10 ᠰᠠᠷ᠎ᠠ ᠶᠢᠨ 26 ᠤ ᠡᠳᠦᠷ᠂ ᠬᠦᠪᠡᠬᠡᠲᠦ ᠰᠢᠷ᠎ᠠ ᠬᠤᠰᠢᠭᠤ ᠶᠡᠭᠡ ᠬᠡᠪᠴᠢᠶ᠎ᠠ ᠪᠠᠷ ᠲᠤᠨᠤᠭ | ᠲᠦᠬᠦᠭᠡᠷᠤᠮᠵᠢ ᠰᠢᠨᠡᠴᠢᠯᠡᠬᠦ ᠪᠠ ᠬᠡᠷᠡᠭᠯᠡᠭᠡᠨ ᠤ ᠬᠠᠭᠤᠴᠢᠨ ᠮᠠᠰᠢᠨ ᠪᠠᠭᠠᠵᠢ ᠪᠠᠷ ᠰᠢᠨ᠎ᠡ ᠶᠢ ᠰᠣᠯᠢᠬᠤ ᠶᠢ ᠲᠡᠮᠵᠢᠬᠦ | ᠤᠬᠠᠭᠤᠯᠭ᠎ᠠ ᠶᠢᠨ ᠠᠵᠢᠯᠯᠠᠭ᠎ᠠ ᠪᠤᠯᠠᠭ ᠬᠦᠷᠢᠶᠡᠯᠡᠩ ᠳᠤ ᠶᠠᠪᠣᠬᠳᠠᠵᠣ᠂ ᠬᠤᠰᠢᠭᠤᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤ ᠳᠠᠷᠤᠭ᠎ᠠ ᠰᠦᠯᠳᠡ ᠠᠵᠢᠯᠯᠠᠭ᠎ᠠ ᠳᠤ ᠣᠷᠣᠯᠴᠠᠨ ᠶᠠᠷᠢᠶ᠎ᠠ | ᠲᠠᠯᠪᠢᠵᠠᠢ᠃ ᠠᠵᠢᠯᠯᠠᠭ᠎ᠠ ᠶᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ᠂ | ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ︵ᠬᠤᠳᠠᠯᠳᠤᠭᠠᠨ ᠤ ᠶᠠᠪᠤᠳᠠᠯ︶ ᠲᠣᠪᠴᠢᠶ᠎ᠠ ᠠᠴᠠ | ᠲᠠᠭᠠᠭᠠᠴᠢᠯᠠᠨ ᠡᠷᠬᠢᠯᠡᠵᠣ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠤᠭ᠎ᠠ | ᠪᠦᠷᠢᠳᠬᠡᠯ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ᠂ | ᠰᠢᠨᠵᠢᠯᠡᠭᠡ ᠮᠡᠷᠭᠡᠵᠢᠯ ᠤᠨ ᠲᠣᠪᠴᠢᠶ᠎ᠠ ᠵᠢᠴᠢ ᠬᠠᠮᠢᠶ᠎ᠠ ᠪᠥᠬᠦᠶ ᠠᠵᠤ ᠠᠬᠤᠶᠢᠯᠠᠯ ᠪᠠ ᠬᠤᠪᠢ ᠡᠷᠦᠬᠡ ᠠᠵᠢᠯᠯᠠᠭ᠎ᠠ ᠳᠤ | ᠣᠷᠣᠯᠴᠠᠵᠠᠶ᠃ | ᠰᠦᠯᠳᠡ ᠶᠠᠷᠢᠶᠠᠨ ᠳᠤ ᠪᠠᠨ᠂ ᠶᠡᠭᠡ ᠬᠡᠪᠴᠢᠶ᠎ᠠ ᠪᠠᠷ ᠲᠤᠨᠤᠭ ᠲᠦᠬᠦᠭᠡᠷᠤᠮᠵᠢ ᠰᠢᠨᠡᠴᠢᠯᠡᠬᠦ ᠪᠠ ᠬᠡᠷᠡᠭᠯᠡᠭᠡᠨ ᠤ | ᠬᠠᠭᠤᠴᠢᠨ ᠮᠠᠰᠢᠨ ᠪᠠᠭᠠᠵᠢ ᠪᠠᠷ ᠰᠢᠨ᠎ᠡ ᠶᠢ ᠰᠣᠯᠢᠬᠤ ᠪᠣᠯ ᠤᠯᠤᠰ ᠲᠤ ᠠᠰᠢᠭᠲᠠᠶ ᠠᠷᠠᠳ ᠲᠤ ᠠᠰᠢᠭᠲᠠᠶ ᠰᠠᠶᠢᠨ | ᠶᠠᠪᠤᠳᠠᠯ ᠮᠥᠨ︔ ᠪᠦᠬᠦᠳᠡᠬᠡᠷ ᠢᠳᠡᠪᠬᠢᠲᠡᠢ ᠬᠥᠳᠡᠯᠦᠯᠴᠡᠵᠦ᠂ ᠡᠨᠡᠬᠦ ᠠᠵᠢᠯᠯᠠᠭ᠎ᠠ ᠳᠤ ᠬᠠᠮᠲᠤᠪᠠᠷ ᠣᠷᠣᠯᠴᠠᠵᠤ᠂ | ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ᠂ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ᠂ ᠣᠷᠴᠢᠨ | ᠲᠣᠭᠤᠷᠢᠨ ᠢ ᠬᠠᠮᠠᠭᠠᠯᠠᠬᠤ ᠳᠤ ᠥᠪᠡᠷ ᠤᠨ ᠬᠤᠪᠢ ᠨᠡᠮᠡᠷᠢ ᠪᠠᠨ ᠦᠵᠡᠬᠦᠯᠦᠶ᠎ᠡ ᠭᠡᠵᠠᠢ᠃ | ᠠᠵᠢᠯᠯᠠᠭᠠᠨ ᠤ ᠠᠬᠤᠢ ᠲᠡᠯᠡᠪᠡᠢ ᠳᠤ᠂ ᠠᠵᠢᠯᠲᠠᠳ ᠰᠠᠮᠪᠠᠷ᠎ᠠ ᠪᠠᠷ ᠤᠬᠠᠭᠤᠯᠬᠤ᠂ ᠤᠬᠠᠭᠤᠯᠭ᠎ᠠ ᠶᠢᠨ | ᠬᠠᠭᠤᠳᠠᠰᠤ ᠲᠠᠷᠬᠠᠭᠠᠬᠤ᠂ ᠲᠤᠬᠠᠶ ᠶᠢᠨ ᠲᠠᠯᠠᠪᠤᠷ ᠲᠤ ᠲᠠᠶᠢᠯᠤᠮᠵᠢ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠣᠯᠠᠨ ᠲᠦᠮᠡᠨ ᠳᠤ ︽ᠬᠠᠭᠤᠴᠢᠨ ᠢᠶᠠᠷ ᠰᠢᠨ᠎ᠡ ᠶᠢ ᠰᠣᠯᠢᠬᠤ︾ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠪᠠ | ᠬᠡᠷ ᠤᠨ ᠴᠠᠬᠢᠯᠭᠠᠨ ᠬᠡᠷᠡᠭᠰᠡᠯ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ᠂ ︽ᠬᠠᠭᠤᠴᠢᠨ ᠢᠶᠠᠷ ᠰᠢᠨ᠎ᠡ ᠶᠢ | ᠰᠣᠯᠢᠬᠤ︾ ᠨᠥᠬᠦᠪᠥᠷᠢ ᠭᠤᠶᠤᠴᠢᠯᠠᠬᠤ ᠠᠵᠢᠯᠯᠠᠭᠠᠨ ᠤ ᠶᠠᠪᠤᠴᠠ ᠶᠢ ᠨᠠᠷᠢᠨ ᠲᠠᠨᠢᠯᠴᠠᠭᠤᠯᠵᠤ᠂ ᠬᠡᠷᠡᠭᠯᠡᠭᠴᠢᠳ ᠢ ︽ | ᠬᠠᠭᠤᠴᠢᠨ ᠢᠶᠠᠷ ᠰᠢᠨ᠎ᠡ ᠶᠢ ᠰᠣᠯᠢᠬᠤ︾ ᠠᠷᠭ᠎ᠠ ᠮᠠᠶ᠋ᠢᠭ ᠢᠶᠠᠷ ᠳᠠᠮᠵᠢᠭᠤᠯᠤᠨ ᠬᠡᠷ ᠤᠨ ᠴᠠᠬᠢᠯᠭᠠᠨ ᠬᠡᠷᠡᠭᠰᠡᠯ ᠵᠡᠷᠭᠡ | ᠡᠳᠦᠷ ᠲᠤᠲᠤᠮ ᠤᠨ ᠬᠡᠷᠡᠭᠯᠡᠭᠡᠨ ᠤ ᠮᠠᠰᠢᠨ ᠪᠠᠭᠠᠵᠢ ᠪᠠᠨ ᠰᠢᠨᠡᠳᠬᠡᠬᠦ ᠶᠢ ᠵᠤᠷᠢᠭᠵᠢᠭᠤᠯᠵᠠᠢ᠃ ᠠᠬᠤᠢ ᠲᠠᠯᠠᠪᠠᠢ ᠳᠤ | ᠣᠬᠠᠭᠤᠯᠭ᠎ᠠ ᠶᠢᠨ ᠮᠠᠲ᠋ᠧᠷᠢᠶᠠᠯ 120 ᠭᠠᠷᠤᠶ ᠬᠤᠪᠢ ᠲᠠᠷᠬᠠᠭᠠᠵᠤ᠂ ᠣᠯᠠᠨ ᠲᠦᠮᠡᠨ ᠤ ᠠᠰᠠᠭᠤᠯᠲᠠ ᠯᠠᠪᠯᠠᠯᠲᠠ ᠶᠢ | 30 ᠭᠠᠷᠤᠶ ᠤᠳᠠᠭ᠎ᠠ ᠬᠦᠯᠢᠶᠡᠨ ᠠᠪᠴᠦ ᠬᠠᠷᠢᠭᠤᠯᠲᠠ ᠦᠭᠴᠠᠢ᠃ | ᠰᠤᠷᠪᠤᠯᠵᠢᠯᠠᠭᠴᠢ ᠬᠠᠶ ᠡᠯ ᠲᠤᠰᠬᠠᠶ ᠬᠤᠳᠠᠯᠳᠤᠭ᠎ᠠ᠂ ᠵᠢᠩ ᠳ᠋ᠦᠩ ᠬᠡᠷ ᠤᠨ ᠴᠠᠬᠢᠯᠭᠠᠨ ᠬᠡᠷᠡᠭᠰᠡᠯ᠂ ᠯᠦ | ᠱᠦᠨ ᠳ᠋ᠠ ᠮᠠᠰᠢᠨ ᠲᠡᠷᠬᠡᠨ ᠤ ᠬᠤᠳᠠᠯᠳᠤᠭ᠎ᠠ᠂ ᠬᠤᠩ ᠷᠦᠢ ᠮᠠᠰᠢᠨ ᠲᠡᠷᠭᠡᠨ ᠤ ᠵᠠᠬ᠎ᠠ ᠵᠡᠷᠭᠡ ᠭᠠᠵᠡᠷ ᠢᠶᠠᠷ ᠬᠦᠷᠬᠦ | ᠳᠤ ᠲᠤᠰ ᠠᠵᠢᠯᠯᠠᠭ᠎ᠠ ᠳᠤ ᠤᠷᠤᠯᠴᠠᠵᠤ ᠰᠢᠨ᠎ᠡ ᠮᠠᠰᠢᠨ ᠳᠦᠬᠦᠭᠡᠷᠦᠮᠵᠢ ᠠᠪᠬᠤ ᠰᠠᠨᠠᠭ᠎ᠠ ᠬᠦᠰᠡᠯ ᠲᠠᠢ ᠰᠠᠭᠤᠭᠠᠯᠢ | ᠠᠷᠠᠳ ᠤᠳ ᠪᠤᠳᠠᠳᠠᠢ ᠦᠨ᠎ᠡ ᠬᠠᠩᠰᠢ᠂ ᠭᠠᠷ ᠬᠦᠢᠴᠡᠳᠬᠡᠯ ᠤᠨ ᠳᠤᠬᠠᠢ ᠤᠶᠢᠯᠠᠭᠠᠵᠤ ᠪᠠᠶᠢᠬᠤ ᠲᠠᠢ ᠲᠠᠭᠠᠷᠠᠯᠳᠤᠯ᠎ᠠ | ᠃ ᠣᠶᠢᠯᠠᠭᠠᠭᠰᠠᠨ ᠢᠶᠠᠷ᠂ ᠲᠣᠰ ᠤᠳᠠᠭᠠᠨ ᠤ ᠨᠥᠬᠦᠪᠥᠷᠢ ᠶᠢᠨ ᠠᠵᠢᠯᠯᠠᠭ᠎ᠠ ᠨᠢ 2024 ᠣᠨ ᠤ 9 ᠰᠠᠷ᠎ᠠ ᠶᠢᠨ | 29 ᠤ ᠡᠳᠦᠷ ᠠᠴᠠ ᠡᠬᠢᠯᠡᠵᠦ᠂ 2024 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ ᠦᠷᠬᠦᠯᠵᠢᠯᠠᠵᠣ᠂ | ᠠᠵᠢᠯᠯᠠᠭᠠᠨ ᠤ ᠬᠤᠭᠤᠴᠠᠭᠠᠨ ᠳᠤ ᠬᠡᠷᠡᠭᠯᠡᠭᠴᠢᠳ ᠪᠠᠩᠬᠢ ᠶᠢᠨ ᠬᠤᠯᠪᠣᠭ᠎ᠠ ᠶᠢᠨ ︽ᠡᠭᠦᠯᠡᠨ ᠪᠤᠳᠤᠯᠲᠠ ᠶᠢᠨ | ᠲᠣᠭᠠᠴᠠᠭ᠎ᠠ ᠬᠢᠬᠦ ᠲᠠᠪᠴᠠᠩ︾ ( 银联《云闪付平台》) ᠳᠤ ᠳᠠᠩᠰᠠᠯᠠᠬᠤ ᠪᠠᠷ | ᠳᠠᠮᠵᠢᠭᠤᠯᠤᠨ ᠬᠡᠷ ᠤᠨ ᠬᠠᠭᠤᠴᠢᠨ ᠴᠠᠬᠢᠯᠭᠠᠨ ᠬᠡᠷᠡᠭᠰᠡᠯ ᠢ ᠰᠢᠨ᠎ᠡ ᠪᠠᠷ ᠰᠣᠯᠢᠬᠤ ᠨᠢᠭᠤᠷ ᠲᠠᠬᠢ ᠵᠢᠵᠢᠭ ᠫᠷᠤᠭ᠍ᠷᠠᠮ | ᠳᠤ ᠬᠢᠨᠠᠨ ᠬᠠᠷᠭᠤᠯᠤᠯᠲᠠ ᠬᠢᠭᠰᠡᠨ ᠤ ᠳᠠᠷᠠᠭ᠎ᠠ ᠱᠠᠭᠠᠷᠳᠠᠯᠭ᠎ᠠ ᠶᠤᠰᠤᠭᠠᠷ ᠨᠥᠬᠦᠪᠥᠷᠢ ᠲᠠᠢ ᠰᠤᠯᠢᠯᠴᠠᠭ᠎ᠠ ᠬᠢᠵᠤ | ᠪᠤᠯᠤᠨ᠎ᠠ᠃ |