ᠬᠤᠷᠢᠨ ᠳᠠᠪᠣᠳᠠᠭᠢ ᠳᠣᠮᠳᠠᠳᠣ ᠣᠯᠣᠰ ᠤᠨ ᠰᠣᠷᠪᠣᠯᠵᠢᠯᠠᠬᠴᠢ ᠶᠢᠨ ᠪᠠᠶᠠᠷ ᠢᠶᠠᠨ ᠪᠡᠯᠭᠡᠯᠡᠪᠡ
ᠨᠡᠶᠢᠲᠡᠯᠡᠭᠰᠡᠨ ᠴᠠᠭ᠄
2024/11/12
     11 ᠰᠠᠷ᠎ᠠ ᠶᠢᠨ 8 ᠪᠤᠯ ᠳᠣᠮᠳᠠᠳᠣ ᠣᠯᠣᠰ ᠤᠨ ᠰᠣᠷᠪᠣᠯᠵᠢᠯᠠᠬᠴᠢ ᠶᠢᠨ ᠪᠠᠶᠠᠷ ᠪᠤᠯᠤᠨ᠎ᠠ᠃ ᠠᠮᠠᠷᠠᠬᠤ ᠦᠭᠡᠢ ᠮᠦᠷᠲᠡᠭᠡᠨ ᠠᠵᠢᠯ ᠤᠯᠠᠮ ᠶᠠᠭᠠᠷᠠᠤ ᠪᠤᠯᠳᠠᠭ ᠡᠨᠡᠬᠦ ᠪᠠᠶᠠᠷ ᠤᠨ ᠡᠳᠦᠷ ᠢᠶᠠᠨ ᠤᠳᠬ᠎ᠠ ᠠᠭᠤᠯᠭ᠎ᠠ ᠲᠠᠢ ᠦᠩᠭᠡᠷᠡᠬᠦᠯᠬᠦ ᠶᠢᠨ ᠲᠤᠯᠠᠳᠠ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ ᠤᠨ ᠬᠢᠨ ᠳᠤᠰᠬᠠᠢ ᠠᠵᠢᠯᠯᠠᠭ᠎ᠠ ᠦᠷᠨᠢᠬᠦᠯᠵᠤ ᠪᠠᠶᠠᠷ ᠤᠨ ᠡᠳᠦᠷ ᠢᠶᠠᠨ ᠲᠡᠮᠳᠡᠭᠯᠡᠵᠡᠢ᠃     ᠠᠵᠢᠯᠯᠠᠭ᠎ᠠ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠣᠬᠠᠭᠤᠯᠬᠤ ᠭᠡᠯᠳᠡᠰ ᠤᠨ ᠬᠠᠷᠢᠭᠤᠴᠠᠯᠭᠠᠳᠠᠨ ᠪᠠ ᠬᠠᠮ ᠵᠠᠭᠤᠴᠢᠯᠠᠭᠤᠷ ᠤᠨ ᠲᠦᠪ ᠤᠨ ᠬᠠᠷᠢᠭᠤᠴᠠᠯᠭᠠᠳᠠᠨ᠂ ᠬᠦᠲᠦᠯᠦᠭᠴᠢ᠂ ᠰᠤᠷᠪᠤᠯᠵᠢᠯᠠᠭᠴᠢ᠂ ᠨᠠᠶᠢᠷᠠᠭᠤᠯᠤᠭᠴᠢ ᠨᠠᠷ ᠠᠴᠠ ᠮᠡᠳᠡᠭᠡ ᠵᠠᠭᠤᠴᠢᠯᠠᠭᠤᠷ ᠤᠨ ᠠᠵᠢᠯ ᠢᠶᠠᠨ ᠳ᠋ᠦᠩᠨᠡᠨ᠂ ᠰᠤᠨᠢᠨ ᠮᠡᠳᠡᠭᠡ ᠵᠠᠭᠤᠴᠢᠯᠠᠭᠤᠷ ᠎ ᠤᠨ ᠠᠵᠢᠯ ᠢᠶᠠᠨ ᠬᠠᠮᠲᠦ ᠪᠠᠷ ᠠᠬᠢᠭᠤᠯᠤᠨ ᠬᠦᠭᠵᠢᠬᠦᠯᠬᠦ ᠳᠤᠬᠠᠢ ᠶᠠᠷᠢᠯᠴᠠᠭ᠎ᠠ ᠦᠷᠨᠢᠬᠦᠯᠵᠤ᠂ ᠨᠠᠩ ᠣᠯᠠᠨ ᠨᠠᠩ ᠰᠠᠶᠢᠨ ᠪᠦᠲᠦᠭᠡᠯ ᠭᠠᠷᠭᠠᠵᠤ᠂ ᠬᠥᠪᠡᠭᠡᠲᠦ ᠰᠢᠷ᠎ᠠ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠥᠬᠦ ᠬᠦᠴᠦᠨ ᠢᠶᠠᠷ ᠢᠶᠠᠨ ᠪᠢᠴᠢᠭᠯᠡᠬᠦ ᠳᠤ ᠬᠠᠮ ᠵᠠᠭᠤᠴᠢᠯᠠᠭᠤᠷ ᠤᠨ ᠬᠦᠴᠦᠨ ᠴᠢᠳᠠᠯ ᠢᠶᠠᠨ ᠡᠷᠭᠦᠨ᠎ᠡ ᠭᠡᠵᠠᠢ᠃     ᠲᠤᠰ ᠡᠳᠦᠷ᠂ ᠳᠤᠮᠳᠠᠳᠦ ᠤᠯᠤᠰ ᠤᠨ ᠲᠠᠷᠢᠶᠠᠯᠠᠩ ᠤᠨ ᠪᠠᠩᠬᠢ ᠶᠢᠨ ᠬᠥᠪᠡᠭᠡᠲᠦ ᠰᠢᠷ᠎ᠠ ᠬᠤᠰᠢᠭᠤᠨ ᠤ ᠰᠠᠯᠪᠤᠷᠢ ᠪᠠᠩᠬᠢ ᠶᠢᠨ ᠬᠢᠨ ᠬᠠᠮ ᠵᠠᠭᠤᠴᠢᠯᠠᠭᠤᠷ ᠤᠨ ᠲᠦᠪ ᠲᠤ ᠭᠦᠷᠴᠣ᠂ ᠦᠷᠭᠡᠨ ᠣᠯᠠᠨ ᠰᠣᠨᠢᠨ ᠮᠡᠳᠡᠭᠡᠨ ᠤ ᠠᠵᠢᠯᠲᠠᠨ ᠢ  ᠪᠣᠯᠭᠤᠭᠠᠨ ᠲᠣᠬᠤᠨᠢᠭᠤᠯᠵᠦ᠂ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠬᠦᠯᠦᠭᠰᠡᠨ ᠪᠠᠶᠢᠨ᠎ᠠ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号