ᠠᠯᠪᠠᠨ ᠵᠠᠷᠯᠠᠯ︕ ᠡᠨᠡ ᠬᠦ ᠠᠮᠠᠷᠠᠯᠲᠠ ᠶᠢ ᠰᠦᠪᠡᠭᠴᠢᠯᠡᠨ ᠭᠠᠷᠭᠠᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2024/12/27
     ᠰᠤᠷᠪᠤᠯᠵᠢᠯᠠᠭᠴᠢ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠣᠶᠢᠯᠠᠭᠠᠭᠰᠠᠨ ᠢᠶᠠᠷ ᠂ ᠣᠶᠢᠷ᠎ᠠ ᠳᠤ ᠂ ᠲᠥᠪ ᠤᠨ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢᠨ ᠤᠳᠤᠷᠢᠳᠬᠤ ᠳᠤᠭᠤᠶᠢᠯᠠᠩ ᠤᠨ ᠵᠥᠪᠰᠢᠶᠡᠷᠡᠯ ᠢᠶᠠᠷ ᠲᠥᠪ ᠤᠨ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ︽ ᠵᠡᠭᠦᠨ ᠬᠤᠶᠢᠲᠤ ᠣᠷᠣᠨ ᠤ ᠮᠥᠰᠥ ᠴᠠᠰᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ ᠰᠢᠨ᠎ᠡ ᠰᠢᠪᠲᠤᠯᠤᠯᠲᠠ ᠲᠠᠢ ᠪᠤᠯᠭᠠᠬᠤ ᠬᠡᠷᠡᠭᠵᠢᠭᠦᠯᠬᠦ ᠲᠥᠰᠦᠯ ︾ ︵ᠳᠣᠷᠣᠭᠰᠢ ︽ ᠬᠡᠷᠡᠭᠵᠢᠭᠦᠯᠬᠦ ᠲᠥᠰᠦᠯ ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃     ︽ ᠬᠡᠷᠡᠭᠵᠢᠭᠦᠯᠬᠦ ᠲᠥᠰᠦᠯ ︾ ᠳᠤ ᠮᠥᠰᠥ ᠴᠠᠰᠤᠨ ᠤ ᠵᠢᠭᠤᠯᠴᠢᠯᠠᠯ ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠂ ᠮᠥᠰᠥ ᠴᠠᠰᠤᠨ ᠤ ᠰᠣᠶᠣᠯ ᠂ ᠮᠥᠰᠥ ᠴᠠᠰᠤᠨ ᠤ ᠲᠣᠨᠣᠭᠯᠠᠯ ᠵᠡᠷᠭᠡ 4 ᠲᠠᠯ᠎ᠠ ᠪᠠᠷ 15 ᠵᠤᠶᠢᠯ ᠤᠨ ᠭᠤᠤᠯᠳᠠᠯᠭ᠎ᠠ ᠲᠠᠢ ᠡᠭᠦᠷᠭᠡ ᠪᠠ ᠪᠣᠳᠠᠲᠠᠶ ᠠᠷᠭ᠎ᠠ ᠬᠡᠮᠵᠢᠶ᠎ᠡ ᠶᠢ ᠪᠠᠶᠢᠷᠢᠯᠠᠭᠤᠯᠪᠠ᠃    ᠵᠡᠭᠦᠨ ᠬᠤᠶᠢᠲᠤ ᠣᠷᠣᠨ ᠤ ᠠᠭᠤᠷ ᠠᠮᠢᠰᠬᠤᠯ ᠤᠨ ᠨᠥᠬᠦᠴᠡᠯ ᠵᠡᠷᠭᠡ ᠳᠤ ᠲᠦᠰᠢᠭᠯᠡᠨ ᠂ ᠬᠦᠢᠲᠡᠨ ᠭᠠᠵᠠᠷ ᠤᠨ ᠬᠡᠮᠵᠢᠯᠲᠡ ᠂ ᠬᠦᠢᠲᠡᠨ ᠭᠠᠵᠠᠷ ᠤᠨ ᠬᠢᠲᠠᠳ ᠡᠮ ᠤᠨ ᠮᠠᠲ᠋ᠧᠷᠢᠶᠠᠯ ᠂ ᠲᠤᠭ᠎ᠠ ᠪᠠᠷᠢᠮᠲᠠ ᠶᠢᠨ ᠲᠥᠪ ᠵᠡᠷᠭᠡ ᠣᠨᠴᠠᠯᠢᠭᠲᠤ ᠠᠵᠤ ᠦᠶᠯᠡᠰ ᠢ ᠪᠤᠶᠢᠵᠢᠭᠤᠯᠤᠨ ᠬᠥᠭᠵᠢᠭᠦᠯᠦᠨ᠎ᠡ ᠭᠡᠪᠡ᠃    ︽ ᠬᠡᠷᠡᠭᠵᠢᠭᠦᠯᠬᠦ ᠲᠥᠰᠦᠯ ︾ ᠳᠤ ᠪᠠᠰᠠ ᠴᠢᠳᠠᠪᠤᠷᠢᠲᠠᠨ ᠢ ᠬᠥᠮᠦᠵᠢᠭᠦᠯᠬᠦ ᠂ ᠪᠠᠯᠠ ᠣᠷᠣᠭᠤᠯᠵᠤ ᠪᠠᠯᠠ ᠴᠤᠬᠯᠠᠭᠤᠯᠬᠤ ᠂ ᠭᠠᠵᠠᠷ ᠰᠢᠷᠣᠶ ᠶᠢᠨ ᠪᠠᠲᠤᠯᠠᠭ᠎ᠠ ᠂ ᠣᠯᠠᠨ ᠤᠯᠤᠰ ᠤᠨ ᠰᠣᠯᠢᠯᠴᠠᠭ᠎ᠠ ᠵᠡᠷᠭᠡ 4 ᠲᠠᠯ᠎ᠠ ᠠᠴᠠ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ ᠂ ᠵᠡᠭᠦᠨ ᠬᠤᠶᠢᠲᠤ ᠣᠷᠣᠨ ᠤ ᠮᠥᠰᠥ ᠴᠠᠰᠤᠨ ᠤ ᠠᠵᠤ ᠠᠬᠤᠶ ᠶᠢᠨ ᠬᠥᠭᠵᠢᠯᠲᠡ ᠳᠤ ᠰᠠᠶᠢᠨ ᠰᠠᠶᠢᠬᠠᠨ ᠨᠥᠬᠦᠴᠡᠯ ᠡᠭᠦᠳᠴᠦ ᠦᠭᠭᠦᠨ᠎ᠡ ᠭᠡᠪᠡ᠃ 
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号