ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠬᠡᠷᠡᠭᠵᠢᠭᠦᠯᠦᠭᠰᠡᠨ ᠪᠠᠶᠢᠳᠠᠯ ᠳᠤ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2024/10/31
     10 ᠰᠠᠷ᠎ᠠ ᠶᠢᠨ 23᠎ ᠤ ᠡᠳᠦᠷ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ 2024 ᠣᠨ ᠤ ᠬᠥᠪᠡᠭᠡᠲᠦ ᠰᠢᠷ᠎ᠠ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠢᠯᠧᠲ ᠢᠶᠠᠷ ᠲᠣᠭᠲᠠᠭᠠᠬᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠢ ᠬᠡᠷᠡᠭᠵᠢᠭᠦᠯᠦᠭᠰᠡᠨ ᠪᠠᠶᠢᠳᠠᠯ ᠵᠢᠴᠢ ᠪᠠᠯᠠ ᠮᠥᠩᠭᠦ ᠶᠢᠨ ᠬᠠᠮᠢᠶᠠᠷᠤᠯᠲᠠ ᠬᠡᠷᠡᠭᠯᠡᠯᠲᠡ ᠶᠢᠨ ᠪᠠᠶᠢᠳᠠᠯ ᠳᠤ ᠲᠤᠰᠬᠠᠶ ᠪᠠᠶᠢᠴᠠᠭᠠᠯᠲᠠ ᠬᠢᠪᠠ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠡᠳ᠋ ᠡᠷᠭᠢᠯᠡᠭᠴᠢ ᠬᠤᠷᠴᠠ᠂  ᠭᠡᠷᠡᠯᠲᠦ᠂ ᠪᠠᠶᠠᠷᠲᠤ᠂ ᠠᠨ ᠶᠢᠨ ᠮᠢᠩ ᠵᠢᠴᠢ ᠬᠡᠰᠡᠭ ᠲᠥᠯᠥᠭᠡᠯᠡᠭᠴᠢ ᠲᠣᠭᠤᠷᠢᠨ ᠪᠠᠶᠢᠴᠠᠭᠠᠯᠲᠠ ᠳᠤ ᠣᠷᠣᠯᠴᠠᠵᠠᠶ᠃ ᠬᠤᠰᠢᠭᠤ ᠤᠳᠤᠷᠢᠳᠤᠯᠭ᠎ᠠ ᠰᠦᠯᠳᠡ᠂ ᠤᠶᠤᠨᠳᠤ ᠪᠣᠯᠤᠨ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ︵ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ︶᠂ ᠬᠤᠰᠢᠭᠤ ᠡᠳ᠋ ᠤᠨ ᠵᠠᠰᠠᠭ ᠤᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠬᠤᠳᠠ ᠶᠢᠨ ᠪᠡᠯᠡ ᠣᠷᠣᠭᠤᠯᠤᠯᠲᠠ ᠶᠢᠨ ᠺᠣᠮᠫᠠᠨᠢ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠣᠷᠣᠯᠴᠠᠵᠠᠢ᠃ ᠲᠤᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠬᠥᠪᠡᠭᠡᠲᠦ ᠰᠢᠷ᠎ᠠ ᠬᠤᠰᠢᠭᠤᠨ ᠤ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠲᠥᠪ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ᠂ ᠬᠤᠳᠠ ᠬᠥᠳᠡᠭᠡ ᠶᠢᠨ ᠠᠷᠠᠳ ᠲᠤ ᠲᠦᠬᠦᠮ ᠦᠵᠡᠭᠦᠯᠬᠦ ᠨᠡᠶᠢᠲᠡ ᠶᠢᠨ ᠵᠠᠮ ᠬᠠᠷᠢᠯᠴᠠᠭᠠᠨ ᠤ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠭᠦᠨᠵᠡᠭᠡᠶᠢᠷᠡᠵᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠠᠷᠢᠭᠤ ᠮᠡᠳᠡᠭᠦᠯᠦᠯᠲᠡ ᠶᠢ ᠰᠤᠨᠤᠰᠤᠨ᠂ ᠲᠦᠷᠦᠯ ᠵᠦᠢᠯ ᠤᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠪᠠ᠃      ᠶᠠᠷᠢᠯᠴᠠᠬᠤ ᠬᠤᠷᠠᠯ ᠳᠡᠭᠡᠷ᠎ᠡ ᠲᠥᠯᠥᠭᠡᠯᠡᠭᠴᠢᠳ ᠠᠴᠠ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠢ ᠬᠡᠷᠡᠭᠵᠢᠭᠦᠯᠦᠭᠰᠡᠨ ᠪᠠᠶᠢᠳᠠᠯ᠂ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠢ ᠪᠡᠯᠡᠳᠬᠡᠭᠰᠡᠨ ᠪᠠᠶᠢᠳᠠᠯ ᠤᠨ ᠲᠤᠬᠠᠶ ᠬᠤᠰᠢᠭᠤ ᠠᠷᠠᠳ ᠤᠨ ᠵᠠᠰᠠᠭ ᠤᠨ ᠣᠷᠳᠣᠨ ᠤ ᠬᠠᠷᠢᠭᠤ ᠮᠡᠳᠡᠭᠦᠯᠦᠯᠲᠡ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ︵ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ︶ ᠪᠣᠯᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠤᠨ ᠠᠬᠢᠴᠠ ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠷᠠᠯ ᠳᠤ ᠣᠷᠣᠯᠴᠠᠭᠰᠠᠳ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠢ ᠪᠡᠶᠡᠯᠡᠭᠦᠯᠦᠭᠰᠡᠨ ᠪᠠᠶᠢᠳᠠᠯ ᠤᠨ ᠲᠤᠬᠠᠶ ᠭᠦᠶᠴᠡᠳ ᠶᠠᠷᠢᠯᠴᠠᠵᠤ᠂  ᠰᠠᠨᠠᠯ ᠰᠠᠨᠠᠭᠤᠯᠭ᠎ᠠ ᠳᠤᠷᠠᠳᠤᠭᠰᠠᠨ ᠪᠠᠶᠢᠨ᠎ᠠ᠃      ᠲᠤᠭᠤᠷᠢᠨ ᠪᠠᠶᠢᠴᠠᠭᠠᠬᠤ ᠳᠤᠭᠤᠶᠢᠯᠠᠩ ᠠᠴᠠ᠂ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠥᠯᠥᠭᠡᠯᠡᠭᠴᠢ ᠶᠢᠨ ᠪᠢᠯᠧᠲ ᠢᠶᠠᠷ ᠲᠣᠭᠲᠠᠭᠠᠬᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠢ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠢ ᠦᠨᠡᠨ ᠬᠦ ︽ᠣᠯᠠᠨ ᠲᠦᠮᠡᠨ ᠳᠤᠷᠠᠳᠬᠤ᠂ ᠲᠥᠯᠥᠭᠡᠯᠡᠭᠴᠢ ᠲᠣᠭᠲᠠᠭᠠᠬᠤ᠂ ᠵᠠᠰᠠᠭ ᠤᠨ ᠣᠷᠳᠣᠨ ᠡᠷᠭᠢᠯᠡᠬᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠦᠨᠡᠯᠡᠬᠦ︾ ᠰᠠᠶᠢᠨ ᠲᠥᠷᠥᠯ ᠵᠦᠶᠯ ᠪᠣᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠥᠨᠳᠥᠷ ᠶᠠᠰᠤ ᠴᠢᠨᠠᠷ ᠥᠨᠳᠥᠷ ᠦᠷ᠎ᠡ ᠪᠦᠲᠦᠮᠵᠢᠲᠡᠢ ᠪᠠᠷ ᠠᠬᠢᠭᠤᠯᠵᠤ᠂ ᠲᠣᠭᠲᠠᠭᠰᠠᠨ ᠬᠠᠷᠠᠯᠲᠠ ᠡᠭᠦᠷᠭᠡ ᠲᠠᠢ ᠬᠠᠷᠢᠴᠠᠭᠤᠯᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠨᠢᠭᠲᠠ ᠠᠩᠬᠠᠷᠴᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠡᠷᠲᠡ ᠪᠦᠳᠦᠭᠡᠨ ᠪᠠᠶᠢᠭᠤᠯᠬᠤ᠂ ᠡᠷᠲᠡ ᠠᠵᠢᠯ ᠳᠠᠭᠤᠰᠬᠠᠬᠤ᠂ ᠡᠷᠲᠡ ᠦᠷ᠎ᠡ ᠪᠦᠲᠦᠮᠵᠢ ᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠬᠡᠷᠡᠭᠴᠡᠭᠡ ᠶᠢ ᠠᠷᠠᠳ ᠠᠴᠠ ᠠᠰᠠᠭᠤᠬᠤ᠂ ᠵᠠᠰᠠᠭ ᠤᠨ ᠶᠠᠪᠤᠳᠠᠯ ᠢ ᠠᠷᠠᠳ ᠠᠴᠠ ᠠᠰᠠᠭᠤᠬᠤ᠂ ᠦᠷ᠎ᠡ ᠪᠦᠲᠦᠮᠵᠢ ᠶᠢ ᠠᠷᠠᠳ ᠠᠴᠠ ᠠᠰᠠᠭᠤᠬᠤ ᠶᠢ ᠪᠠᠷᠢᠮᠲᠠᠯᠠᠵᠤ᠂  ᠠᠷᠠᠳ ᠲᠤ ᠠᠰᠢᠭᠲᠠᠢ ᠵᠠᠷᠴᠢᠮ ᠶᠣᠰᠣᠭᠠᠷ᠂ ᠤᠯᠠᠨ ᠲᠦᠮᠡᠨ ᠤ ᠰᠠᠨᠠᠯ ᠢ ᠲᠠᠬᠢᠨ ᠳᠠᠪᠲᠠᠨ ᠬᠤᠷᠢᠶᠠᠵᠤ᠂ ᠲᠥᠯᠥᠭᠡᠯᠡᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠰᠢᠨᠵᠢᠯᠡᠬᠦ ᠤᠬᠠᠭᠠᠨᠴᠢ ᠪᠠᠷ ᠴᠤᠭᠯᠠᠭᠤᠯᠬᠤ ᠪᠠ ᠲᠥᠯᠥᠪᠵᠢᠭᠦᠯᠵᠦ᠂ ᠤᠯᠠᠨ ᠲᠦᠮᠡᠨ ᠤ ᠠᠮᠢᠳᠤᠷᠠᠯ᠂ ᠦᠢᠯᠡᠳᠪᠦᠷᠢᠯᠡᠯ ᠲᠠᠢ ᠨᠢᠭᠲᠠ ᠬᠤᠯᠪᠣᠭ᠎ᠠ ᠲᠠᠢ᠂ ᠨᠡᠩ ᠤᠯᠠᠨ ᠠᠷᠠᠳ ᠤᠯᠠᠨ ᠤ ᠠᠰᠢᠭ ᠲᠤᠰᠠ ᠲᠠᠢ ᠰᠠᠶᠢᠨ ᠲᠦᠷᠦᠯ ᠵᠦᠢᠯ ᠢ ᠴᠢᠷᠮᠠᠶᠢᠨ ᠲᠤᠬᠢᠷᠠᠭᠤᠯᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠡᠳᠬᠢᠯ ᠲᠠᠯᠪᠢᠨ ᠰᠠᠶᠢᠲᠤᠷ ᠬᠢᠵᠦ᠂ ᠪᠣᠳᠠᠲᠤ ᠠᠮᠵᠢᠯᠲᠠ ᠪᠦᠲᠦᠮᠵᠢ ᠪᠠᠷ ᠢᠶᠠᠨ ᠠᠷᠠᠳ ᠤᠯᠠᠨ ᠤ ᠵᠣᠯ ᠵᠢᠷᠭᠠᠯᠲᠤ ᠲᠦᠷᠦᠭᠳᠡᠯ ᠬᠦᠷᠲᠡᠮᠵᠢ ᠶᠢᠨ ᠲᠦᠷᠦᠭᠳᠡᠯ ᠠᠮᠤᠷ ᠲᠦᠪᠰᠢᠨ ᠤ ᠲᠦᠷᠦᠭᠳᠡᠯ ᠢ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号