ᠲᠤᠨᠤᠭ ᠲᠦᠬᠦᠭᠡᠷᠤᠮᠵᠢ ᠰᠢᠨᠡᠴᠢᠯᠡᠬᠦ ᠪᠠ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠲᠡᠮᠵᠢᠬᠦ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2024/10/31
     10 ᠰᠠᠷ᠎ᠠ ᠶᠢᠨ 26᠎ ᠤ ᠡᠳᠦᠷ᠂ ᠬᠦᠪᠡᠬᠡᠲᠦ ᠰᠢᠷ᠎ᠠ ᠬᠤᠰᠢᠭᠤ ᠶᠡᠭᠡ ᠬᠡᠪᠴᠢᠶ᠎ᠠ ᠪᠠᠷ ᠲᠤᠨᠤᠭ ᠲᠦᠬᠦᠭᠡᠷᠤᠮᠵᠢ ᠰᠢᠨᠡᠴᠢᠯᠡᠬᠦ ᠪᠠ ᠬᠡᠷᠡᠭᠯᠡᠭᠡᠨ ᠤ ᠬᠠᠭᠤᠴᠢᠨ ᠮᠠᠰᠢᠨ ᠪᠠᠭᠠᠵᠢ ᠪᠠᠷ ᠰᠢᠨ᠎ᠡ ᠶᠢ ᠰᠣᠯᠢᠬᠤ ᠶᠢ ᠲᠡᠮᠵᠢᠬᠦ ᠤᠬᠠᠭᠤᠯᠭ᠎ᠠ ᠶᠢᠨ ᠠᠵᠢᠯᠯᠠᠭ᠎ᠠ ᠪᠤᠯᠠᠭ ᠬᠦᠷᠢᠶᠡᠯᠡᠩ ᠳᠤ ᠶᠠᠪᠣᠬᠳᠠᠵᠣ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤ ᠳᠠᠷᠤᠭ᠎ᠠ ᠰᠦᠯᠳᠡ ᠠᠵᠢᠯᠯᠠᠭ᠎ᠠ ᠳᠤ ᠣᠷᠣᠯᠴᠠᠨ ᠶᠠᠷᠢᠶ᠎ᠠ ᠲᠠᠯᠪᠢᠵᠠᠢ᠃ ᠠᠵᠢᠯᠯᠠᠭ᠎ᠠ ᠶᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ᠂ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ︵ᠬᠤᠳᠠᠯᠳᠤᠭᠠᠨ ᠤ ᠶᠠᠪᠤᠳᠠᠯ︶ ᠲᠣᠪᠴᠢᠶ᠎ᠠ ᠎ ᠠᠴᠠ ᠲᠠᠭᠠᠭᠠᠴᠢᠯᠠᠨ ᠡᠷᠬᠢᠯᠡᠵᠣ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠤᠭ᠎ᠠ ᠪᠦᠷᠢᠳᠬᠡᠯ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ᠂ ᠰᠢᠨᠵᠢᠯᠡᠭᠡ ᠮᠡᠷᠭᠡᠵᠢᠯ ᠤᠨ ᠲᠣᠪᠴᠢᠶ᠎ᠠ ᠵᠢᠴᠢ ᠬᠠᠮᠢᠶ᠎ᠠ ᠪᠥᠬᠦᠶ ᠠᠵᠤ ᠠᠬᠤᠶᠢᠯᠠᠯ ᠪᠠ ᠬᠤᠪᠢ ᠡᠷᠦᠬᠡ ᠠᠵᠢᠯᠯᠠᠭ᠎ᠠ ᠳᠤ ᠣᠷᠣᠯᠴᠠᠵᠠᠶ᠃     ᠰᠦᠯᠳᠡ ᠶᠠᠷᠢᠶᠠᠨ ᠳᠤ ᠪᠠᠨ᠂ ᠶᠡᠭᠡ ᠬᠡᠪᠴᠢᠶ᠎ᠠ ᠪᠠᠷ ᠲᠤᠨᠤᠭ ᠲᠦᠬᠦᠭᠡᠷᠤᠮᠵᠢ ᠰᠢᠨᠡᠴᠢᠯᠡᠬᠦ ᠪᠠ ᠬᠡᠷᠡᠭᠯᠡᠭᠡᠨ ᠤ ᠬᠠᠭᠤᠴᠢᠨ ᠮᠠᠰᠢᠨ ᠪᠠᠭᠠᠵᠢ ᠪᠠᠷ ᠰᠢᠨ᠎ᠡ ᠶᠢ ᠰᠣᠯᠢᠬᠤ ᠪᠣᠯ ᠤᠯᠤᠰ ᠲᠤ ᠠᠰᠢᠭᠲᠠᠶ ᠠᠷᠠᠳ ᠲᠤ ᠠᠰᠢᠭᠲᠠᠶ ᠰᠠᠶᠢᠨ ᠶᠠᠪᠤᠳᠠᠯ ᠮᠥᠨ︔ ᠪᠦᠬᠦᠳᠡᠬᠡᠷ ᠢᠳᠡᠪᠬᠢᠲᠡᠢ ᠬᠥᠳᠡᠯᠦᠯᠴᠡᠵᠦ᠂ ᠡᠨᠡᠬᠦ ᠠᠵᠢᠯᠯᠠᠭ᠎ᠠ ᠳᠤ ᠬᠠᠮᠲᠤᠪᠠᠷ ᠣᠷᠣᠯᠴᠠᠵᠤ᠂ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ᠂ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ᠂ ᠣᠷᠴᠢᠨ ᠲᠣᠭᠤᠷᠢᠨ ᠢ ᠬᠠᠮᠠᠭᠠᠯᠠᠬᠤ ᠳᠤ ᠥᠪᠡᠷ ᠤᠨ ᠬᠤᠪᠢ ᠨᠡᠮᠡᠷᠢ ᠪᠠᠨ ᠦᠵᠡᠬᠦᠯᠦᠶ᠎ᠡ ᠭᠡᠵᠠᠢ᠃     ᠠᠵᠢᠯᠯᠠᠭᠠᠨ ᠤ ᠠᠬᠤᠢ ᠲᠡᠯᠡᠪᠡᠢ ᠳᠤ᠂ ᠠᠵᠢᠯᠲᠠᠳ ᠰᠠᠮᠪᠠᠷ᠎ᠠ ᠪᠠᠷ ᠤᠬᠠᠭᠤᠯᠬᠤ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠲᠤᠬᠠᠶ ᠶᠢᠨ ᠲᠠᠯᠠᠪᠤᠷ ᠲᠤ ᠲᠠᠶᠢᠯᠤᠮᠵᠢ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠲᠦᠮᠡᠨ ᠳᠤ ︽ᠬᠠᠭᠤᠴᠢᠨ ᠢᠶᠠᠷ ᠰᠢᠨ᠎ᠡ ᠶᠢ ᠰᠣᠯᠢᠬᠤ︾ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠪᠠ ᠬᠡᠷ ᠤᠨ ᠴᠠᠬᠢᠯᠭᠠᠨ ᠬᠡᠷᠡᠭᠰᠡᠯ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ᠂ ︽ᠬᠠᠭᠤᠴᠢᠨ ᠢᠶᠠᠷ ᠰᠢᠨ᠎ᠡ ᠶᠢ ᠰᠣᠯᠢᠬᠤ︾ ᠨᠥᠬᠦᠪᠥᠷᠢ ᠭᠤᠶᠤᠴᠢᠯᠠᠬᠤ ᠠᠵᠢᠯᠯᠠᠭᠠᠨ ᠤ ᠶᠠᠪᠤᠴᠠ ᠶᠢ ᠨᠠᠷᠢᠨ ᠲᠠᠨᠢᠯᠴᠠᠭᠤᠯᠵᠤ᠂ ᠬᠡᠷᠡᠭᠯᠡᠭᠴᠢᠳ ᠢ ︽ᠬᠠᠭᠤᠴᠢᠨ ᠢᠶᠠᠷ ᠰᠢᠨ᠎ᠡ ᠶᠢ ᠰᠣᠯᠢᠬᠤ︾ ᠠᠷᠭ᠎ᠠ ᠮᠠᠶ᠋ᠢᠭ ᠢᠶᠠᠷ ᠳᠠᠮᠵᠢᠭᠤᠯᠤᠨ ᠬᠡᠷ ᠤᠨ ᠴᠠᠬᠢᠯᠭᠠᠨ ᠬᠡᠷᠡᠭᠰᠡᠯ ᠵᠡᠷᠭᠡ ᠡᠳᠦᠷ ᠲᠤᠲᠤᠮ ᠤᠨ ᠬᠡᠷᠡᠭᠯᠡᠭᠡᠨ ᠤ ᠮᠠᠰᠢᠨ ᠪᠠᠭᠠᠵᠢ ᠪᠠᠨ ᠰᠢᠨᠡᠳᠬᠡᠬᠦ ᠶᠢ ᠵᠤᠷᠢᠭᠵᠢᠭᠤᠯᠵᠠᠢ᠃ ᠠᠬᠤᠢ ᠲᠠᠯᠠᠪᠠᠢ ᠳᠤ ᠣᠬᠠᠭᠤᠯᠭ᠎ᠠ ᠶᠢᠨ ᠮᠠᠲ᠋ᠧᠷᠢᠶᠠᠯ 120 ᠭᠠᠷᠤᠶ ᠬᠤᠪᠢ ᠲᠠᠷᠬᠠᠭᠠᠵᠤ᠂ ᠣᠯᠠᠨ ᠲᠦᠮᠡᠨ ᠤ ᠠᠰᠠᠭᠤᠯᠲᠠ ᠯᠠᠪᠯᠠᠯᠲᠠ ᠶᠢ 30 ᠭᠠᠷᠤᠶ ᠤᠳᠠᠭ᠎ᠠ ᠬᠦᠯᠢᠶᠡᠨ ᠠᠪᠴᠦ ᠬᠠᠷᠢᠭᠤᠯᠲᠠ ᠦᠭᠴᠠᠢ᠃     ᠰᠤᠷᠪᠤᠯᠵᠢᠯᠠᠭᠴᠢ ᠬᠠᠶ ᠡᠯ ᠲᠤᠰᠬᠠᠶ ᠬᠤᠳᠠᠯᠳᠤᠭ᠎ᠠ᠂ ᠵᠢᠩ ᠳ᠋ᠦᠩ ᠬᠡᠷ ᠤᠨ ᠴᠠᠬᠢᠯᠭᠠᠨ ᠬᠡᠷᠡᠭᠰᠡᠯ᠂ ᠯᠦ ᠱᠦᠨ ᠳ᠋ᠠ ᠮᠠᠰᠢᠨ ᠲᠡᠷᠬᠡᠨ ᠤ ᠬᠤᠳᠠᠯᠳᠤᠭ᠎ᠠ᠂ ᠬᠤᠩ ᠷᠦᠢ ᠮᠠᠰᠢᠨ ᠲᠡᠷᠭᠡᠨ ᠤ ᠵᠠᠬ᠎ᠠ ᠵᠡᠷᠭᠡ ᠭᠠᠵᠡᠷ ᠢᠶᠠᠷ ᠬᠦᠷᠬᠦ ᠎ ᠳᠤ ᠲᠤᠰ ᠠᠵᠢᠯᠯᠠᠭ᠎ᠠ ᠳᠤ ᠤᠷᠤᠯᠴᠠᠵᠤ ᠰᠢᠨ᠎ᠡ ᠮᠠᠰᠢᠨ ᠳᠦᠬᠦᠭᠡᠷᠦᠮᠵᠢ ᠠᠪᠬᠤ ᠰᠠᠨᠠᠭ᠎ᠠ ᠬᠦᠰᠡᠯ ᠲᠠᠢ ᠰᠠᠭᠤᠭᠠᠯᠢ ᠠᠷᠠᠳ ᠤᠳ ᠪᠤᠳᠠᠳᠠᠢ ᠦᠨ᠎ᠡ ᠬᠠᠩᠰᠢ᠂ ᠭᠠᠷ ᠬᠦᠢᠴᠡᠳᠬᠡᠯ ᠤᠨ ᠳᠤᠬᠠᠢ ᠤᠶᠢᠯᠠᠭᠠᠵᠤ ᠪᠠᠶᠢᠬᠤ ᠲᠠᠢ ᠲᠠᠭᠠᠷᠠᠯᠳᠤᠯ᠎ᠠ ᠃ ᠣᠶᠢᠯᠠᠭᠠᠭᠰᠠᠨ ᠢᠶᠠᠷ᠂ ᠲᠣᠰ ᠤᠳᠠᠭᠠᠨ ᠤ ᠨᠥᠬᠦᠪᠥᠷᠢ ᠶᠢᠨ ᠠᠵᠢᠯᠯᠠᠭ᠎ᠠ ᠨᠢ 2024 ᠣᠨ ᠤ 9 ᠰᠠᠷ᠎ᠠ ᠶᠢᠨ 29᠎ ᠤ ᠡᠳᠦᠷ ᠠᠴᠠ ᠡᠬᠢᠯᠡᠵᠦ᠂ 2024 ᠣᠨ ᠤ 12 ᠰᠠᠷ᠎ᠠ ᠶᠢᠨ 31᠎ ᠤ ᠡᠳᠦᠷ ᠪᠣᠯᠲᠠᠯ᠎ᠠ ᠦᠷᠬᠦᠯᠵᠢᠯᠠᠵᠣ᠂ ᠠᠵᠢᠯᠯᠠᠭᠠᠨ ᠤ ᠬᠤᠭᠤᠴᠠᠭᠠᠨ ᠳᠤ ᠬᠡᠷᠡᠭᠯᠡᠭᠴᠢᠳ ᠪᠠᠩᠬᠢ ᠶᠢᠨ ᠬᠤᠯᠪᠣᠭ᠎ᠠ ᠶᠢᠨ ︽ᠡᠭᠦᠯᠡᠨ ᠪᠤᠳᠤᠯᠲᠠ ᠶᠢᠨ ᠲᠣᠭᠠᠴᠠᠭ᠎ᠠ ᠬᠢᠬᠦ ᠲᠠᠪᠴᠠᠩ︾ ( 银联《云闪付平台》)᠎ ᠳᠤ ᠳᠠᠩᠰᠠᠯᠠᠬᠤ ᠪᠠᠷ ᠳᠠᠮᠵᠢᠭᠤᠯᠤᠨ ᠬᠡᠷ ᠤᠨ ᠬᠠᠭᠤᠴᠢᠨ ᠴᠠᠬᠢᠯᠭᠠᠨ ᠬᠡᠷᠡᠭᠰᠡᠯ ᠢ ᠰᠢᠨ᠎ᠡ ᠪᠠᠷ ᠰᠣᠯᠢᠬᠤ ᠨᠢᠭᠤᠷ ᠲᠠᠬᠢ ᠵᠢᠵᠢᠭ ᠫᠷᠤᠭ᠍ᠷᠠᠮ ᠎ ᠳᠤ ᠬᠢᠨᠠᠨ ᠬᠠᠷᠭᠤᠯᠤᠯᠲᠠ ᠬᠢᠭᠰᠡᠨ ᠤ ᠳᠠᠷᠠᠭ᠎ᠠ ᠱᠠᠭᠠᠷᠳᠠᠯᠭ᠎ᠠ ᠶᠤᠰᠤᠭᠠᠷ ᠨᠥᠬᠦᠪᠥᠷᠢ ᠲᠠᠢ ᠰᠤᠯᠢᠯᠴᠠᠭ᠎ᠠ ᠬᠢᠵᠤ ᠪᠤᠯᠤᠨ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号