ᠬᠦᠬᠡ ᠣᠭᠲᠠᠷᠭᠤᠢ ᠶᠢ ᠬᠠᠮᠠᠭᠠᠯᠠᠬᠤ ᠳᠠᠶᠢᠯᠠᠯᠳᠤᠭᠠᠨ ᠤ ᠳᠠᠯ᠎ᠠ ᠪᠠᠷ᠄ | ᠡᠨᠡ ᠵᠢᠯ ᠤᠨ 1-10 ᠰᠠᠷ᠎ᠠ ᠶᠢᠨ ᠮᠠᠨ ᠤ ᠬᠤᠰᠢᠭᠤᠨ ᠤ ᠠᠭᠠᠷ ᠮᠠᠨᠳᠠᠯ ᠤᠨ ᠰᠢᠯᠢᠳᠡᠭ ᠡᠳᠦᠷ ᠤᠨ ᠲᠤᠭ᠎ᠠ 92. | 5% ᠳᠤ ᠬᠦᠷᠴᠦ᠂ ᠪᠥᠬᠦ ᠣᠷᠣᠨ ︵103 ᠬᠤᠰᠢᠭᠤ ᠰᠢᠶᠠᠨ︶ ᠳᠤ 17 ᠳ᠋ᠤᠭᠠᠷ ᠳᠤ ᠵᠢᠭᠰᠠᠭᠠᠭᠳᠠᠵᠤ᠂ ᠥᠪᠡᠷᠲᠡᠭᠡᠨ | ᠵᠠᠰᠠᠬᠤ ᠣᠷᠣᠨ ᠤ ᠳᠤᠮᠳᠠᠴᠢ ᠲᠤᠭ᠎ᠠ ᠠᠴᠠ ᠥᠨᠳᠥᠷ ᠪᠠᠶᠢᠨ᠎ᠠ︔ ᠡᠯᠡᠰᠦᠨ ᠰᠢᠭᠤᠷᠭ᠎ᠠ ᠲᠠᠢ ᠴᠠᠭ ᠠᠭᠤᠷ ᠢ ᠬᠢᠨᠠᠨ | ᠬᠡᠮᠵᠢᠬᠦ ᠥᠷᠲᠡᠭᠡ ᠶᠢ ᠰᠢᠨ᠎ᠡ ᠪᠠᠷ ᠪᠠᠶᠢᠭᠤᠯᠵᠤ᠂ ᠮᠠᠨ ᠤ ᠬᠤᠰᠢᠭᠤᠨ ᠤ ᠠᠩᠬᠠᠳᠠᠭᠴᠢ ᠡᠯᠡᠰᠦᠨ ᠰᠢᠭᠤᠷᠭ᠎ᠠ ᠶᠢᠨ ᠴᠠᠭ | ᠠᠭᠤᠷ ᠤᠨ ᠠᠦ᠋ᠲ᠋ᠣ᠋ ᠬᠢᠨᠠᠨ ᠬᠡᠮᠵᠢᠯᠲᠡ ᠶᠢ ᠪᠡᠶᠡᠯᠡᠭᠦᠯᠵᠦ᠂ ᠥᠷᠲᠡᠭᠡ ᠴᠡᠭ ᠢ ᠪᠠᠶᠢᠭᠤᠯᠤᠨ ᠠᠰᠢᠭᠯᠠᠯᠲᠠ ᠳᠤ | ᠣᠷᠣᠭᠤᠯᠤᠭᠰᠠᠨ ᠤ ᠳᠠᠷᠠᠭ᠎ᠠ ᠡᠯᠡᠰᠦᠨ ᠰᠢᠭᠤᠷᠭ᠎ᠠ ᠲᠠᠢ ᠴᠠᠭ ᠠᠭᠤᠷ ᠢ ᠤᠷᠢᠳᠴᠢᠯᠠᠨ ᠮᠡᠳᠡᠭᠡᠯᠡᠵᠦ ᠤᠷᠢᠳᠴᠢᠯᠠᠨ | ᠰᠡᠷᠡᠮᠵᠢᠯᠡᠭᠦᠯᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠯᠡᠰᠦᠷᠭᠡᠭᠵᠢᠯ ᠢ ᠵᠠᠰᠠᠬᠤ ᠳᠤ ᠪᠠᠲᠤ ᠪᠠᠬᠢ | ᠣᠨᠣᠯ ᠤᠨ ᠦᠨᠳᠦᠰᠦᠯᠡᠯ ᠬᠠᠩᠭᠠᠵᠤ᠂ ᠤᠯᠤᠰ ᠤᠨ ᠡᠯᠡᠰᠦᠨ ᠰᠢᠭᠤᠷᠭ᠎ᠠ ᠲᠠᠢ ᠴᠠᠭ ᠠᠭᠤᠷ ᠤᠨ ᠶᠠᠪᠤᠴᠠ ᠵᠢᠴᠢ | ᠪᠦᠲᠦᠭᠰᠡᠨ ᠰᠢᠯᠲᠠᠭᠠᠨ ᠢ ᠵᠠᠳᠠᠯᠤᠨ ᠰᠤᠳᠤᠯᠬᠤ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ | ᠴᠡᠩᠭᠡᠭ ᠤᠰᠤ ᠶᠢ ᠬᠠᠮᠠᠭᠠᠯᠠᠬᠤ ᠳᠠᠶᠢᠯᠠᠯᠳᠤᠭᠠᠨ ᠤ ᠲᠠᠯ᠎ᠠ ᠪᠠᠷ᠄ | ᠮᠠᠨ ᠤ ᠬᠤᠰᠢᠭᠤᠨ ᠤ ᠬᠥᠪᠡᠭᠡᠲᠦ ᠰᠢᠷ᠎ᠠ ᠬᠤᠰᠢᠭᠤᠨ ᠤ ᠰᠢᠨᠡᠪᠤᠯᠠᠭ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ | ᠦᠢᠯᠡᠳᠪᠦᠷᠢ ᠶᠢᠨ ᠭᠠᠳᠠᠭᠰᠢᠯᠠᠭᠤᠯᠤᠭᠰᠠᠨ ᠪᠣᠬᠢᠷ ᠤᠰᠤ ᠶᠢ ᠬᠥᠮᠦᠨ ᠤ ᠬᠦᠴᠦᠨ ᠢᠶᠠᠷ ᠨᠤᠭᠤ ᠭᠠᠵᠠᠷ ᠪᠣᠯᠭᠠᠨ | ᠦᠭᠡᠷᠡᠴᠢᠯᠡᠬᠦ ᠲᠥᠷᠥᠯ ᠵᠦᠢᠯ ᠨᠢ ᠣᠲᠣ ᠨᠢᠭᠡᠨᠲᠡ ᠭᠤᠤᠯ ᠴᠣᠭᠴᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ | ᠪᠡᠶᠡᠯᠡᠭᠦᠯᠵᠦ᠂ ᠲᠥᠷᠥᠯ ᠵᠦᠢᠯ ᠢ ᠪᠠᠶᠢᠭᠤᠯᠵᠤ ᠳᠠᠭᠤᠰᠬᠠᠭᠰᠠᠨ ᠤ ᠳᠠᠷᠠᠭ᠎ᠠ ᠵᠢᠯ ᠤᠨ ᠤᠰᠤᠨ ᠤ ᠴᠢᠨᠠᠷ ᠢ ︽ᠭᠠᠵᠠᠷ | ᠳᠡᠭᠡᠷᠡᠬᠢ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠤᠨ ᠪᠠᠷᠢᠮᠵᠢᠶ᠎ᠠ ︵GB3838 - 2002︶︾ V | ᠲᠥᠷᠥᠯ ᠤᠨ ᠪᠠᠷᠢᠮᠵᠢᠶ᠎ᠠ ᠳᠤ ᠬᠦᠷᠦᠭᠦᠯᠵᠦ᠂ ᠪᠥᠬᠦ ᠵᠢᠯ ᠳᠤ COD 10.9 ᠲᠣᠨ᠂ ᠰᠢᠪᠲᠦᠷᠲᠦ ᠠᠽᠣᠲ 3.3 ᠲᠣᠨ | ᠂ ᠶᠡᠷᠦᠩᠬᠡᠢ ᠹᠣᠰᠹᠣᠷ 0.1 ᠲᠣᠨ ᠪᠠᠭᠠᠰᠬᠠᠵᠦ᠂ ᠭᠠᠳᠠᠭᠰᠢᠯᠠᠭᠤᠯᠤᠭᠰᠠᠨ ᠪᠣᠬᠢᠷ ᠤᠰᠤ ᠶᠢ ᠲᠠᠷᠢᠶᠠᠯᠠᠩ ᠮᠠᠯ ᠠᠵᠤ ᠠᠬᠤᠶ᠂ | ᠬᠤᠲᠠ ᠶᠢᠨ ᠶᠠᠪᠤᠳᠠᠯ ᠤᠨ ᠤᠰᠤ᠂ ᠦᠵᠡᠮᠵᠢ ᠶᠢᠨ ᠭᠠᠵᠠᠷ ᠵᠢᠴᠢ ᠠᠵᠤ ᠦᠢᠯᠡᠳᠪᠦᠷᠢ ᠳᠤ ᠬᠡᠷᠡᠭᠯᠡᠵᠦ᠂ ᠮᠠᠨ ᠤ | ᠬᠤᠰᠢᠭᠤᠨ ᠤ ᠤᠰᠤᠨ ᠤ ᠡᠬᠢ ᠪᠠᠶᠠᠯᠢᠭ ᠤᠨ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠭᠠᠵᠠᠷ ᠳᠣᠤᠷᠠᠬᠢ | ᠤᠰᠤᠨ ᠤ ᠡᠬᠢ ᠪᠠᠶᠠᠯᠢᠭ ᠢ 31.2 ᠲᠦᠮᠡᠨ ᠪᠣᠰᠤᠭ᠎ᠠ ᠳᠥᠷᠪᠡᠯᠵᠢᠨ ᠮᠧᠳ᠋ᠷ ᠠᠷᠪᠢᠯᠠᠵᠤ᠂ ᠡᠪᠦᠯ ᠤᠨ ᠤᠯᠠᠷᠢᠯ᠂ ᠵᠣᠨ ᠤ | ᠤᠰᠤᠨ ᠤ ᠬᠠᠳᠠᠭᠠᠯᠠᠯᠲᠠ ᠶᠢᠨ ᠬᠠᠷᠠᠯᠲᠠ ᠶᠢ ᠪᠡᠶᠡᠯᠡᠭᠦᠯᠬᠦ ᠶᠢᠨ ᠬᠠᠮᠲᠤ᠂ ᠲᠥᠷᠥᠯ ᠵᠦᠢᠯ ᠢ ᠬᠡᠷᠡᠭᠵᠢᠭᠦᠯᠬᠦ ᠨᠢ ᠣᠷᠣᠨ | ᠪᠦᠰᠡ ᠶᠢᠨ ᠣᠷᠴᠢᠨ ᠲᠣᠭᠤᠷᠢᠨ ᠤ ᠰᠠᠶᠢᠵᠢᠷᠠᠯᠲᠠ ᠶᠢ ᠠᠬᠢᠭᠤᠯᠬᠤ ᠳᠤ ᠢᠯᠡᠳᠲᠡ ᠦᠢᠯᠡᠳᠦᠯ ᠦᠵᠡᠭᠦᠯᠬᠦ ᠪᠣᠯᠤᠨ᠎ᠠ᠃ | ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠤ ᠲᠠᠯ᠎ᠠ ᠪᠠᠷ᠄ | 2024 ᠣᠨ ᠳᠤ ᠮᠠᠨ ᠤ ᠬᠤᠰᠢᠭᠤ ᠬᠠᠶᠠᠭᠳᠠᠮᠠᠯ ᠠᠵᠤ ᠠᠬᠤᠶᠢᠯᠠᠯ ᠢ ᠳᠠᠩᠰᠠᠯᠠᠨ ᠲᠡᠮᠳᠡᠭᠯᠡᠬᠦ᠂ ᠳᠠᠩᠰᠠᠯᠠᠨ | ᠬᠠᠮᠢᠶᠠᠷᠬᠤ ᠲᠥᠯᠥᠪᠯᠡᠭᠡ ᠶᠢ 42 ᠪᠡᠶᠡᠯᠡᠭᠦᠯᠪᠡ᠃ 1 ᠰᠠᠷ᠎ᠠ ᠠᠴᠠ 10 ᠰᠠᠷ᠎ᠠ ᠪᠣᠯᠲᠠᠯ᠎ᠠ ᠨᠡᠶᠢᠲᠡ 52 ᠬᠢᠨᠠᠨ | ᠵᠢᠯᠣᠭᠤᠳᠴᠤ ᠪᠠᠶᠢᠴᠠᠭᠠᠬᠤ ᠳᠤᠭᠤᠶᠢᠯᠠᠩ ᠢ ᠪᠠᠶᠢᠭᠤᠯᠵᠤ᠂ 147 ᠤᠳᠠᠭ᠎ᠠ ᠬᠠᠪᠰᠤᠷᠤᠨ ᠲᠡᠳᠬᠦᠵᠦ᠂ 4 ᠳᠠᠯᠳᠠ | ᠬᠡᠮ ᠤᠨ ᠠᠰᠠᠭᠤᠳᠠᠯ ᠢ ᠢᠯᠡᠷᠡᠭᠦᠯᠵᠦ᠂ ᠣᠲᠣ ᠨᠢᠭᠡᠨᠲᠡ ᠪᠦᠬᠦᠨ ᠢ ᠴᠡᠭᠴᠡᠯᠡᠨ ᠰᠠᠶᠢᠵᠢᠷᠠᠭᠤᠯᠪᠠ᠃ 2024 ᠣᠨ ᠤ | ᠭᠤᠷᠪᠠᠳᠤᠭᠠᠷ ᠤᠯᠠᠷᠢᠯ ᠤᠨ ᠮᠠᠯᠵᠢᠬᠤ ᠲᠠᠷᠢᠶᠠᠯᠠᠬᠤ ᠣᠷᠣᠨ ᠤ ᠪᠣᠬᠢᠷ ᠦᠮᠡᠬᠡᠶ ᠤᠰᠤᠨ ᠴᠣᠭᠴᠠ ᠶᠢ ᠵᠢᠭᠰᠠᠭᠠᠨ | ᠪᠠᠶᠢᠴᠠᠭᠠᠭᠰᠠᠨ ᠪᠠᠶᠢᠳᠠᠯ ᠢ ᠨᠢᠭᠡᠨᠲᠡ ᠵᠠᠰᠠᠭ ᠤᠨ ᠣᠷᠳᠣᠨ ᠤ ᠰᠦᠯᠵᠢᠶ᠎ᠡ ᠳᠤ ᠢᠯᠡ ᠨᠡᠶᠢᠲᠡᠯᠡᠪᠡ᠃ ᠮᠠᠨ ᠤ ᠬᠤᠰᠢᠭᠤᠨ ᠤ | 3 ᠵᠠᠰᠠᠭ ᠵᠠᠬᠢᠷᠭᠠᠨ ᠤ ᠲᠣᠰᠬᠤᠨ ︵ᠭᠠᠴᠠᠭ᠎ᠠ︶ ᠤ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ ᠤᠰᠤ ᠶᠢ | ᠵᠠᠰᠠᠬᠤ ᠡᠭᠦᠷᠭᠡ ᠶᠢ ᠨᠢᠭᠡᠨᠲᠡ ᠪᠡᠶᠡᠯᠡᠭᠦᠯᠪᠡ᠃ |