ᠬᠥᠪᠡᠭᠡᠲᠦ ᠰᠢᠷ᠎ᠠ ᠬᠤᠰᠢᠭᠤ ᠰᠤᠷᠭᠠᠨ ᠬᠥᠮᠦᠵᠢᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠶᠢ ᠠᠬᠢᠭᠤᠯᠵᠣ ᠪᠣᠢ
ᠨᠡᠶᠢᠲᠡᠯᠡᠭᠰᠡᠨ ᠴᠠᠭ᠄
2024/11/26
    ᠰᠤᠷᠭᠠᠨ ᠬᠥᠮᠦᠵᠢᠯ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤᠮᠳᠠ ᠰᠠᠭᠤᠷᠢ ᠴᠢᠨᠠᠷᠲᠠᠢ᠂ ᠤᠳᠤᠷᠢᠳᠤᠮᠵᠢ ᠶᠢᠨ ᠴᠢᠨᠠᠷᠲᠠᠢ ᠦᠢᠯᠡᠳᠦᠯ ᠦᠵᠡᠭᠦᠯᠵᠦ ᠪᠣᠢ᠃ ᠣᠶᠢᠷ᠎ᠠ ᠶᠢᠨ ᠵᠢᠯ ᠳᠤ᠂ ᠬᠥᠪᠡᠭᠡᠲᠦ ᠰᠢᠷ᠎ᠠ ᠬᠤᠰᠢᠭᠤ ᠰᠤᠷᠭᠠᠨ ᠬᠥᠮᠦᠵᠢᠯ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠶᠢ ᠭᠦᠨᠵᠡᠭᠡᠶ ᠠᠬᠢᠭᠤᠯᠵᠤ᠂ ᠰᠤᠷᠭᠠᠭᠤᠯᠢ ᠡᠷᠭᠢᠯᠡᠬᠦ ᠨᠥᠬᠦᠴᠡᠯ ᠢ ᠰᠠᠶᠢᠵᠢᠷᠠᠭᠤᠯᠬᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠨ ᠰᠤᠷᠤᠯᠭ᠎ᠠ ᠶᠢ ᠪᠠᠲᠤᠯᠠᠬᠤ᠂ ᠰᠤᠷᠭᠠᠨ ᠬᠥᠮᠦᠵᠢᠯ ᠢ ᠲᠤᠰᠠᠯᠠᠬᠤ ᠵᠡᠷᠭᠡ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠰᠤᠷᠭᠠᠨ ᠬᠥᠮᠦᠵᠢᠯ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠬᠦ ᠴᠢᠳᠠᠪᠤᠷᠢ ᠪᠠ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠵᠦ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ ᠴᠢᠷᠮᠠᠶᠢᠨ ᠡᠷᠬᠢᠯᠡᠵᠣ ᠪᠣᠢ᠃    ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠴᠢᠩᠭᠠᠷᠠᠭᠤᠯᠵᠤ᠂ ︽ᠳᠥᠷᠪᠡ ᠶᠢ ᠪᠠᠶᠢᠴᠠᠭᠠᠵᠤ ᠭᠤᠷᠪᠠ ᠶᠢ ᠬᠠᠷᠢᠴᠠᠭᠤᠯᠬᠤ︾ ︵ᠡᠷᠦᠬᠡ ᠠᠮᠠ ᠶᠢ ᠪᠠᠶᠢᠴᠠᠭᠠᠬᠤ᠂ ᠰᠤᠷᠭᠠᠭᠤᠯᠢ ᠶᠢᠨ ᠬᠠᠷᠢᠶᠠᠯᠠᠯ ᠢ ᠪᠠᠶᠢᠴᠠᠭᠠᠬᠤ᠂ ᠰᠤᠷᠭᠠᠭᠤᠯᠢ ᠳᠤ ᠪᠠᠶᠢᠭ᠎ᠠ ᠰᠤᠷᠤᠭᠴᠢᠳ ᠢ ᠪᠠᠶᠢᠴᠠᠭᠠᠬᠤ᠂ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠰᠤᠷᠬᠤ ᠨᠠᠰᠤᠨ ᠤ ᠬᠡᠤᠬᠡᠳ ᠪᠠᠭᠠᠴᠤᠳ ᠢ ᠪᠠᠶᠢᠴᠠᠭᠠᠬᠤ᠂ ᠡᠷᠦᠬᠡ ᠠᠮᠠ ᠶᠢᠨ ᠬᠠᠷᠢᠶᠠᠯᠠᠯ ᠬᠢᠭᠡᠳ ᠰᠤᠷᠭᠠᠭᠤᠯᠢ ᠶᠢᠨ ᠬᠠᠷᠢᠶᠠᠯᠠᠯ ᠢ ᠰᠤᠷᠬᠤ ᠨᠠᠰᠤᠨ ᠤ ᠰᠤᠷᠤᠯᠭ᠎ᠠ ᠪᠠᠨ ᠳᠣᠷᠭᠤᠨ ᠵᠣᠭᠰᠣᠭᠰᠠᠨ ᠰᠣᠷᠣᠭᠴᠢ ᠲᠠᠢ ᠬᠠᠷᠢᠴᠠᠭᠤᠯᠬᠤ᠂ ᠰᠤᠷᠭᠠᠭᠤᠯᠢ ᠶᠢᠨ ᠬᠠᠷᠢᠶᠠᠯᠠᠯ ᠬᠢᠭᠡᠳ ᠰᠤᠷᠭᠠᠭᠤᠯᠢ ᠳᠤ ᠪᠠᠶᠢᠬᠤ ᠰᠤᠷᠤᠭᠴᠢ ᠶᠢ ᠰᠤᠷᠤᠯᠭ᠎ᠠ ᠵᠤᠭᠰᠤᠭᠰᠠᠨ ᠰᠤᠷᠤᠭᠴᠢ ᠲᠠᠢ ᠬᠠᠷᠢᠴᠠᠭᠤᠯᠬᠤ᠂ ᠰᠤᠷᠤᠯᠭ᠎ᠠ ᠳᠣᠷᠭᠤᠨ ᠵᠣᠭᠰᠣᠭᠰᠠᠨ ᠰᠣᠷᠣᠭᠴᠢ ᠬᠢᠭᠡᠳ ᠶᠠᠳᠠᠭᠤ ᠠᠴᠠ ᠠᠩᠭᠢᠵᠢᠷᠠᠭᠰᠠᠨ ᠡᠷᠦᠬᠡ ᠶᠢ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠰᠤᠷᠤᠯᠭ᠎ᠠ ᠪᠠᠨ ᠳᠣᠷᠭᠤᠨ ᠵᠣᠭᠰᠣᠭᠰᠠᠨ ᠰᠤᠷᠤᠭᠴᠢᠳ ᠲᠠᠢ ᠬᠠᠷᠢᠴᠠᠭᠤᠯᠬᠤ︶ ᠶᠢ ᠪᠠᠶᠢᠩᠭᠤᠵᠢᠭᠤᠯᠤᠨ ᠠᠬᠢᠭᠤᠯᠵᠤ᠂ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠪᠠᠲᠤᠯᠠᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠪᠡ᠃ ᠣᠶᠢᠷ᠎ᠠ ᠳᠤ᠂ ᠬᠥᠪᠡᠭᠡᠲᠦ ᠰᠢᠷ᠎ᠠ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠡᠯ᠎ᠡ ᠰᠤᠮᠤ ᠪᠠᠯᠭᠠᠰᠤᠨ ᠳᠤ ᠭᠦᠨᠵᠡᠭᠡᠶᠢᠷᠡᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯ ᠥᠷᠨᠢᠭᠦᠯᠬᠦ᠂ ᠡᠷᠦᠬᠡ ᠳᠤ ᠬᠦᠷᠴᠦ ᠪᠠᠶᠢᠴᠠᠭᠠᠨ ᠰᠤᠳᠤᠯᠤᠯᠲᠠ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠨ ᠰᠤᠷᠤᠯᠭ᠎ᠠ ᠶᠢ ᠪᠠᠲᠤᠯᠠᠬᠤ᠂ ᠰᠤᠷᠭᠠᠨ ᠬᠥᠮᠦᠵᠢᠯ ᠢ ᠲᠤᠰᠠᠯᠠᠬᠤ ᠵᠡᠷᠭᠡ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠤᠬᠠᠭᠤᠯᠬᠤ ᠶᠢᠨ ᠬᠠᠮᠲᠤ᠂ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠠᠵᠢᠯ ᠤᠨ ᠳᠤᠮᠳᠠ ᠡᠯ᠎ᠡ ᠰᠤᠮᠤ ᠪᠠᠯᠭᠠᠰᠤ ᠶᠢᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠨ ᠰᠤᠷᠤᠯᠭ᠎ᠠ ᠵᠤᠭᠰᠤᠬᠤ ᠶᠢ ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ᠂ ᠰᠤᠷᠭᠠᠨ ᠬᠥᠮᠦᠵᠢᠯ ᠢ ᠲᠤᠰᠠᠯᠠᠬᠤ ᠬᠠᠮᠢᠶ᠎ᠠ ᠪᠥᠬᠦᠶ ᠠᠵᠢᠯ ᠤᠨ ᠡᠬᠡ ᠲᠠᠩᠰᠠ ᠵᠢᠴᠢ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠵᠡᠷᠭᠡ ᠲᠠᠯ᠎ᠠ ᠶᠢᠨ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠪᠠ᠃ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠠᠴᠠ ᠰᠤᠷᠭᠠᠨ ᠬᠥᠮᠦᠵᠢᠯ ᠤᠨ ᠶᠠᠮᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠨ ᠰᠤᠷᠤᠯᠭ᠎ᠠ ᠶᠢ ᠪᠠᠲᠤᠯᠠᠬᠤ ᠠᠵᠢᠯ ᠢ ᠪᠠᠶᠢᠩᠭᠤᠵᠢᠭᠤᠯᠬᠤ ᠮᠡᠳᠡᠭᠦᠯᠦᠯᠲᠡ ᠶᠢᠨ ᠠᠵᠢᠯ ᠤᠨ ᠲᠣᠭᠲᠠᠴᠠ ᠶᠢ ᠪᠠᠶᠢᠭᠤᠯᠬᠤ ᠲᠤᠬᠠᠶ ᠬᠤᠯᠪᠣᠭᠳᠠᠯ ᠪᠥᠬᠦᠶ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠵᠠᠬᠢᠷᠤᠯ ᠰᠤᠷᠭᠠᠭᠤᠯᠢ ᠶᠢ ᠳᠠᠭᠠᠭᠠᠴᠢᠯᠠᠬᠤ᠂ ᠠᠩᠭᠢ ᠶᠢᠨ ᠡᠷᠬᠢᠯᠡᠭᠴᠢ ᠶᠢᠨ ᠠᠩᠭᠢ ᠶᠢ ᠳᠠᠭᠠᠭᠠᠴᠢᠯᠠᠬᠤ᠂ ᠬᠢᠴᠢᠶᠡᠯ ᠤᠨ ᠪᠠᠭᠰᠢ ᠰᠤᠷᠤᠭᠴᠢᠳ ᠢ ᠳᠠᠭᠠᠭᠠᠴᠢᠯᠠᠬᠤ ᠣᠷᠳᠣ ᠬᠤᠭᠤᠴᠠᠭᠠᠨ ᠤ ᠪᠦᠲᠦᠮᠵᠢᠲᠡᠶ ᠬᠠᠷᠢᠭᠤᠴᠠᠯᠭ᠎ᠠ ᠶᠢᠨ ᠲᠣᠭᠲᠠᠴᠠ ᠶᠢ ᠪᠠᠶᠢᠭᠤᠯᠵᠤ᠂ ᠡᠬᠡ ᠲᠠᠩᠰᠠ ᠲᠣᠭᠲᠠᠭᠠᠵᠤ ᠰᠤᠷᠤᠯᠭ᠎ᠠ ᠶᠢᠨ ᠬᠤᠭᠤᠴᠠᠭ᠎ᠠ ᠪᠦᠷᠢ ᠳᠤ 2 - 3 ᠤᠳᠠᠭ᠎ᠠ ᠥᠪᠡᠰᠦᠪᠡᠨ ᠪᠠᠶᠢᠴᠠᠭᠠᠵᠤ ᠵᠢᠭᠰᠠᠭᠠᠨ ᠪᠠᠶᠢᠴᠠᠭᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠬᠤ ᠨᠠᠰᠤᠨ ᠤ ᠬᠡᠤᠬᠡᠳ ᠪᠠᠭᠠᠴᠤᠳ ᠤᠨ ᠰᠤᠷᠤᠯᠭ᠎ᠠ ᠪᠠᠨ ᠳᠣᠷᠭᠤᠨ ᠵᠣᠭᠰᠣᠬᠤ ᠥᠬᠡᠶ ᠪᠠᠶᠢᠬᠤ ᠶᠢ ᠦᠨᠡᠨᠬᠦ ᠪᠠᠳᠣᠯᠠᠵᠠᠢ᠃    ᠰᠤᠷᠭᠠᠨ ᠬᠥᠮᠦᠵᠢᠯ ᠤᠨ ᠪᠡᠯᠡ ᠣᠷᠣᠭᠤᠯᠤᠯᠲᠠ ᠶᠢ ᠨᠡᠮᠡᠭᠳᠡᠭᠦᠯᠵᠦ᠂ ᠰᠤᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠬᠤ ᠪᠠ ᠵᠢᠭᠠᠨ ᠰᠤᠷᠭᠠᠬᠤ ᠶᠠᠰᠤ ᠴᠢᠨᠠᠷ ᠢ ᠳᠡᠭᠡᠭᠰᠢᠯᠡᠭᠦᠯᠵᠤ ᠪᠠᠶᠢᠨ᠎ᠠ᠃ ᠣᠳᠣᠬᠠᠨ ᠳᠤ᠂ ᠪᠥᠬᠦ ᠬᠤᠰᠢᠭᠤᠨ ᠤ 4 ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠨᠢ ᠴᠥᠮ ᠪᠥᠬᠦ ᠤᠯᠤᠰ ᠤᠨ ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢᠨ ᠱᠠᠭᠠᠷᠳᠠᠯᠭ᠎ᠠ ᠳᠤ ᠬᠦᠷᠴᠦ᠂ 5 ᠰᠠᠷ᠎ᠠ ᠳᠤ 2024 ᠣᠨ ᠤ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠶᠠᠰᠤ ᠴᠢᠨᠠᠷ ᠤᠨ ᠬᠢᠨᠠᠨ  ᠪᠠᠶᠢᠴᠠᠭᠠᠯᠲᠠ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠵᠤ ᠨᠡᠶᠢᠳᠡᠮ ᠠᠰᠢᠭ ᠬᠦᠷᠲᠡᠭᠡᠬᠦ ᠠᠵᠢᠯ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠪᠡ᠃ ᠡᠨᠡ ᠵᠢᠯ ᠳᠡᠭᠡᠳᠦ ᠱᠠᠲᠤᠨ ᠤ 1567 ᠲᠦᠮᠡᠨ ᠲᠥᠭᠦᠷᠢᠭ ᠤᠨ ᠪᠠᠯᠠ ᠮᠥᠩᠭᠦ ᠶᠢ ᠲᠠᠮᠠᠴᠡᠨ ᠣᠯᠵᠤ᠂ ᠰᠤᠷᠭᠠᠭᠤᠯᠢ ᠶᠢᠨ ᠬᠦᠷᠢᠶᠡᠨ ᠤ ᠰᠣᠶᠣᠯ᠂ ᠣᠶᠤᠨᠴᠢ ᠰᠤᠷᠭᠠᠭᠤᠯᠢ ᠶᠢᠨ ᠬᠦᠷᠢᠶ᠎ᠡ᠂ ᠲᠤᠷᠰᠢᠯᠲᠠ ᠶᠢᠨ ᠲᠠᠰᠤᠭ ᠢ ᠥᠭᠡᠷᠡᠴᠢᠯᠡᠬᠦ᠂ ᠰᠤᠷᠭᠠᠭᠤᠯᠢ ᠶᠢᠨ ᠪᠠᠶᠢᠷᠢ ᠶᠢ ᠰᠡᠯᠪᠢᠨ ᠵᠠᠰᠠᠬᠤ ᠵᠡᠷᠭᠡ ᠢᠨᠵᠧᠨᠧᠷᠢᠩ ᠢ ᠠᠬᠢᠭᠤᠯᠵᠤ᠂ ᠰᠤᠷᠭᠠᠭᠤᠯᠢ ᠡᠷᠭᠢᠯᠡᠬᠦ ᠨᠥᠬᠦᠴᠡᠯ ᠢ ᠰᠠᠶᠢᠵᠢᠷᠠᠭᠤᠯᠵᠤ ᠪᠠᠶᠢᠨ᠎ᠠ᠃ ᠡᠯ᠎ᠡ ᠰᠤᠷᠭᠠᠭᠤᠯᠢ ᠬᠢᠴᠢᠶᠡᠯ ᠤᠨ ᠳᠠᠷᠠᠭᠠᠬᠢ ᠬᠠᠪᠰᠤᠷᠤᠨ ᠵᠢᠯᠣᠭᠤᠳᠬᠤ ᠦᠢᠯᠡᠴᠢᠯᠡᠭᠡ  ᠶᠢᠨ ᠡᠷᠴᠢᠮ ᠢᠶᠠᠨ ᠦᠨᠡᠨᠬᠦ ᠴᠢᠩᠭᠠᠷᠠᠭᠤᠯᠵᠤ᠂ ᠶᠠᠳᠠᠭᠤ ᠬᠦᠴᠢᠷᠳᠡᠯᠲᠡᠶ ᠰᠤᠷᠤᠭᠴᠢᠳ ᠢ ᠬᠠᠪᠰᠤᠷᠤᠨ ᠰᠤᠷᠤᠯᠴᠠᠬᠤ ᠢᠲᠡᠭᠡᠯ ᠵᠣᠷᠢᠭ ᠢ ᠨᠢ ᠪᠣᠶ ᠪᠣᠯᠭᠠᠨ᠂ ᠰᠤᠷᠤᠯᠴᠠᠬᠤ ᠳᠤᠷ᠎ᠠ ᠰᠣᠨᠢᠷᠬᠠᠯ ᠢ ᠨᠢ ᠳᠡᠭᠡᠭᠰᠢᠯᠡᠭᠦᠯᠵᠦ᠂ ᠰᠤᠷᠤᠯᠴᠠᠬᠤ ᠬᠥᠳᠡᠯᠭᠡᠬᠦ ᠬᠦᠴᠦᠨ ᠢ ᠨᠢ ᠨᠡᠮᠡᠭᠳᠡᠭᠦᠯᠪᠡ᠃ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠳᠣᠯᠬᠤ ᠲᠠᠶᠢᠯᠠᠯᠳᠣᠭᠠᠨ ᠤ ᠦᠷ᠎ᠡ ᠪᠦᠲᠦᠭᠡᠯ ᠢ ᠪᠠᠬᠢᠵᠢᠭᠦᠯᠵᠦ᠂ ᠰᠤᠷᠭᠠᠨ ᠬᠥᠮᠦᠵᠢᠯ ᠢᠶᠠᠷ ᠰᠤᠷᠤᠯᠭ᠎ᠠ ᠶᠢ ᠲᠡᠳᠬᠦᠬᠦ ᠳᠤ ᠪᠡᠯᠡ ᠮᠥᠩᠭᠦ ᠪᠠᠷ ᠲᠤᠰᠠᠯᠠᠬᠤ ᠡᠷᠴᠢᠮ ᠢ ᠴᠢᠩᠭᠠᠷᠠᠭᠤᠯᠵᠤ ᠪᠠᠶᠢᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ  ᠯᠤᠭ᠎ᠠ ᠶᠢᠨ ᠬᠠᠷᠢᠯᠴᠠᠭ᠎ᠠ ᠪᠠᠨ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠰᠤᠷᠠᠭ ᠵᠠᠩᠬᠢ ᠶᠢ ᠰᠣᠷᠣᠭᠴᠢ ᠶᠢᠨ ᠰᠤᠷᠭᠠᠭᠤᠯᠢ ᠶᠢᠨ ᠮᠡᠳᠡᠭᠡ ᠵᠠᠩᠬᠢ ᠲᠠᠢ ᠬᠠᠷᠭᠤᠭᠤᠯᠵᠤ᠂ ᠮᠡᠳᠡᠭᠡ ᠵᠠᠩᠭᠢ ᠶᠢᠨ ᠬᠠᠷᠭᠤᠭᠤᠯᠤᠯᠲᠠ ᠶᠢᠨ ᠣᠨᠣᠪᠴᠢ ᠶᠢ ᠳᠡᠭᠡᠭᠰᠢᠯᠡᠭᠦᠯᠦᠨ᠂ ᠳᠤᠰᠠᠯᠠᠮᠵᠢ ᠬᠦᠷᠲᠡᠭᠡᠬᠦ ᠶᠢ ᠦᠨᠡᠨᠬᠦ ᠪᠠᠲᠤᠯᠠᠪᠠ᠃ ᠤᠳᠤᠬᠠᠨ ᠪᠤᠯᠲᠠᠯ᠎ᠠ 2024 ᠤᠨ ᠳᠤ ᠪᠥᠬᠦ ᠬᠤᠰᠢᠭᠤᠨ ᠤ ᠰᠤᠷᠬᠤ ᠨᠠᠰᠤᠨ ᠠᠴᠠ ᠡᠮᠦᠨᠡᠬᠢ ᠵᠢᠭᠠᠨ ᠰᠤᠷᠭᠠᠯᠲᠠ ᠠᠴᠠ ᠥᠨᠳᠥᠷ ᠳᠤᠮᠳᠠᠳᠤ ᠬᠦᠷᠲᠡᠯ᠎ᠡ ᠰᠤᠷᠭᠠᠨ ᠬᠥᠮᠦᠵᠢᠯ ᠤᠨ ᠨᠥᠬᠦᠪᠥᠷᠢ 84.536 ᠲᠦᠮᠡᠨ ᠲᠥᠭᠦᠷᠢᠭ ᠤᠯᠭᠤᠵᠤ ︵ᠡᠭᠦᠨ ᠳᠤ ᠠᠮᠢᠳᠤᠷᠠᠯ ᠬᠦᠴᠢᠷᠳᠡᠯᠲᠡᠶ 463 ᠬᠡᠷ ᠪᠦᠯᠢ ᠶᠢᠨ ᠰᠣᠷᠣᠭᠴᠢ ᠳᠤ 28.675 ᠲᠦᠮᠡᠨ ᠲᠥᠭᠦᠷᠢᠭ︶᠂ ᠡᠩ ᠤᠨ ᠳᠡᠭᠡᠳᠦ ᠰᠤᠷᠭᠠᠭᠤᠯᠢ ᠶᠢᠨ ᠠᠮᠢᠳᠤᠷᠠᠯ ᠨᠢ ᠬᠦᠴᠢᠷᠳᠡᠯᠲᠡᠶ 75 ᠰᠣᠷᠣᠭᠴᠢ ᠳᠤ ᠳᠤᠰᠠᠯᠠᠮᠵᠢ ᠶᠢᠨ ᠮᠦᠩᠬᠦ ᠡᠷᠡᠮᠡᠯᠵᠡᠯᠡᠪᠡ︔ ︽ᠲᠥᠪ ᠤᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ︾ ᠶᠢᠨ ᠲᠥᠷᠥᠯ ᠵᠦᠢᠯ ᠢᠶᠠᠷ 2 ᠪᠠᠭᠰᠢ ᠳᠤ 4 ᠲᠦᠮᠡᠨ ᠲᠥᠭᠦᠷᠢᠭ ᠲᠤᠰᠠᠯᠠᠬᠤ ᠪᠠᠷ ᠡᠷᠡᠮᠡᠯᠵᠡᠯᠡᠵᠤ᠂ ︽ᡁᠢ ᠾᠦᠢ ᠲᠥᠯᠥᠪᠯᠡᠭᠡ︾ ᠶᠢᠨ ᠲᠦᠷᠦᠯ ᠵᠦᠢᠯ ᠢᠶᠠᠷ 6 ᠣᠶᠤᠲᠠᠨ ᠳᠤ  3500 ᠲᠥᠭᠦᠷᠢᠭ ᠲᠤᠰᠠᠯᠠᠬᠤ ᠪᠠᠷ ᠡᠷᠡᠮᠡᠯᠵᠡᠯᠡᠨ᠂ ᠮᠠᠨ ᠤ ᠬᠤᠰᠢᠭᠤᠨ ᠳᠤ ᠡᠷᠦᠬᠡ ᠠᠮᠠ ᠲᠠᠢ ᠠᠮᠢᠳᠤᠷᠠᠯ ᠨᠢ ᠬᠦᠴᠢᠷᠳᠡᠯᠲᠡᠶ 328 ᠣᠶᠤᠲᠠᠨ ᠳᠤ ᠰᠤᠷᠤᠯᠭ᠎ᠠ ᠳᠡᠳᠬᠦᠬᠦ ᠵᠢᠭᠡᠯᠡᠯᠭᠡ 428.355 ᠲᠦᠮᠡᠨ ᠲᠥᠭᠦᠷᠢᠭ ᠤᠯᠭᠤᠵᠤ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠠᠴᠠ ᠠᠮᠢᠳᠤᠷᠠᠯ ᠨᠢ ᠬᠦᠴᠢᠷᠳᠡᠯᠲᠡᠶ 28 ᠰᠣᠷᠣᠭᠴᠢ ᠳᠤ 1.5 ᠲᠦᠮᠡᠨ ᠲᠥᠭᠦᠷᠢᠭ ᠤᠨ ᠥᠷᠲᠡᠭ ᠪᠦᠬᠦᠢ ᠡᠳ᠋ ᠪᠤᠳᠠᠰ ᠢᠶᠠᠷ ᠲᠣᠰᠠᠯᠠᠬᠰᠠᠨ ᠪᠠᠶᠢᠨ᠎ᠠ᠃ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠰᠤᠷᠭᠠᠨ ᠬᠥᠮᠦᠵᠢᠯ ᠤᠨ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠵᠤ ᠪᠠᠶᠢᠨ᠎ᠠ᠃ ᠬᠤᠰᠢᠭᠤᠨ ᠤ ᠵᠢᠭᠠᠬᠤ ᠶᠢ ᠰᠤᠳᠤᠯᠬᠤ ᠦᠢᠯᠡᠴᠢᠯᠡᠭᠡᠨ ᠤ ᠲᠥᠪ ᠨᠢ ᠬᠢᠴᠢᠶᠡᠯ ᠣᠷᠣᠬᠤ᠂ ᠵᠢᠭᠠᠨ ᠰᠤᠷᠭᠠᠯᠲᠠ ᠶᠢ ᠳᠦᠰᠦᠪᠯᠡᠬᠦ ᠪᠠ ᠬᠠᠮᠲᠤ ᠪᠠᠷ ᠬᠢᠴᠢᠶᠡᠯ ᠪᠡᠯᠡᠳᠬᠡᠬᠦ ᠠᠵᠢᠯ  ᠤᠨ ᠲᠣᠭᠤᠷᠢᠨ ᠳᠤ ᠵᠢᠭᠠᠨ ᠵᠢᠯᠣᠭᠤᠳᠬᠤ ᠦᠢᠯᠡᠴᠢᠯᠡᠭᠡ ᠶᠢ ᠭᠤᠤᠯᠳᠠᠯᠭ᠎ᠠ ᠲᠠᠢ ᠥᠷᠨᠢᠭᠦᠯᠵᠦ᠂ ᠵᠢᠭᠠᠬᠤ ᠶᠢ ᠰᠤᠳᠤᠯᠤᠭᠴᠢ ᠠᠴᠠ ᠰᠤᠷᠭᠠᠭᠤᠯᠢ ᠶᠢ ᠳᠠᠭᠠᠭᠠᠴᠢᠯᠠᠬᠤ᠂ ᠬᠢᠴᠢᠶᠡᠯ ᠲᠥᠷᠥᠯ ᠢ ᠵᠢᠭᠠᠨ ᠵᠢᠯᠤᠭᠤᠳᠬᠤ ᠲᠣᠭᠲᠠᠴᠠ ᠶᠢ ᠬᠡᠷᠡᠭᠵᠢᠭᠦᠯᠦᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠂ ᠳᠡᠭᠡᠳᠦ ᠱᠠᠲᠤᠨ ᠤ ᠡᠯ᠎ᠡ ᠵᠦᠢᠯ ᠤᠨ ᠵᠢᠭᠠᠬᠤ ᠶᠢ ᠰᠤᠳᠤᠯᠬᠤ ᠡᠭᠦᠷᠭᠡ ᠶᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠳᠣᠯᠠᠪᠠ᠃ ᠤᠶᠢᠷ᠎ᠠ ᠶᠢᠨ ᠭᠤᠷᠪᠠᠨ ᠵᠢᠯ ᠳᠤ 42 ᠪᠠᠭᠰᠢ ᠶᠢ ᠰᠢᠨ᠎ᠡ ᠪᠠᠷ ᠤᠷᠢᠨ ᠬᠡᠷᠡᠭᠯᠡᠵᠤ᠂ 427 ᠪᠠᠭᠰᠢ ᠳᠤ ᠡᠯ᠎ᠡ ᠵᠦᠢᠯ ᠤᠨ ᠪᠤᠯᠪᠠᠰᠤᠷᠠᠯ ᠬᠦᠷᠲᠡᠭᠡᠪᠡ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢ ᠤᠯᠠᠮ ᠬᠦᠨᠵᠡᠭᠡᠶᠢᠷᠡᠬᠦᠯᠦᠨ ᠬᠡᠷᠡᠭᠵᠢᠭᠦᠯᠵᠤ᠂ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ᠂ ᠰᠢᠯᠢ ᠶᠢᠨ ᠭᠤᠤᠯ ᠠᠶᠢᠮᠠᠭ ᠤᠨ ᠮᠣᠩᠭᠤᠯ ᠳᠤᠮᠳᠠᠳᠤ ᠰᠤᠷᠭᠠᠭᠤᠯᠢ᠂ ᠰᠢᠯᠢ ᠶᠢᠨ ᠬᠤᠲᠠ ᠶᠢᠨ ᠳᠣᠯᠣᠳᠤᠭᠠᠷ ᠰᠤᠷᠭᠠᠭᠤᠯᠢ ᠵᠢᠴᠢ ᠴᠢᠭᠤᠯᠤᠯᠳᠤ ᠬᠠᠭᠠᠯᠭ᠎ᠠ ᠬᠤᠲᠠ ᠶᠢᠨ ᠴᠢᠶᠣᠤ ᠰᠢ ᠲᠣᠭᠤᠷᠢᠭ ᠤᠨ ᠰᠤᠷᠭᠠᠭᠤᠯᠢ ᠲᠠᠢ ᠬᠠᠮᠳᠤᠷᠠᠯᠴᠠᠭ᠎ᠠ ᠪᠠᠶᠢᠭᠤᠯᠵᠤ᠂ ᠨᠢᠭᠡᠨᠲᠡ 48 ᠪᠠᠭᠰᠢ ᠶᠢ ᠵᠣᠬᠢᠶᠠᠨ ᠪᠠᠶᠢᠭᠤᠯᠵᠤ ᠭᠠᠳᠠᠨᠠᠬᠢ ᠰᠤᠷᠭᠠᠭᠤᠯᠢ ᠳᠤ ᠣᠴᠢᠭᠤᠯᠤᠨ ᠠᠵᠢᠯ ᠤᠨ ᠪᠠᠶᠢᠷᠢᠨ ᠳᠤ ᠪᠣᠯᠪᠠᠰᠤᠷᠠᠯ ᠬᠢᠯᠭᠡᠵᠦ᠂ ᠪᠠᠭᠰᠢ ᠶᠢᠨ ᠬᠢᠷᠢ ᠳᠦᠪᠰᠢᠨ ᠢ ᠳᠡᠭᠡᠭᠰᠢᠯᠡᠬᠦᠯᠵᠤ ᠪᠤᠢ᠃ᠬᠥᠪᠡᠭᠡᠲᠦ ᠰᠢᠷ᠎ᠠ ᠬᠤᠰᠢᠭᠤ ᠦᠷᠭᠦᠯᠵᠢᠯᠡᠨ ︽ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠭᠢᠯᠡᠬᠦ︾ ᠪᠠᠷ ᠵᠣᠷᠢᠯᠲᠠ ᠪᠣᠯᠭᠠᠵᠤ᠂ ᠬᠥᠳᠡᠭᠡ ᠲᠣᠰᠬᠤᠨ ᠤ ᠰᠤᠷᠭᠠᠨ ᠬᠥᠮᠦᠵᠢᠯ ᠤᠨ ᠦᠢᠯᠡᠰ ᠲᠤ ᠪᠡᠯᠡ ᠣᠷᠣᠭᠤᠯᠤᠯᠲᠠ ᠬᠢᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠴᠢᠨᠠᠷ ᠰᠠᠶᠢᠲᠠᠶ ᠰᠤᠷᠭᠠᠨ ᠬᠥᠮᠦᠵᠢᠯ ᠤᠨ ᠡᠬᠢ ᠪᠠᠶᠠᠯᠢᠭ ᠢ ᠬᠠᠷᠢᠯᠴᠠᠨ ᠠᠭᠤᠰᠤᠯᠴᠠᠭᠤᠯᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠵᠦ᠂ ᠰᠤᠷᠭᠠᠨ ᠬᠥᠮᠦᠵᠢᠯ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠭᠤᠰᠤᠯᠴᠠᠭᠤᠯᠤᠨ ᠬᠦᠭᠵᠢᠬᠦᠯᠵᠤ ᠪᠣᠢ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号