︽ᠮᠢᠨᠤ ᠬᠠᠮᠤᠭ ᠶᠡᠭᠡ ᠬᠦᠰᠡᠯ ᠪᠤᠯ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠢ ᠠᠮᠤᠷ ᠵᠢᠮᠦᠷ᠂ ᠵᠤᠯ ᠵᠢᠷᠭᠠᠯ ᠲᠠᠢ | ᠠᠮᠢᠳᠤᠷᠠᠯ ᠢᠶᠠᠨ ᠦᠩᠭᠡᠷᠡᠬᠦᠯᠬᠦ ᠳᠤ ᠳᠤᠰᠠᠯᠠᠬᠤ ᠴᠢᠳᠠᠬᠤ ᠶᠠᠪᠤᠳᠠᠯ ᠪᠤᠯᠤᠨ᠎ᠠ︾ ᠭᠡᠵᠤ ᠬᠥᠪᠡᠭᠡᠲᠦ ᠰᠢᠷ᠎ᠠ ᠬᠤᠰᠢᠭᠤᠨ ᠤ | ᠰᠢᠨᠡᠪᠣᠯᠠᠭ ᠪᠠᠯᠭᠠᠰᠤᠨ ᠤ ᠮᠠᠨᠳᠤᠯ᠎ᠠ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ᠂ ᠰᠠᠭᠤᠭᠠᠯᠢ ᠠᠷᠠᠳ ᠤᠨ | ᠵᠥᠪᠯᠡᠯ ᠤᠨ ᠡᠷᠬᠢᠯᠡᠭᠴᠢ ᠴᠧᠨ ᠰᠤ᠋ ᠶᠢᠩ ᠪᠠᠶᠢᠩᠭᠤ ᠶᠠᠷᠢᠳᠠᠭ᠃ ᠬᠥᠪᠡᠭᠡᠲᠦ ᠰᠢᠷ᠎ᠠ ᠬᠤᠰᠢᠭᠤᠨ ᠤ ᠠᠷᠪᠠᠨ ᠵᠢᠷᠭᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢ ᠪᠣᠯᠤᠭᠰᠠᠨ ᠤ ᠬᠤᠪᠢ ᠳᠤ᠂ ᠲᠡᠷᠡ ᠶᠡᠷᠦᠨᠢ ᠠᠷᠠᠳ ᠲᠦᠮᠡᠨ ᠳᠤ | ᠦᠢᠯᠡᠴᠢᠯᠡᠬᠦ ᠶᠢ ᠬᠠᠮᠤᠭ ᠤᠨ ᠴᠢᠬᠤᠯᠠ ᠪᠠᠶᠢᠷᠢᠨ ᠳᠤ ᠲᠠᠯᠪᠢᠵᠤ᠂ ᠪᠣᠳᠠᠲᠤ ᠠᠵᠢᠯᠯᠠᠭ᠎ᠠ ᠪᠠᠷ ᠢᠶᠠᠨ ᠦᠨᠳᠦᠰᠦᠨ ᠱᠠᠲᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠪᠡᠶᠡᠯᠡᠬᠦᠯᠳᠡᠭ | ᠪᠠᠶᠢᠨ᠎ᠠ᠃ | ᠴᠧᠨ ᠰᠤ᠋ ᠶᠢᠩ ᠨᠡᠶᠢᠭᠡᠮ ᠲᠣᠭᠤᠷᠢᠭ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠴᠢᠳᠠᠯ ᠤᠨ ᠢᠶᠠᠨ ᠬᠢᠷᠢ ᠪᠠᠷ | ᠰᠠᠭᠤᠭᠠᠯᠢ ᠠᠷᠠᠳ ᠲᠤ ᠦᠢᠯᠡᠴᠢᠯᠡᠬᠦ︾ ᠵᠣᠷᠢᠯᠲᠠ ᠪᠠᠷ ᠰᠠᠶᠢᠨ ᠳᠤᠷ᠎ᠠ ᠶᠢᠨ ᠦᠢᠯᠡᠴᠢᠯᠡᠭᠡᠨ ᠤ ᠨᠠᠮ ᠤᠨ | ᠪᠠᠶᠢᠭᠤᠯᠤᠯᠲᠠ ᠶᠢᠨ ᠨᠠᠷᠠᠲᠤ ᠲᠡᠮᠳᠡᠭᠲᠦ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠵᠤ᠂ ᠡᠯ᠎ᠡ ᠲᠥᠷᠥᠯ ᠤᠨ ᠣᠨᠴᠠᠯᠢᠭ | ᠪᠥᠬᠦᠶ ᠰᠣᠶᠣᠯ ᠲᠠᠮᠢᠷ ᠤᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠰᠠᠭᠤᠭᠠᠯᠢ ᠠᠷᠠᠳ ᠤᠨ ᠰᠣᠶᠣᠯ ᠤᠨ ᠠᠮᠢᠳᠤᠷᠠᠯ ᠢ | ᠪᠠᠶᠠᠯᠢᠭᠵᠢᠭᠤᠯᠳᠠᠭ᠃ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠤᠯᠠᠨ᠂ ᠪᠦᠲᠦᠴᠡ ᠪᠤᠳᠤᠯᠢᠶᠠᠨᠲᠠᠶ᠂ | ᠠᠵᠢᠯ ᠠᠴᠠ ᠪᠠᠨ ᠠᠮᠠᠷᠠᠭᠰᠠᠨ ᠨᠠᠮ ᠤᠨ ᠭᠡᠰᠢᠭᠦᠨ ᠣᠯᠠᠨ ᠪᠣᠳᠠᠲᠤ ᠪᠠᠶᠢᠳᠠᠯ ᠳᠤ ᠴᠢᠭᠯᠡᠭᠦᠯᠦᠨ᠂ ᠲᠣᠭᠲᠠᠮᠠᠯ | ᠬᠤᠭᠤᠴᠠᠭ᠎ᠠ ᠲᠠᠢ ᠪᠠᠷ ᠨᠠᠮ ᠤᠨ ᠭᠡᠰᠢᠭᠦᠳ ᠤᠨ ᠶᠡᠭᠡ ᠬᠤᠷᠠᠯ ᠬᠤᠷᠠᠯᠳᠤᠭᠤᠯᠵᠤ᠂ ᠨᠠᠮ ᠤᠨ ᠭᠡᠰᠢᠭᠦᠨ ᠤ ᠬᠥᠮᠦᠵᠢᠯ | ᠬᠠᠮᠢᠶᠠᠷᠤᠯᠲᠠ ᠶᠢ ᠴᠢᠩᠭᠠᠳᠬᠠᠬᠤ ᠶᠢᠨ ᠬᠠᠮᠲᠤ ᠠᠳᠠᠯᠢ ᠪᠤᠰᠤ ᠨᠠᠮ ᠤᠨ ᠭᠡᠰᠢᠭᠦᠨ ᠤ ᠪᠦᠲᠦᠴᠡ ᠲᠠᠢ ᠤᠶᠠᠯᠳᠤᠭᠤᠯᠤᠨ᠂ | ᠠᠳᠠᠯᠢ ᠪᠤᠰᠤ ᠰᠤᠷᠤᠯᠴᠠᠬᠤ ᠠᠷᠭ᠎ᠠ ᠶᠢ ᠠᠪᠴᠤ᠂ ᠨᠠᠮ ᠤᠨ ᠭᠡᠰᠢᠭᠦᠨ ᠳᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠪᠠᠶᠢᠳᠠᠯ ᠢ ᠴᠠᠭ ᠲᠤᠬᠠᠶ ᠳᠤᠨᠢ ᠤᠶᠢᠯᠠᠭᠠᠭᠤᠯᠳᠠᠭ ᠪᠠᠶᠢᠨ᠎ᠠ᠃ | ᠴᠧᠨ ᠰᠤ᠋ ᠶᠢᠩ ᠰᠤᠷᠤᠭᠴᠢᠳ ᠤᠨ ᠭᠡᠷ ᠤᠨ ᠠᠬᠠᠮᠠᠳ ᠢ ᠬᠠᠪᠰᠤᠷᠤᠨ ᠠᠮᠠᠷᠠᠯᠲᠠ ᠶᠢᠨ ᠬᠤᠭᠤᠴᠠᠭᠠᠨ ᠤ ︽ᠬᠠᠷᠠᠵᠤ | ᠬᠠᠷᠠᠭᠠᠯᠵᠠᠬᠤ ᠳᠤ ᠬᠦᠴᠢᠷ︾ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠳᠤᠮᠳᠠᠳᠤ ᠤᠯᠤᠰ ᠤᠨ ᠡᠪ ᠬᠠᠮᠲᠤ | ᠵᠠᠯᠠᠭᠤᠴᠤᠳ ᠤᠨ ᠡᠪᠯᠡᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠵᠠᠯᠠᠭᠤᠴᠤᠳ ᠤᠨ | ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠡᠷᠡᠮᠡᠯᠵᠡᠯᠡᠵᠤ ᠵᠠᠰᠠᠭ ᠤᠨ ᠣᠷᠳᠣᠨ ᠠᠴᠠ ᠦᠢᠯᠡᠴᠢᠯᠡᠭᠡ ᠬᠤᠳᠠᠯᠳᠤᠨ ᠠᠪᠬᠤ | ᠲᠦᠷᠦᠯ ᠵᠦᠢᠯ ᠢ ᠤᠷᠤᠭᠤᠯᠤᠨ᠂ ᠰᠢᠯᠢ ᠶᠢᠨ ᠭᠤᠣᠯ ᠠᠶᠢᠮᠠᠭ ᠤᠨ ᠯᠠᠨ ᠬᠠᠢ ᠨᠡᠶᠢᠭᠡᠮ ᠤᠨ ᠠᠵᠢᠯ ᠤᠨ ᠦᠢᠯᠡᠴᠢᠯᠡᠭᠡ ᠶᠢᠨ | ᠲᠥᠪ ᠲᠠᠢ ᠬᠠᠮᠲᠤᠷᠠᠨ ᠠᠮᠠᠷᠠᠯᠲᠠ ᠶᠢᠨ ᠬᠤᠭᠤᠴᠠᠭᠠᠨ ᠤ ᠨᠡᠶᠢᠲᠡ ᠶᠢᠨ ᠠᠰᠠᠷᠠᠮᠵᠢ ᠶᠢᠨ ᠨᠠᠶᠢᠳᠠᠨ ᠬᠠᠮᠢᠶᠠᠷᠤᠭᠤᠯᠬᠤ | ᠠᠩᠬᠢ ᠶᠢ ᠨᠡᠭᠡᠭᠡᠵᠥ᠂ ᠠᠮᠠᠷᠠᠯᠲᠠ ᠶᠢᠨ ᠬᠤᠭᠤᠴᠠᠭᠠᠨ ᠤ ᠨᠠᠶᠢᠳᠠᠨ ᠬᠠᠮᠢᠶᠠᠷᠤᠭᠤᠯᠬᠤ ᠠᠵᠢᠯ ᠤᠨ ᠨᠠᠷᠢᠨ ᠲᠥᠰᠦᠯ᠂ | ᠲᠦᠷᠢᠮ ᠢ ᠲᠣᠭᠲᠠᠭᠠᠵᠤ᠂ ᠰᠤᠷᠤᠭᠴᠢᠳ ᠲᠤ ᠠᠵᠢᠯᠯᠠᠭᠠᠨ ᠤ ᠲᠠᠯᠠᠪᠤᠷ᠂ ᠲᠤᠨᠤᠭ ᠲᠥᠬᠦᠭᠡᠷᠦᠮᠵᠢ᠂ ᠰᠤᠷᠭᠠᠨ | ᠬᠥᠮᠦᠵᠢᠯ ᠤᠨ ᠡᠬᠢ ᠪᠠᠶᠠᠯᠢᠭ ᠵᠡᠷᠭᠡ ᠦᠢᠯᠡᠴᠢᠯᠡᠭᠡ ᠬᠠᠩᠭᠠᠵᠤ ᠂ ᠰᠠᠭᠤᠭᠠᠯᠢ ᠠᠷᠠᠳ᠂ ᠬᠡᠷ ᠤᠨ ᠠᠬᠠᠮᠠᠳ ᠤᠨ | ᠲᠠᠭᠠᠰᠢᠶᠠᠯ ᠢ ᠣᠯᠵᠠᠢ᠃ | ᠠᠷᠠᠳ ᠤᠨ ᠲᠥᠯᠥᠭᠡᠯᠡᠭᠴᠢ ᠪᠠᠷ ᠰᠣᠩᠭᠤᠭᠳᠠᠭᠰᠠᠨ ᠠᠴᠠ ᠨᠠᠰᠢ᠂ ᠴᠧᠨ ᠰᠤ᠋ ᠶᠢᠩ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠵᠦ᠂ ᠤᠯᠠᠨ ᠲᠦᠮᠡᠨ ᠤ ᠰᠠᠨᠠᠯ ᠰᠠᠨᠠᠭᠤᠯᠭ᠎ᠠ ᠶᠢ ᠠᠩᠬᠠᠷᠤᠨ ᠴᠤᠭᠯᠠᠭᠤᠯᠵᠤ᠂ ︽ᠭᠤᠤᠯ ᠳᠠᠭᠠᠭᠰᠠᠨ | ᠦᠵᠡᠮᠵᠢ ᠶᠢᠨ ᠣᠷᠣᠨ ᠤ ᠠᠭᠤᠳᠠᠮ ᠲᠠᠯᠠᠪᠠᠶ ᠶᠢ ᠨᠤᠭᠤᠭᠠᠷᠠᠭᠤᠯᠬᠤ ᠲᠤᠬᠠᠶ ᠰᠠᠨᠠᠭᠤᠯᠭ᠎ᠠ︾᠂ ︽ᠪᠡᠶ᠎ᠡ ᠴᠢᠭᠢᠷᠠᠭᠵᠢᠭᠤᠯᠬᠤ | ᠠᠵᠢᠯ ᠢ ᠴᠢᠩᠭᠠᠳᠬᠠᠬᠤ ᠲᠤᠬᠠᠶ ᠰᠠᠨᠠᠭᠤᠯᠭ᠎ᠠ︾ ᠵᠡᠷᠭᠡ 6 ᠵᠤᠷᠪᠤᠰ ᠰᠠᠨᠠᠭᠤᠯᠭ᠎ᠠ ᠳᠤᠷᠠᠳᠴᠤ᠂ ᠰᠠᠶᠢᠨ ᠰᠠᠶᠢᠬᠠᠨ | ᠨᠡᠶᠢᠭᠡᠮ ᠤᠨ ᠦᠷ᠎ᠡ ᠠᠰᠢᠭ ᠣᠯᠤᠭᠰᠠᠨ ᠪᠠᠶᠢᠨ᠎ᠠ᠃ | ᠴᠧᠨ ᠰᠤ᠋ ᠶᠢᠩ ᠤᠨ ᠳᠠᠭᠠᠭᠤᠯᠭ᠎ᠠ ᠪᠠᠷ 2014 ᠣᠨ ᠳᠤ ᠮᠠᠨᠳᠤᠯ᠎ᠠ ᠨᠡᠶᠢᠭᠡᠮ ᠲᠣᠭᠤᠷᠢᠭ ᠤᠨ ᠨᠠᠮ ᠤᠨ ᠡᠭᠦᠷ ︽ | ᠥᠪᠡᠷᠲᠡᠭᠡᠨ ᠵᠠᠰᠠᠬᠤ ᠣᠷᠣᠨ ᠤ ᠦᠢᠯᠡᠴᠢᠯᠡᠭᠡᠨ ᠤ ᠮᠠᠶ᠋ᠢᠭ ᠤᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ | ︾ ᠶᠢᠨ ᠵᠢᠱᠢᠶ᠎ᠡ ᠦᠵᠡᠭᠦᠯᠬᠦ ᠴᠡᠭ ᠤᠨ ᠢᠷᠠᠭᠤ ᠠᠯᠳᠠᠷ ᠢ ᠬᠦᠷᠲᠡᠵᠥ᠂ ᠲᠡᠷᠡ ᠥᠪᠡᠷ ᠢᠶᠠᠨ ᠴᠦ ᠥᠪᠡᠷᠲᠡᠭᠡᠨ ᠵᠠᠰᠠᠬᠤ | ᠣᠷᠣᠨ ᠤ ︽3 · 8︾ ᠵᠢᠨᠤᠯᠠᠭᠠᠨ ᠲᠤᠭᠴᠢ᠂ ᠪᠦᠬᠦ ᠬᠤᠰᠢᠭᠤᠨ ᠤ ᠰᠢᠯᠢᠳᠡᠭ ᠭᠠᠴᠠᠭ᠎ᠠ ᠨᠡᠶᠢᠭᠡᠮ ᠲᠣᠭᠤᠷᠢᠭ ᠤᠨ | ᠨᠠᠮ ᠤᠨ ᠡᠭᠦᠷ ᠤᠨ ᠱᠦᠵᠢ᠂ ᠪᠦᠬᠦ ᠬᠤᠰᠢᠭᠤᠨ ᠤ ᠠᠷᠪᠠᠨ ᠰᠢᠯᠢᠳᠡᠭ ᠡᠮᠡᠭᠲᠡᠶᠢᠴᠦᠳ ᠤᠨ ᠵᠢᠱᠢᠶᠡᠴᠢ᠂ ᠪᠦᠬᠦ | ᠠᠶᠢᠮᠠᠭ ᠤᠨ ︽3 · 8︾ ᠶᠢᠨ ᠤᠯᠠᠭᠠᠨ ᠲᠤᠭᠴᠢ᠂ ᠪᠦᠬᠦ ᠠᠶᠢᠮᠠᠭ ᠤᠨ ᠬᠤᠶᠢᠴᠢ ᠦᠶ᠎ᠡ ᠶᠢ ᠬᠠᠯᠠᠮᠵᠢᠯᠠᠭᠰᠠᠨ | ᠲᠡᠷᠢᠭᠦᠨ ᠤ ᠠᠵᠢᠯᠳᠠᠨ ᠵᠡᠷᠭᠡ ᠮᠠᠰᠢ ᠠᠷᠪᠢᠨ ᠱᠠᠩᠨᠠᠯ ᠬᠦᠬᠢᠭᠦᠯᠥᠯ ᠢᠶᠠᠷ ᠡᠩᠭᠡᠷ ᠢᠶᠠᠨ ᠮᠢᠯᠢᠶᠠᠯᠭᠠᠵᠠᠢ᠃ | ︽ᠨᠡᠶᠢᠭᠡᠮ ᠲᠣᠭᠤᠷᠢᠭ ᠤᠨ ᠲᠠᠭᠠᠭᠤᠯᠤᠬᠴᠢ ᠪᠣᠯᠤᠭᠰᠠᠨ ᠤ ᠬᠤᠪᠢ ᠳᠤ᠂ ᠪᠢ ᠪᠡᠶ᠎ᠡ ᠪᠠᠷ ᠢᠶᠠᠨ ᠬᠡᠪ ᠳᠠᠭᠤᠷᠢᠶᠠᠯ ᠪᠤᠯᠵᠤ᠂ | ᠴᠠᠭ ᠢᠮᠠᠭᠲᠠ ᠨᠠᠮ ᠤᠨ ᠵᠣᠷᠢᠯᠲᠠ ᠶᠢ ᠪᠠᠲᠤ ᠴᠡᠭᠡᠵᠢᠯᠡᠵᠦ᠂ ᠠᠷᠠᠳ ᠤᠯᠠᠨ ᠢ ᠰᠡᠳᠬᠢᠯ ᠳᠡᠭᠡᠨ ᠪᠤᠳᠤᠵᠤ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠭᠦᠷᠭᠡ ᠴᠢᠳᠠᠪᠬᠢ ᠶᠢ ᠪᠠᠳᠠᠷᠠᠭᠤᠯᠵᠤ᠂ ᠦᠨᠳᠦᠰᠦᠨ | ᠱᠠᠲᠤᠨ ᠳᠤ ᠢᠯᠡᠭᠦᠬᠡᠨ ᠭᠦᠨᠵᠡᠭᠡᠶᠢᠷᠡᠵᠦ᠂ ᠠᠷᠠᠳ ᠤᠨ ᠪᠠᠶᠢᠳᠠᠯ ᠢ ᠣᠶᠢᠯᠠᠭᠠᠵᠤ᠂ ᠠᠷᠠᠳ ᠤᠨ ᠰᠠᠨᠠᠭ᠎ᠠ ᠶᠢ ᠢᠳᠡᠪᠬᠢᠲᠡᠢ | ᠲᠤᠰᠬᠠᠨ᠎ᠠ︔ ᠨᠡᠶᠢᠭᠡᠮ ᠲᠣᠭᠤᠷᠢᠭ ᠤᠨ ᠬᠤᠶᠠᠷ ᠵᠥᠪᠯᠡᠯ ᠤᠨ ᠬᠢᠨ ᠢᠶᠠᠨ ᠳᠠᠭᠠᠭᠤᠯᠤᠨ᠂ ᠯᠠᠪᠳᠠᠭᠤᠨ ᠪᠠᠲᠤᠲᠠᠢ ᠠᠵᠢᠯᠯᠠᠵᠤ | ᠂ ᠨᠡᠶᠢᠭᠡᠮ ᠲᠣᠭᠤᠷᠢᠭ ᠤᠨ ᠠᠵᠢᠯ ᠢᠶᠠᠨ ᠨᠡᠩ ᠰᠠᠶᠢᠨ ᠬᠢᠨ᠎ᠡ︾ ᠴᠧᠨ ᠰᠤ᠋ ᠶᠢᠩ ᠰᠤᠷᠪᠤᠯᠵᠢᠯᠠᠭᠴᠢ ᠳᠤ ᠶᠠᠷᠢᠯ᠎ᠠ᠃ |