| ᠤᠯᠤᠰ ᠠᠴᠠ ︽ᠬᠠᠭᠤᠴᠢᠨ ᠢᠶᠠᠷ ᠰᠢᠨ᠎ᠡ ᠶᠢ ᠰᠣᠯᠢᠬᠤ︾ ᠲᠥᠷᠥ ᠶᠢᠨ ᠪᠣᠳᠣᠯᠭ᠎ᠠ ᠶᠢ ᠭᠡᠷᠡᠭᠵᠢᠭᠦᠯᠬᠦ ᠶᠢ | ᠳᠠᠭᠠᠯᠳᠤᠨ᠂ ᠬᠥᠪᠡᠭᠡᠲᠥ ᠰᠢᠷ᠎ᠠ ᠬᠤᠰᠢᠭᠤᠨ ᠳᠤ ᠬᠠᠭᠤᠴᠢᠨ ᠴᠠᠬᠢᠯᠭᠠᠨ ᠬᠡᠷᠡᠭᠰᠡᠯ ᠢᠶᠠᠷ ᠰᠢᠨ᠎ᠡ ᠶᠢ ᠰᠤᠯᠢᠵᠤ | ᠭᠡᠷ ᠤᠨ ᠴᠠᠬᠢᠯᠭᠠᠨ ᠬᠡᠷᠡᠭᠰᠡᠯ ᠬᠤᠳᠠᠯᠳᠣᠨ ᠠᠪᠬᠤ ᠬᠠᠯᠠᠭᠤᠨ ᠥᠷᠨᠢᠯᠲᠡ ᠭᠠᠷᠴᠤ᠂ ᠬᠡᠷᠡᠭᠯᠡᠭᠴᠢᠳ ᠡᠨᠡᠬᠦ | ᠲᠥᠷᠥ ᠶᠢᠨ ᠪᠤᠲᠤᠯᠭ᠎ᠠ ᠠᠴᠠ ᠠᠰᠢᠭ ᠬᠥᠷᠲᠡᠵᠥ ᠪᠠᠶᠢᠨ᠎ᠠ᠃ | ᠲᠤᠰ ᠬᠤᠰᠢᠭᠤᠨ ᠤ ᠬᠠᠶ ᠡᠯ ᠬᠡᠷ ᠤᠨ ᠴᠠᠬᠢᠯᠭᠠᠨ ᠬᠡᠷᠡᠭᠰᠡᠯ ᠤᠨ ᠲᠤᠰᠬᠠᠶ ᠳᠡᠯᠭᠡᠭᠦᠷ᠂ ᠵᠢᠩ ᠳ᠋ᠦᠩ ᠬᠡᠷ ᠤᠨ | ᠴᠠᠬᠢᠯᠭᠠᠨ ᠬᠡᠷᠡᠭᠰᠡᠯ ᠤᠨ ᠳᠡᠯᠭᠡᠭᠦᠷ᠂ ᠴᠠᠩ ᠬᠤᠩ ᠬᠡᠷ ᠤᠨ ᠴᠠᠬᠢᠯᠭᠠᠨ ᠬᠡᠷᠡᠭᠰᠡᠯ ᠤᠨ ᠳᠡᠯᠭᠡᠭᠦᠷ ᠲᠤ ᠬᠡᠷᠡᠭᠯᠡᠭᠴᠢᠳ | ᠡᠩ ᠤᠨ ᠴᠠᠭ ᠠᠴᠠ ᠮᠡᠳᠡᠭᠳᠡᠮ᠎ᠡ ᠤᠯᠠᠰᠢᠷᠠᠵᠤ᠂ ᠠᠷᠠᠯᠵᠢᠶ᠎ᠠ ᠬᠦᠭᠵᠢᠶᠡᠨ ᠲᠠᠢ ᠪᠠᠶᠢᠯ᠎ᠠ᠃ ᠲᠡᠯᠭᠡᠭᠦᠷ ᠤᠨ | ᠠᠵᠢᠯᠲᠠᠨ ᠠᠴᠠ ᠬᠡᠷᠡᠭᠯᠡᠭᠴᠢᠳ ᠲᠤ ᠭᠡᠷ ᠤᠨ ᠴᠠᠬᠢᠯᠭᠠᠨ ᠬᠡᠷᠡᠭᠰᠡᠯ ᠢ ᠲᠠᠶᠢᠯᠪᠤᠷᠢᠯᠠᠨ ᠥᠭᠬᠦ ᠶᠢᠨ ᠬᠠᠮᠲᠤ ᠲᠤᠰ | ᠤᠳᠠᠭᠠᠨ ᠤ ︽ᠬᠠᠭᠤᠴᠢᠨ ᠢᠶᠠᠷ ᠰᠢᠨ᠎ᠡ ᠶᠢ ᠰᠣᠯᠢᠬᠤ︾ ᠲᠦᠷᠦ ᠶᠢᠨ ᠪᠤᠳᠤᠯᠭ᠎ᠠ ᠶᠢ ᠲᠠᠨᠢᠯᠴᠠᠭᠤᠯᠤᠨ᠎ᠠ᠃ ︽ᠪᠢ | ᠥᠨᠥᠳᠦᠷ ᠬᠦᠯᠳᠡᠭᠡᠭᠦᠷ ᠦᠵᠡᠬᠦ ᠪᠠᠷ ᠢᠷᠡᠭᠰᠡᠨ᠂ ᠮᠠᠨ ᠤ ᠬᠦᠯᠳᠡᠭᠡᠭᠦᠷ ᠬᠡᠷᠡᠭᠯᠡᠭᠰᠡᠨ ᠴᠠᠭ ᠨᠢ ᠤᠷᠲᠤ ᠪᠥᠭᠡᠳ | ᠬᠡᠮᠵᠢᠶ᠎ᠡ ᠨᠢ ᠪᠠᠭ᠎ᠠ ᠲᠤᠯᠠ ᠰᠢᠨ᠎ᠡ ᠶᠢ ᠠᠪᠬᠤ ᠰᠠᠨᠠᠭᠠᠲᠠᠢ᠃ ᠮᠢᠨᠦ ᠰᠣᠩᠭᠤᠭᠰᠠᠨ ᠬᠦᠯᠳᠡᠭᠡᠭᠦᠷ ᠤᠨ ᠤᠤᠯ | ᠦᠨ᠎ᠡ ᠨᠢ 2000 ᠲᠦᠭᠦᠷᠢᠭ᠂ ᠲᠦᠷᠥ ᠶᠢᠨ ᠪᠤᠳᠣᠯᠭ᠎ᠠ ᠶᠢᠨ ᠬᠠᠷᠠᠭᠠᠯᠵᠠᠯ ᠢᠶᠠᠷ ᠲᠠᠮᠵᠢᠭᠠᠳ 1600 | ᠲᠦᠭᠦᠷᠢᠭ ᠢᠶᠠᠷ ᠬᠤᠳᠠᠯᠳᠣᠨ ᠠᠪᠤᠯ᠎ᠠ︾ ᠭᠡᠵᠤ ᠬᠡᠷᠡᠭᠯᠡᠭᠴᠢ ᠲᠤᠶᠠᠭ᠎ᠠ ᠶᠠᠷᠢᠯ᠎ᠠ᠃ | ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠨᠢ ᠬᠡᠷᠡᠭᠯᠡᠭᠡᠨ ᠤ ᠢᠳᠡᠪᠬᠢᠵᠢᠯ ᠢ ᠬᠥᠭᠵᠢᠭᠡᠵᠦ᠂ ᠠᠵᠤ ᠠᠬᠤᠢ ᠶᠢᠨ | ᠠᠮᠢᠵᠢᠷᠠᠯ ᠤᠨ ᠬᠦᠴᠦᠨ ᠢ ᠳᠠᠶᠢᠴᠢᠯᠠᠵᠠᠢ᠃ ︽ᠬᠠᠭᠤᠴᠢᠨ ᠢᠶᠠᠷ ᠰᠢᠨ᠎ᠡ ᠶᠢ ᠰᠣᠯᠢᠬᠤ︾ ᠠᠵᠢᠯᠯᠠᠭᠠᠨ ᠤ | ᠲᠠᠰᠤᠷᠠᠯᠲᠠ ᠦᠭᠡᠶ ᠥᠷᠨᠢᠬᠦ ᠶᠢ ᠳᠠᠭᠠᠯᠳᠤᠨ ᠤᠯᠠᠮ ᠤᠯᠠᠨ ᠬᠡᠷᠡᠭᠯᠡᠭᠴᠢᠳ ᠪᠣᠳᠠᠲᠤ ᠠᠰᠢᠭ ᠭᠥᠷᠳᠡᠭᠰᠡᠨ ᠪᠥᠭᠡᠳ | ᠬᠤᠳᠠᠯᠳᠤᠭᠠᠴᠢᠳ ᠤᠨ ᠪᠣᠷᠣᠯᠠᠭᠤᠯᠭ᠎ᠠ ᠶᠢᠨ ᠨᠣᠷᠮ᠎ᠠ ᠴᠤ ᠳᠡᠭᠡᠭᠰᠢᠯᠡᠭᠰᠡᠨ ᠪᠠᠶᠢᠨ᠎ᠠ᠃ ︽ᠬᠠᠭᠤᠴᠢᠨ ᠢᠶᠠᠷ | ᠰᠢᠨ᠎ᠡ ᠶᠢ ᠰᠣᠯᠢᠬᠤ ᠠᠵᠢᠯᠯᠠᠭ᠎ᠠ ᠠᠴᠠ ᠨᠠᠭᠠᠰᠢ᠂ ᠮᠠᠨ ᠤ ᠳᠡᠯᠭᠡᠭᠦᠷ ᠤᠨ ᠪᠣᠷᠣᠯᠠᠭᠤᠯᠭ᠎ᠠ ᠶᠢᠨ ᠬᠡᠮᠵᠢᠶ᠎ᠡ ᠮᠡᠲᠡᠭᠲᠡᠮ᠎ᠠ | ᠳᠡᠭᠡᠭᠰᠢᠯᠡᠵᠥ᠂ ᠲᠦᠷᠦᠭᠦᠤ ᠨᠢᠭᠡ ᠰᠠᠷ᠎ᠠ ᠳᠤ 20 ᠲᠦᠮᠡᠨ ᠲᠥᠭᠦᠷᠢᠭ ᠤᠨ ᠪᠣᠷᠣᠯᠠᠭᠤᠯᠭ᠎ᠠ ᠶᠢ ᠪᠡᠶᠡᠯᠡᠭᠦᠯᠵᠦ | ᠪᠠᠶᠢᠭᠰᠠᠨ ᠪᠣᠯ ᠣᠲᠣ ᠪᠠᠷᠤᠭ 50% ᠪᠠᠷ ᠨᠡᠮᠡᠭᠲᠡᠪᠡ᠃ ᠡᠭᠦᠨ ᠤ ᠬᠠᠮᠲᠤ ᠬᠡᠷᠡᠭᠯᠡᠭᠴᠢᠳ ᠲᠤ ᠣᠯᠭᠤᠬᠤ ᠠᠰᠢᠭ | ᠴᠤ ᠣᠨᠴᠠᠭᠠᠶ ᠶᠡᠭᠡ᠂ ᠵᠢᠱᠢᠶᠡᠯᠡᠪᠡᠯ ᠥᠩᠭᠡᠷᠡᠭᠰᠡᠨ ᠳᠤ ᠬᠡᠷᠡᠭᠯᠡᠭᠴᠢᠳ ᠤᠨ ᠬᠡᠷ ᠤᠨ ᠴᠠᠬᠢᠯᠭᠠᠨ ᠬᠡᠷᠡᠭᠰᠡᠯ ᠨᠢ | ᠡᠪᠳᠡᠷᠡᠭᠰᠡᠨ ᠪᠠᠶᠢᠳᠠᠯ ᠳᠤ᠂ ᠵᠥᠪᠬᠡᠨ ᠤᠤᠯ ᠦᠨ᠎ᠡ ᠪᠠᠷ ᠰᠢᠨ᠎ᠡ ᠶᠢ ᠬᠤᠳᠠᠯᠳᠤᠨ ᠠᠪᠴᠤ ᠪᠠᠶᠢᠭᠰᠠᠨ ᠪᠤᠯ ᠣᠲᠣ ︿ | ᠬᠠᠭᠤᠴᠢᠨ ᠢᠶᠠᠷ ᠰᠢᠨ᠎ᠡ ᠶᠢ ᠰᠣᠯᠢᠬᠤ﹀ ᠲᠥᠷᠥ ᠶᠢᠨ ᠪᠣᠳᠣᠯᠭ᠎ᠠ ᠪᠠᠷ ᠳᠡᠮᠵᠢᠨ ᠬᠢᠮᠳᠠᠷᠠᠯ ᠲᠠᠢ ᠪᠠᠷ ᠠᠪᠬᠤ | ᠪᠤᠯᠤᠭᠰᠠᠨ︾ ᠭᠡᠵᠤ ᠲᠤᠰ ᠬᠤᠰᠢᠭᠤᠨ ᠤ ᠬᠠᠶ ᠡᠯ ᠲᠤᠰᠬᠠᠶ ᠳᠡᠯᠭᠡᠭᠦᠷ ᠤᠨ ᠬᠠᠷᠢᠭᠤᠴᠠᠯᠭᠠᠲᠠᠨ ᠯᠢ ᠰᠢ | ᠲᠠᠨᠢᠯᠴᠠᠭᠤᠯᠪᠠ᠃ ᠬᠡᠷ ᠤᠨ ᠴᠠᠬᠢᠯᠭᠠᠨ ᠬᠡᠷᠡᠭᠰᠡᠯ ᠤᠨ ︽ᠬᠠᠭᠤᠴᠢᠨ ᠢᠶᠠᠷ ᠰᠢᠨ᠎ᠡ ᠶᠢ ᠰᠣᠯᠢᠬᠤ︾ ᠠᠵᠢᠯᠯᠠᠭ᠎ᠠ ᠨᠢ | ᠬᠡᠷᠡᠭᠯᠡᠭᠴᠢᠳ ᠤᠨ ᠬᠦᠯᠳᠡᠭᠡᠬᠦᠷ᠂ ᠬᠤᠪᠴᠠᠰᠤ ᠤᠬᠢᠶᠠᠬᠤ ᠮᠠᠰᠢᠨ᠂ ᠲᠧᠯᠸᠢᠰ᠂ ᠺᠣᠮᠫᠢᠦ᠋ᠲ᠋ᠧᠷ ᠵᠡᠷᠭᠡ 15 | ᠲᠥᠷᠥᠯ ᠤᠨ ᠦᠢᠯᠡᠳᠬᠦᠨ ᠬᠤᠳᠠᠯᠳᠤᠨ ᠠᠪᠬᠤ ᠳᠤ ᠨᠥᠬᠦᠪᠥᠷᠢ ᠤᠯᠭᠤᠵᠤ᠂ ᠡᠭᠦᠨ ᠳᠤ ᠬᠤᠶᠠᠳᠤᠭᠠᠷ ᠳᠡᠰ ᠠᠴᠠ | ᠳᠡᠭᠡᠭᠰᠢᠬᠢ ᠡᠨᠧᠷᠭᠢ ᠶᠢᠨ ᠠᠰᠢᠭᠯᠠᠮᠵᠢ ᠪᠤᠶᠤ ᠤᠰᠤᠨ ᠤ ᠠᠰᠢᠭᠯᠠᠮᠵᠢ ᠶᠢᠨ ᠪᠠᠷᠢᠮᠵᠢᠶ᠎ᠠ ᠪᠥᠬᠦᠶ ᠬᠡᠷ ᠤᠨ ᠴᠠᠬᠢᠯᠭᠠᠨ | ᠬᠡᠷᠡᠭᠰᠡᠯ ᠢ ᠬᠤᠳᠠᠯᠳᠤᠨ ᠠᠪᠬᠤ ᠳᠤ ᠨᠥᠬᠦᠪᠥᠷᠢ ᠥᠭᠬᠦ ᠪᠠᠷᠢᠮᠵᠢᠶ᠎ᠠ ᠨᠢ ᠦᠢᠯᠡᠳᠬᠦᠨ ᠤ ᠬᠠᠮᠤᠭ ᠡᠴᠦᠰ ᠤᠨ | ᠪᠣᠷᠣᠯᠠᠭᠤᠯᠬᠤ ᠦᠨ᠎ᠡ ᠶᠢᠨ 15% ᠳᠤ ᠬᠦᠷᠦᠨ᠎ᠡ᠃ ᠨᠢᠭᠡᠳᠦᠭᠡᠷ ᠳᠡᠰ ᠤᠨ ᠡᠨᠧᠷᠭᠢ ᠶᠢᠨ ᠠᠰᠢᠭᠯᠠᠮᠵᠢ ᠪᠤᠶᠤ | ᠤᠰᠤᠨ ᠤ ᠠᠰᠢᠭᠯᠠᠮᠵᠢ ᠶᠢᠨ ᠪᠠᠷᠢᠮᠵᠢᠶ᠎ᠠ ᠪᠥᠬᠦᠶ ᠬᠡᠷ ᠤᠨ ᠴᠠᠬᠢᠯᠭᠠᠨ ᠬᠡᠷᠡᠭᠰᠡᠯ ᠢ ᠬᠤᠳᠠᠯᠳᠤᠨ ᠠᠪᠬᠤ ᠳᠤ᠂ | ᠦᠢᠯᠡᠳᠬᠦᠨ ᠤ ᠬᠠᠮᠤᠭ ᠡᠴᠦᠰ ᠤᠨ ᠪᠣᠷᠣᠯᠠᠭᠤᠯᠬᠤ ᠦᠨ᠎ᠡ ᠶᠢᠨ 20% ᠪᠠᠷ ᠬᠢᠮᠳᠠᠷᠠᠯ ᠦᠵᠡᠬᠦᠯᠵᠥ ᠪᠤᠢ᠃ ᠲᠣᠰ | ᠤᠳᠠᠭᠠᠨ ᠤ ︽ᠬᠠᠭᠤᠴᠢᠨ ᠢᠶᠠᠷ ᠰᠢᠨ᠎ᠡ ᠶᠢ ᠰᠣᠯᠢᠬᠤ︾ ᠠᠵᠢᠯᠯᠠᠭ᠎ᠠ ᠨᠢ ᠡᠨᠡ ᠵᠢᠯ ᠤᠨ 9 ᠰᠠᠷ᠎ᠠ ᠶᠢᠨ 29 — | 12 ᠰᠠᠷ᠎ᠠ ᠶᠢᠨ 31 ᠤ ᠡᠳᠦᠷ ᠪᠣᠯᠲᠠᠯ᠎ᠠ ᠶᠠᠪᠤᠭᠳᠠᠵᠤ᠂ ᠠᠵᠢᠯᠯᠠᠭᠠᠨ ᠤ ᠬᠤᠭᠤᠴᠠᠭᠠᠨ ᠳᠤ᠂ ᠬᠡᠷᠡᠭᠯᠡᠭᠴᠢᠳ | ᠪᠠᠩᠬᠢ ᠶᠢᠨ ᠬᠤᠯᠪᠣᠭᠠᠨ ᠤ ︽ᠲᠦᠷᠭᠡᠨ ᠳᠥᠯᠥᠬᠦ ᠲᠠᠪᠴᠠᠩ︾ ᠳᠤ ᠬᠠᠮᠢᠶ᠎ᠠ ᠪᠥᠬᠦᠢ ᠰᠤᠷᠠᠭ ᠵᠠᠩᠭᠢ ᠪᠠᠨ | ᠬᠠᠷᠭᠤᠭᠤᠯᠤᠨ ᠪᠠᠶᠢᠴᠠᠭᠠᠭᠰᠠᠨ ᠤ ᠳᠠᠷᠠᠭ᠎ᠠ ᠨᠥᠬᠦᠪᠥᠷᠢ ᠶᠢᠨ ᠦᠨᠡᠮᠯᠡᠯ ᠢᠶᠠᠨ ᠠᠪᠴᠤ ᠬᠡᠷᠡᠭᠯᠡᠭᠡ ᠬᠢᠵᠦ ᠪᠣᠯᠤᠨ᠎ᠠ᠃ | ︽ᠬᠠᠭᠤᠴᠢᠨ ᠢᠶᠠᠷ ᠰᠢᠨ᠎ᠡ ᠶᠢ ᠰᠣᠯᠢᠬᠤ︾ ᠲᠥᠷᠥ ᠶᠢᠨ ᠪᠣᠳᠣᠯᠭ᠎ᠠ ᠶᠢᠨ ᠠᠬᠢᠭᠤᠯᠤᠯ ᠳᠣᠤᠷ᠎ᠠ᠂ ᠨᠡᠩ ᠤᠯᠠᠨ | ᠡᠷᠥᠭᠡ ᠤᠶᠤᠨᠴᠢ᠂ ᠡᠨᠧᠷᠭᠢ ᠳᠤ ᠠᠷᠪᠢᠲᠠᠢ ᠬᠡᠷ ᠤᠨ ᠴᠠᠬᠢᠯᠭᠠᠨ ᠬᠡᠷᠡᠭᠰᠡᠯ ᠠᠪᠴᠥ᠂ ᠦᠨᠡᠨ ᠪᠣᠳᠠᠲᠠᠶ ᠬᠠᠷᠠᠭᠠᠯᠵᠠᠯ | ᠬᠦᠷᠲᠡᠬᠦ ᠶᠢᠨ ᠵᠡᠷᠭᠡᠪᠡᠷ ᠪᠥᠬᠦ ᠬᠤᠰᠢᠭᠤᠨ ᠤ ᠭᠡᠷ ᠤᠨ ᠴᠠᠬᠢᠯᠭᠠᠨ ᠬᠡᠷᠡᠭᠰᠡᠯ ᠤᠨ ᠵᠠᠬ᠎ᠠ ᠳᠡᠯᠭᠡᠭᠦᠷ ᠲᠤ ᠰᠢᠨ᠎ᠡ | ᠠᠮᠢᠵᠢᠷᠠᠯ ᠤᠨ ᠬᠦᠴᠦᠨ ᠨᠡᠮᠡᠷᠢᠯᠡᠵᠡᠢ᠃ | | | | |