ᠯᠢ ᠵᠢᠶᠠᠨ ᠴᠢᠶᠠᠩ ᠥᠪᠥᠷ ᠮᠣᠩᠭᠤᠯ ᠤᠨ ᠪᠠᠯᠠ ᠣᠷᠣᠭᠤᠯᠤᠯᠲᠠ ᠶᠢᠨ ᠣᠷᠴᠢᠨ ᠨᠥᠬᠦᠴᠡᠯ ᠤᠨ ᠲᠠᠨᠢᠯᠴᠠᠭᠤᠯᠭ᠎ᠠ ᠶᠢᠨ ᠬᠤᠷᠠᠯ ᠳᠤ ᠣᠷᠣᠯᠴᠠᠭᠰᠠᠨ ᠪᠥᠭᠡᠳᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠢᠯ ᠦ᠊
ᠨᠡᠶᠢᠲᠡᠯᠡᠭᠰᠡᠨ ᠴᠠᠭ᠄
2024/11/12
     11 ᠰᠠᠷ᠎ᠠ ᠶᠢᠨ 6 — 7  ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ  ᠤᠨ ᠣᠷᠳᠣᠨ ᠤ ᠳᠠᠷᠤᠭ᠎ᠠ ᠯᠢ ᠵᠢᠶᠠᠨ ᠴᠢᠶᠠᠩ ᠵᠠᠰᠠᠭ ᠤᠨ ᠣᠷᠳᠣᠨ ᠢ ᠲᠥᠯᠥᠭᠡᠯᠡᠨ 2024 ᠥᠪᠥᠷ ᠮᠣᠩᠭᠤᠯ ᠤᠨ ᠪᠠᠯᠠ ᠣᠷᠣᠭᠤᠯᠤᠯᠲᠠ ᠶᠢᠨ ᠣᠷᠴᠢᠨ ᠨᠥᠬᠦᠴᠡᠯ ᠤᠨ ᠲᠠᠨᠢᠯᠴᠠᠭᠤᠯᠭ᠎ᠠ ᠶᠢᠨ ᠬᠤᠷᠠᠯ ᠳᠡᠭᠡᠷ᠎ᠡ᠂ ᠵᠢᠶᠠᠩᠰᠢ ᠶᠢᠨ ᠭᠠᠨ ᠹᠧᠩ ᠯᠢᠲ᠋ᠢ ᠶᠢᠨ ᠦᠢᠯᠡᠰ ᠲᠠᠢ 2GWH ᠯᠢᠲ᠋ᠢ ᠶᠢᠨ ᠴᠠᠬᠢᠯᠭᠠᠨ ᠭᠤᠤᠯ ᠵᠢᠴᠢ PACK ᠦᠢᠯᠡᠳᠬᠦ ᠲᠥᠷᠥᠯ ᠵᠦᠢᠯ ᠤᠨ ᠭᠡᠷ᠎ᠡ ᠲᠣᠭᠲᠠᠪᠠ᠃ ᠲᠣᠰ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 6 ᠳ᠋ᠦᠩᠰᠢᠭᠤᠷ ᠲᠥᠭᠦᠷᠢᠭ ᠲᠤ ᠬᠦᠷᠴᠦ᠂ ᠵᠢᠱᠢᠯᠲᠡ ᠪᠠᠷ 2025 ᠣᠨ ᠤ 12 ᠰᠠᠷ᠎ᠠ ᠳᠤ ᠠᠰᠢᠭᠯᠠᠯᠲᠠ ᠳᠤ ᠣᠷᠣᠵᠤ᠂ ᠵᠢᠯ ᠤᠨ ᠦᠢᠯᠡᠳᠭᠦᠨ ᠤ ᠥᠷᠲᠡᠭ ᠨᠢ 10 ᠳ᠋ᠦᠩᠰᠢᠭᠤᠷ ᠲᠥᠭᠦᠷᠢᠭ ᠲᠤ ᠬᠦᠷᠴᠦ᠂ ᠲᠤᠬᠠᠶ ᠶᠢᠨ ᠭᠠᠵᠠᠷ ᠲᠤ 200 ᠭᠠᠷᠤᠶ ᠠᠵᠢᠯ ᠤᠨ ᠪᠠᠶᠢᠷᠢ ᠬᠠᠨᠭ᠍ᠭᠠᠬᠤ ᠪᠣᠯᠤᠨ᠎ᠠ᠃     ᠭᠠᠷ ᠤᠨ ᠦᠰᠦᠭ ᠵᠢᠷᠤᠭᠰᠠᠨ ᠤ ᠳᠠᠷᠠᠭ᠎ᠠ᠂ ᠯᠢ ᠵᠢᠶᠠᠨ ᠴᠢᠶᠠᠩ ᠪᠦᠯᠬᠦᠮ ᠳᠠᠭᠠᠭᠤᠯᠤᠨ ᠳᠣᠯᠣᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠤᠯᠠᠨ ᠤᠯᠤᠰ ᠤᠨ ᠭᠠᠳᠠᠭᠠᠳᠤ ᠣᠷᠣᠭᠤᠯᠤᠯᠲᠠ ᠶᠢᠨ ᠦᠵᠡᠰᠬᠦᠯᠡᠩ ᠤᠨ ᠴᠤᠭᠯᠠᠭᠠᠨ ᠤ ᠥᠪᠥᠷ ᠮᠣᠩᠭᠤᠯ ᠤᠨ ᠣᠷᠳᠣᠨ᠂ ᠱᠠᠩᠬᠠᠢ ᠶᠢᠨ ᠢᠦᠢ ᠹᠧᠩ ᠢᠷᠡᠭᠡᠳᠦᠢ ᠶᠢᠨ ᠠᠭᠠᠷ ᠠᠶᠠᠯᠠᠯ ᠤᠨ ᠰᠢᠨᠵᠢᠯᠡᠭᠡ ᠮᠡᠷᠭᠡᠵᠢᠯ ᠵᠡᠷᠭᠡ ᠺᠣᠮᠫᠠᠨᠢ ᠶᠢᠨ ᠦᠵᠡᠭᠦᠯᠭᠡ ᠶᠢ ᠲᠣᠭᠤᠷᠢᠨ ᠦᠵᠡᠪᠡ᠃ ᠱᠠᠩᠬᠠᠶ ᠶᠢᠨ ᠬᠥ᠋ ᠴᠤᠸᠠᠨ ᠠᠵᠤ ᠦᠢᠯᠡᠰ ᠤᠨ ᠪᠦᠯᠦᠭᠯᠡᠯ᠂ ᠳᠤᠮᠳᠠᠳᠤ ᠤᠯᠤᠰ ᠤᠨ ᠠᠵᠤ ᠦᠢᠯᠡᠰ ᠤᠨ ᠪᠦᠯᠦᠭᠯᠡᠯ᠂ ᠵᠢᠶᠠᠩᠰᠦ ᠶᠢᠨ ᠴᠠᠩ ᠵᠸᠦ ᠶᠢᠨ ᠯᠦᠩ ᠲᠧᠩ ᠭᠡᠷᠡᠯ ᠢᠯᠴᠢ ᠶᠢᠨ ᠰᠢᠨᠵᠢᠯᠡᠭᠡ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ ᠬᠦᠷᠴᠦ᠂ ᠲᠤᠬᠠᠶ ᠶᠢᠨ ᠭᠠᠵᠠᠷ ᠲᠤᠨᠢ ᠪᠠᠶᠢᠴᠠᠭᠠᠯᠲᠠ ᠬᠢᠵᠦ ᠰᠠᠨᠠᠯ ᠢᠶᠠᠨ ᠰᠣᠯᠢᠯᠴᠠᠵᠠᠶ᠃ ᠱᠠᠩᠬᠠᠢ ᠶᠢᠨ ᠬᠥ᠋ ᠴᠤᠸᠠᠨ ᠠᠵᠤ ᠦᠢᠯᠡᠰ ᠤᠨ ᠪᠦᠯᠦᠭᠯᠡᠯ ᠪᠣᠯᠤᠨ ᠳᠤᠮᠳᠠᠳᠤ ᠤᠯᠤᠰ ᠤᠨ ᠠᠵᠦ ᠦᠢᠯᠡᠰ ᠤᠨ ᠪᠦᠯᠦᠭᠯᠡᠯ ᠳᠤ᠂ ᠬᠤᠶᠠᠷ ᠲᠠᠯ᠎ᠠ ᠪᠠᠷ ᠢᠶᠠᠨ ᠬᠥᠪᠡᠭᠡᠲᠦ ᠰᠢᠷ᠎ᠠ ᠬᠤᠰᠢᠭᠤᠨ ᠤ ᠯᠢᠲ᠋ᠢ ᠶᠢᠨ ᠡᠬᠢ ᠪᠠᠶᠠᠯᠢᠭ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠪᠠᠶᠢᠷᠢᠰᠢᠭᠤᠯᠤᠯᠲᠠ᠂ ᠰᠠᠭᠤᠷᠢ ᠲᠥᠬᠦᠭᠡᠷᠦᠮᠵᠢ ᠶᠢ ᠢᠵᠢ ᠪᠦᠷᠢᠳᠦᠬᠦᠯᠬᠦ᠂ ᠳᠣᠣᠷ᠎ᠠ ᠠᠭᠠᠷ ᠤᠨ ᠠᠵᠤ ᠠᠬᠤᠢ ᠶᠢᠨ ᠬᠥᠭᠵᠢᠯᠲᠡ ᠵᠢᠴᠢ ᠪᠣᠭᠢᠷᠳᠦᠯ ᠦᠭᠡᠢ ᠴᠠᠬᠢᠯᠭᠠᠨ + ᠴᠢᠨᠠᠷ ᠰᠠᠶᠢᠲᠠᠢ ᠡᠨᠧᠷᠭᠢ ᠶᠢ ᠠᠴᠢᠶᠠᠯᠠᠬᠤ ᠵᠡᠷᠭᠡ ᠬᠠᠮᠲᠤᠷᠠᠯᠴᠠᠭᠠᠨ ᠤ ᠬᠦᠷᠢᠶᠡᠨ ᠳᠤ ᠰᠠᠨᠠᠯ ᠢᠶᠠᠨ ᠭᠦᠨᠵᠡᠭᠡᠢ ᠰᠣᠯᠢᠯᠴᠠᠪᠠ᠃ ᠴᠠᠩᠵᠧᠦ ᠶᠢᠨ ᠯᠦᠩ ᠲᠧᠩ ᠭᠡᠷᠡᠯ ᠢᠯᠴᠢ ᠶᠢᠨ ᠰᠢᠨᠵᠢᠯᠡᠭᠡ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ᠂ ᠬᠤᠶᠠᠷ ᠲᠠᠯ᠎ᠠ ᠪᠠᠷ ᠢᠶᠠᠨ ᠭᠡᠷᠡᠯ ᠢᠯᠴᠢ + ᠰᠠᠯᠬᠢᠨ ᠭᠦᠴᠦᠨ ᠴᠠᠬᠢᠯᠭᠠᠨ ᠭᠡᠷᠡᠯᠴᠢ ᠴᠡᠨᠡᠭ ᠬᠠᠳᠠᠭᠠᠯᠠᠬᠤ ᠵᠡᠷᠭᠡ ᠠᠵᠤ ᠦᠢᠯᠡᠰ ᠤᠨ ᠲᠦᠷᠦᠯ ᠵᠦᠢᠯ ᠤᠨ ᠲᠣᠭᠤᠷᠢᠨ ᠳᠤ ᠰᠤᠳᠤᠯᠭ᠎ᠠ ᠬᠢᠭᠰᠡᠨ ᠪᠠᠶᠢᠨ᠎ᠠ᠃     ᠯᠢ ᠵᠢᠶᠠᠨ ᠴᠢᠶᠠᠩ᠂ ᠬᠥᠪᠡᠭᠡᠲᠦ ᠰᠢᠷ᠎ᠠ ᠬᠤᠰᠢᠭᠤᠨ ᠤ ᠵᠠᠰᠠᠭ ᠤᠨ ᠣᠷᠳᠣᠨ ᠠᠵᠦ ᠠᠬᠤᠶᠢᠯᠠᠯ ᠳᠤ ᠰᠠᠶᠢᠳᠣᠷ ᠦᠢᠯᠡᠴᠢᠯᠡᠵᠦ᠂ ᠭᠡᠷ᠎ᠡ ᠲᠣᠭᠲᠠᠭᠰᠠᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠠᠭᠢᠭᠤᠯᠬᠤ ᠶᠢᠨ ᠬᠠᠮᠳᠣ ᠯᠢᠲ᠋ᠢ ᠶᠢᠨ ᠡᠬᠢ ᠪᠠᠶᠠᠯᠢᠭ ᠤᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠪᠤᠵᠠᠭᠠᠶᠢᠷᠠᠭᠤᠯᠬᠤ ᠵᠢᠴᠢ ᠳᠣᠣᠷ᠎ᠠ ᠠᠭᠠᠷ ᠤᠨ ᠠᠵᠤ ᠠᠬᠤᠢ ᠵᠡᠷᠭᠡ ᠪᠤᠰᠤᠳ ᠰᠢᠯᠢᠳᠡᠭ ᠠᠵᠤ ᠦᠢᠯᠡᠰ ᠤᠨ ᠲᠣᠭᠤᠷᠢᠨ ᠳᠤ ᠨᠠᠷᠢᠯᠢᠭ ᠣᠨᠣᠪᠴᠢᠲᠠᠢ ᠪᠠᠷ ᠠᠷᠠᠯᠵᠢᠶᠠᠴᠢᠨ ᠤᠷᠢᠬᠤ ᠶᠢ ᠥᠷᠨᠢᠭᠦᠯᠵᠦ᠂ ᠬᠥᠪᠡᠭᠡᠲᠦ ᠰᠢᠷ᠎ᠠ ᠬᠤᠰᠢᠭᠤᠨ ᠤ ᠰᠢᠨ᠎ᠡ ᠴᠢᠨᠠᠷ ᠪᠦᠭᠦᠢ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢᠨ ᠰᠢᠨ᠎ᠡ ᠪᠠᠶᠢᠷᠢᠰᠢᠯ ᠢ ᠴᠢᠷᠮᠠᠶᠢᠨ ᠡᠭᠦᠳᠴᠦ᠂ ᠠᠵᠤ ᠠᠬᠤᠢ ᠨᠡᠶᠢᠭᠡᠮ ᠤᠨ ᠭᠦᠭᠵᠢᠯᠳᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠨ᠎ᠡ ᠭᠡᠵᠡᠢ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号