10 ᠰᠠᠷ᠎ᠠ ᠶᠢᠨ 27 ᠤ ᠡᠳᠦᠷ᠂ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠳᠣ ᠬᠤᠷᠠᠯ᠂ ᠬᠤᠰᠢᠭᠤᠨ ᠤ | ᠡᠮᠡᠭᠲᠡᠶᠢᠴᠦᠳ ᠬᠡᠦᠬᠡᠳ ᠢ ᠬᠠᠯᠠᠮᠵᠢᠯᠠᠨ ᠬᠠᠶᠢᠷᠠᠯᠠᠬᠤ ᠨᠡᠶᠢᠭᠡᠮᠯᠢᠭ ᠬᠠᠮᠲᠤᠷᠠᠨ ︽ᠬᠠᠯᠠᠭᠤᠨ ᠰᠡᠳᠬᠢᠯᠲᠦ ᠠᠨᠢᠶ᠎ᠠ︾ | ᠬᠠᠯᠠᠮᠵᠢ ᠦᠵᠡᠬᠦᠯᠬᠦ ᠠᠵᠢᠯᠯᠠᠭ᠎ᠠ ᠥᠷᠨᠢᠭᠦᠯᠵᠤ᠂ ︽ᠬᠠᠯᠠᠭᠤᠨ ᠰᠡᠳᠬᠢᠯᠲᠦ ᠠᠨᠢᠶ᠎ᠠ︾ ᠵᠢᠴᠢ ᠬᠡᠤᠬᠡᠳ ᠪᠠᠭᠠᠴᠤᠳ | 40 ᠭᠠᠷᠤᠶ ᠬᠥᠮᠦᠨ ᠠᠵᠢᠯᠯᠠᠭ᠎ᠠ ᠳᠤ ᠣᠷᠣᠯᠴᠠᠵᠠᠶ᠃ | ᠠᠵᠢᠯᠯᠠᠭ᠎ᠠ ᠳᠤ᠂ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠬᠠᠶᠢᠷ᠎ᠠ ᠬᠠᠯᠠᠮᠵᠢ ᠦᠵᠡᠬᠦᠯᠬᠦ | ᠠᠵᠤ ᠠᠬᠤᠶᠢᠯᠠᠯ ᠵᠢᠴᠢ ︽ᠬᠠᠯᠠᠭᠤᠨ ᠰᠡᠳᠬᠢᠯᠲᠦ ᠠᠨᠢᠶ᠎ᠠ︾ ᠨᠠᠷ ᠬᠡᠦᠬᠡᠳ ᠤᠳ ᠲᠤ ᠬᠠᠶᠢᠷ᠎ᠠ ᠬᠠᠯᠠᠮᠵᠢ ᠶᠢᠨ | ᠪᠡᠯᠡᠭ ᠰᠡᠯᠳᠡ᠂ ᠡᠳ᠋ᠯᠡᠯ ᠬᠡᠷᠡᠭᠰᠡᠯ ᠬᠦᠷᠭᠡᠵᠤ᠂ ᠬᠡᠦᠬᠡᠳ ᠪᠠᠭᠠᠴᠤᠳ ᠲᠤ ᠪᠠᠨ ᠥᠭᠡᠳᠡᠯᠡᠨ ᠳᠠᠪᠰᠢᠵᠤ᠂ ᠴᠢᠷᠮᠠᠶᠢᠨ | ᠰᠣᠷᠣᠯᠴᠠᠵᠣ ᠰᠠᠶᠢᠨ ᠰᠠᠶᠢᠬᠠᠨ ᠢᠷᠡᠭᠡᠳᠦᠶ ᠪᠠᠨ ᠴᠣᠭᠴᠠᠯᠠᠬᠤ ᠶᠢ ᠬᠦᠰᠡᠵᠤ ᠨᠠᠶᠢᠳᠠᠭᠰᠠᠨ ᠪᠠᠶᠢᠨ᠎ᠠ᠃ ᠬᠡᠤᠬᠡᠳ | ᠪᠠᠭᠠᠴᠤᠳ ᠢᠶᠠᠨ ᠪᠠᠶᠠᠷᠯᠠᠭᠤᠯᠬᠤ ᠵᠤᠷᠢᠯᠭ᠎ᠠ ᠪᠠᠷ ᠪᠠᠰᠠ ᠨᠠᠭᠠᠳᠤᠮ ᠲᠣᠭᠯᠠᠭᠠᠮ ᠶᠠᠪᠤᠭᠳᠠᠭᠤᠯᠵᠤ᠂ ᠬᠠᠯᠠᠭᠤᠨ | ᠰᠡᠳᠬᠢᠯᠳᠣ ᠠᠨᠢᠶ᠎ᠠ ᠪᠣᠯᠤᠨ ᠬᠡᠦᠬᠡᠳ ᠪᠠᠭᠠᠴᠤᠳ ᠬᠠᠮᠲᠦ ᠪᠠᠷ ᠪᠠᠶᠠᠰᠤᠨ ᠲᠤᠭᠯᠠᠵᠠᠢ᠃ ᠬᠦᠭᠡᠷᠦᠬᠦᠨ ᠪᠠᠭᠠᠴᠤᠳ | ᠪᠠᠰᠠ ᠠᠨᠢᠶ᠎ᠠ ᠨᠠᠷ ᠲᠤ ᠪᠠᠨ ᠪᠠᠶᠠᠷᠯᠠᠵᠣ ᠲᠠᠯᠠᠷᠬᠠᠬᠰᠠᠨ ᠰᠡᠳᠬᠢᠯ ᠢᠶᠠᠨ ᠢᠯᠡᠳᠬᠡᠵᠤ᠂ ᠴᠤᠪᠤᠭᠤ ᠰᠠᠶᠢᠬᠠᠨ | ᠲᠣᠭᠯᠠᠯᠲᠠ ᠭᠠᠷᠭᠠᠨ ᠰᠤᠨᠢᠷᠬᠠᠭᠤᠯᠵᠤ᠂ ᠬᠠᠮᠲᠦ ᠪᠠᠷ ᠤᠳᠬ᠎ᠠ ᠠᠭᠤᠯᠭ᠎ᠠ ᠲᠠᠢ᠂ ᠪᠠᠶᠠᠷ ᠪᠠᠶᠠᠰᠤᠯ ᠲᠠᠢ ᠨᠢᠬᠡᠨ | ᠭᠠᠷᠠᠭ ᠤᠨ ᠡᠳᠦᠷ ᠢ ᠦᠩᠬᠡᠷᠡᠭᠦᠯᠪᠡ᠃ | ︽ᠬᠠᠯᠠᠭᠤᠨ ᠰᠡᠳᠬᠢᠯᠲᠦ ᠠᠨᠢᠶ᠎ᠠ︾ ᠠᠴᠠ ᠬᠦᠴᠢᠷᠳᠡᠯ ᠲᠠᠢ ᠬᠡᠦᠬᠡᠳ ᠢ ᠬᠠᠪᠰᠤᠷᠤᠨ ᠲᠡᠳᠬᠦᠬᠦ ᠪᠣᠯ | ᠨᠡᠶᠢᠭᠡᠮ ᠨᠡᠶᠢᠲᠡ ᠳᠤ ᠪᠤᠶᠠᠨ ᠦᠢᠯᠡᠳᠴᠣ᠂ ᠠᠩᠭ᠎ᠠ ᠪᠠᠭᠠᠴᠤᠳ ᠢᠶᠠᠨ ᠬᠠᠶᠢᠷᠠᠯᠠᠨ ᠬᠠᠯᠠᠮᠵᠢᠯᠠᠬᠤ ᠰᠠᠶᠢᠬᠠᠨ | ᠠᠵᠢᠯᠯᠠᠭ᠎ᠠ ᠮᠥᠨ᠃ ︽ᠬᠠᠯᠠᠭᠤᠨ ᠰᠡᠳᠬᠢᠯᠲᠦ ᠠᠨᠢᠶ᠎ᠠ︾ ᠠᠴᠠ ᠬᠦᠴᠢᠷᠳᠡᠯᠲᠡᠶ ᠬᠡᠷ ᠪᠦᠯᠢ ᠶᠢᠨ ᠬᠡᠤᠬᠡᠳ ᠢ | ᠦᠪᠡᠷ ᠤᠨ ᠬᠡᠤᠬᠡᠳ ᠢᠶᠠᠷ ᠦᠵᠡᠵᠦ᠂ ᠠᠵᠢᠯ ᠤᠨ ᠴᠢᠯᠣᠬᠡ ᠵᠠᠪ ᠪᠠᠷ ᠢᠶᠠᠨ ᠬᠡᠤᠬᠡᠳ ᠲᠠᠢ ᠪᠠᠨ ᠬᠠᠮᠲᠦ | ᠳᠠᠭᠠᠭᠤᠯᠤᠨ ᠪᠠᠶᠠᠷᠯᠠᠭᠤᠯᠵᠤ ᠲᠤᠭᠯᠠᠭᠤᠯᠳᠠᠭ ᠨᠢ ᠲᠤᠮᠤ ᠠᠵᠢᠯ ᠡᠬᠦᠷᠭᠡ ᠳᠤ ᠲᠤᠭᠠᠴᠠᠭᠳᠠᠬᠤ ᠦᠭᠡᠢ ᠴᠤ ᠬᠡᠤᠬᠡᠳ | ᠲᠤ ᠠᠪᠴᠦ ᠬᠡᠯᠡᠪᠡᠯ ᠨᠢᠯᠬ᠎ᠠ ᠰᠡᠳᠬᠢᠯ ᠢ ᠨᠢ ᠬᠠᠶᠢᠷ᠎ᠠ ᠪᠠᠷ ᠳᠤᠯᠠᠭᠠᠯᠠᠵᠤ᠂ ᠬᠦᠰᠡᠯ ᠪᠤᠳᠤᠯ ᠤᠨ ᠬᠢᠨᠢ ᠴᠠᠶᠢᠯᠭᠠᠨ | ᠤᠷᠤᠨ ᠵᠠᠢ ᠶᠢ ᠨᠠᠷᠠ ᠰᠢᠭ᠋ ᠭᠡᠶᠢᠬᠦᠯᠵᠤ ᠪᠠᠶᠢᠭ᠎ᠠ ᠶᠠᠪᠤᠳᠠᠯ ᠪᠢᠯᠡ᠃ |