ᠣᠶᠢᠷ᠎ᠠ ᠳᠤ ᠵᠠᠷᠢᠮ ᠰᠦᠯᠵᠢᠶᠡᠴᠢᠳ᠄ ︽ ᠡᠯ᠎ᠡ ᠮᠤᠵᠢ ᠶᠢᠨ ᠬᠢᠨ ᠴᠥᠮ ᠣᠷᠤᠭ ᠤᠨ ᠴᠢᠯᠥᠭᠡ ᠶᠢ | ᠤᠷᠳᠤᠳᠬᠠᠵᠤ ᠪᠠᠶᠢᠨ᠎ᠠ ᠂ ᠭᠡᠪᠡᠴᠦ ᠰᠧᠴᠤᠸᠠᠨ ᠮᠤᠵᠢ ᠶᠢᠨ ᠬᠢᠨ ᠪᠠᠰᠠ 3 ᠡᠳᠦᠷ ᠢᠶᠠᠷ ᠢᠶᠠᠨ ᠪᠠᠶᠢᠬᠰᠠᠭᠠᠷ ᠂ | ᠤᠷᠳᠤᠳᠬᠠᠵᠤ ᠪᠣᠯᠤᠨ᠎ᠠ ᠦᠦ ᠥᠬᠡᠶ ᠦᠦ︖ ᠰᠦᠯᠵᠢᠶᠡᠨ ᠠᠨᠳᠠ ᠶᠢᠨ ᠴᠢᠩᠭ᠎ᠠ ᠬᠦᠰᠡᠯ ᠱᠠᠭᠠᠷᠳᠠᠯᠭ᠎ᠠ ᠳᠤ | ᠴᠢᠭᠯᠡᠭᠦᠯᠦᠨ ᠂ ᠰᠧᠴᠤᠸᠠᠨ ᠮᠤᠵᠢ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠢᠩᠬᠢᠮ ᠤᠨ ᠬᠢᠨ ᠰᠦᠯᠵᠢᠶᠡᠨ ᠠᠨᠳᠠ ᠳᠤ ᠬᠠᠷᠢᠭᠤ ᠦᠭᠭᠦ ᠳᠡᠭᠡᠨ ᠂ ᠣᠷᠤᠭ ᠤᠨ ᠴᠢᠯᠥᠭᠡ ᠶᠢ ᠤᠷᠲᠤᠳᠬᠠᠬᠤ | ᠡᠳᠦᠷ ᠤᠨ ᠲᠤᠭ᠎ᠠ ᠶᠢᠨ ᠲᠤᠬᠠᠢ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠵᠤ ᠪᠠᠶᠢᠨ᠎ᠠ ᠭᠡᠵᠡᠶ᠃ 11 | ᠰᠠᠷ᠎ᠠ ᠶᠢᠨ 25 ᠤ ᠡᠳᠦᠷ ᠂ ᠱᠠᠨᠳᠦ᠋ᠩ ᠮᠤᠵᠢ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︽ ᠱᠠᠨᠳᠦ᠋ᠩ | ᠮᠤᠵᠢ ᠶᠢᠨ ᠬᠥᠮᠦᠨ ᠠᠮᠠ ᠬᠢᠭᠡᠳ ᠲᠥᠯᠥᠪᠯᠡᠭᠡᠲᠦ ᠦᠷᠡᠵᠢᠯ ᠤᠨ ᠲᠦᠷᠢᠮ ︵ᠵᠠᠰᠠᠪᠤᠷᠢ ᠣᠷᠣᠭᠤᠯᠬᠤ ᠲᠥᠰᠦᠯ ᠤᠨ | ᠰᠠᠨᠠᠯ ᠬᠤᠷᠢᠶᠠᠬᠤ ᠨᠤᠤᠷᠠᠭ︶ ︾ ᠤᠨ ᠲᠤᠬᠠᠢ ᠰᠠᠨᠠᠯ ᠢᠯᠡ ᠪᠠᠷ ᠬᠤᠷᠢᠶᠠᠬᠤ ᠠᠯᠪᠠᠨ ᠵᠠᠷ ᠨᠡᠶᠢᠲᠡᠯᠡᠵᠦ᠂ ᠣᠷᠤᠭ ᠤᠨ | ᠴᠢᠯᠥᠭᠡ ᠶᠢ ᠤᠷᠲᠤᠳᠬᠠᠬᠤ ᠪᠠᠷ ᠲᠣᠳᠣᠷᠬᠠᠶ ᠳᠤᠷᠠᠳᠴᠠᠶ᠃ | ᠡᠭᠦᠨ ᠳᠤ᠂ ︽ ᠬᠠᠤᠯᠢ ᠶᠣᠰᠣᠭᠠᠷ ᠣᠷᠤᠭ ᠳᠠᠩᠰᠠᠯᠠᠭᠤᠯᠬᠤ ᠠᠷᠠᠳ ᠢᠷᠭᠡᠨ 15 ᠡᠳᠦᠷ ᠤᠨ ᠣᠷᠤᠭ ᠤᠨ | ᠴᠢᠯᠥᠭᠡ ᠡᠳ᠋ᠯᠡᠨ᠎ᠡ︔ ᠤᠷᠤᠭᠯᠠᠬᠤ ᠠᠴᠠ ᠡᠮᠦᠨᠡᠬᠢ ᠠᠨᠠᠭᠠᠬᠤ ᠤᠬᠠᠭᠠᠨ ᠤ ᠪᠠᠶᠢᠴᠠᠭᠠᠯᠲᠠ ᠳᠤ ᠣᠷᠣᠯᠴᠠᠭᠰᠠᠨ ᠳᠤ | ᠬᠦᠷᠪᠡᠯ ᠂ ᠲᠡᠬᠢᠵᠦ ᠤᠷᠤᠭ ᠤᠨ ᠴᠢᠯᠥᠭᠡᠨ ᠤ ᠬᠤᠭᠤᠴᠠᠭ᠎ᠠ ᠶᠢ ᠨᠢ ᠭᠤᠷᠪᠠᠨ ᠡᠳᠦᠷ ᠨᠡᠮᠡᠵᠦ ᠦᠭᠭᠦᠨ᠎ᠡ ︾ ᠭᠡᠵᠦ | ᠲᠤᠷᠠᠳᠴᠠᠢ᠃ ︽ ᠨᠡᠮᠡᠵᠦ ᠦᠭᠭᠦᠭᠰᠡᠨ ᠬᠥᠩᠭᠡᠵᠢᠬᠦ ᠴᠢᠯᠥᠭᠡ ᠂ ᠬᠥᠩᠭᠡᠵᠢᠬᠦ ᠳᠤ ᠬᠠᠨᠢ ᠪᠣᠯᠬᠤ ᠴᠢᠯᠥᠭᠡ ᠂ ᠬᠡᠦᠬᠡᠳ | ᠦᠰᠭᠡᠨ ᠪᠤᠶᠢᠵᠢᠭᠤᠯᠬᠤ ᠴᠢᠯᠥᠭᠡ ᠶᠢᠨ ᠬᠤᠭᠤᠴᠠᠭ᠎ᠠ ᠶᠢ ᠠᠵᠢᠯ ᠳᠤ ᠭᠠᠷᠤᠭᠰᠠᠨ ᠢᠶᠠᠷ ᠦᠵᠡᠵᠦ ᠂ ᠴᠠᠯᠢᠩ ᠢ ᠨᠢ | ᠲᠤᠭ᠎ᠠ ᠶᠣᠰᠣᠭᠠᠷ ᠥᠭᠴᠦ᠂ ᠠᠰᠠᠷᠠᠮᠵᠢ ᠬᠠᠷᠠᠭᠠᠯᠵᠠᠯ ᠢ ᠨᠢ ᠬᠤᠪᠢᠷᠠᠭᠤᠯᠬᠤ ᠦᠭᠡᠢ ︾ ᠭᠡᠳᠡᠭ ᠢ ︽ ᠤᠷᠤᠭ ᠤᠨ | ᠴᠢᠯᠥᠭᠡ ᠂ ᠬᠥᠩᠭᠡᠵᠢᠬᠦ ᠳᠤ ᠬᠠᠨᠢ ᠪᠣᠯᠬᠤ ᠴᠢᠯᠥᠭᠡ ᠂ ᠬᠡᠦᠬᠡᠳ ᠦᠰᠭᠡᠨ ᠪᠤᠶᠢᠵᠢᠭᠤᠯᠬᠤ ᠴᠢᠯᠥᠭᠡ ᠪᠣᠯᠤᠨ ᠨᠡᠮᠡᠵᠦ | ᠦᠭᠭᠦᠭᠰᠡᠨ ᠬᠥᠩᠭᠡᠵᠢᠬᠦ ᠴᠢᠯᠥᠭᠡᠨ ᠤ ᠬᠤᠭᠤᠴᠠᠭ᠎ᠠ ᠶᠢ ᠠᠵᠢᠯ ᠳᠤ ᠭᠠᠷᠤᠭᠰᠠᠨ ᠢᠶᠠᠷ ᠦᠵᠡᠵᠦ ᠂ ᠴᠠᠯᠢᠩ ᠢ ᠨᠢ | ᠲᠤᠭ᠎ᠠ ᠶᠣᠰᠣᠭᠠᠷ ᠥᠭᠴᠦ ᠂ ᠠᠰᠠᠷᠠᠮᠵᠢ ᠬᠠᠷᠠᠭᠠᠯᠵᠠᠯ ᠢ ᠨᠢ ᠬᠤᠪᠢᠷᠠᠭᠤᠯᠬᠤ ᠦᠭᠡᠢ ︾ ᠵᠠᠰᠠᠵᠠᠢ᠃ | |