᠯᠣᠯᠳᠠ ᠶᠢᠨ ᠬᠤᠪᠢᠴᠠᠭᠠᠳᠣ ᠠᠵᠣ ᠠᠬᠤᠢ  ᠶᠢᠨ ᠬᠤᠷᠰᠢᠶᠠᠵᠢᠯ ᠢ ᠪᠠᠶᠢᠭᠤᠯᠵᠣ᠂ ᠬᠤᠷᠰᠢᠶᠠᠵᠢᠯ ᠨᠢ ᠠᠩᠬ᠎ᠠ ᠪᠠᠶᠢᠭᠤᠯᠣᠬᠳᠠᠬᠤ ᠦᠶᠠᠰ 15000 ᠲᠦᠬᠦᠷᠢᠭ  ᠤᠨ ᠬᠤᠷᠠᠮᠳᠣᠯ ᠲᠠᠢ ᠪᠠᠶᠢᠵᠣ᠂ ᠡᠨᠡ ᠬᠡᠳᠣᠨ ᠵᠢᠯ ᠤᠨ ᠬᠠᠮᠳᠣ ᠶᠢᠨ ᠠᠵᠣ ᠠᠬᠤᠢ ᠶᠢ ᠪᠣᠵᠠᠭᠠᠶᠢᠷᠠᠭᠤᠯᠬᠤ ᠶᠠᠪᠣᠴᠠ  ᠪᠠᠷ ᠲᠠᠮᠵᠢᠵᠣ᠂ ᠦᠨᠣᠳᠣᠷ ᠪᠣᠯᠬᠤ ᠳᠤ ᠬᠤᠪᠢᠴᠠᠭᠠᠳᠣ ᠠᠵᠣ ᠠᠬᠤᠢ ᠶᠢᠨ ᠬᠤᠷᠰᠢᠶᠠᠵᠢᠯ ᠨᠢ ᠨᠢᠬᠡᠨᠳᠠ 106.3 ᠲᠦᠮᠡ ᠭᠠᠷᠤᠢ ᠲᠦᠬᠦᠷᠢᠭ ᠤᠨ ᠬᠤᠷᠠᠮᠳᠣᠯ ᠤᠨ ᠮᠦᠩᠬᠦ ᠲᠠᠢ ᠪᠣᠯᠣᠬᠰᠠᠨ ᠪᠠᠶᠢᠨ᠎ᠠ᠃ ︽ᠡᠨᠡ ᠣᠳᠠᠭᠠᠨ ᠤ ᠬᠤᠪᠢᠶᠠᠷᠢᠯᠠᠯᠳᠠ ᠪᠠᠷ ᠲᠠᠮᠵᠢᠨ ᠮᠠᠯᠴᠢᠳ ᠢᠶᠠᠨ ᠣᠷᠮᠠᠰᠢᠭᠤᠯᠣᠨ᠂ ᠮᠠᠯᠴᠢᠳ ᠤᠨ ᠢᠶᠠᠨ ᠬᠤᠶᠢᠰᠢᠳᠠ ᠶᠢᠨ ᠬᠠᠮᠳᠣ  ᠶᠢᠨ ᠠᠵᠣ ᠠᠬᠤᠢ ᠶᠢ ᠬᠦᠭᠵᠢᠬᠦᠯᠬᠦ ᠳᠤ ᠶᠡᠬᠡᠬᠡᠨ ᠰᠠᠭᠤᠷᠢ ᠲᠠᠯᠪᠢᠵᠣ ᠦᠭᠬᠦᠭᠰᠠᠨ ᠬᠡᠵᠣ ᠪᠣᠳᠣᠵᠣ ᠪᠠᠶᠢᠨ᠎ᠠ︔ ᠬᠤᠶᠢᠰᠢᠳᠠ ᠬᠠᠮᠳᠣ ᠶᠢᠨ ᠠᠵᠣ ᠠᠬᠤᠢ ᠪᠠᠨ ᠬᠦᠭᠵᠢᠬᠦᠯᠬᠦ ᠡᠬᠦᠳᠠᠨ ᠠᠴᠠ ᠲᠦᠷᠣᠯ ᠵᠦᠢᠯ ᠢ ᠵᠣᠷᠢᠬᠲᠠᠢ ᠪᠠᠷ ᠡᠷᠡᠮᠠᠯᠵᠠᠯᠠᠨ᠂ ᠭᠠᠴᠠᠭᠠᠨ ᠤ ᠪᠠᠨ ᠠᠰᠠᠷ ᠢ ᠲᠦᠷᠢᠶᠠᠰᠣᠯᠠᠵᠣ ᠪᠠᠶᠢᠭ᠎ᠠ᠂ ᠭᠠᠴᠠᠭᠠᠨ ᠤ ᠪᠠᠨ ᠦᠬᠡᠷ ᠢ ᠲᠦᠷᠢᠶᠠᠰᠣᠯᠠᠵᠣ ᠪᠠᠶᠢᠭ᠎ᠠ ᠲᠦᠷᠢᠶᠠᠰᠣᠨ ᠮᠦᠩᠬᠦ ᠪᠣᠯᠣᠨ ᠨᠠᠶᠢᠳᠠ ᠶᠢᠨ ᠬᠤᠷᠠᠮᠳᠣᠯ ᠳᠤ ᠦᠯᠡᠳᠡᠵᠣ ᠪᠠᠶᠢᠭ᠎ᠠ ᠪᠠᠯᠠ ᠮᠦᠩᠬᠦ ᠪᠠᠨ ᠡᠵᠡᠩᠨᠡᠯᠳᠠ ᠳᠤ ᠣᠷᠣᠭᠤᠯᠵᠣ᠂ ᠬᠠᠮᠳᠣ ᠶᠢᠨ ᠠᠵᠣ ᠠᠬᠤᠢ ᠶᠢ ᠬᠦᠭᠵᠢᠬᠦᠯᠬᠦ ᠰᠢᠨ᠎ᠠ ᠰᠡᠪᠡᠬᠦᠨ ᠠᠷᠭ᠎ᠠ ᠵᠠᠮ ᠢ ᠡᠷᠢᠯᠬᠢᠯᠡᠬᠡᠳ ᠮᠠᠯᠴᠢᠳ ᠲᠤ ᠪᠠᠨ ᠣᠯᠠᠮ ᠢᠯᠡᠬᠦᠦ ᠠᠰᠢᠭ ᠬᠦᠷᠳᠡᠬᠡᠬᠦ ᠪᠠᠷ ᠴᠢᠷᠮᠠᠶᠢᠨ᠎ᠠ︾ ᠭᠡᠵᠤ ᠢᠷᠭᠠᠢ ᠭᠠᠴᠠᠭᠠᠨ ᠤ ᠨᠠᠮ ᠤᠨ ᠡᠬᠦᠷ ᠤᠨ ᠱᠦᠵᠢ᠂ ᠭᠠᠴᠠᠭᠠᠨ ᠲᠠᠷᠤᠭ᠎ᠠ ᠴᠡᠩᠬᠡᠯᠳᠣ ᠶᠠᠷᠢᠯ᠎ᠠ᠃ 
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号