︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ | ᠲᠦᠮᠡᠨ ᠤ ᠬᠥᠮᠦᠵᠢᠯ ᠦᠶᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ | ᠶᠢᠨ ᠲᠥᠯᠥᠭᠡ᠂ 3 ᠰᠠᠷ᠎ᠠ ᠶᠢᠨ 4 ᠤ ᠡᠳᠦᠷ ᠤᠨ ᠦᠳᠡ ᠶᠢᠨ ᠡᠮᠦᠨ᠎ᠡ᠂ ᠰᠤᠮᠤᠨ ᠤ ᠨᠠᠮ ᠤᠨ ᠬᠤᠷᠢᠶᠠᠨ ᠤ | ᠳᠡᠳ᠋ ᠱᠦᠵᠢ᠂ ᠰᠤᠮᠤᠨ ᠳᠠᠷᠤᠭ᠎ᠠ ᠲᠦᠩ ᠯᠢᠶᠠᠩ ᠨᠦᠬᠦᠷ ᠠᠴᠠ ︽ᠵᠢᠷᠭᠤᠭᠠᠨ ᠥᠭᠦᠯᠡᠪᠦᠷᠢ ᠦᠭᠡ︾ ᠶᠢᠨ | ᠪᠣᠳᠠᠲᠤ ᠶᠠᠪᠤᠳᠠᠯ ᠪᠠ ᠶᠣᠰᠣ ᠤᠴᠢᠷ ᠶᠢᠨ ᠲᠤᠭᠤᠷᠢᠨ ᠳᠤ᠂ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ | ᠶᠢ ᠰᠣᠨᠣᠰᠴᠤ᠂ ᠨᠠᠮ ᠢᠶᠠᠨ ᠳᠠᠭᠠᠬᠤ︾ ᠪᠠᠷ ᠭᠤᠤᠯ ᠰᠡᠳᠦᠪ ᠪᠣᠯᠭᠠᠨ ᠤᠬᠠᠭᠤᠯᠤᠨ ᠲᠠᠶᠢᠯᠪᠤᠷᠢᠯᠠᠪᠠ᠃ ᠰᠣᠮᠣᠨ ᠤ | ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠪᠥᠬᠦ ᠨᠠᠮ ᠤᠨ ᠭᠡᠰᠢᠭᠦᠨ ᠺᠠᠳ᠋ᠷ ᠠᠵᠢᠯᠳᠠᠨ ᠨᠡᠶᠢᠲᠡ | 50 ᠭᠠᠷᠤᠶ ᠬᠥᠮᠦᠨ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠲᠦᠩ ᠯᠢᠶᠠᠩ ᠨᠦᠬᠦᠷ ᠠᠴᠠ︽ᠵᠢᠷᠭᠤᠭᠠᠨ ᠥᠭᠦᠯᠡᠪᠦᠷᠢ ᠦᠭᠡ︾ ᠶᠢᠨ ᠪᠣᠳᠠᠲᠤ ᠶᠠᠪᠤᠳᠠᠯ | ᠪᠠ ᠶᠣᠰᠣ ᠤᠴᠢᠷ ᠪᠠᠷ ᠭᠤᠣᠯ ᠰᠡᠳᠦᠪ ᠪᠣᠯᠭᠠᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠷᠡᠯ | ᠰᠠᠴᠤᠷᠠᠩᠭᠤᠶ ᠲᠡᠦᠬᠡᠨ ᠶᠠᠪᠤᠴᠠ ᠶᠢ ᠡᠷᠬᠢᠴᠡᠬᠦᠯᠵᠦ᠂ ᠨᠠᠮ ᠤᠨ ᠥᠪᠥᠷ ᠮᠣᠩᠭᠤᠯ ᠳᠠᠬᠢ ᠲᠡᠦᠬᠡ ᠵᠢᠴᠢ ᠶᠡᠷᠦᠩᠬᠡᠢ | ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠠᠯᠠᠮᠵᠢᠯᠠᠨ | ᠬᠠᠶᠢᠷᠠᠯᠠᠭᠰᠠᠨ ᠪᠠ ᠥᠪᠥᠷ ᠮᠣᠩᠭᠤᠯ ᠤᠨ ᠬᠥᠭᠵᠢᠯᠲᠡ ᠳᠤ ᠨᠠᠨᠳᠢᠨ ᠬᠦᠰᠡᠯ ᠲᠠᠯᠪᠢᠭᠰᠠᠨ ᠵᠡᠷᠭᠡ ᠬᠡᠳᠦᠨ ᠲᠠᠯ᠎ᠠ | ᠠᠴᠠ᠂ ᠥᠪᠥᠷ ᠮᠣᠩᠭᠤᠯ ᠣᠷᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠮᠤᠭ ᠤᠨ ᠡᠷᠲᠡ ᠨᠠᠮ ᠤᠨ | ᠵᠣᠬᠢᠶᠠᠨ ᠪᠠᠶᠢᠭᠤᠯᠤᠯᠲᠠ ᠪᠠᠶᠢᠭᠤᠯᠤᠭᠰᠠᠨ ᠦᠨᠳᠦᠰᠦᠲᠡᠨ ᠤ ᠭᠠᠵᠠᠷ ᠣᠷᠣᠨ ᠮᠥᠨ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠭᠤᠳ | ᠤᠳᠤᠷᠢᠳᠤᠯᠭ᠎ᠠ ᠳᠣᠣᠷ᠎ᠠ ᠪᠠᠶᠢᠭᠤᠯᠤᠭᠳᠠᠭᠰᠠᠨ ᠶᠤᠮ᠂ ᠥᠪᠥᠷ ᠮᠣᠩᠭᠤᠯ ᠪᠣᠯ ᠨᠠᠮ ᠤᠨ ᠲᠥᠪ ᠬᠤᠷᠢᠶᠠᠨ ᠤ | ᠳᠡᠮᠵᠢᠯᠭᠡ | ᠳᠣᠣᠷ᠎ᠠ ᠬᠥᠭᠵᠢᠵᠦ ᠢᠷᠡᠭᠰᠡᠨ ᠶᠤᠮ᠂ ᠥᠪᠥᠷ ᠮᠣᠩᠭᠤᠯ ᠤᠨ ᠠᠵᠢᠯ ᠤᠨ ᠳᠤᠮᠳᠠ ᠢᠯᠡᠷᠡᠭᠰᠡᠨ ᠴᠢᠬᠤᠯᠠ | ᠶᠡᠭᠡ ᠠᠯᠳᠠᠭ᠎ᠠ ᠶᠢ ᠴᠥᠮ ᠨᠠᠮ ᠤᠨ ᠲᠥᠪ ᠬᠤᠷᠢᠶ᠎ᠠ ᠠᠴᠠ ᠬᠠᠪᠰᠤᠷᠤᠨ ᠵᠠᠯᠠᠷᠠᠭᠤᠯᠪᠠ᠂ ᠥᠪᠥᠷ ᠮᠣᠩᠭᠤᠯ ᠤᠨ | ᠰᠢᠨ᠎ᠡ ᠴᠠᠭ ᠦᠶ᠎ᠡ ᠶᠢᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠪᠣᠯ ᠶᠡᠷᠦᠩᠬᠡᠢ ᠱᠦᠵᠢ ᠰᠢ ᠶᠢᠨ ᠫᠢᠩ ᠤᠨ | ᠳᠣᠲᠣᠨᠣ ᠬᠠᠯᠠᠮᠵᠢᠯᠠᠯ ᠪᠠ ᠵᠢᠯᠤᠭᠤᠳᠤᠯᠭ᠎ᠠ ᠳᠣᠣᠷ᠎ᠠ ᠣᠯᠤᠭᠰᠠᠨ ᠶᠤᠮ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠵᠢᠱᠢᠶᠡᠴᠢ ᠨᠢ ᠨᠠᠮ ᠤᠨ ᠦᠭᠡ ᠶᠢ ᠰᠣᠨᠣᠰᠬᠤ ᠳᠡᠭᠡᠷ᠎ᠡ ᠪᠠᠶᠢᠨ᠎ᠠ ᠬᠡᠬᠦ ᠵᠢᠷᠭᠤᠭᠠᠨ ᠥᠭᠦᠯᠡᠪᠦᠷᠢ | ᠦᠭᠡ ᠶᠢᠨ ᠠᠭᠤᠯᠭ᠎ᠠ ᠵᠢᠴᠢ ᠠᠴᠢ ᠬᠤᠯᠪᠣᠭᠳᠠᠯ ᠢ ᠨᠠᠷᠢᠨ ᠳᠠᠶᠢᠯᠪᠣᠷᠢᠯᠠᠵᠦ᠂ ᠨᠠᠮ ᠤᠨ ᠭᠡᠰᠢᠭᠦᠨ ᠺᠠᠳ᠋ᠷ ᠪᠣᠯᠤᠨ | ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ︽ᠵᠢᠷᠭᠤᠭᠠᠨ ᠥᠭᠦᠯᠡᠪᠦᠷᠢ | ᠦᠭᠡ︾ ᠶᠢᠨ ᠪᠣᠳᠠᠲᠤ ᠬᠡᠷᠡᠭ ᠪᠠ ᠶᠣᠰᠣ ᠤᠴᠢᠷ ᠢ ᠭᠦᠨᠵᠡᠭᠡᠶ ᠲᠠᠨᠢᠭᠤᠯᠵᠦ᠂ ᠦᠵᠡᠯ ᠰᠠᠨᠠᠭᠠᠨ ᠤ ᠮᠡᠳᠡᠷᠡᠮᠵᠢ ᠪᠠ | ᠦᠢᠯᠡ ᠠᠵᠢᠯᠯᠠᠭᠠᠨ ᠤ ᠬᠦᠷᠢᠶᠡᠯᠡᠯ ᠢ ᠢᠮᠠᠭᠲᠠ ᠪᠡᠶᠡᠯᠡᠬᠦᠯᠬᠦ ᠶᠢ ᠱᠠᠭᠠᠷᠳᠠᠪᠠ᠃ | ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠯᠲᠠ ᠨᠢ ᠺᠠᠳ᠋ᠷ ᠠᠵᠢᠯᠲᠠᠨ ᠤ ︽ᠵᠢᠷᠭᠤᠭᠠᠨ ᠥᠭᠦᠯᠡᠪᠦᠷᠢ ᠦᠭᠡ︾ | ᠶᠢᠨ ᠪᠣᠳᠠᠲᠤ ᠬᠡᠷᠡᠭ ᠪᠠ ᠶᠣᠰᠣ ᠤᠴᠢᠷ ᠤᠨ ᠲᠤᠬᠠᠶ ᠣᠶᠢᠯᠠᠭᠠᠯᠲᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ | ᠡᠷᠦᠬᠡ ᠳᠤ ᠬᠦᠷᠴᠦ ᠤᠬᠠᠭᠤᠯᠤᠨ ᠲᠠᠶᠢᠯᠪᠤᠷᠢᠯᠠᠬᠤ ᠳᠤ ᠯᠠᠪᠳᠠᠭᠤᠨ ᠪᠠᠲᠤᠲᠠᠶ ᠣᠨᠣᠯ ᠤᠨ ᠰᠠᠭᠤᠷᠢ ᠶᠢ ᠲᠠᠯᠪᠢᠵᠤ | ᠥᠭᠭᠦᠭᠰᠡᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠪᠣᠭᠳᠠ ᠶᠢᠨ ᠭᠤᠤᠯ ᠰᠤᠮᠤ ᠨᠢ ᠣᠨᠣᠯ ᠤᠨ | ᠰᠤᠷᠤᠯᠴᠠᠯᠭ᠎ᠠ ᠶᠢᠨ ᠦᠷ᠎ᠡ ᠪᠦᠲᠦᠭᠡᠯ ᠢ ᠦᠨᠡᠨ ᠬᠦ ᠠᠵᠢᠯ ᠤᠨ ᠦᠶᠯᠡᠳᠦᠯᠭᠡ ᠪᠣᠯᠭᠠᠨ ᠬᠤᠪᠢᠷᠠᠭᠤᠯᠵᠤ᠂ ᠨᠠᠮ ᠤᠨ | ᠳᠣᠲᠣᠭᠠᠳᠤ ᠶᠢᠨ ᠰᠢᠨ᠎ᠡ ᠶᠢ ᠡᠭᠦᠳᠬᠦ ᠣᠨᠣᠯ ᠢ ︽ᠡᠬᠡᠯ ᠠᠷᠠᠳ ᠤᠨ ᠬᠡᠷ ᠲᠤ ᠬᠦᠷᠬᠡᠬᠦ︾ ᠶᠢ ᠤᠯᠠᠮ ᠨᠢᠭᠡ | ᠠᠯᠬᠤᠮ ᠠᠬᠢᠭᠤᠯᠵᠤ᠂ ᠪᠥᠬᠦ ᠰᠤᠮᠤᠨ ᠤ ᠺᠠᠳ᠋ᠷ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠬᠦᠰᠡᠯᠡᠩ | ᠢᠲᠡᠭᠡᠯ ᠪᠢᠰᠢᠷᠡᠯ ᠢᠶᠠᠨ ᠪᠠᠲᠤᠳᠬᠠᠵᠤ᠂ ᠢᠳᠡᠪᠬᠢᠲᠡᠶ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ | ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ | ᠪᠡᠶᠡᠯᠡᠭᠦᠯᠬᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ | ᠦᠨᠳᠦᠰᠦᠨ ᠱᠠᠲᠤᠨ ᠤ ᠬᠦᠴᠦᠨ ᠴᠢᠳᠠᠯ ᠢᠶᠠᠨ ᠡᠷᠭᠦᠨ᠎ᠡ᠃ | |