ᠵᠢᠮᠢᠰ ᠢ ᠬᠠᠯᠠᠭᠤᠯᠵᠤ ᠢᠳᠡᠵᠦ ᠪᠣᠯᠬᠤ ᠦᠭᠡᠢ ᠬᠡᠨ᠎ᠡ ᠤᠤ︖ ᠦᠨᠡᠨ ᠪᠠᠶᠢᠳᠠᠯ ᠨᠢ ᠴᠤᠬᠤᠮ ᠶᠠᠭᠤ ᠪᠤᠯ
ᠨᠡᠶᠢᠲᠡᠯᠡᠭᠰᠡᠨ ᠴᠠᠭ᠄
2024/12/27
    ᠵᠢᠮᠢᠰ ᠢ ᠬᠠᠯᠠᠭᠤᠯᠵᠤ ᠢᠳᠡᠵᠦ ᠪᠣᠯᠬᠤ ᠦᠭᠡᠢ ᠭᠡᠳᠡᠭ ᠨᠢ ᠪᠤᠷᠤᠭᠤ ᠦᠵᠡᠯᠳᠡ ᠪᠤᠯᠤᠨ᠎ᠠ᠃ ᠡᠨᠡ ᠨᠢ ᠴᠤᠤᠷᠬᠠᠯ ᠶᠤᠮ︕    ᠣᠯᠠᠩᠬᠢ ᠵᠢᠮᠢᠰ ᠢ ᠬᠠᠯᠠᠭᠠᠭᠰᠠᠨ ᠤ ᠳᠠᠷᠠᠭ᠎ᠠ ᠂ ᠰᠢᠮ᠎ᠡ ᠲᠡᠵᠢᠭᠡᠯ ᠨᠢ ᠶᠡᠭᠡ ᠠᠯᠳᠠᠭᠳᠠᠳᠠᠭ ᠥᠬᠡᠶ ᠂ ᠵᠥᠪᠬᠡᠨ ᠪᠠᠭ᠎ᠠ ᠬᠡᠮᠵᠢᠶᠡᠨ ᠤ ᠸᠢᠲ᠋ᠠᠮᠢᠨ C ᠶᠡᠭᠡᠳᠡᠢ ᠵᠢᠮᠢᠰ ᠂ ᠵᠢᠱᠢᠶᠡᠯᠡᠪᠡᠯ ᠲᠣᠰᠢᠯᠤᠭ ᠂ ᠵᠦᠷᠵᠢ ᠵᠦᠷᠵᠢᠯᠢᠭ ᠂ ᠬᠦᠴᠢᠳᠠᠢ ᠵᠦᠷᠵᠢ ᠂ ᠭᠦᠵᠡᠯᠵᠡᠭᠡᠨ᠎ᠡ ᠵᠡᠷᠭᠡ ᠶᠢ ᠬᠠᠯᠠᠭᠠᠭᠰᠠᠨ ᠤ ᠳᠠᠷᠠᠭ᠎ᠠ ᠸᠢᠲ᠋ᠠᠮᠢᠨ C ᠨᠢ ᠡᠪᠳᠡᠭᠳᠡᠳᠡᠭ᠃ 2 0 ᠵᠢᠮᠢᠰ ᠂ ᠠᠯᠢᠮ᠎ᠠ ᠂ ᠪᠠᠨᠠᠨᠠ ᠵᠡᠷᠭᠡ ᠸᠢᠲ᠋ᠠᠮᠢᠨ C ᠶᠢᠨ ᠠᠭᠤᠯᠤᠭᠳᠠᠴᠠ ᠨᠢ ᠲᠡᠶᠢᠮᠦ ᠶᠡᠭᠡ ᠪᠢᠰᠢ ᠪᠤᠯᠬᠤᠷ ᠡᠳᠡᠭᠡᠷ ᠵᠢᠮᠢᠰ ᠢ ᠬᠠᠯᠠᠭᠠᠭᠰᠠᠨ ᠤ ᠳᠠᠷᠠᠭ᠎ᠠ ᠳᠡᠮᠡᠶ ᠶᠡᠭᠡ ᠬᠤᠬᠢᠷᠠᠯ ᠦᠭᠡᠢ ᠶᠤᠮ᠃ᠵᠢᠮᠢᠰ ᠢ ᠬᠠᠯᠠᠭᠠᠪᠠᠯ ᠢᠳᠡᠭᠡᠨ ᠤ ᠰᠢᠷᠬᠡᠭᠯᠢᠭ ᠨᠢ ᠵᠥᠭᠡᠯᠡᠷᠡᠵᠦ ᠂ ᠬᠤᠳᠣᠭᠤᠳᠣ ᠭᠡᠳᠡᠰᠦᠨ ᠳᠤ ᠰᠡᠳᠦᠯᠲᠡ ᠥᠭᠬᠦ ᠶᠢ ᠪᠠᠭᠠᠰᠬᠠᠬᠤ ᠲᠤᠯᠠ ᠬᠤᠳᠣᠭᠤᠳᠣ ᠭᠡᠳᠡᠰᠦᠨ ᠤ ᠠᠵᠢᠯᠯᠠᠭ᠎ᠠ ᠨᠢ ᠨᠡᠯᠢᠶᠡᠳ ᠪᠠᠭᠤᠷᠠᠶ ᠬᠥᠮᠦᠰ ᠵᠢᠴᠢ ᠰᠠᠷ᠎ᠠ ᠶᠢᠨ ᠭᠬᠢᠷ ᠤᠨ ᠬᠤᠭᠤᠴᠠᠭᠠᠨ ᠳᠠᠬᠢ ᠡᠮᠡᠭᠳᠡᠶᠢᠴᠤᠳ ᠂ ᠬᠥᠩᠭᠡᠵᠢ᠊ ᠭᠭᠰᠡᠨ ᠡᠮᠡᠭᠳᠡᠶᠢᠴᠤᠳ ᠂ ᠰᠢᠳᠦᠨ ᠤ ᠡᠪᠡᠳᠴᠢᠨ ᠲᠠᠢ ᠬᠦᠮᠦᠰ ᠵᠡᠷᠭᠡ ᠳᠤ ᠨᠠᠩ ᠳᠣᠭᠢᠷᠠᠨ᠎ᠠ᠃ ᠡᠪᠦᠯ ᠤᠨ ᠤᠯᠠᠷᠢᠯ ᠳᠤ ᠂ ᠵᠢᠮᠢᠰ ᠢ ᠬᠦᠶᠲᠡᠨ ᠢᠶᠠᠷ ᠢᠳᠡᠬᠦ ᠠᠴᠠ ᠬᠢᠴᠢᠶᠡᠬᠦ  ᠶᠢᠨ ᠲᠤᠰᠠᠳᠠ ᠵᠢᠮᠢᠰ ᠢᠶᠠᠨ ᠬᠡᠰᠡᠭᠯᠡᠨ ᠬᠡᠷᠴᠢᠵᠦ ᠬᠠᠯᠠᠭᠤᠨ ᠤᠰᠤᠨ ᠳᠤ ᠬᠢᠵᠦ ᠲᠡᠪᠳᠦᠭᠡᠬᠦ ︵ᠤᠰᠤ ᠶᠢ ᠨᠢ ᠴᠤ ᠤᠤᠭᠤᠬᠤ ᠬᠡᠷᠡᠭᠲᠡᠶ ᠂ ᠠᠯᠳᠠᠬᠳᠠᠬᠰᠠᠨ ᠰᠢᠮ᠎ᠡ ᠲᠡᠵᠢᠭᠡᠯᠲᠦ ᠡᠳ᠋ ᠤᠰᠤᠨ ᠳᠣᠲᠣᠷ᠎ᠠ ᠨᠢ ᠪᠠᠶᠢᠳᠠᠭ ᠢ ᠪᠢᠲᠡᠭᠡᠶ ᠮᠠᠷᠲᠠᠭᠠᠷᠠᠶ︶ ᠪᠤᠶᠤ ᠪᠢᠴᠢᠯ ᠳᠣᠯᠭᠢᠶᠠᠨ ᠤ ᠵᠤᠤᠬ᠎ᠠ ᠪᠠᠷ ᠵᠢᠭᠠᠬᠠᠨ ᠬᠠᠯᠠᠭᠤᠯᠤᠭᠠᠳ ᠢᠳᠡᠭᠡᠷᠡᠶ᠃ 
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号