ᠰᠢ ᠶᠢᠨ ᠫᠢᠩ ᠣᠣᠮᠧᠨ ᠤ ᠨᠡᠶᠢᠭᠡᠮ ᠤᠨ ᠡᠯ᠎ᠡ ᠡᠲᠡᠭᠡᠳ ᠤᠨ ᠲᠥᠯᠥᠭᠡᠯᠡᠭᠴᠢ ᠬᠥᠮᠥᠰ ᠲᠠᠢ ᠠᠭᠤᠯᠵᠠᠪᠠ
ᠨᠡᠶᠢᠲᠡᠯᠡᠭᠰᠡᠨ ᠴᠠᠭ᠄
2024/12/25
    ᠰᠢᠨᠬᠤᠸᠠ ᠬᠤᠷᠢᠶ᠎ᠠ ᠶᠢᠨ ᠣᠣᠮᠧᠨ ᠤ 12 ᠰᠠᠷ᠎ᠠ ᠶᠢᠨ 19 ᠤ ᠴᠠᠭᠢᠯᠭᠠᠨ ᠮᠡᠳᠡᠭᠡ ᠤᠯᠤᠰ ᠤᠨ ᠲᠡᠷᠢᠭᠦᠯᠡᠭᠴᠢ ᠰᠢ ᠶᠢᠨ ᠫᠢᠩ 19 ᠤ ᠦᠳᠡ ᠶᠢᠨ ᠬᠤᠶᠢᠨ᠎ᠠ ᠣᠣᠮᠧᠨ ᠳᠤ ᠣᠣᠮᠧᠨ ᠤ ᠨᠡᠶᠢᠭᠡᠮ ᠤᠨ ᠡᠯ᠎ᠡ ᠡᠲᠡᠭᠡᠳ ᠤᠨ ᠲᠥᠯᠥᠭᠡᠯᠡᠭᠴᠢ ᠬᠥᠮᠥᠰ ᠲᠠᠢ ᠠᠭᠤᠯᠵᠠᠵᠤ᠂ ᠣᠣᠮᠧᠨ ᠤ ᠤᠷᠳᠤ ᠬᠤᠭᠤᠴᠠᠭᠠᠨ ᠤ ᠬᠥᠭᠵᠢᠯ ᠴᠡᠴᠡᠭᠯᠡᠯ ᠲᠣᠭᠲᠠᠭᠤᠨ ᠢ ᠪᠠᠲᠤᠯᠠᠬᠤ ᠳᠤ ᠦᠵᠡᠭᠦᠯᠦᠭᠰᠡᠨ ᠤᠯᠠᠨ ᠤ ᠬᠤᠪᠢ ᠨᠡᠮᠡᠷᠢ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠤᠯᠠᠨ ᠢᠶᠠᠷ ᠢᠶᠠᠨ ᠦᠷᠭᠦᠯᠵᠢᠯᠡᠨ ᠪᠦᠯᠬᠦᠮᠳᠡᠨ ᠲᠡᠮᠡᠴᠡᠵᠦ᠂ ᠣᠣᠮᠧᠨ ᠤ ᠰᠢᠨ᠎ᠡ ᠭᠡᠷᠡᠯ ᠰᠠᠴᠤᠷᠠᠩᠭᠤᠢ ᠠᠮᠵᠢᠯᠲᠠ ᠶᠢ ᠡᠭᠦᠳᠬᠦ ᠶᠢ ᠬᠦᠰᠡᠪᠡ᠃
 6387030945357669874858245.jpg  
    19 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠣᠣᠮᠧᠨ ᠳᠤ ᠣᠣᠮᠧᠨ ᠤ ᠨᠡᠶᠢᠭᠡᠮ ᠤᠨ ᠡᠯ᠎ᠡ ᠡᠲᠡᠭᠡᠳ ᠤᠨ ᠲᠥᠯᠥᠭᠡᠯᠡᠭᠴᠢ ᠬᠥᠮᠥᠰ ᠲᠠᠢ ᠠᠭᠤᠯᠵᠠᠪᠠ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠵᠠᠢ ᠵᠢᠶᠠᠨ ᠯᠠᠨ ᠰᠡᠭᠦᠳᠡᠷᠯᠡᠪᠡ    ᠲᠤᠰ ᠡᠳᠦᠷ ᠤᠨ ᠦᠳᠡ ᠶᠢᠨ ᠬᠤᠶᠢᠨ᠎ᠠ ᠰᠢ ᠶᠢᠨ ᠫᠢᠩ ᠪᠠᠰᠠ ᠣᠣᠮᠧᠨ ᠳᠤ ᠰᠠᠭᠤᠭ᠎ᠠ ᠲᠥᠪ ᠤᠨ ᠪᠠᠶᠢᠭᠤᠯᠤᠮᠵᠢ ᠪᠣᠯᠣᠨ ᠭᠤᠣᠯ ᠪᠤᠯᠬᠤ ᠳᠤᠮᠳᠠᠳᠤ ᠶᠢᠨ ᠪᠡᠯᠡ ᠤᠷᠭᠤᠯᠤᠬᠰᠠᠨ ᠪᠠᠶᠢᠭᠤᠯᠤᠮᠵᠢ ᠶᠢᠨ ᠬᠠᠷᠢᠭᠤᠴᠠᠯᠭᠠᠲᠠᠳ ᠲᠠᠢ ᠠᠭᠤᠯᠵᠠᠪᠠ᠃
   6387030947748294668260368.jpg 
    19 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠣᠣᠮᠧᠨ ᠳᠤ ᠰᠠᠭᠤᠭ᠎ᠠ ᠲᠥᠪ ᠤᠨ ᠪᠠᠶᠢᠭᠤᠯᠤᠮᠵᠢ ᠪᠣᠯᠣᠨ ᠭᠤᠣᠯ ᠪᠤᠯᠬᠤ ᠳᠤᠮᠳᠠᠳᠤ ᠶᠢᠨ ᠪᠡᠯᠡ ᠤᠷᠭᠤᠯᠤᠬᠰᠠᠨ ᠪᠠᠶᠢᠭᠤᠯᠤᠮᠵᠢ ᠶᠢᠨ ᠬᠠᠷᠢᠭᠤᠴᠠᠯᠭᠠᠲᠠᠳ ᠲᠠᠢ ᠠᠭᠤᠯᠵᠠᠪᠠ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠵᠢᠤᠢ ᠫᠧᠩ ᠰᠡᠭᠦᠳᠡᠷᠯᠡᠪᠡ    ᠼᠠᠢ ᠴᠢ᠂ ᠯᠢ ᠬᠤᠩ ᠵᠦᠩ᠂ ᠾᠧ ᠸᠧᠢ ᠳ᠋ᠦᠩ᠂ ᠾᠧ ᠯᠢ ᠹᠧᠩ᠂ ᠸᠠᠩ ᠰᠢᠶᠣᠣ ᠬᠤᠩ᠂ ᠸᠠᠩ ᠳ᠋ᠦᠩ ᠹᠧᠩ᠂ ᠰᠢᠶᠠ ᠪᠦᠦ ᠯᠦᠩ ᠨᠠᠷ ᠬᠤᠯᠪᠣᠭᠳᠠᠯ ᠪᠦᠬᠦᠢ ᠠᠭᠤᠯᠵᠠᠯᠲᠠ ᠳᠤ ᠣᠷᠣᠯᠴᠠᠪᠠ᠃    ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠾᠧ ᠾᠧᠦ ᠬᠤᠸᠠ᠂ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ ᠳᠠᠷᠤᠭ᠎ᠠ ᠾᠧ ᠢ ᠴᠧᠩ᠂ ᠲᠤᠰᠢᠶᠠᠯ ᠳᠤ ᠭᠠᠷᠬᠤ ᠪᠠᠷ ᠪᠠᠶᠢᠭ᠎ᠠ ᠵᠠᠰᠠᠭ ᠵᠠᠬᠢᠷᠭᠠᠨ ᠤ ᠳᠠᠷᠤᠭ᠎ᠠ ᠼᠧᠨ ᠬᠤᠤ ᠬᠤᠢ᠂ ᠤᠤᠯ ᠤᠨ ᠵᠠᠰᠠᠭ ᠵᠠᠬᠢᠷᠭᠠᠨ ᠤ ᠳᠠᠷᠤᠭ᠎ᠠ ᠼᠦᠢ ᠱᠢ ᠠᠨ ᠪᠠᠰᠠ ᠬᠤᠯᠪᠣᠭᠳᠠᠯ ᠪᠦᠬᠦᠢ ᠠᠭᠤᠯᠵᠠᠯᠲᠠ ᠳᠤ ᠣᠷᠣᠯᠴᠠᠵᠠᠢ᠃      
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号