— ᠪᠦᠬᠦ ᠤᠷᠤᠨ ᠤ ᠦᠨᠲᠤᠰᠤᠲᠡᠨ ᠤ ᠪᠦᠯᠬᠦᠮᠲᠡᠯ ᠲᠡᠪᠰᠢᠯᠲᠡ ᠶᠢᠨ ᠵᠢᠱᠢᠶᠡᠴᠢ ᠭᠠᠴᠠᠭ᠎ᠠ ᠪᠤᠯᠬᠤ ᠬᠦᠪᠡᠭᠡᠲᠤ ᠰᠢᠷ᠎ᠠ | ᠬᠤᠰᠢᠭᠤᠨ ᠤ ᠪᠤᠭᠲᠠ ᠶᠢᠨ ᠭᠤᠤᠯ ᠰᠤᠮᠤᠨ ᠤ ᠤᠩᠭᠤᠴᠠ ᠭᠠᠴᠠᠭ᠎ᠠ ᠶᠢ ᠲᠡᠮᠲᠡᠭᠯᠡᠪᠡ | | ᠠᠭᠤᠤ ᠨᠠᠮ ᠤᠨ ᠢᠶᠠᠨ ᠬᠠᠶᠢᠷ᠎ᠠ ᠬᠠᠯᠠᠮᠵᠢ ᠪᠠᠷ ᠲᠠᠪᠢᠯᠠᠩ ᠵᠠᠶᠠᠭ᠎ᠠ ᠪᠠᠨ ᠬᠤᠯᠪᠤᠵᠤ ᠢᠷᠡᠭᠰᠡᠨ 56 ᠦᠨᠲᠤᠰᠤᠲᠡᠨ ᠮᠠᠨᠢ | ᠤᠯᠠᠨ ᠵᠢᠯ ᠤᠨ ᠲᠤᠷᠰᠢ ᠪᠦᠯᠬᠦᠮᠲᠡᠯ ᠨᠢᠭᠲᠠᠷᠠᠯ ᠤᠨ ᠢᠷᠡᠭᠤ ᠲᠠᠭᠤᠨ ᠢ ᠴᠤᠤᠷᠢᠶᠠᠳᠤᠭᠤᠯᠤᠨ᠂ ᠤᠯᠤᠰ ᠤᠷᠤᠨ ᠤ | ᠬᠦᠭᠵᠢᠯ ᠴᠡᠴᠡᠭᠯᠡᠯᠳᠡ ᠳᠤ ᠦᠪᠡᠷ ᠦᠪᠡᠷᠰᠡᠳ ᠤᠨ ᠬᠤᠪᠢ ᠨᠡᠮᠡᠷᠢ ᠪᠠᠨ ᠦᠵᠡᠬᠦᠯᠦᠭᠰᠡᠨ ᠪᠢᠯᠠ᠃ ᠡᠨᠡ ᠲᠤᠮᠳᠠ ᠠᠴᠠ | ᠤᠯᠤᠰ ᠪᠠ ᠤᠷᠤᠨ ᠠᠶᠢᠮᠠᠭ ᠤᠨ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢᠨ ᠤᠯᠠᠨ ᠵᠢᠱᠢᠶᠡᠴᠢ ᠨᠢᠬᠡᠴᠢ᠂ ᠵᠢᠱᠢᠶᠡᠴᠢ | ᠬᠤᠪᠢ ᠬᠦᠮᠦᠨ ᠰᠢᠯᠭᠠᠷᠠᠨ ᠭᠠᠷᠴᠤ᠂ ᠦᠨᠳᠦᠰᠦᠳᠡᠨ ᠨᠦᠭᠦᠳ ᠤᠨ ᠬᠠᠮᠳᠤ ᠪᠠᠷ ᠲᠠᠪᠰᠢᠵᠤ ᠬᠠᠮᠳᠤ ᠪᠠᠷ ᠴᠡᠴᠡᠭᠯᠡᠨ | ᠬᠦᠭᠵᠢᠬᠦ ᠳᠤ ᠵᠢᠱᠢᠶᠡᠴᠢ ᠲᠠᠭᠤᠷᠢᠶᠠᠯ ᠤᠨ ᠦᠢᠯᠡᠳᠦᠯ ᠢᠶᠠᠨ ᠦᠵᠡᠬᠦᠯᠦᠭᠰᠡᠬᠡᠷ ᠢᠷᠡᠭᠰᠡᠨ ᠶᠤᠮ᠃ | ᠪ᠊ ᠦ᠋ᠬᠦ ᠤᠷᠤᠨ ᠤ ᠦᠨᠲᠤᠰᠤᠲᠡᠨ ᠤ ᠪᠦᠯᠬᠦᠮᠲᠡᠯ ᠲᠠᠪᠰᠢᠯᠲᠠ ᠶᠢᠨ ᠵᠢᠱᠢᠶᠡᠴᠢ ᠭᠠᠴᠠᠭᠠᠨ ᠤ ᠨᠢᠬᠡ ᠪᠤᠯᠬᠤ ᠬᠦᠪᠡᠭᠡᠲᠤ | ᠰᠢᠷ᠎ᠠ ᠬᠤᠰᠢᠭᠤᠨ ᠤ ᠪᠤᠭᠲᠠ ᠶᠢᠨ ᠭᠤᠤᠯ ᠰᠤᠮᠤᠨ ᠤ ᠤᠩᠭᠤᠴᠠ ᠭᠠᠴᠠᠭ᠎ᠠ ᠪᠤᠯ ᠮᠤᠩᠭᠤᠯ᠂ ᠬᠢᠳᠠᠳ ᠦᠨᠳᠦᠰᠦᠳᠡᠨ | ᠬᠤᠯᠢᠯᠳᠤᠨ ᠰᠠᠭᠤᠷᠢᠰᠢᠵᠤ᠂ ᠮᠠᠯ ᠠᠵᠤ ᠠᠬᠤᠢ ᠪᠠᠷ ᠲᠤᠯᠭᠠᠭᠤᠷᠢ ᠠᠵᠤ ᠤᠶᠢᠯᠡᠰ ᠢᠶᠠᠨ ᠪᠤᠯᠭᠠᠭᠰᠠᠨ ᠨᠢᠭᠡᠨ ᠴᠤᠯ | ᠮᠠᠯᠵᠢᠬᠤ ᠭᠠᠴᠠᠭ᠎ᠠ ᠪᠤᠯᠬᠤ ᠶᠤᠮ᠃ ᠲᠡᠭᠡᠷ᠎ᠡ ᠵᠠᠭᠤᠨ ᠤ ᠵᠢᠷᠠ ᠲᠠᠯᠠᠭᠠᠳ ᠤᠨ ᠤ ᠦᠶ᠎ᠡ ᠪᠠᠷ ᠲᠤᠰ ᠭᠠᠴᠠᠭ᠎ᠠ ᠨᠢ ᠠᠮᠤ | ᠪᠤᠳᠠᠭ᠎ᠠ ᠪᠠᠨ ᠦᠪᠡᠷᠳᠡᠬᠡᠨ ᠬᠠᠨᠭ᠍ᠭᠠᠬᠤ ᠵᠤᠷᠢᠯᠭ᠎ᠠ ᠪᠠᠷ ᠭᠠᠲᠠᠨ᠎ᠠ ᠠᠴᠠ ᠲᠤᠰᠬᠠᠶᠢᠯᠠᠨ ᠲᠠᠷᠢᠶᠠᠯᠠᠩ ᠤᠨ ᠮᠡᠷᠭᠡᠵᠢᠯ ᠲᠠᠢ | ᠬᠡᠲᠤᠨ ᠬᠦᠮᠤᠨ ᠢ ᠭᠡᠷ ᠪᠦᠯᠢ ᠪᠠᠷ ᠨᠢ ᠤᠷᠤᠭᠤᠯᠵᠤ ᠠᠪᠴᠢᠷᠠᠭᠰᠠᠨ ᠢᠶᠠᠷ ᠤᠲᠤ ᠪᠤᠯᠬᠤ ᠳᠤ ᠪᠦᠬᠦ ᠭᠠᠴᠠᠭᠠᠨ ᠤ | ᠮᠠᠯᠴᠢᠳ ᠤᠨ 1/4 ᠶᠢᠨ ᠬᠦᠮᠤᠨ ᠠᠮᠠ ᠨᠢ ᠬᠢᠲᠡᠳ ᠦᠨᠲᠤᠰᠤᠲᠡᠨ ᠪᠠᠶᠢᠵᠤ᠂ ᠬᠠᠮᠳᠤ ᠪᠠᠷ ᠭᠠᠴᠠᠭᠠᠨ ᠤ ᠬᠠᠮᠳᠤ ᠶᠢᠨ | ᠠᠵᠤ ᠠᠬᠤᠢ ᠶᠢᠨ ᠬᠦᠭᠵᠢᠯᠳᠡ ᠪᠠ ᠰᠢᠨ᠎ᠠ ᠬᠦᠳᠡᠭᠡ ᠲᠤᠰᠬᠤᠨ ᠢ ᠪᠦᠳᠦᠬᠡᠨ ᠪᠠᠶᠢᠭᠤᠯᠬᠤ ᠳᠤ ᠬᠦᠴᠦᠨ ᠨᠡᠮᠡᠷᠢ ᠪᠠᠨ | ᠡᠷᠬᠦᠵᠦ ᠡᠶ᠎ᠡ ᠨᠠᠶᠢᠷᠳᠠᠢ ᠶᠠᠪᠤᠯᠴᠠᠭᠰᠠᠭᠠᠷ ᠢᠷᠡᠭᠰᠡᠨ ᠶᠤᠮ᠃ | ᠡᠨᠡ ᠲᠤᠬᠠᠢ ᠲᠤᠰ ᠭᠠᠴᠠᠭᠠᠨ ᠤ ᠲᠠᠯ᠎ᠠ ᠶᠢᠨ ᠲᠠᠪᠠᠭᠠᠨ ᠳᠤ ᠲᠦᠬᠦᠭᠰᠡᠨ ᠠᠬᠠᠮᠠᠳ ᠮᠠᠯᠴᠢᠨ ᠵᠠᠩ ᠬᠦᠢ ᠱᠠᠨ ᠨᠠᠰᠤᠲᠠᠨ | ᠰᠤᠷᠪᠤᠯᠵᠢᠯᠠᠭ᠎ᠠ ᠬᠦᠯᠢᠶᠡᠬᠦ ᠳᠤ ᠪᠠᠨ᠄ ︽ᠪᠢ ᠴᠢᠨᠢ 15 ᠨᠠᠰᠤ ᠲᠠᠢ ᠪᠠᠶᠢᠬᠤ ᠳᠤ ᠪᠠᠨ ᠲᠠᠷᠤᠢ 1967 ᠤᠨ ᠳᠤ | ᠠᠪᠠᠭ᠎ᠠ ᠪᠠᠨ ᠲᠠᠭᠠᠵᠤ ᠡᠨᠡ ᠨᠤᠲᠤᠭ ᠲᠤ ᠢᠷᠡᠭᠰᠡᠨ ᠶᠤᠮ᠃ ᠤᠲᠤ ᠨᠢᠭᠡᠨᠲᠡ 55 ᠵᠢᠯ ᠤᠨ ᠡᠮᠤᠨᠡᠬᠢ ᠤᠴᠢᠷ ᠪᠤᠯᠵᠠᠢ᠃ | ᠮᠢᠨᠤ ᠴᠡᠬᠡᠵᠢᠯᠡᠵᠤ ᠪᠠᠶᠢᠬᠤ ᠪᠠᠷ ᠲᠡᠷᠡ ᠦᠶ᠎ᠡ ᠳᠤ ᠮᠠᠨ ᠤ ᠭᠠᠴᠠᠭᠠᠨ ᠳᠤ ᠬᠢᠲᠡᠳ ᠡᠷᠤᠬᠡ ᠪᠠᠷᠤᠭ ᠬᠤᠶᠠᠷ ᠭᠤᠷᠪᠠ ᠠᠴᠠ | ᠭᠡᠲᠤ ᠪᠠᠶᠢᠭᠰᠠᠨ ᠦᠭᠡᠢ᠂ ᠬᠠᠷᠢᠨ 1971 ᠤᠨ ᠳᠤ ᠭᠠᠲᠠᠨ᠎ᠠ ᠠᠴᠠ 5 ᠡᠷᠤᠬᠡ ᠢᠷᠡᠵᠤ᠂ ᠪᠢᠲᠡ ᠢ ᠲᠠᠭᠠᠭᠤᠯᠤᠨ | ᠲᠡᠷᠢᠶ᠎ᠠ ᠶᠡᠬᠡᠪᠡᠷ ᠲᠠᠷᠢᠵᠤ ᠪᠠᠶᠢᠭᠰᠠᠨ᠃ ᠪᠢ ᠠᠲᠡ ᠢᠷᠡᠬᠦ ᠳᠤ ᠠᠩᠬ᠎ᠠ ᠡᠬᠢᠨ ᠳᠤ ᠪᠠᠨ ᠮᠤᠩᠭᠤᠯ ᠦᠭᠡ ᠪᠦᠷ ᠬᠡᠯᠡᠵᠤ | ᠴᠢᠲᠠᠬᠤ ᠦᠭᠡᠢ᠃ ᠭᠡᠪᠡᠴᠤ ᠮᠠᠨ ᠤ ᠠᠲᠡᠬᠢ ᠶᠢᠨ ᠮᠠᠯᠴᠢᠳ ᠨᠠᠲᠠ ᠳᠤ ᠶᠡᠭᠡ ᠲᠤᠰᠠᠷᠬᠠᠭ ᠪᠠᠶᠢᠵᠤ᠂ ᠪᠢᠲᠡ ᠪᠦᠷ ᠨᠢᠭᠡ | ᠭᠡᠷ ᠤᠨ ᠬᠦᠮᠤᠨ ᠠᠲᠠᠯᠢ ᠲᠤᠲᠤᠨᠤ ᠶᠠᠪᠤᠯᠴᠠᠳᠠᠭ︾ ᠭᠡᠵᠦ ᠬᠢᠲᠡᠳ ᠠᠶᠠᠯᠭᠤ ᠲᠠᠢ ᠮᠤᠩᠭᠤᠯ ᠦᠭᠡ ᠪᠠᠷ ᠤᠷᠤᠰᠬᠠᠵᠤ | ᠶᠠᠷᠢᠬᠤ ᠳᠤ ᠪᠠᠨ ᠪᠠᠰᠠ ᠲᠠᠯᠠᠭᠠᠳ ᠤᠨ ᠤ ᠦᠶ᠎ᠡ ᠳᠤ ᠬᠠᠮᠲᠤ ᠶᠢᠨ ᠠᠵᠢᠯ ᠬᠦᠲᠡᠯᠮᠤᠷᠢ ᠳᠤ ᠤᠷᠤᠯᠴᠠᠵᠤ ᠪᠠᠶᠢᠭᠰᠠᠨ | ᠬᠡᠲᠤᠨ ᠬᠤᠪᠢ ᠭᠡᠷᠡᠯ ᠵᠢᠷᠤᠭ ᠢ ᠭᠠᠷᠭᠠᠨ᠄ ︽ᠡᠨᠡ ᠪᠤᠯ ᠲᠡᠷᠤᠢ ᠤᠯᠠᠭᠠᠨ ᠲᠠᠪᠠᠭ᠎ᠠ ᠶᠢᠨ ᠤᠰᠤᠨ ᠴᠦᠬᠦᠷᠤᠮ ᠢ | ᠪᠠᠶᠢᠭᠤᠯᠬᠤ ᠦᠶ᠎ᠡ ᠶᠢᠨ ᠪᠢᠲᠡᠡ ᠤ ᠬᠠᠮᠲᠤ ᠶᠢᠨ ᠰᠡᠬᠦᠲᠡᠷ ᠪᠤᠯᠤᠨ᠎ᠠ᠂ ᠡᠨᠡ ᠪᠤᠯ ᠲᠤᠬᠠᠢ ᠶᠢᠨ ᠦᠶ᠎ᠡ ᠶᠢᠨ ᠮᠠᠨ ᠤ | ᠭᠠᠴᠠᠭᠠᠨ ᠤ ᠤᠲᠤᠷᠢᠲᠤᠯᠭ᠎ᠠ ᠪᠠᠶᠢᠭᠰᠠᠨ ᠲᠤᠷᠵᠢ ᠱᠦᠵᠢ ᠪᠤᠯᠤᠨ ᠵᠠᠮᠪᠤᠰᠦ᠋ᠷᠤᠩ ᠲᠠᠷᠤᠭ᠎ᠠ ᠪᠤᠯᠤᠨ᠎ᠠ᠂ ᠲᠤᠬᠠᠢ ᠶᠢᠨ | ᠦᠶ᠎ᠡ ᠳᠤ ᠪᠢ ᠰᠠᠶ᠋ᠢ ᠬᠤᠷᠢᠨ ᠬᠡᠲᠤ ᠲᠠᠢ ᠪᠠᠶᠢᠭᠰᠠᠨ ᠰᠢᠤ︾ ᠭᠡᠵᠦ ᠲᠤᠬᠠᠢ ᠶᠢᠨ ᠦᠶ᠎ᠡ ᠶᠢᠨ ᠪᠠᠶᠢᠲᠠᠯ ᠢᠶᠠᠨ | ᠡᠷᠬᠢᠴᠡᠬᠦᠯᠤᠨ ᠲᠤᠷᠠᠳᠬᠠᠵᠤ ᠶᠡᠷᠢᠨ᠎ᠡ᠃ | ᠶᠠᠭ ᠯᠠ ᠵᠠᠩ ᠬᠦᠢ ᠱᠠᠨ ᠨᠠᠰᠤᠲᠠᠨ ᠤ ᠬᠡᠯᠡᠭᠰᠡᠨ ᠮᠡᠲᠤ ᠤᠩᠭᠤᠴᠠ ᠭᠠᠴᠠᠭᠠᠨ ᠤ ᠮᠤᠩᠭᠤᠯ ᠬᠢᠲᠡᠳ ᠮᠠᠯᠴᠢᠨ | ᠲᠦᠮᠡᠨ ᠨᠢ ︽ᠲᠤᠤᠭᠠᠷᠪᠠᠯ ᠲᠠᠭᠤ ᠨᠢᠭᠡᠲᠡᠢ᠂ ᠲᠤᠭᠲᠤᠷᠪᠠᠯ ᠬᠦᠴᠤ ᠨᠢᠭᠡᠲᠡᠢ︾ ᠤᠯᠠᠨ ᠵᠢᠯ ᠬᠠᠮᠳᠤ ᠪᠠᠷ ᠵᠢᠳᠬᠦᠵᠦ᠂ | ᠰᠢᠨ᠎ᠡ ᠮᠠᠯᠵᠢᠬᠤ ᠤᠷᠤᠨ ᠤ ᠪᠦᠲᠤᠭᠡᠨ ᠪᠠᠶᠢᠭᠤᠯᠤᠯᠳᠠ ᠳᠤ ᠭᠠᠪᠰᠢᠭᠠᠢᠢᠯᠠᠭᠰᠠᠭᠠᠷ ᠢᠷᠡᠭᠰᠡᠨ ᠶᠤᠮ᠃ ᠡᠨᠡ ᠲᠤᠬᠠᠢ 10 | ᠭᠠᠷᠤᠢ ᠵᠢᠯ ᠤᠨ ᠡᠮᠤᠨ᠎ᠡ ᠲᠤᠰ ᠭᠠᠴᠠᠭᠠᠨ ᠤ ᠮᠤᠩᠭᠤᠯ ᠬᠢᠲᠡᠳ ᠮᠠᠯᠴᠢᠳ ᠤᠨ ᠬᠤᠷᠰᠢᠵᠤ ᠪᠠᠶᠢᠭᠤᠯᠤᠭᠰᠠᠨ ︽ᠰᠠᠭᠰᠠᠭᠠᠷ | — ᠰᠢᠯᠢᠳᠡᠭ ᠡᠬᠦᠯᠲᠡᠷ ᠤᠨ ᠦᠬᠡᠷ ᠬᠤᠨᠢ ᠲᠡᠵᠢᠭᠡᠨ ᠦᠷᠡᠵᠢᠬᠦᠯᠬᠦ︾ ᠬᠤᠷᠰᠢᠶᠡᠵᠢᠯ ᠨᠢ ᠦᠬᠡᠷ ᠬᠤᠨᠢ ᠪᠤᠷᠲᠤᠵᠤ | ᠲᠡᠵᠢᠭᠡᠨ ᠦᠷᠡᠵᠢᠬᠦᠯᠬᠦ ᠵᠡᠷᠭᠡ ᠮᠠᠯᠵᠢᠬᠤ ᠤᠶᠢᠯᠡᠳᠪᠤᠷᠢᠯᠡᠯ ᠤᠨ ᠡᠵᠡᠩᠨᠡᠯᠲᠡ ᠶᠢᠨ ᠲᠡᠯ᠎ᠡ ᠳᠤ ᠰᠢᠯᠢᠲᠡᠭᠵᠢᠭᠰᠡᠨ ᠬᠠᠮ | ᠬᠡᠯᠪᠡᠷᠢ ᠶᠢᠨ ᠤᠶᠢᠯᠡᠳᠪᠤᠷᠢᠯᠡᠯ ᠤᠨ ᠬᠠᠷᠢᠯᠴᠠᠨ ᠬᠠᠪᠰᠤᠷᠤᠯᠴᠠᠬᠤ ᠵᠠᠭᠪᠤᠷ ᠢ ᠪᠤᠢ ᠪᠤᠯᠭᠠᠨ᠂ ᠤᠲᠤ ᠬᠡᠲᠦ᠋ᠢᠪᠡᠷ ᠡᠷᠤᠬᠡ ᠪᠠᠷ | ᠨᠢᠭᠡᠴᠢᠯᠡᠨ ᠲᠠᠷᠠᠬᠠᠢ ᠪᠤᠲᠠᠷᠬᠠᠢ ᠡᠵᠡᠩᠨᠡᠬᠦ ᠪᠤᠯᠤᠭᠰᠠᠨ ᠴᠤ ᠲᠡᠩᠰᠠ ᠲᠡᠮᠲᠡᠭᠯᠡᠯ ᠬᠠᠮᠢᠶᠠᠷᠤᠯᠲᠠ ᠨᠢ ᠮᠦᠨ ᠯᠡ ᠤᠭ ᠤᠨ | ᠠᠲᠠᠯᠢ ᠨᠢᠭᠡᠲᠤᠯᠲᠠᠢ ᠪᠠᠶᠢᠵᠤ᠂ ᠬᠠᠮᠲᠤ ᠪᠠᠷ ᠠᠰᠢᠭ ᠬᠦᠷᠲᠡᠵᠤ ᠬᠠᠮᠲᠤ ᠪᠠᠷ ᠪᠠᠶᠠᠵᠢᠨ ᠴᠢᠨᠡᠭᠡᠯᠢᠭᠵᠢᠬᠦ ᠵᠠᠮ ᠢᠶᠠᠷ ᠵᠠᠮᠨᠠᠵᠤ᠂ | ᠦᠨᠲᠤᠷ ᠦᠷ᠎ᠡ ᠠᠰᠢᠭᠲᠤ ᠤᠲᠤ ᠦᠶ᠎ᠡ ᠶᠢᠨ ᠮᠠᠯ ᠠᠵᠤ ᠠᠬᠤᠢ ᠶᠢ ᠬᠦᠭᠵᠢᠬᠦᠯᠬᠦ ᠳᠤ ᠵᠤᠬᠢᠬᠤ ᠤᠶᠢᠯᠡᠲᠤᠯ | ᠦᠵᠡᠬᠦᠯᠤᠭ᠍ᠰᠡᠭᠡᠷ ᠪᠠᠶᠢᠨ᠎ᠠ᠃ | ᠤᠡᠭᠭᠤᠴᠠ ᠭᠠᠴᠠᠭᠠᠨ ᠤ ᠨᠠᠮ ᠤᠨ ᠡᠬᠦᠷ ᠤᠨ ᠱᠦᠵᠢ᠂ ᠭᠠᠴᠠᠭᠠᠨ ᠲᠠᠷᠤᠭ᠎ᠠ ᠡᠷᠲᠡᠨᠢᠪᠡᠲᠤ᠄ ︽ᠮᠠᠨ ᠤ ᠭᠠᠴᠠᠭᠠᠨ ᠤ | ᠮᠤᠩᠭᠤᠯ ᠬᠢᠲᠡᠳ ᠦᠨᠲᠤᠰᠤᠲᠡᠨ ᠤ ᠬᠤᠭᠤᠷᠤᠨᠲᠤᠬᠢ ᠡᠪ ᠪᠦᠯᠬᠦᠮᠲᠠᠯ ᠮᠠᠰᠢ ᠰᠠᠶᠢᠨ ᠪᠠᠶᠢᠵᠤ᠂ ᠲᠤᠮᠲᠠᠲᠤ ᠶᠢᠨ | ᠦᠨᠲᠤᠰᠤᠲᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠴᠤᠭᠴᠠᠯᠠᠬᠤ ᠳᠤ ᠦᠯᠢᠭᠡᠷ ᠵᠢᠱᠢᠶ᠎ᠡ ᠪᠤᠯᠵᠤ ᠪᠠᠶᠢᠭ᠎ᠠ ᠭᠠᠴᠠᠭ᠎ᠠ | ᠲᠤᠰᠬᠤᠨ ᠤ ᠨᠢᠭᠡ ᠪᠤᠯᠤᠭᠰᠠᠨ ᠶᠤᠮ᠃ ᠮᠠᠨ ᠤ ᠭᠠᠴᠠᠭᠠᠨ ᠤ ᠮᠠᠯᠴᠢᠨ ᠲᠦᠮᠡᠨ ᠤ ᠪᠦᠯᠬᠦᠮᠲᠠᠯ ᠢᠢᠮᠤ ᠰᠠᠶᠢᠨ ᠪᠠᠶᠢᠲᠠᠭ ᠨᠢ | ᠶᠠᠷᠢᠶᠠᠨ ᠦᠬᠡᠢ ᠮᠠᠯᠴᠢᠨ ᠠᠷᠠᠳ ᠤᠨ ᠮᠠᠨᠢ ᠨᠠᠮ ᠤᠨ ᠦᠨᠲᠤᠰᠤᠲᠡᠨ ᠤ ᠠᠵᠢᠯ ᠤᠨ ᠲᠤᠬᠠᠢ ᠲᠦᠷᠤ ᠶᠢᠨ ᠪᠤᠲᠤᠯᠭ᠎ᠠ ᠶᠢ | ᠤᠶᠢᠯᠠᠭᠠᠨ ᠡᠵᠡᠮᠰᠢᠬᠦ ᠤᠬᠠᠮᠰᠡᠷ ᠴᠢᠲᠡᠪᠤᠷᠢ ᠦᠨᠳᠦᠷ ᠪᠠᠶᠢᠬᠤ ᠪᠠ ᠲᠡᠭᠡᠷ᠎ᠡ ᠦᠶ᠎ᠡ ᠶᠢᠨ ᠠᠬᠠᠮᠠᠳ ᠤᠲᠤᠷᠢᠲᠤᠯᠭ᠎ᠠ | ᠨᠡᠷ ᠠᠴᠠ ᠦᠨᠲᠤᠰᠤᠲᠡᠨ ᠤ ᠪᠦᠯᠬᠦᠮᠲᠠᠯ ᠢ ᠴᠢᠬᠤᠯᠠᠴᠢᠯᠠᠭᠰᠠᠭᠠᠷ ᠢᠷᠡᠭᠰᠡᠨ ᠲᠠᠢ ᠬᠤᠯᠪᠤᠭ᠎ᠠ ᠲᠠᠢ ᠶᠤᠮ︾ ᠬᠡᠵᠦ ᠶᠠᠷᠢᠨ᠎ᠠ᠃ | | ᠤᠡᠭᠭᠤᠴᠠ ᠭᠠᠴᠠᠭᠠᠨ ᠤ ᠲᠠᠩᠰᠠᠯᠠᠵᠤ ᠺᠠᠷᠳ᠋ᠯᠠᠭᠰᠠᠨ ᠶᠠᠳᠠᠭᠤ ᠬᠦᠴᠢᠷᠳᠡᠯᠳᠠᠢ ᠡᠷᠦᠬᠡ ᠶᠢᠨ ᠲᠤᠳᠤᠷ᠎ᠠ 2 ᠬᠢᠳᠠᠳ | ᠦᠨᠳᠦᠰᠦᠳᠡᠨ ᠤ ᠮᠠᠯᠴᠢᠨ ᠡᠷᠦᠬᠡ ᠪᠠᠶᠢᠳᠠᠭ᠃ ᠭᠠᠴᠠᠭᠠᠨ ᠤ ︽ᠬᠤᠶᠠᠷ ᠵᠦᠪᠯᠡᠯ︾ ᠤᠨ ᠬᠢᠨ ᠶᠠᠳᠠᠭᠤ ᠶᠢ ᠲᠡᠳᠬᠦᠬᠦ | ᠠᠷᠭ᠎ᠠ ᠪᠤᠳᠤᠯᠭ᠎ᠠ ᠪᠠᠨ ᠨᠠᠷᠢᠯᠢᠭ ᠤᠨᠤᠪᠴᠢᠳᠠᠢ ᠲᠤᠭᠳᠠᠭᠠᠵᠤ᠂ ᠰᠢᠯᠢᠲᠡᠭ ᠡᠬᠦᠯᠲᠡᠷ ᠤᠨ ᠴᠠᠬᠠᠷ ᠬᠤᠨᠢ ᠪᠠᠷ ᠲᠡᠳᠬᠦᠬᠦ | ᠪᠤᠯᠤᠨ ᠨᠡᠬᠦᠯᠭᠡᠨ ᠰᠢᠯᠵᠢᠬᠦᠯᠬᠦ ᠲᠦᠷᠤᠯ ᠵᠦᠢᠯ ᠢᠶᠠᠷ ᠲᠡᠮᠵᠢᠬᠦ ᠵᠡᠷᠭᠡ ᠠᠯᠢ ᠤᠯᠠᠨ ᠪᠦᠲᠤᠮᠵᠢᠲᠠᠢ ᠠᠷᠭ᠎ᠠ ᠬᠡᠯᠪᠡᠷᠢ ᠶᠢ | ᠲᠦᠪ ᠭᠤᠤᠯᠴᠢ ᠡᠷᠬᠡ ᠲᠡᠭᠰᠢ ᠪᠠᠷ ᠬᠡᠷᠡᠭᠵᠢᠬᠦᠯᠦᠭᠰᠡᠨ ᠢᠶᠠᠷ ᠲᠤᠰ ᠬᠤᠶᠠᠷ ᠡᠷᠦᠬᠡ ᠴᠦ ᠴᠦᠮ ᠶᠠᠳᠠᠭᠤ ᠠᠴᠠ | ᠠᠩᠬᠢᠵᠢᠷᠠᠭᠰᠠᠨ ᠪᠠᠶᠢᠨ᠎ᠠ᠃ | ᠤᠡᠭᠭᠤᠴᠠ ᠭᠠᠴᠠᠭ᠎ᠠ ᠡᠶᠢᠨ ᠬᠦ ᠤᠯᠠᠨ ᠵᠢᠯ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢ ᠰᠤᠯᠠᠷᠠᠭᠤᠯᠤᠯ ᠦᠬᠡᠢ ᠪᠠᠷ | ᠠᠳᠬᠤᠭᠰᠠᠭᠠᠷ ᠢᠷᠡᠭᠰᠡᠨ ᠠᠴᠠ ᠤᠷᠢᠳ ᠬᠤᠵᠢᠳ ᠬᠤᠰᠢᠭᠤ ᠠᠶᠢᠮᠠᠭ ᠤᠨ ᠦᠨᠲᠤᠰᠤᠲᠡᠨ ᠤ ᠪᠦᠯᠬᠦᠮᠲᠠᠯ ᠲᠠᠪᠰᠢᠯᠲᠠ ᠶᠢᠨ | ᠲᠡᠷᠢᠬᠦᠨ ᠤ ᠭᠠᠴᠠᠭ᠎ᠠ ᠪᠤᠯᠤᠭᠰᠠᠨ ᠢᠶᠠᠷ ᠪᠠᠷᠠᠬᠤ ᠦᠭᠡᠢ ᠦᠩᠭᠡᠷᠡᠬᠦ ᠵᠢᠯ ᠤᠨ 10 ᠰᠠᠷ᠎ᠠ ᠳᠤ ᠪᠠᠰᠠ ᠪᠦᠬᠦ ᠤᠷᠤᠨ ᠤ | ᠦᠨᠲᠤᠰᠤᠲᠡᠨ ᠤ ᠪᠦᠯᠬᠦᠮᠲᠡᠯ ᠲᠡᠪᠰᠢᠯᠲᠡ ᠶᠢᠨ ᠵᠢᠱᠢᠶᠡᠴᠢ ᠭᠠᠴᠠᠭ᠎ᠠ ᠶᠢᠨ ᠢᠷᠠᠭᠤ ᠠᠯᠳᠠᠷ ᠢ ᠲᠤᠰᠤᠭᠰᠠᠨ ᠪᠢᠯᠠ᠃ ᠡᠨᠡ | ᠵᠢᠯ ᠤᠨ ᠬᠤᠪᠢ ᠳᠤ ᠴᠦ ᠲᠤᠰ ᠭᠠᠴᠠᠭ᠎ᠠ ᠨᠢ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠤᠨ ᠴᠦᠬᠡᠨ ᠲᠤᠭᠠᠳᠤ | ᠦᠨᠳᠦᠰᠦᠳᠡᠨ ᠤ ᠬᠦᠭᠵᠢᠬᠦᠯᠦᠯᠳᠡ ᠶᠢᠨ ᠪᠡᠯᠡ ᠮᠦᠡᠭᠬᠦ ᠶᠢ ᠡᠷᠡᠮᠡᠯᠵᠡᠯᠡᠨ ᠤᠯᠵᠤ᠂ ᠭᠠᠴᠠᠭᠠᠨ ᠤ ᠬᠠᠮᠳᠤ ᠶᠢᠨ ᠠᠵᠤ | ᠠᠬᠤᠢ ᠶᠢ ᠪᠤᠵᠠᠭᠠᠢᠢᠷᠠᠭᠤᠯᠬᠤ ᠪᠠ ᠮᠠᠯᠴᠢᠳ ᠤᠨ ᠠᠮᠢᠳᠤᠷᠠᠯ ᠤᠨ ᠴᠢᠨᠡᠭᠡᠯᠢᠭᠵᠢᠯ ᠳᠤ ᠨᠡᠩ ᠪᠦᠳᠦᠮᠵᠢᠳᠠᠢ ᠠᠰᠢᠭᠯᠠᠬᠤ ᠪᠠᠷ | ᠠᠯᠤᠰ ᠤᠨ ᠬᠠᠷᠠᠯᠳᠠ ᠲᠠᠢ ᠬᠠᠮᠳᠤ ᠪᠠᠷ ᠴᠢᠷᠮᠠᠶᠢᠨ᠎ᠠ᠃ | ᠤᠲᠤ ᠲᠤᠰ ᠭᠠᠴᠠᠭᠠᠨ ᠤ ᠪᠠᠶᠢᠡᠭᠭᠤ ᠰᠠᠭᠤᠭ᠎ᠠ 80 ᠰᠢᠬᠠᠮ ᠡᠷᠤᠬᠡ ᠶᠢᠨ 220 ᠭᠠᠷᠤᠢ ᠮᠤᠩᠭᠤᠯ ᠬᠢᠲᠡᠳ | ᠦᠨᠳᠦᠰᠦᠳᠡᠨ ᠤ ᠮᠠᠯᠴᠢᠳ ᠮᠦᠨ ᠯᠡ ᠦᠩᠭᠡᠷᠡᠭᠰᠡᠨ ᠤ ᠠᠲᠠᠯᠢ ᠡᠶ᠎ᠡ ᠨᠠᠶᠢᠷᠲᠠᠢ ᠬᠦᠷᠰᠢ ᠵᠡᠷᠬᠡᠯᠡᠳᠡᠭᠡ ᠰᠠᠭᠤᠵᠤ᠂ ᠲᠠᠪᠤᠨ | ᠬᠤᠰᠢᠭᠤ ᠮᠠᠯ ᠤᠨ ᠬᠡᠰᠢᠭ ᠪᠤᠶᠠᠨ ᠢᠶᠠᠷ ᠲᠠᠩᠰᠤᠭ ᠰᠠᠶᠢᠬᠠᠨ ᠠᠮᠢᠳᠤᠷᠠᠵᠤ᠂ ᠲᠠᠯ᠎ᠠ ᠨᠤᠳᠤᠭ ᠲᠤ ᠦᠨᠳᠦᠰᠦᠳᠡᠨ ᠤ | ᠪᠦᠯᠬᠦᠮᠳᠡᠯ ᠲᠠᠪᠰᠢᠯᠳᠠ ᠶᠢᠨ ᠴᠡᠴᠡᠬᠡᠰ ᠢ ᠮᠢᠷᠠᠯᠵᠠᠭᠤᠯᠵᠤ᠂ ᠬᠠᠮᠳᠤ ᠪᠠᠷ ᠰᠠᠶᠢᠨ ᠰᠠᠶᠢᠬᠠᠨ ᠠᠮᠢᠳᠤᠷᠠᠯ ᠢᠶᠠᠨ ᠴᠤᠭᠴᠠᠯᠠᠵᠤ | ᠶᠠᠪᠤᠨ᠎ᠠ᠃ | | | | |