ᠬᠥᠪᠡᠭᠡᠲᠦ ᠰᠢᠷ᠎ᠠ ᠬᠤᠰᠢᠭᠤᠨ ᠤ ᠯᠢᠲ᠋ᠢ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠢᠳᠡ ᠬᠦᠭ ᠲᠠᠢ ᠶᠠᠪᠤᠭᠳᠠᠵᠤ ᠪᠤᠢ
ᠨᠡᠶᠢᠲᠡᠯᠡᠭᠰᠡᠨ ᠴᠠᠭ᠄
2024/12/13
    ᠬᠥᠪᠡᠭᠡᠲᠦ ᠰᠢᠷ᠎ᠠ ᠬᠤᠰᠢᠭᠤᠨ ᠤ ᠯᠢᠲ᠋ᠢ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ᠂ ᠲᠣᠮᠣ ᠬᠡᠯᠪᠡᠷᠢ ᠶᠢᠨ ᠮᠠᠰᠢᠨ ᠤ ᠳᠠᠭᠤᠨ ᠬᠦᠡᠭᠬᠢᠨᠡᠵᠦ᠂ ᠲᠡᠭᠡᠭᠡᠪᠦᠷᠢ ᠶᠢᠨ ᠲᠡᠷᠭᠡ ᠨᠠᠭᠠᠰᠢ ᠴᠠᠭᠠᠰᠢ ᠰᠦᠯᠵᠢᠯᠳᠦᠨ᠂ ᠠᠵᠢᠯᠴᠢᠳ ᠶᠠᠭᠠᠷᠠᠯᠲᠠᠢ ᠠᠵᠢᠯᠯᠠᠵᠠᠭᠠᠨ᠎ᠠ᠃ ᠤᠳᠤᠬᠠᠨ ᠳᠤ ᠵᠢᠯ ᠳᠤ 2 ᠲᠦᠮᠡᠨ ᠲᠣᠨ ᠨᠡᠭᠦᠷᠡᠰᠦ ᠬᠦ᠋ᠴᠢᠯ ᠤᠨ ᠯᠢᠲ᠋ᠢ ‍ᠦ᠋ᠯᠡᠳᠪᠦᠷᠢᠯᠡᠬᠦ ᠨᠢᠭᠡᠳᠦᠭᠡᠷ ᠬᠤᠭᠤᠴᠠᠭᠠᠨ ᠤ ᠲᠦᠷᠦᠯ ᠵᠦᠢᠯ ᠢ 2024 ᠣᠨ ᠤ 10 ᠰᠠᠷ᠎ᠠ ᠳᠤ ᠲᠤᠷᠰᠢᠨ ᠲᠣᠬᠢᠷᠠᠭᠤᠯᠬᠤ ᠪᠠᠷ ᠲᠥᠯᠥᠪᠯᠡᠵᠦ ᠪᠤᠢ᠃   ᠥᠪᠥᠷ ᠮᠣᠩᠭᠤᠯ ᠤᠨ ᠭᠠᠨ ᠹᠧᠩ ᠯᠢᠲ᠋ᠢ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠸᠸᠡᠭ ᠴᠧᠩ ᠵᠢᠶᠦ᠋ᠨ᠄ ︽ᠵᠢᠯ ᠳᠤ 2 ᠲᠦᠮᠡᠨ ᠲᠣᠨ ᠨᠡᠭᠦᠷᠡᠰᠦ ᠬᠦ᠋ᠴᠢᠯ ᠤᠨ ᠯᠢᠲ᠋ᠢ ᠦᠢᠯᠡᠳᠪᠦᠷᠢᠯᠡᠬᠦ ᠨᠢᠭᠡᠳᠦᠭᠡᠷ ᠬᠤᠭᠤᠴᠠᠭᠠᠨ ᠤ ᠲᠦᠷᠦᠯ ᠵᠦᠢᠯ ᠠᠰᠢᠬᠯᠠᠯᠲᠠ ᠳᠤ ᠣᠷᠣᠭᠰᠠᠨ ᠤ ᠳᠠᠷᠠᠭ᠎ᠠ᠂ ᠵᠢᠯ ᠤᠨ ᠦᠢᠯᠡᠳᠬᠦᠨ ᠤ ᠦᠷᠲᠡᠭ ᠨᠢ 18 ᠳ᠋ᠦᠩᠰᠢᠭᠤᠷ ᠲᠥᠭᠦᠷᠢᠭ ᠲᠤ ᠬᠦᠷᠴᠦ᠂ 1 ᠳ᠋ᠦᠩᠰᠢᠭᠤᠷ ᠲᠥᠭᠦᠷᠢᠭ ᠤᠨ ᠭᠠᠶᠢᠯᠢ ᠲᠤᠰᠢᠶᠠᠵᠦ᠂ 260 ᠭᠠᠷᠤᠢ ᠬᠥᠮᠥᠨ ᠳᠤ ᠠᠵᠢᠯ ᠣᠯᠭᠤᠬᠤ ᠪᠤᠯᠤᠨ᠎ᠠ︾ ᠭᠡᠵᠦ ᠶᠠᠷᠢᠯ᠎ᠠ᠃ ᠸᠧᠩ ᠴᠧᠩ ᠵᠢᠶᠦ᠋ᠨ ᠤ ᠲᠠᠨᠢᠯᠴᠠᠭᠤᠯᠬᠤ ᠪᠠᠷ᠂ ᠵᠢᠯ ᠳᠤ 8 ᠲᠦᠮᠡᠨ ᠲᠣᠨ ᠹᠣᠰᠹᠣᠷ ᠬᠦᠴᠢᠯ ᠤᠨ ᠲᠡᠮᠦᠷ ᠯᠢᠲ᠋ᠢ ᠦᠢᠯᠡᠳᠪᠦᠷᠢᠯᠡᠬᠦ ᠬᠤᠶᠠᠳᠤᠭᠠᠷ ᠬᠤᠭᠤᠴᠠᠭᠠᠨ ᠤ ᠲᠦᠷᠦᠯ ᠵᠦᠢᠯ ᠢ ᠬᠤᠭᠤᠴᠠᠭ᠎ᠠ ᠬᠤᠪᠢᠶᠠᠨ ᠪᠦᠲᠦᠭᠡᠨ ᠪᠠᠶᠢᠭᠤᠯᠬᠤ ᠪᠠᠷ ᠲᠥᠯᠥᠪᠯᠡᠵᠦ ᠪᠠᠶᠢᠨ᠎ᠠ᠂ ᠡᠭᠦᠨ ᠳᠤ ᠨᠢᠭᠡᠳᠦᠭᠡᠷ ᠬᠤᠭᠤᠴᠠᠭᠠᠨ ᠤ 2.5 ᠲᠦᠮᠡᠨ ᠲᠣᠨ ᠹᠣᠰᠹᠣᠷ ᠬᠦᠴᠢᠯ ᠤᠨ ᠲᠡᠮᠦᠷ ᠯᠢᠲ᠋ᠢ  ᠶᠢᠨ ᠦᠢᠯᠡᠳᠪᠦᠷᠢᠯᠡᠯ ᠤᠨ ᠱᠤᠭᠤᠮ ᠢ ᠨᠢᠭᠡᠨᠲᠡ ᠡᠬᠢᠯᠡᠨ ᠪᠠᠶᠢᠭᠤᠯᠵᠤ᠂ ᠵᠢᠱᠢᠯᠲᠡ ᠪᠠᠷ 2025 ᠣᠨ ᠤ ᠰᠡᠬᠦᠯᠴᠢ ᠠᠴᠠ ᠡᠮᠦᠨ᠎ᠡ ᠠᠰᠢᠭᠯᠠᠯᠲᠠ ᠳᠤ ᠣᠷᠣᠭᠤᠯᠤᠨ᠎ᠠ᠃ ᠠᠰᠢᠬᠯᠠᠯᠲᠠ ᠳᠤ ᠣᠷᠣᠭᠰᠠᠨ ᠤ ᠳᠠᠷᠠᠭ᠎ᠠ᠂ ᠵᠢᠯ ᠤᠨ ᠦᠢᠯᠡᠳᠬᠦᠨ ᠤ ᠥᠷᠲᠡᠭ ᠨᠢ 32 ᠳ᠋ᠦᠩᠰᠢᠭᠤᠷ ᠲᠥᠭᠦᠷᠢᠭ ᠲᠤ ᠬᠦᠷᠴᠦ᠂ 1.5 — 2.5 ᠳ᠋ᠦᠩᠰᠢᠭᠤᠷ ᠲᠥᠭᠦᠷᠢᠭ ᠤᠨ ᠭᠠᠶᠢᠯᠢ ᠲᠤᠰᠢᠶᠠᠵᠤ᠂ 250 ᠭᠠᠷᠤᠢ ᠬᠥᠮᠥᠨ ᠤ ᠠᠵᠢᠯ ᠣᠯᠭᠤᠯᠲᠠ ᠶᠢᠨ ᠠᠰᠠᠭᠤᠳᠠᠯ ᠢ ᠰᠶᠢᠳᠪᠦᠷᠢᠯᠡᠨ᠎ᠠ᠃ ᠥᠪᠥᠷ ᠮᠣᠩᠭᠤᠯ ᠤᠨ ᠭᠠᠨ ᠹᠧᠩ ᠯᠢᠲ᠋ᠢ ᠶᠢᠨ ᠦᠢᠯᠡᠰ ᠤᠨ ᠬᠢᠵᠠᠭᠠᠷᠲᠤ ᠺᠣᠮᠫᠠᠨᠢ ᠪᠣᠯ ᠥᠪᠥᠷ ᠮᠣᠩᠭᠤᠯ ᠤᠨ ᠴᠣᠷᠢ ᠶᠢᠨ ᠭᠠᠭᠴᠠ ᠠᠭᠤᠷᠬᠠᠢ ᠮᠠᠯᠲᠠᠬᠤ ᠠᠴᠠ ᠴᠠᠬᠢᠯᠭᠠᠨ ᠭᠤᠣᠯ ᠦᠢᠯᠡᠳᠪᠦᠷᠢᠯᠡᠬᠦ᠂ ᠪᠥᠬᠦ ᠠᠵᠤ ᠦᠢᠯᠡᠰ ᠤᠨ ᠬᠡᠯᠬᠢᠶᠡᠨ ᠤ ᠪᠠᠶᠢᠷᠢᠰᠢᠭᠤᠯᠤᠯᠲᠠ ᠶᠢ ᠪᠡᠶᠡᠯᠡᠭᠦᠯᠦᠭᠰᠡᠨ ᠯᠢᠲ᠋ᠢ ᠴᠠᠬᠢᠯᠭᠠᠨ ᠤ ᠰᠢᠨ᠎ᠡ ᠡᠨᠧᠷᠭᠢ ᠶᠢᠨ ᠠᠵᠤ ᠠᠬᠤᠶᠢᠯᠠᠯ ᠪᠤᠯᠤᠨ᠎ᠠ᠃ ᠲᠣᠰ ᠺᠣᠮᠫᠠᠨᠢ ᠳᠤ ᠯᠢᠲ᠋ᠢᠲᠦ ᠭᠢᠯᠲᠠᠭᠠᠨᠠᠭᠤᠷ ᠤᠨ ᠨᠠᠷᠢᠯᠢᠭ ᠬᠦᠳᠡᠷ ᠬᠠᠩᠭᠠᠬᠤ ᠬᠥᠪᠡᠭᠡᠲᠦ ᠰᠢᠷ᠎ᠠ ᠬᠤᠰᠢᠭᠤᠨ ᠤ ᠮᠧᠩ ᠶᠢᠨ ᠠᠭᠤᠷᠬᠠᠢ ᠶᠢᠨ ᠦᠢᠯᠡᠰ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠨᠢᠭᠡᠳᠦᠭᠡᠷ ᠬᠤᠭᠤᠴᠠᠭᠠᠨ ᠤ ᠵᠢᠯ ᠳᠤ 60 ᠲᠦᠮᠡᠨ ᠲᠣᠨ ᠨᠢᠶᠦᠪᠢ ᠲᠠᠨᠲ᠋ᠠᠯ ᠤᠨ ᠠᠭᠤᠷᠬᠠᠢ ᠶᠢᠨ ᠲᠥᠷᠥᠯ ᠵᠦᠢᠯ ᠢ ᠡᠨᠡ ᠵᠢᠯ ᠤᠨ 10 ᠰᠠᠷ᠎ᠠ ᠳᠤ ᠲᠤᠷᠰᠢᠨ ᠦᠢᠯᠡᠳᠪᠦᠷᠢᠯᠡᠵᠦ᠂ 12 ᠰᠠᠷ᠎ᠠ ᠳᠤ ᠪᠦᠬᠦᠯᠢ ᠴᠣᠭᠴᠠ ᠪᠠᠷ ᠨᠢ ᠠᠰᠢᠬᠯᠠᠯᠲᠠ ᠳᠤ ᠤᠷᠤᠭᠤᠯᠬᠤ ᠪᠠᠷ ᠵᠢᠱᠢᠵᠦ ᠪᠣᠶ᠃ ᠠᠰᠢᠬᠯᠠᠯᠲᠠ ᠳᠤ ᠣᠷᠣᠬᠰᠠᠨ ᠤ ᠳᠠᠷᠠᠭ᠎ᠠ᠂ ᠵᠢᠯ ᠳᠤ 6 ᠲᠦᠮᠡᠨ ᠲᠣᠨ ᠯᠢᠲ᠋ᠢᠲᠦ ᠭᠢᠯᠲᠠᠭᠠᠨᠠᠭᠤᠷ᠂ 160 ᠲᠣᠨ ᠨᠢᠶᠦᠪᠢ ᠲᠠᠨᠲ᠋ᠠᠯ ᠤᠨ ᠨᠠᠷᠢᠯᠢᠭ ᠬᠦᠳᠡᠷ᠂ 30 ᠲᠦᠮᠡᠨ ᠲᠣᠨ ᠥᠨᠳᠥᠷ ᠳᠡᠰ ᠤᠨ ᠵᠤᠩᠰᠢ ᠶᠢᠨ ᠨᠤᠨᠳᠠᠭ ᠦᠢᠯᠡᠳᠪᠦᠷᠢᠯᠡᠵᠦ᠂ ᠵᠢᠯ ᠤᠨ ᠦᠢᠯᠡᠳᠬᠦᠨ ᠤ ᠦᠷᠲᠡᠭ ᠨᠢ 6.58 ᠳ᠋ᠦᠩᠰᠢᠭᠤᠷ ᠲᠥᠭᠦᠷᠢᠭ ᠲᠤ ᠬᠦᠷᠴᠦ᠂ 9700 ᠲᠦᠮᠡᠨ ᠲᠥᠭᠦᠷᠢᠭ ᠤᠨ ᠭᠠᠶᠢᠯᠢ ᠲᠤᠰᠢᠶᠠᠨ᠎ᠠ᠃   ᠣᠶᠢᠷ᠎ᠠ ᠶᠢᠨ ᠵᠢᠯ ᠤᠨ ᠲᠤᠷᠰᠢ᠂ ᠬᠥᠪᠡᠭᠡᠲᠦ ᠰᠢᠷ᠎ᠠ ᠬᠤᠰᠢᠭᠤ ᠡᠯᠪᠡᠭ ᠪᠠᠶᠠᠯᠢᠭ ᠯᠢᠲ᠋ᠢ ᠶᠢᠨ ᠡᠬᠢ ᠪᠠᠶᠠᠯᠢᠭ ᠤᠨ ᠳᠠᠪᠠᠭᠤᠯᠢᠭ ᠲᠠᠭᠠᠨ ᠲᠦᠰᠢᠭᠯᠡᠨ᠂ 3100 ᠮᠦ ᠭᠠᠵᠠᠷ ᠬᠡᠷᠡᠭᠯᠡᠬᠦ ᠪᠠᠷ ᠲᠥᠯᠥᠪᠵᠢᠭᠦᠯᠵᠦ᠂ ᠯᠢᠲ᠋ᠢ ᠶᠢᠨ ᠡᠬᠢ ᠪᠠᠶᠠᠯᠢᠭ ᠤᠨ ᠲᠣᠭᠤᠷᠢᠨ ᠳᠤ ᠳᠡᠭᠡᠳᠦ ᠤᠷᠤᠰᠬᠠᠯ ᠤᠨ ᠨᠢᠶᠦᠪᠢ ᠲᠠᠨᠲ᠋ᠠᠯ ᠯᠢᠲ᠋ᠢ ᠶᠢᠨ ᠬᠦᠳᠡᠷ ᠮᠠᠯᠲᠠᠬᠤ᠂ ᠳᠤᠮᠳᠠ ᠤᠷᠤᠰᠬᠠᠯ ᠤᠨ ᠯᠢᠲ᠋ᠢ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ᠂ ᠳᠣᠣᠷᠠᠳᠤ ᠤᠷᠤᠰᠬᠠᠯ ᠤᠨ ᠴᠠᠬᠢᠯᠭᠠᠨ ᠭᠤᠣᠯ᠂ ᠨᠦᠭᠡᠴᠡ ᠡᠨᠧᠷᠭᠢ ᠶᠢᠨ ᠰᠢᠰᠲ᠋ᠧᠮ᠂ ᠷᠦᠪᠢᠳᠢ ᠼᠧᠽᠢ ᠶᠢᠨ ᠳᠠᠪᠤᠰᠤ ᠶᠢ ᠪᠣᠯᠪᠠᠰᠤᠷᠠᠭᠤᠯᠬᠤ ᠵᠢᠴᠢ ᠦᠯᠡᠳᠡᠭᠳᠡᠯ ᠬᠦᠳᠡᠷ ᠢ ᠶᠡᠷᠦᠩᠬᠡᠶᠢᠯᠡᠨ ᠠᠰᠢᠭᠯᠠᠬᠤ ᠶᠢ ᠨᠢᠭᠡ ᠴᠣᠭᠴᠠᠵᠢᠭᠤᠯᠤᠭᠰᠠᠨ ᠠᠵᠤ ᠦᠢᠯᠡᠰ ᠤᠨ ᠬᠡᠯᠬᠢᠶ᠎ᠡ ᠶᠢᠨ ᠪᠦᠯᠦᠭᠯᠡᠯ ᠢ ᠪᠠᠶᠢᠭᠤᠯᠵᠠᠢ᠃ ᠣᠳᠣᠬᠠᠨ ᠳᠤ᠂ ᠵᠢᠶᠠᠩᠰᠢ ᠶᠢᠨ ᠭᠠᠨ ᠹᠸᠩ ᠯᠢᠲ᠋ᠢ ᠶᠢᠨ ᠦᠢᠯᠡᠰ ᠤᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠵᠡᠷᠭᠡ ᠲᠣᠯᠣᠭᠠᠶᠢᠯᠠᠭᠴᠢ ᠠᠵᠤ ᠠᠬᠤᠶᠢᠯᠠᠯ ᠢ ᠠᠮᠵᠢᠯᠲᠠ ᠲᠠᠢ ᠣᠷᠣᠭᠤᠯᠤᠨ ᠠᠪᠴᠢᠷᠠᠵᠤ᠂ ᠵᠢᠱᠢᠯᠲᠡ ᠪᠠᠷ ᠲᠦᠷᠦᠯ ᠵᠦᠢᠯ ᠢ ᠪᠦᠬᠦᠨ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠶᠡᠷᠦᠩᠬᠡᠢ ᠪᠡᠯᠡ ᠣᠷᠣᠭᠤᠯᠤᠯᠲᠠ ᠨᠢ 100 ᠳ᠋ᠦᠩᠰᠢᠭᠤᠷ ᠲᠥᠭᠦᠷᠢᠭ ᠢ ᠳᠠᠪᠠᠵᠤ᠂ ᠵᠢᠯ ᠤᠨ ᠦᠢᠯᠡᠳᠬᠦᠨ ᠤ ᠦᠷᠳᠡᠭ ᠨᠢ 200 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠴᠦ᠂ 18 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠭᠠᠶᠢᠯᠢ ᠲᠤᠰᠢᠶᠠᠵᠦ᠂ ᠡᠭᠦᠨ ᠤ ᠬᠠᠮᠲᠤ 2000 ᠭᠠᠷᠤᠢ ᠠᠵᠢᠯ ᠤᠨ ᠪᠠᠶᠢᠷᠢ ᠬᠠᠨᠭ᠍ᠭᠠᠬᠤ ᠪᠣᠯᠣᠨ᠎ᠠ᠃    
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号