ᠣᠶᠢᠷ᠎ᠡ ᠶᠢᠨ ᠵᠢᠯ᠂ ᠬᠦᠪᠡᠬᠡᠳᠣ ᠰᠢᠷ᠎ᠡ ᠬᠤᠰᠢᠭᠤ ᠴᠠᠭᠠᠨ ᠢᠳᠡᠭᠡᠨ ᠤ ᠠᠵᠦ ᠦᠢᠯᠡᠰ ᠤᠨ ︽ᠦᠨᠡᠨᠴᠢ | ᠢᠲᠡᠭᠡᠮᠵᠢ ᠪᠠᠷ ᠦᠨᠳᠦᠰᠦ ᠪᠣᠯᠭᠠᠨ᠂ ᠶᠠᠰᠤ ᠴᠢᠨᠠᠷ ᠢ ᠪᠠᠳᠣᠯᠠᠬᠤ︾ ᠡᠵᠡᠩᠨᠡᠯᠲᠡ ᠶᠢᠨ ᠣᠶᠢᠯᠠᠭᠠᠬᠳᠠᠬᠤᠨ ᠢ | ᠪᠠᠷᠢᠮᠳᠠᠯᠠᠨ ᠬᠦᠭᠵᠢᠬᠦᠯᠦᠭᠰᠡᠨ ᠢᠶᠠᠷ ᠣᠳᠣᠬᠠᠨ ᠳᠤ 30 ᠴᠠᠭᠠᠨ ᠢᠳᠡᠭᠡᠨ ᠤ ᠵᠢᠵᠢᠭ ᠦᠢᠯᠡᠳᠭᠡᠯ ᠤᠨ ᠡᠷᠦᠬᠡ | ᠬᠤᠰᠢᠭᠤᠨ ᠤ ᠦᠠᠳᠣᠰᠣᠳᠠᠠ ᠤ ᠤᠯᠠᠮᠵᠢᠯᠠᠯᠲᠤ ᠴᠠᠭᠠᠨ ᠢᠳᠡᠭᠡᠨ ᠤ ᠠᠵᠣ ᠦᠢᠯᠠᠰ ᠤᠨ ᠲᠣᠭᠤᠷᠢᠭ ᠲᠤ | ᠰᠠᠭᠤᠷᠢᠰᠢᠨ ᠴᠠᠭᠠᠨ ᠢᠳᠡᠭᠡ ᠪᠠᠨ ᠪᠤᠯᠪᠠᠰᠤᠷᠠᠭᠤᠯᠤᠨ ᠪᠤᠷᠤᠯᠠᠭᠤᠯᠵᠤ᠂ ᠵᠠᠬ᠎ᠠ ᠲᠡᠯᠭᠡᠭᠦᠷ ᠲᠤ ᠦᠪᠡᠷ ᠤᠨ ᠭᠡᠰᠡᠨ | ᠤᠷᠤᠨ ᠪᠠᠶᠢᠷᠢ ᠪᠠᠨ ᠤᠯᠵᠦ᠂ ︽ᠴᠠᠭᠠᠨ ᠢᠳᠡᠭᠡᠨ ᠤ ᠨᠣᠳᠤᠭ︾ ᠤᠨ ᠨᠡᠷᠡᠳᠦ ᠲᠡᠮᠳᠡᠭ ᠢ ᠠᠬᠢᠭᠤᠯᠵᠤ ᠪᠤᠢ᠃ | ᠨᠠᠷᠠᠨ᠎ᠠ ᠴᠠᠭᠠᠨ ᠢᠳᠡᠭᠡᠨ ᠤ ᠲᠡᠯᠬᠡᠬᠦᠷ ᠤᠨ ᠵᠢᠵᠢᠭ ᠦᠢᠯᠡᠳᠭᠡᠯ ᠤᠨ ᠭᠠᠵᠡᠷ ᠲᠤ᠂ ᠡᠵᠡᠩᠨᠡᠭᠴᠢ ᠰᠠᠷᠭᠠᠢ | ᠠᠵᠢᠯᠴᠢᠳ ᠲᠠᠢ ᠪᠠᠨ ᠬᠤᠷᠣᠳ᠂ ᠲᠦᠳᠡ ᠵᠡᠷᠬᠡ ᠪᠠᠨ ᠮᠠᠰᠢᠨ ᠢᠶᠠᠷ ᠬᠢᠵᠣ ᠶᠠᠭᠠᠷᠠᠵᠤ ᠪᠠᠶᠢᠯ᠎ᠠ᠃ ᠰᠠᠷᠭᠠᠢ ᠶᠢᠨ | ᠲᠠᠨᠢᠯᠴᠠᠭᠤᠯᠬᠤ ᠪᠠᠷ᠂ ᠡᠳᠡᠨᠡᠶᠢᠬᠢᠨ ᠡᠳᠦᠷ ᠪᠦᠷᠢ ᠳᠤᠮᠳᠠᠴᠢ ᠪᠠᠷ 1500 ᠭᠠᠷᠤᠶ ᠵᠢᠩ ᠲᠦᠭᠦᠬᠡᠶ ᠰᠦ | ᠪᠣᠯᠪᠠᠰᠤᠷᠠᠭᠤᠯᠵᠤ᠂ ᠬᠤᠷᠤᠳ᠂ ᠰᠢᠷ᠎ᠠ ᠲᠣᠰᠣ᠂ ᠰᠠᠭᠠᠯᠢ ᠶᠢᠨ ᠠᠷᠢᠬᠢ ᠵᠡᠷᠭᠡ ᠴᠠᠭᠠᠨ ᠢᠳᠡᠭᠡᠨ ᠤ | ᠪᠦᠳᠦᠭᠡᠭᠳᠡᠬᠦᠨ ᠢᠶᠠᠨ ᠪᠡᠭᠡᠵᠢᠩ ᠬᠤᠲᠠ᠂ ᠲᠦᠩᠯᠢᠶᠣᠤ᠂ ᠰᠢᠯᠢ ᠶᠢᠨ ᠬᠤᠲᠠ ᠵᠡᠷᠭᠡ ᠪᠠᠷ ᠪᠣᠷᠣᠯᠠᠭᠤᠯᠵᠤ᠂ | ᠪᠦᠳᠣᠬᠡᠭᠳᠡᠬᠦᠨ ᠤ ᠪᠤᠷᠤᠯᠠᠭᠤᠯᠭ᠎ᠠ ᠰᠠᠶᠢᠨ ᠭᠡᠵᠦ ᠪᠠᠶᠢᠯ᠎ᠠ᠃ ︽ᠪᠢ ᠡᠳᠡᠨᠡᠶᠢᠬᠢᠨ ᠠᠴᠠ ᠣᠯᠠᠨ ᠵᠢᠯ ᠴᠠᠭᠠᠨ | ᠢᠳᠡᠭᠡᠨ ᠠᠪᠴᠣ ᠢᠳᠡᠵᠣ ᠪᠠᠶᠢᠨ᠎ᠠ᠂ ᠦᠨᠣᠷ ᠠᠮᠳᠠ ᠰᠠᠶᠢᠲᠠᠢ ᠪᠦᠬᠡᠳ ᠦᠨ᠎ᠠ ᠬᠠᠩᠰᠢ ᠲᠣᠬᠢᠷᠠᠮᠵᠢᠲᠠᠢ ᠪᠠᠶᠢᠵᠦ᠂ | ᠴᠢᠨᠡᠷ ᠤᠨ ᠲᠠᠯ᠎ᠠ ᠪᠠᠷ ᠪᠠᠳᠣᠯᠠᠭ᠎ᠠ ᠲᠠᠢ᠂ ᠮᠠᠨ ᠤ ᠬᠡᠷ ᠤᠨ ᠬᠦᠮᠣᠰ ᠪᠦᠷ ᠢᠳᠡᠬᠦ ᠲᠣᠷᠠᠲᠠᠢ︾ ᠬᠡᠵᠦ ᠭᠡᠷᠡᠭᠯᠡᠭᠴᠢ | ᠲᠠᠨ᠎ᠠ ᠶᠠᠷᠢᠨ᠎ᠠ᠃ | ᠬᠥᠮᠦᠰ ᠤᠨ ᠬᠡᠷᠡᠭᠴᠡᠭᠡ ᠱᠠᠭᠠᠷᠳᠠᠯᠭ᠎ᠠ ᠡᠳᠦᠷ ᠢᠷᠡᠬᠦᠶ᠎ᠡ ᠨᠡᠮᠡᠭᠳᠡᠬᠦ ᠶᠢ ᠳᠠᠭᠠᠯᠳᠤᠨ᠂ ᠰᠠᠷᠭᠠᠢ ᠡᠯ᠎ᠡ ᠵᠦᠢᠯ ᠤᠨ | ᠴᠠᠭᠠᠨ ᠢᠳᠡᠭᠡᠨ ᠤ ᠤᠷ᠎ᠠ ᠮᠡᠷᠭᠡᠵᠢᠯ ᠤᠨ ᠪᠣᠯᠪᠠᠰᠤᠷᠠᠯ ᠳᠤ ᠣᠷᠣᠯᠴᠠᠵᠣ᠂ ᠮᠡᠷᠭᠡᠵᠢᠯ ᠢᠶᠠᠨ ᠲᠡᠭᠡᠭᠰᠢᠯᠡᠬᠦᠯᠬᠦ ᠶᠢᠨ | ᠲᠠᠭᠠᠤ ᠣᠷᠣᠨ ᠨᠤᠲᠤᠭ ᠤᠨ ᠣᠨᠴᠠᠯᠢᠭ ᠲᠠᠢ ᠪᠠᠨ ᠤᠶᠠᠯᠳᠤᠭᠤᠯᠤᠨ ᠰᠢᠨ᠎ᠡ ᠶᠢ ᠡᠭᠦᠳᠴᠦ᠂ ᠦᠢᠯᠡᠳᠬᠦᠨ ᠤ | ᠲᠥᠷᠥᠯ ᠵᠦᠢᠯ ᠢᠶᠠᠨ ᠪᠠᠶᠠᠯᠢᠭᠵᠢᠭᠤᠯᠵᠤ᠂ ᠣᠳᠣᠬᠠᠨ ᠳᠤ ᠰᠢᠷ᠎ᠡ ᠣᠰᠣ ᠶᠢ ᠠᠰᠢᠭᠯᠠᠨ 10 ᠭᠠᠷᠤᠶ ᠵᠦᠢᠯ ᠤᠨ | ᠰᠢᠨ᠎ᠡ ᠪᠦᠲᠦᠭᠡᠭᠳᠡᠬᠦᠨ ᠢ ᠪᠤᠯᠪᠠᠰᠤᠷᠠᠭᠤᠯᠵᠤ᠂ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠲᠠᠰ | ᠳᠡᠪᠰᠢᠬᠦ ᠳᠤ ᠦᠪᠡᠷ ᠤᠨ ᠬᠤᠪᠢ ᠨᠡᠮᠡᠷᠢ ᠪᠠᠨ ᠦᠵᠡᠬᠦᠯᠵᠦ ᠶᠠᠪᠤᠨ᠎ᠠ᠃ ︽ᠮᠠᠨ ᠤ ᠲᠡᠯᠬᠡᠬᠦᠷ ᠨᠢ 2009 ᠣᠨ ᠳᠤ | ᠪᠠᠶᠢᠭᠤᠯᠣᠬᠳᠠᠵᠦ᠂ ᠣᠳᠣ ᠪᠣᠯᠳᠠᠯ᠎ᠠ ᠦᠪᠡᠷ ᠤᠨ ᠴᠢᠨᠡᠷ ᠴᠢᠨᠰᠠᠭ᠎ᠠ ᠪᠠᠨ ᠪᠠᠳᠣᠯᠠᠬᠰᠠᠭᠠᠷ ᠢᠷᠡᠭᠰᠡᠨ ᠢᠶᠠᠷ ᠦᠷᠬᠡᠨ | ᠣᠯᠠᠨ ᠬᠡᠷᠡᠭᠯᠡᠭᠴᠢᠳ ᠤᠨ ᠢᠳᠡᠬᠡᠯ ᠢ ᠤᠯᠵᠠᠢ᠃ ᠡᠳᠡᠬᠡᠷ ᠵᠢᠯ ᠤᠨ ᠲᠣᠷᠰᠢ᠂ ᠬᠠᠮᠤᠭ ᠠᠩᠬ᠎ᠠ ᠣᠯᠠᠮᠵᠢᠯᠠᠯᠳᠣ | ᠴᠠᠭᠠᠨ ᠢᠳᠡᠭᠡ ᠬᠢᠵᠣ ᠪᠠᠶᠢᠬᠰᠠᠨ ᠠᠴᠠ ᠪᠠᠨ ᠣᠶᠢᠷ᠎ᠡ ᠶᠢᠨ ᠬᠤᠶᠡᠷ ᠵᠢᠯ ᠰᠢᠨ᠎ᠡ ᠪᠦᠳᠣᠬᠡᠭᠳᠡᠬᠦᠨ ᠣᠯᠠᠨ ᠬᠢᠵᠣ | ᠣᠷᠣᠯᠭ᠎ᠠ ᠪᠠᠨ ᠨᠡᠮᠡᠭᠳᠡᠬᠦᠯᠵᠣ ᠪᠠᠶᠢᠨ᠎ᠠ᠃ ᠬᠤᠶᠢᠰᠢᠳᠠ ᠣᠯᠠᠮᠵᠢᠯᠠᠯᠳᠣ ᠴᠠᠭᠠᠨ ᠢᠳᠡᠭᠡᠨ ᠤ ᠪᠠᠨ ᠰᠠᠭᠤᠷᠢᠨ ᠲᠡᠬᠡᠷ᠎ᠡ | ᠰᠢᠨᠡᠴᠢᠯᠡᠯᠳᠡ ᠬᠢᠵᠦ᠂ ᠰᠢᠨ᠎ᠠ ᠪᠦᠳᠣᠬᠡᠭᠳᠡᠬᠦᠨ ᠢᠶᠠᠷ ᠣᠷᠣᠯᠭ᠎ᠠ ᠪᠠᠨ ᠨᠡᠮᠡᠭᠳᠡᠬᠦᠯᠣᠶᠠ ᠬᠡᠵᠣ ᠪᠣᠳᠣᠵᠣ ᠪᠠᠶᠢᠨ᠎ᠠ︾ | ᠭᠡᠵᠦ ᠶᠠᠷᠢᠯ᠎ᠠ᠃ | ᠬᠦᠪᠡᠬᠡᠳᠣ ᠰᠢᠷ᠎ᠡ ᠬᠤᠰᠢᠭᠤᠨ ᠤ ᠲᠠᠩᠰᠤᠭ ᠴᠠᠭᠠᠨ ᠢᠳᠡᠭᠡᠨ ᠤ ᠳᠡᠯᠭᠡᠭᠦᠷ ᠤᠨ ᠵᠢᠵᠢᠭ ᠦᠢᠯᠡᠳᠭᠡᠯ ᠤᠨ | ᠭᠠᠵᠠᠷ ᠲᠤ᠂ ᠠᠷᠣᠣᠬᠠᠨ ᠠᠵᠢᠯᠴᠢᠳ ᠲᠠᠢ ᠪᠠᠨ ᠬᠠᠮᠳᠣ ᠰᠦ ᠪᠠᠨ ᠱᠦᠬᠦᠨ ᠠᠷᠢᠭᠤᠳᠬᠠᠬᠤ᠂ ᠡᠬᠡᠳᠡᠬᠦᠯᠬᠦ᠂ | ᠬᠤᠷᠣᠳ ᠨᠣᠬᠤᠬᠤ ᠵᠡᠷᠬᠡ ᠠᠵᠢᠯ ᠢᠶᠠᠨ ᠠᠮᠵᠢᠭᠤᠯᠵᠤ ᠪᠠᠶᠢᠯ᠎ᠠ᠃ ᠤᠶᠢᠯᠠᠭᠠᠭᠰᠠᠨ ᠢᠶᠠᠷ᠂ ᠲᠠᠩᠰᠤᠭ ᠴᠠᠭᠠᠨ | ᠢᠳᠡᠭᠡᠨ ᠤ ᠳᠡᠯᠭᠡᠭᠦᠷ ᠨᠢ 2009 ᠣᠨ ᠳᠤ ᠪᠠᠶᠢᠭᠤᠯᠣᠬᠳᠠᠵᠣ᠂ 2020 ᠣᠨ ᠳᠤ ᠵᠠᠭᠤ ᠭᠠᠷᠤᠢ ᠲᠦᠮᠡᠨ | ᠲᠥᠭᠦᠷᠢᠭ ᠤᠨ ᠪᠡᠯᠡ ᠣᠷᠣᠭᠤᠯᠵᠤ ᠦᠢᠯᠡᠳᠪᠦᠷᠢᠯᠡᠯ ᠤᠨ ᠲᠠᠰᠤᠭ ᠤᠨ ᠲᠤᠨᠤᠭ ᠲᠥᠬᠦᠭᠡᠷᠦᠮᠵᠢ ᠪᠠᠨ | ᠪᠦᠷᠢᠨᠰᠢᠬᠦᠯᠵᠦ᠂ ᠠᠵᠢᠯ ᠤᠨ ᠬᠤᠪᠢᠶᠠᠷᠢᠯᠠᠯ ᠢ ᠲᠣᠳᠣᠷᠬᠠᠢ ᠪᠤᠯᠭᠠᠨ᠂ ᠢᠳᠡᠭᠡᠨ ᠤ ᠠᠮᠤᠷ ᠲᠦᠪᠰᠢᠨ ᠤ ᠰᠠᠯᠠᠭ᠎ᠠ | ᠮᠥᠴᠢᠷ ᠤᠨ ᠱᠠᠭᠠᠷᠳᠠᠭᠰᠠᠨ ᠠᠮᠤᠷ ᠲᠦᠪᠰᠢᠨ ᠤ ᠮᠠᠲ᠋ᠧᠷᠢᠶᠠᠯ ᠢᠶᠠᠷ ᠴᠠᠭᠠᠨ ᠢᠳᠡᠭᠡ ᠪᠠᠨ ᠪᠤᠭᠤᠳᠠᠯᠯᠠᠨ | ᠪᠤᠷᠤᠯᠠᠭᠤᠯᠳᠠᠭ ᠠᠴᠠ 2021 ᠣᠨ ᠤ ᠡᠴᠦᠰ ᠲᠤ ᠥᠪᠡᠷᠲᠡᠭᠡᠨ ᠵᠠᠰᠠᠬᠤ ᠣᠷᠣᠨ ᠤ ᠴᠠᠭᠠᠨ ᠢᠳᠡᠭᠡᠨ ᠤ ᠵᠢᠵᠢᠭ | ᠦᠢᠯᠡᠳᠭᠡᠯ ᠤᠨ ᠬᠡᠪᠴᠢᠶᠡᠵᠢᠭᠰᠡᠨ ᠵᠢᠱᠢᠶ᠎ᠡ ᠦᠵᠡᠭᠦᠯᠬᠦ ᠴᠡᠭ ᠤᠨ ᠰᠢᠯᠭᠠᠨ ᠦᠨᠡᠯᠡᠯᠲᠡ ᠶᠢ ᠦᠩᠬᠡᠷᠡᠭᠡᠭᠰᠠᠨ ᠪᠠᠶᠢᠨ᠎ᠠ | ᠃ ︽ᠡᠳᠡᠭᠡᠷ ᠵᠢᠯ ᠳᠤ᠂ ᠪᠢᠳᠡ ᠶᠠᠰᠤ ᠴᠢᠨᠠᠷ ᠤᠨ ᠪᠠᠶᠢᠭᠤᠯᠣᠯᠳᠠ ᠪᠣᠯᠤᠨ ᠦᠢᠯᠡᠳᠬᠦᠨ ᠤ ᠰᠢᠨ᠎ᠠ ᠶᠢ ᠡᠭᠦᠳᠬᠦ ᠶᠢ | ᠴᠢᠩᠭᠠᠳᠬᠠᠬᠰᠠᠨ ᠤ ᠬᠠᠮᠲᠤ ᠵᠠᠬ᠎ᠠ ᠳᠡᠯᠭᠡᠭᠦᠷ ᠤᠨ ᠬᠢᠨᠡᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠳᠡᠮᠵᠢᠯᠭᠡ | ᠵᠢᠯᠣᠭᠤᠳᠤᠯᠭ᠎ᠠ ᠳᠣᠣᠷ᠎ᠠ᠂ ᠴᠠᠭᠠᠨ ᠢᠳᠡᠭᠡᠨ ᠤ ᠪᠦᠲᠦᠭᠡᠭᠳᠡᠬᠦᠨ ᠢᠶᠠᠨ ᠰᠠᠶᠢᠳᠣᠷ ᠬᠢᠬᠦ ᠶᠢᠨ ᠲᠠᠭᠠᠤ ᠲᠦᠭᠦᠬᠡᠶ | ᠮᠠᠲ᠋ᠧᠷᠢᠶᠠᠯ᠂ ᠤᠷ᠎ᠠ ᠮᠡᠷᠭᠡᠵᠢᠯ ᠵᠢᠴᠢ ᠪᠣᠷᠣᠯᠠᠭᠤᠯᠭ᠎ᠠ ᠶᠢᠨ ᠭᠤᠭᠴᠤᠭ᠎ᠠ ᠳᠤ ᠦᠨᠡᠨᠴᠢ ᠢᠲᠡᠭᠡᠮᠵᠢᠲᠡᠶ ᠡᠵᠡᠩᠨᠡᠯᠲᠡ ᠶᠢ | ᠭᠡᠷᠡᠭᠵᠢᠬᠦᠯᠵᠦ᠂ ᠥᠷᠭᠡᠨ ᠣᠯᠠᠨ ᠬᠡᠷᠡᠭᠯᠡᠭᠴᠢᠳ ᠤᠨ ᠡᠷᠬᠡ ᠠᠰᠢᠭ ᠲᠤ ᠬᠠᠷᠢᠭᠤᠴᠠᠵᠤ᠂ ᠨᠠᠷᠠᠲᠤ ᠲᠡᠮᠳᠡᠭᠲᠦ ᠪᠠᠨ | ᠰᠠᠶᠢᠲᠤᠷ ᠠᠬᠢᠭᠤᠯᠵᠦ ᠪᠠᠶᠢᠨ᠎ᠠ︾ ᠭᠡᠵᠦ ᠲᠠᠩᠰᠤᠭ ᠴᠠᠭᠠᠨ ᠢᠳᠡᠭᠡᠨ ᠤ ᠲᠡᠯᠬᠡᠬᠦᠷ ᠤᠨ ᠡᠵᠡᠩᠨᠡᠭᠴᠢ ᠠᠷᠤᠤᠬᠠᠨ | ᠶᠠᠷᠢᠯ᠎ᠠ᠃ | ᠬᠥᠪᠡᠭᠡᠲᠦ ᠰᠢᠷ᠎ᠠ ᠬᠤᠰᠢᠭᠤᠨ ᠤ ᠴᠠᠭᠠᠨ ᠢᠳᠡᠭᠡᠨ ᠤ ᠠᠵᠤ ᠦᠢᠯᠡᠰ ᠥᠷᠨᠢᠨ ᠬᠥᠭᠵᠢᠵᠦ᠂ ᠪᠥᠬᠦ ᠤᠯᠤᠰ ᠤᠨ | ᠨᠠᠩ ᠣᠯᠠᠨ ᠬᠥᠮᠦᠰ ᠲᠤ ᠬᠥᠪᠡᠭᠡᠲᠦ ᠰᠢᠷ᠎ᠠ ᠬᠤᠰᠢᠭᠤᠨ ᠤ ᠴᠠᠭᠠᠨ ᠢᠳᠡᠭᠡᠨ ᠢ ᠣᠶᠢᠯᠠᠭᠠᠭᠤᠯᠤᠭᠰᠠᠨ ᠪᠥᠭᠡᠳ ︽ | ᠴᠠᠭᠠᠨ ᠢᠳᠡᠭᠡᠨ ᠤ ᠨᠣᠳᠤᠭ︾ ᠤᠨ ᠨᠡᠷ᠎ᠡ ᠠᠯᠳᠠᠷ ᠢ ᠨᠠᠩ ᠠᠯᠳᠠᠷᠰᠢᠭᠤᠯᠣᠬᠰᠠᠨ ᠪᠠᠶᠢᠨ᠎ᠠ᠃ | | | | |