ᠬᠦᠴᠢᠷ ᠪᠡᠷᠬᠡᠰᠢᠶᠡᠯ ᠳᠤ ᠵᠥᠪ ᠢᠶᠠᠷ ᠬᠠᠨᠳᠤᠬᠤ ᠮᠥᠷᠲᠡᠭᠡᠨ ᠢᠲᠡᠭᠡᠯ ᠵᠣᠷᠢᠭ ᠢᠶᠠᠨ ᠨᠡᠩ ᠪᠠᠲᠤᠳᠬᠠᠬᠤ ᠬᠡᠷᠡᠭᠲᠡᠢ | ᠷᠧᠨ ᠫᠢᠩ | ︵ᠨᠢᠭᠡ︶ | ᠣᠳᠣᠬᠠᠨ ᠤ ᠮᠠᠨ ᠤ ᠤᠯᠤᠰ ᠤᠨ ᠠᠵᠤ ᠠᠬᠤᠢ ᠶᠢᠨ ᠪᠠᠶᠢᠳᠠᠯ ᠢ ᠬᠡᠷᠬᠢᠨ ᠦᠵᠡᠬᠦ ᠪᠤᠢ︖ | ᠲᠦᠷᠦᠭᠦᠦ ᠭᠤᠷᠪᠠᠨ ᠤᠯᠠᠷᠢᠯ ᠤᠨ ᠠᠵᠤ ᠠᠬᠤᠢ ᠶᠢᠨ ᠳ᠋ᠡᠶᠢᠲ᠋ᠠ ᠶᠢ ᠣᠯᠠᠨ ᠢᠶᠠᠷ ᠢᠶᠠᠨ ᠨᠡᠶᠢᠳᠡᠮ ᠠᠩᠬᠠᠷᠴᠤ | ᠬᠦᠭᠵᠢᠶᠡᠨᠲᠡᠢ ᠶᠠᠷᠢᠯᠴᠠᠵᠠᠭᠠᠵᠤ ᠪᠠᠶᠢᠨ᠎ᠠ᠃ | ᠡᠭᠦᠨ ᠤ ᠳᠣᠲᠣᠷ᠎ᠠ᠂ ᠵᠠᠷᠢᠮ ᠬᠥᠮᠥᠨ ᠵᠥᠪᠬᠡᠨ ᠠᠰᠠᠭᠤᠳᠠᠯ ᠢ ᠯᠡ ᠣᠯᠵᠤ ᠦᠵᠡᠪᠡ᠃ ᠤᠯᠠᠷᠢᠯ ᠢᠶᠠᠷ ᠬᠤᠪᠢᠶᠠᠨ | ᠦᠵᠡᠪᠡᠯ᠂ 5.3%᠂ 4.7%᠂ 4.6% ᠶᠢᠨ ᠠᠵᠤ ᠠᠬᠤᠶ ᠶᠢᠨ ᠠᠳᠠᠯᠢ ᠬᠤᠭᠤᠴᠠᠭ᠎ᠠ ᠲᠠᠢ ᠬᠠᠷᠢᠴᠠᠭᠤᠯᠤᠭᠰᠠᠨ | ᠨᠡᠮᠡᠭᠳᠡᠯ ᠤᠨ ᠬᠤᠷᠳᠤᠴᠠ ᠨᠢ ᠪᠠᠭᠤᠷᠠᠬᠤ ᠬᠠᠨᠳᠦᠰᠢ ᠲᠠᠢ ᠪᠠᠶᠢᠨ᠎ᠠ᠃ ᠳᠠᠩ ᠭᠠᠭᠴᠠ ᠭᠤᠷᠪᠠᠳᠤᠭᠠᠷ ᠤᠯᠠᠷᠢᠯ ᠤᠨ 7᠂ 8 | ᠳ᠋ᠤᠭᠠᠷ ᠰᠠᠷ᠎ᠠ ᠶᠢᠨ ᠭᠤᠣᠯ ᠪᠣᠯᠬᠤ ᠠᠵᠤ ᠠᠬᠤᠢ ᠶᠢᠨ ᠭᠦᠢᠴᠡᠳᠭᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠪᠠᠭᠤᠷᠠᠪᠠ᠃ | ᠡᠭᠦᠨ ᠤ ᠤᠯᠠᠮ ᠠᠴᠠ ᠠᠵᠤ ᠠᠬᠤᠶ ᠶᠢᠨ ᠨᠡᠮᠡᠭᠳᠡᠯ ᠤᠨ ᠢᠷᠡᠭᠡᠳᠦᠶ ᠶᠢᠨ ᠲᠦᠯᠦᠪ᠂ ᠪᠦᠬᠦ ᠵᠢᠯ ᠤᠨ ᠬᠠᠷᠠᠯᠲᠠ ᠡᠭᠦᠷᠭᠡ ᠪᠠᠨ | ᠪᠡᠶᠡᠯᠡᠭᠦᠯᠬᠦ ᠵᠡᠷᠭᠡ ᠲᠠᠯ᠎ᠠ ᠪᠠᠷ ᠡᠷᠡᠭᠡᠯᠵᠡᠭᠡ ᠲᠠᠢ ᠪᠤᠯᠤᠭᠰᠠᠨ ᠪᠠᠶᠢᠨ᠎ᠠ᠃ | ᠨᠡᠩ ᠤᠯᠠᠨ ᠬᠦᠮᠦᠨ ᠬᠦᠴᠢᠷ ᠪᠡᠷᠬᠡᠰᠢᠶᠡᠯ ᠳᠤ ᠵᠥᠪ ᠢᠶᠠᠷ ᠬᠠᠨᠳᠤᠭᠰᠠᠨ ᠢᠶᠠᠷ ᠪᠠᠷᠠᠬᠤ ᠦᠭᠡᠢ᠂ ᠨᠡᠩ ᠴᠤ ᠠᠰᠢᠭᠲᠠᠢ | ᠨᠥᠬᠦᠴᠡᠯ ᠪᠠ ᠬᠦᠴᠦᠨ ᠵᠦᠢᠯ ᠢ ᠣᠯᠵᠤ ᠦᠵᠡᠭᠰᠡᠨ ᠪᠠᠶᠢᠨ᠎ᠠ᠃ ᠲᠦᠷᠦᠭᠦᠤ ᠭᠤᠷᠪᠠᠨ ᠤᠯᠠᠷᠢᠯ ᠳᠤ᠂ ᠮᠠᠨ ᠤ | ᠤᠯᠤᠰ ᠤᠨ ᠠᠵᠤ ᠠᠬᠤᠶ ᠠᠳᠠᠯᠢ ᠬᠤᠭᠤᠴᠠᠭᠠᠨ ᠤ ᠬᠢ ᠠᠴᠠ 4.8% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ | ᠳᠡᠯᠡᠬᠡᠶ ᠶᠢᠨ ᠭᠤᠤᠯ ᠪᠣᠯᠬᠤ ᠠᠵᠤ ᠠᠬᠤᠶ ᠶᠢᠨ ᠴᠣᠭᠴᠠ ᠶᠢᠨ ᠳᠣᠲᠣᠷ᠎ᠠ ᠡᠮᠦᠨ᠎ᠡ ᠡᠩᠨᠡᠭᠡᠨ ᠳᠤ ᠣᠷᠣᠪᠠ︔ ᠣᠨᠴᠠ | ᠵᠠᠷᠢᠮ ᠠᠵᠤ ᠠᠬᠤᠶ ᠶᠢᠨ ᠴᠣᠭᠴᠠ ᠶᠢᠨ ᠨᠡᠮᠡᠭᠳᠡᠯ ᠤᠨ ᠬᠤᠷᠳᠤᠴᠠ ᠨᠢ ᠬᠡᠳᠦᠢ ᠪᠠᠷ ᠬᠠᠷᠢᠴᠠᠩᠭᠤᠶ ᠪᠠᠷ ᠨᠡᠯᠢᠶᠡᠳ ᠥᠨᠳᠥᠷ | ᠪᠠᠶᠢᠭ᠎ᠠ ᠪᠣᠯᠪᠠᠴᠤ ᠲᠡᠭᠦᠨ ᠤ ᠠᠵᠤ ᠠᠬᠤᠶ ᠶᠢᠨ ᠶᠡᠷᠦᠩᠬᠡᠶ ᠬᠡᠮᠵᠢᠶ᠎ᠡ ᠪᠠ ᠨᠡᠮᠡᠭᠳᠡᠯ ᠤᠨ ᠬᠡᠮᠵᠢᠶ᠎ᠡ ᠨᠢ ᠮᠠᠨ ᠤ ᠬᠢ ᠲᠠᠢ | ᠠᠳᠠᠯᠢ ᠬᠡᠮᠵᠢᠶᠡᠨ ᠤ ᠳᠡᠰ ᠲᠤ ᠪᠠᠶᠢᠬᠤ ᠦᠭᠡᠢ᠃ ᠨᠡᠩ ᠴᠢᠬᠤᠯᠠ ᠨᠢ᠂ ᠪᠢᠳᠡ ᠪᠦᠲᠦᠴᠡ ᠶᠢ ᠰᠢᠯᠢᠳᠡᠭᠵᠢᠭᠦᠯᠬᠦ᠂ | ᠬᠦᠳᠡᠯᠭᠡᠭᠴᠢ ᠡᠨᠧᠷᠭᠢ ᠶᠢ ᠬᠤᠪᠢᠷᠠᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ ᠤᠷᠢᠲᠠᠯ ᠳᠣᠣᠷ᠎ᠠ ᠲᠤᠭ᠎ᠠ ᠬᠡᠮᠵᠢᠶ᠎ᠡ ᠶᠢᠨ | ᠵᠦᠢ ᠵᠣᠬᠢᠰᠲᠠᠢ ᠨᠡᠮᠡᠭᠳᠡᠯ ᠢ ᠪᠠᠲᠤᠯᠠᠭᠰᠠᠨ ᠪᠠᠶᠢᠨ᠎ᠠ᠃ ᠪᠦᠬᠦ ᠳᠡᠯᠡᠬᠡᠢ ᠶᠢ ᠪᠠᠷᠠᠯᠠᠬᠤᠶ᠎ᠠ᠂ ︽ᠠᠳᠡᠬᠢ ᠦᠵᠡᠮᠵᠢ ᠠᠲᠠᠪᠠᠰᠢ | ᠭᠤᠶᠤ ᠪᠠᠶᠢᠪᠠ︾᠃ | ᠨᠢᠭᠡ ᠬᠡᠰᠡᠭ ᠬᠤᠭᠤᠴᠠᠭᠠᠨ ᠳᠤ ᠭᠠᠷᠤᠭᠰᠠᠨ ᠬᠦᠴᠢᠷᠳᠡᠯ ᠪᠠ ᠠᠰᠠᠭᠤᠳᠠᠯ ᠢ ᠲᠡᠬᠢᠭᠠᠦᠠ ᠠᠪᠴᠤ ᠦᠵᠡᠶ᠎ᠡ᠃ ᠡᠭᠦᠨ ᠢ | ᠬᠤᠷᠢᠶᠠᠩᠭᠤᠶᠢᠯᠠᠪᠠᠯ ᠭᠤᠣᠯᠳᠠᠭᠤ ᠳᠣᠣᠷᠠᠬᠢ ᠮᠡᠲᠦ ᠲᠦᠷᠪᠡᠨ ᠲᠠᠯ᠎ᠠ ᠪᠠᠷ ᠢᠯᠡᠷᠡᠵᠦ ᠪᠠᠶᠢᠨ᠎ᠠ᠄ | ᠨᠢᠭᠡ ᠳᠤ᠂ ᠭᠠᠳᠠᠭᠠᠳᠦ ᠣᠷᠴᠢᠨ ᠨᠦᠬᠦᠴᠡᠯ ᠨᠠᠩ ᠨᠠᠷᠢᠨ ᠪᠤᠳᠤᠯᠢᠶᠠᠨᠲᠠᠶ ᠪᠦᠭᠡᠳ ᠬᠦᠨᠳᠦ ᠭᠡᠴᠡᠭᠦᠦ ᠪᠤᠯᠵᠤ ᠪᠠᠶᠢᠨ᠎ᠠ | ᠃ ᠳᠡᠯᠡᠬᠡᠶ ᠶᠢᠨ ᠠᠵᠤ ᠠᠬᠤᠶ ᠶᠢᠨ ᠲᠣᠭᠲᠠᠭᠤᠨ ᠪᠤᠰᠤ ᠴᠢᠨᠠᠷ ᠴᠢᠩᠭᠠᠷᠠᠵᠤ᠂ ᠣᠯᠠᠨ ᠤᠯᠤᠰ ᠤᠨ ᠤᠯᠤᠰ ᠲᠥᠷᠥ ᠶᠢᠨ | ᠲᠣᠭᠲᠠᠪᠤᠷᠢᠲᠤ ᠪᠤᠰᠤ ᠴᠢᠨᠠᠷ ᠨᠡᠮᠡᠭᠳᠡᠵᠦ᠂ ᠪᠦᠬᠦ ᠪᠥᠮᠪᠥᠷᠴᠡᠭ ᠤᠨ ᠠᠷᠠᠯᠵᠢᠶᠠᠨ ᠤ ᠬᠠᠮᠠᠭᠠᠯᠠᠯᠲᠠ ᠰᠢᠷᠦᠭᠦᠰᠴᠦ᠂ ᠵᠠᠷᠢᠮ | ᠤᠯᠤᠰ ᠤᠳ ᠤᠨ ᠪᠦᠰᠡᠯᠡᠵᠦ ᠬᠤᠷᠢᠭᠯᠠᠬᠤ ᠠᠯᠪᠠᠳᠠᠵᠤ ᠳᠠᠷᠤᠩᠭᠤᠶᠢᠯᠠᠬᠤ ᠪᠠᠶᠢᠳᠠᠯ ᠦᠷᠭᠦᠯᠵᠢᠯᠡᠨ ᠨᠡᠮᠡᠭᠳᠡᠵᠦ᠂ ᠮᠠᠨ ᠤ | ᠤᠯᠤᠰ ᠤᠨ ᠭᠠᠳᠠᠭᠠᠳᠤ ᠠᠷᠠᠯᠵᠢᠶ᠎ᠠ ᠪᠠ ᠭᠠᠳᠠᠭᠠᠳᠤ ᠪᠡᠯᠡ ᠶᠢ ᠲᠤᠭᠲᠠᠭᠤᠨ ᠪᠠᠶᠢᠯᠭᠠᠬᠤ ᠳᠠᠷᠤᠯᠲᠠ ᠨᠡᠮᠡᠭᠳᠡᠵᠦ ᠪᠠᠶᠢᠨ᠎ᠠ᠃ | ᠬᠤᠶᠠᠷ ᠲᠤ᠂ ᠳᠤᠲᠤᠭᠠᠲᠦ ᠬᠡᠷᠡᠭᠴᠡᠭᠡ ᠤᠷᠤᠭᠰᠢ ᠦᠭᠡᠢ ᠪᠠᠶᠢᠨ᠎ᠠ᠃ ᠰᠠᠭᠤᠭᠠᠯᠢ ᠠᠷᠠᠳ ᠤᠨ ᠬᠡᠷᠡᠭᠯᠡᠭᠡ ᠶᠢᠨ | ᠴᠢᠳᠠᠪᠤᠷᠢ ᠪᠣᠯᠤᠨ ᠬᠡᠷᠡᠭᠯᠡᠭᠡ ᠶᠢᠨ ᠬᠦᠰᠡᠯ ᠡᠷᠡᠮᠡᠯᠵᠡᠯ ᠴᠢᠩᠭ᠎ᠠ ᠪᠢᠰᠢ᠂ ᠪᠡᠯᠡ ᠣᠷᠣᠭᠤᠯᠤᠯᠲᠠ ᠶᠢ ᠲᠤᠭᠲᠠᠭᠤᠨ ᠪᠠᠶᠢᠯᠭᠠᠬᠤ | ᠬᠦᠴᠢᠷᠳᠡᠯ ᠨᠡᠮᠡᠭᠳᠡᠵᠦ᠂ ᠠᠷᠠᠳ ᠤᠨ ᠪᠡᠯᠡ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ | ᠬᠥᠭᠵᠢᠭᠡᠬᠦ ᠴᠢᠬᠤᠯᠠ ᠲᠠᠢ ᠪᠠᠶᠢᠨ᠎ᠠ᠃ | ᠭᠤᠷᠪᠠ ᠳᠤ᠂ ᠵᠠᠷᠢᠮ ᠠᠵᠤ ᠠᠬᠤᠶᠢᠯᠠᠯ ᠤᠨ ᠡᠵᠡᠩᠨᠡᠯᠲᠡ ᠬᠦᠴᠢᠷᠳᠡᠯ ᠲᠠᠢ ᠪᠠᠶᠢᠵᠦ᠂ ᠪᠣᠷᠤᠯᠠᠭᠤᠯᠭ᠎ᠠ ᠮᠠᠭᠤᠲᠠᠬᠤ᠂ | ᠦᠷ᠎ᠡ ᠠᠰᠢᠭ ᠪᠠᠭᠠᠰᠬᠤ᠂ ᠵᠠᠬ᠎ᠠ ᠳᠡᠯᠭᠡᠭᠦᠷ ᠤᠨ ᠵᠢᠱᠢᠯᠲᠠ ᠮᠠᠭᠤᠲᠠᠬᠤ ᠬᠠᠨᠳᠤᠰᠢ ᠲᠠᠢ ᠪᠠᠶᠢᠬᠤ ᠵᠡᠷᠭᠡ ᠪᠠᠶᠢᠳᠠᠯ ᠳᠤ | ᠲᠤᠯᠭᠠᠷᠠᠵᠤ ᠪᠤᠢ᠃ | ᠳᠥᠷᠪᠡ ᠳᠤ᠂ ᠵᠠᠷᠢᠮ ᠬᠦᠷᠢᠶᠡᠨ ᠳᠠᠬᠢ ᠠᠶᠤᠯ ᠲᠦᠭᠰᠢᠭᠦᠷᠢ ᠶᠢᠨ ᠳᠠᠯᠳᠠ ᠭᠡᠮ ᠨᠡᠯᠢᠶᠡᠳ ᠠᠷᠪᠢᠨ ᠪᠠᠶᠢᠨ᠎ᠠ᠃ ᠵᠠᠷᠢᠮ | ᠣᠷᠣᠨ ᠨᠤᠲᠤᠭᠴᠢᠯᠠᠭᠰᠠᠨ ᠥᠷᠢ ᠥᠭᠴᠡᠭᠡ ᠶᠢᠨ ᠬᠦᠴᠢᠷᠳᠡᠯ ᠨᠡᠯᠢᠶᠡᠳ ᠶᠡᠭᠡ ᠪᠠᠶᠢᠵᠤ᠂ ᠵᠠᠷᠢᠮ ᠦᠨᠳᠦᠰᠦᠨ ᠱᠠᠲᠤᠨ ᠤ | ᠡᠳ᠋ ᠤᠨ ᠵᠠᠰᠠᠭ ᠬᠦᠴᠢᠷᠳᠡᠯ ᠲᠠᠢ ᠪᠠᠶᠢᠵᠤ᠂ ᠵᠠᠷᠢᠮ ᠠᠵᠤ ᠠᠬᠤᠶᠢᠯᠠᠯ ᠠᠴᠠ ᠠᠵᠢᠯᠲᠠᠨ ᠢᠶᠠᠨ ᠬᠠᠰᠤᠵᠤ ᠴᠠᠯᠢᠩ ᠢᠶᠠᠨ | ᠪᠠᠭᠤᠷᠠᠭᠤᠯᠬᠤ ᠪᠠᠶᠢᠳᠠᠯ ᠢᠯᠡᠷᠡᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠤᠨ ᠠᠵᠢᠯ | ᠣᠯᠭᠤᠯᠲᠠ ᠶᠢᠨ ᠳᠠᠷᠤᠯᠲᠠ ᠨᠡᠮᠡᠭᠳᠡᠵᠦ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠤᠨ | ᠬᠤᠷᠳᠤᠴᠠ ᠤᠳᠠᠭᠠᠰᠢᠷᠠᠵᠤ ᠪᠠᠶᠢᠨ᠎ᠠ᠃ | ᠬᠦᠴᠢᠷᠳᠡᠯ ᠳᠤ ᠵᠥᠪ ᠢᠶᠠᠷ ᠬᠠᠨᠳᠤᠬᠤ ᠮᠥᠷᠲᠡᠭᠡᠨ ᠨᠡᠩ ᠴᠤ ᠢᠲᠡᠭᠡᠯ ᠵᠣᠷᠢᠭ ᠢᠶᠠᠨ ᠪᠠᠲᠤᠳᠬᠠᠬᠤ ᠬᠡᠷᠡᠭᠲᠡᠢ᠃ | ᠶᠡᠷᠦᠩᠬᠡᠢ ᠱᠦᠵᠢ ᠰᠢ ᠶᠢᠨ ᠫᠢᠩ᠄ ︽ᠶᠠᠮᠠᠷ ᠦᠶ᠎ᠡ ᠳᠤ ᠬᠦᠴᠢᠷᠳᠡᠯ ᠪᠠᠶᠢᠭᠰᠠᠨ ᠦᠭᠡᠢ ᠪᠤᠢ︖ ᠨᠢᠭᠡ ᠨᠢᠭᠡ ᠪᠠᠷ | ᠦᠩᠭᠡᠷᠡᠭᠦᠯᠵᠤ᠂ ᠵᠢᠯ ᠵᠢᠯ ᠢᠶᠠᠷ ᠦᠩᠭᠡᠷᠡᠭᠦᠯᠵᠤ᠂ ᠵᠢᠯ ᠠᠴᠠ ᠵᠢᠯ ᠰᠠᠶᠢᠨ ᠪᠣᠯᠳᠠᠭ᠂ ᠳᠤᠮᠳᠠᠳᠤ ᠶᠢᠨ ᠦᠨᠳᠦᠰᠦᠲᠡᠨ | 5000 ᠭᠠᠷᠤᠢ ᠵᠢᠯ ᠤᠨ ᠲᠤᠷᠰᠢ ᠪᠦᠷ ᠯᠡ ᠢᠩᠭᠢᠵᠦ ᠢᠷᠡᠵᠡᠢ᠃ ᠵᠠᠩᠭᠢᠯᠠᠭ᠎ᠠ ᠨᠢ ᠢᠲᠡᠭᠡᠯ ᠵᠣᠷᠢᠭ ᠢᠶᠠᠨ ᠬᠥᠪᠴᠢᠯᠡᠬᠦ ᠳᠤ | ᠪᠤᠢ᠃ | ᠣᠳᠣᠬᠠᠨ ᠳᠤ ᠪᠢᠳᠡᠨ ᠤ ᠲᠤᠯᠭᠠᠷᠠᠵᠤ ᠪᠠᠶᠢᠭ᠎ᠠ ᠬᠦᠴᠢᠷᠳᠡᠯ ᠪᠣᠯ ᠬᠥᠭᠵᠢᠯᠲᠡ ᠶᠢᠨ ᠳᠤᠮᠳᠠᠬᠢ ᠠᠰᠠᠭᠤᠳᠠᠯ᠂ | ᠬᠡᠯᠪᠡᠷᠢ ᠪᠠᠨ ᠬᠤᠪᠢᠷᠠᠭᠤᠯᠬᠤ ᠳᠤᠮᠳᠠᠬᠢ ᠡᠪᠡᠷᠰᠢᠶᠡᠯ ᠲᠡᠳᠦᠢ᠂ ᠴᠢᠷᠮᠠᠶᠢᠯᠭ᠎ᠠ ᠪᠠᠷ ᠳᠠᠮᠵᠢᠨ ᠪᠦᠷᠢᠮᠦᠰᠦᠨ ᠳᠠᠪᠠᠵᠤ ᠭᠠᠷᠴᠦ | ᠪᠣᠯᠬᠤ ᠶᠤᠮ᠃ | ᠡᠨᠡ ᠵᠢᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠪᠦᠬᠦ | ᠲᠠᠯ᠎ᠠ ᠶᠢ ᠶᠡᠷᠦᠩᠬᠡᠶᠢᠯᠡᠨ ᠡᠵᠡᠮᠳᠡᠵᠦ᠂ ᠯᠠᠪᠳᠠᠭᠤᠨ ᠲᠣᠭᠲᠠᠭᠤᠨ ᠢᠶᠠᠷ ᠠᠷᠭᠠᠴᠠᠭᠠᠵᠤ᠂ ᠤᠨᠴᠠᠭᠠᠶᠢᠯᠠᠨ ᠠᠵᠤ ᠠᠬᠤᠢ ᠶᠢᠨ | ᠠᠵᠢᠯᠯᠠᠭᠠᠨ ᠤ ᠳᠤᠮᠳᠠᠬᠢ ᠰᠢᠨ᠎ᠡ ᠪᠠᠶᠢᠳᠠᠯ ᠰᠢᠨ᠎ᠡ ᠠᠰᠠᠭᠤᠳᠠᠯ ᠳᠤ ᠴᠢᠭᠯᠡᠭᠦᠯᠦᠨ᠂ ᠰᠢᠨᠵᠢᠯᠡᠬᠦ ᠤᠬᠠᠭᠠᠨᠴᠢ ᠪᠠᠷ | ᠰᠢᠢᠳᠪᠦᠷᠢᠲᠦ ᠪᠤᠳᠤᠯᠭ᠎ᠠ ᠲᠣᠭᠲᠠᠭᠠᠵᠤ᠂ ᠡᠷᠡᠰ ᠰᠢᠭᠤᠷᠬᠠᠢ ᠪᠠᠷ ᠠᠷᠭ᠎ᠠ ᠤᠬᠠᠭᠠᠨ ᠭᠠᠷᠭᠠᠵᠤ᠂ ᠠᠯᠢ ᠤᠯᠠᠨ ᠨᠡᠮᠡᠭᠳᠡᠯ ᠤᠨ | ᠲᠦᠷᠦ ᠶᠢᠨ ᠪᠤᠳᠤᠯᠭ᠎ᠠ ᠶᠢ ᠴᠠᠭ ᠲᠤᠬᠠᠢ ᠳᠤ ᠨᠢ ᠬᠡᠷᠡᠭᠵᠢᠭᠦᠯᠵᠦ᠂ ᠨᠢᠭᠡ ᠢᠵᠢ ︽ᠬᠠᠮ ᠠᠷᠭ᠎ᠠ︾ ᠭᠠᠷᠭᠠᠵᠤ᠂ ᠠᠵᠤ | ᠠᠬᠤᠢ ᠶᠢᠨ ᠲᠣᠭᠲᠠᠭᠤᠨ ᠢᠶᠠᠷ ᠦᠭᠡᠳᠡᠯᠡᠨ ᠳᠠᠪᠰᠢᠬᠤ᠂ ᠪᠦᠲᠦᠴᠡ ᠶᠢᠨ ᠰᠢᠯᠢᠳᠡᠭᠵᠢᠬᠦ᠂ ᠬᠥᠭᠵᠢᠯᠲᠡ ᠶᠢᠨ ᠪᠠᠶᠢᠳᠠᠯ ᠤᠨ | ᠦᠷᠭᠦᠯᠵᠢᠯᠡᠨ ᠰᠠᠶᠢᠵᠢᠷᠠᠬᠤ ᠶᠢ ᠬᠦᠴᠦᠯᠡᠨ ᠠᠬᠢᠭᠤᠯᠪᠠ᠃ | ᠦᠷ᠎ᠡ ᠳ᠋ᠦᠩ ᠨᠢ ᠢᠯᠡᠷᠬᠡᠢ ᠪᠤᠯᠵᠦ ᠪᠠᠶᠢᠨ᠎ᠠ᠃ 9 ᠳ᠋ᠦ᠋ᠭᠡᠷ ᠰᠠᠷ᠎ᠠ ᠠᠴᠠ ᠨᠠᠭᠠᠰᠢ᠂ ᠠᠵᠤ ᠤᠶᠢᠯᠡᠤᠨᠪᠦᠷᠢ᠂ ᠬᠡᠷᠡᠭᠯᠡᠭᠡ᠂ | ᠪᠠᠯᠠ ᠤᠷᠤᠭᠤᠯᠤᠯᠲᠠ ᠪᠠ ᠰᠲ᠋ᠤᠺ ᠤᠨ ᠵᠠᠬ᠎ᠠ ᠳᠡᠯᠭᠡᠭᠦᠷ᠂ ᠭᠡᠷ ᠪᠠᠶᠢᠰᠢᠩ ᠤᠨ ᠵᠠᠬ᠎ᠠ ᠳᠡᠯᠭᠡᠭᠦᠷ ᠵᠡᠷᠬᠡ ᠬᠦᠷᠢᠶᠠᠨ ᠳᠠᠬᠢ | ᠠᠵᠤ ᠠᠬᠤᠢ ᠶᠢᠨ ᠠᠵᠢᠯᠯᠠᠭᠠᠨ ᠤ ᠢᠲᠡᠪᠭᠢᠲᠠᠢ ᠬᠤᠪᠢᠷᠠᠯᠲᠠ ᠤᠯᠠᠮ ᠠᠴᠠ ᠤᠯᠠᠮ ᠤᠯᠠᠨ ᠪᠤᠯᠵᠤ᠂ ᠵᠠᠬ᠎ᠠ ᠲᠡᠯᠭᠡᠭᠦᠷ ᠤᠨ | ᠢᠲᠡᠬᠡᠯ ᠵᠤᠷᠢᠭ ᠴᠢᠩᠭᠠᠷᠠᠵᠤ᠂ ᠨᠡᠶᠢᠬᠡᠮ ᠤᠨ ᠵᠢᠱᠢᠯᠲᠠ ᠰᠠᠶᠢᠵᠢᠷᠠᠵᠤ᠂ ᠴᠦᠬᠡᠨ ᠪᠤᠰᠤ ᠠᠵᠤ ᠠᠬᠤᠢ ᠶᠢᠨ ᠭᠦᠢᠴᠡᠳᠭᠡᠯ | ᠲᠤᠭᠠᠨ ᠤ ᠨᠡᠮᠡᠭᠲᠡᠯ ᠤᠨ ᠬᠤᠷᠲᠤᠴᠠ ᠲᠡᠬᠡᠭᠰᠢᠯᠡᠵᠡᠢ᠃ | ᠶᠡᠷᠦᠩᠬᠡᠢ ᠳᠤ ᠨᠢ ᠠᠪᠴᠤ ᠦᠵᠡᠪᠡᠯ᠂ ᠪᠢᠳᠡ ᠪᠠᠭᠤᠷᠠᠯᠲᠠ ᠶᠢᠨ ᠳᠠᠷᠤᠯᠲᠠ ᠶᠢ ᠲᠤᠯᠵᠤ᠂ ᠬᠦᠴᠢᠷ ᠪᠡᠷᠬᠡᠰᠢᠶᠡᠯ | ᠥᠷᠢᠰᠥᠯᠳᠦᠭᠡᠨ ᠢ ᠢᠯᠠᠨ ᠳᠠᠪᠠᠵᠤ᠂ ᠠᠵᠤ ᠠᠬᠤᠢ ᠶᠢᠨ ᠲᠣᠭᠲᠠᠭᠤᠨ ᠡᠷᠭᠢᠯᠲᠡ᠂ ᠪᠦᠲᠦᠴᠡ ᠶᠢ ᠲᠤᠬᠢᠷᠠᠭᠤᠯᠤᠨ | ᠰᠢᠯᠢᠳᠡᠭᠵᠢᠭᠦᠯᠬᠦ᠂ ᠠᠷᠠᠳ ᠤᠨ ᠠᠮᠢᠳᠤᠷᠠᠯ ᠦᠷᠭᠦᠯᠵᠢᠯᠡᠨ ᠰᠠᠶᠢᠵᠢᠷᠠᠵᠤ ᠪᠠᠶᠢᠭ᠎ᠠ ᠬᠥᠭᠵᠢᠯᠲᠡ ᠶᠢᠨ ᠪᠠᠶᠢᠳᠠᠯ᠂ ᠠᠵᠤ | ᠠᠬᠤᠢ ᠶᠢᠨ ᠠᠵᠢᠯᠯᠠᠭᠠᠨ ᠨᠢ ᠪᠠᠭᠤᠷᠠᠯᠲᠠ ᠶᠢᠨ ᠶᠠᠪᠤᠴᠠ ᠳᠤ ᠪᠠᠶᠢᠭᠰᠠᠨ ᠠᠴᠠ ᠪᠠᠨ ᠰᠠᠭᠤᠷᠢ ᠶᠢ ᠨᠢ ᠪᠠᠬᠢᠵᠢᠭᠦᠯᠬᠦ ᠪᠣᠯᠵᠤ | ᠳᠠᠬᠢᠨ ᠳᠡᠭᠡᠭᠰᠢᠯᠡᠬᠦ ᠬᠤᠪᠢᠷᠠᠯᠲᠠ ᠶᠢᠨ ᠪᠠᠶᠢᠳᠠᠯ ᠲᠡᠶᠢᠰᠢ ᠤᠯᠠᠷᠢᠵᠤ ᠬᠤᠪᠢᠷᠠᠭᠰᠠᠨ ᠨᠢ ᠤᠯᠠᠮ ᠠᠴᠠ ᠤᠯᠠᠮ ᠢᠯᠡᠷᠬᠡᠢ | ᠪᠣᠯᠵᠤ ᠪᠠᠶᠢᠨ᠎ᠠ᠃ | ᠦᠯᠡᠳᠡᠭᠡᠯ ᠲᠥᠷᠥ ᠶᠢᠨ ᠪᠣᠳᠣᠯᠭ᠎ᠠ ᠶᠢᠨ ᠦᠷᠭᠦᠯᠵᠢᠯᠡᠨ ᠦᠷ᠎ᠡ ᠨᠦᠯᠦᠭᠡ ᠭᠠᠷᠭᠠᠬᠤ ᠶᠢ ᠳᠠᠭᠠᠯᠳᠤᠨ᠂ ᠨᠡᠮᠡᠭᠳᠡᠯ ᠤᠨ | ᠲᠥᠷᠥ ᠶᠢᠨ ᠪᠣᠳᠣᠯᠭ᠎ᠠ ᠶᠢ ᠲᠦᠷᠭᠡᠳᠬᠡᠨ ᠨᠠᠶᠢᠳᠠᠪᠤᠷᠢᠵᠢᠭᠤᠯᠵᠤ᠂ ᠲᠥᠷᠥ ᠶᠢᠨ ᠪᠣᠳᠣᠯᠭ᠎ᠠ ᠶᠢᠨ ᠨᠡᠶᠢᠯᠡᠮᠡᠯ ᠦᠢᠯᠡᠳᠦᠯ ᠢ | ᠦᠷᠭᠦᠯᠵᠢᠯᠡᠨ ᠪᠠᠳᠠᠷᠠᠭᠤᠯᠵᠤ᠂ ᠢᠳᠡᠪᠬᠢ ᠬᠦᠴᠦᠨ ᠵᠦᠢᠯ ᠪᠠ ᠠᠰᠢᠭᠲᠠᠢ ᠨᠥᠬᠦᠴᠡᠯ ᠢ ᠲᠠᠰᠤᠷᠠᠯᠲᠠ ᠦᠭᠡᠢ ᠨᠡᠮᠡᠭᠳᠡᠭᠦᠯᠵᠦ | ᠂ ᠳᠥᠷᠪᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯᠯᠠᠭᠠᠨ ᠤ ᠶᠡᠭᠡ ᠲᠥᠯᠥᠪᠰᠢᠷᠡᠯ ᠰᠠᠶᠢᠵᠢᠷᠠᠬᠤ ᠬᠠᠨᠳᠤᠰᠢ ᠲᠠᠢ ᠪᠣᠯᠵᠤ | ᠂ ᠪᠥᠬᠦ ᠵᠢᠯ ᠳᠤ ᠠᠵᠤ ᠠᠬᠤᠢ ᠶᠢᠨ ᠨᠡᠮᠡᠭᠳᠡᠯ ᠤᠨ ᠵᠢᠱᠢᠭᠰᠡᠨ ᠬᠠᠷᠠᠯᠲᠠ ᠶᠢ ᠪᠡᠶᠡᠯᠡᠭᠦᠯᠬᠦ ᠪᠣᠯᠣᠮᠵᠢᠲᠠᠢ ᠪᠠᠶᠢᠨ᠎ᠠ᠃ | ᠲᠦᠷᠦᠭᠦᠬᠡᠨ᠂ ᠣᠯᠠᠨ ᠤᠯᠤᠰ ᠤᠨ ᠵᠣᠭᠤᠰᠣᠨ ᠤ ᠰᠠᠭᠤᠷᠢ ᠮᠥᠩᠭᠦᠨ ᠤ ᠵᠣᠬᠢᠶᠠᠨ ᠪᠠᠶᠢᠭᠤᠯᠤᠯᠲᠠ ᠶᠢᠨ | ᠵᠢᠱᠢᠯᠲᠡ ᠪᠠᠷ᠂ ᠳᠡᠯᠡᠬᠡᠶ ᠶᠢᠨ ᠠᠵᠤ ᠠᠬᠤᠶ ᠶᠢᠨ ᠨᠡᠮᠡᠭᠳᠡᠯ ᠠᠯᠲᠠᠨ ᠲᠣᠭᠤᠰᠬ᠎ᠠ ᠤᠯᠤᠰ ᠤᠳ ᠲᠤ ᠨᠡᠩ ᠲᠦᠰᠢᠭᠯᠡᠨ᠎ᠡ᠃ | ᠫᠸᠡᠭ ᠪᠦᠸᠧ ᠬᠤᠷᠢᠶ᠎ᠠ ᠶᠢᠨ ᠦᠵᠡᠬᠦ ᠪᠠᠷ᠂ ᠳᠤᠮᠳᠠᠳᠤ ᠤᠯᠤᠰ ᠢᠷᠡᠭᠡᠳᠦᠢ ᠶᠢᠨ ᠲᠠᠪᠤᠨ ᠵᠢᠯ ᠳᠤ ᠪᠦᠬᠦ ᠪᠥᠮᠪᠥᠷᠴᠡᠭ ᠤᠨ | ᠨᠡᠮᠡᠭᠳᠡᠯ ᠳᠤ ᠬᠠᠮᠤᠭ ᠤᠨ ᠶᠡᠭᠡ ᠬᠤᠪᠢ ᠨᠡᠮᠡᠷᠢ ᠦᠵᠡᠭᠦᠯᠬᠦ ᠤᠯᠤᠰ ᠪᠣᠯᠬᠤ ᠪᠣᠯᠤᠨ᠎ᠠ ᠭᠡᠵᠡᠢ᠃ | ᠣᠷᠭᠢᠯ ᠳᠤᠷ ᠭᠠᠷᠬᠤᠶ᠎ᠠ ᠬᠦᠴᠢᠷ ᠠᠴᠠ ᠪᠦᠦ ᠠᠶᠤ᠃ ᠡᠨᠡ ᠬᠦ ᠲᠠᠰᠢᠷᠠᠮ ᠢᠶᠠᠷ᠂ ᠪᠢᠳᠡ ᠠᠵᠤ ᠠᠬᠤᠢ ᠶᠢᠨ | ᠪᠠᠶᠢᠳᠠᠯ ᠳᠤ ᠪᠦᠬᠦ ᠲᠠᠯ᠎ᠠ ᠪᠠᠷ ᠪᠤᠰᠤᠳᠴᠢ ᠪᠠᠷ ᠯᠠᠪᠳᠠᠭᠤᠨ ᠲᠣᠭᠲᠠᠭᠤᠨ ᠢᠶᠠᠷ ᠬᠠᠨᠳᠤᠵᠤ᠂ ᠪᠦᠬᠦ ᠲᠠᠯ᠎ᠠ ᠶᠢ ᠠᠵᠢᠭᠯᠠᠨ᠂ | ᠶᠡᠭᠡ ᠬᠠᠨᠳᠤᠰᠢ ᠶᠢ ᠡᠵᠡᠮᠳᠡᠵᠦ᠂ ᠭᠤᠣᠯᠳᠠᠯᠭ᠎ᠠ ᠶᠢ ᠠᠳᠬᠤᠨ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠠᠰᠠᠭᠤᠳᠠᠯ | ᠪᠣᠯᠤᠨ ᠥᠷᠢᠰᠥᠯᠳᠦᠭᠡᠨ ᠢ ᠪᠦᠲᠦᠮᠵᠢᠲᠡᠢ ᠠᠷᠭᠠᠴᠠᠭᠠᠵᠤ᠂ ᠪᠦᠬᠦ ᠬᠦᠴᠦᠨ ᠢᠶᠠᠷ ᠢᠶᠠᠨ ᠠᠵᠤ ᠠᠬᠤᠢ ᠶᠢ ᠬᠥᠭᠵᠢᠭᠦᠯᠬᠦ | ᠬᠡᠷᠡᠭᠲᠡᠢ ᠭᠡᠵᠡᠢ᠃ | | |