ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠠᠯᠪᠠᠨ ᠰᠦᠯᠵᠢᠶ᠎ᠡ ᠥᠨᠥᠳᠦᠷ ᠮᠡᠳᠡᠭᠡ ᠨᠡᠶᠢᠲᠡᠯᠡᠵᠦ ᠂ 12 | ᠰᠠᠷ᠎ᠠ ᠶᠢᠨ 16 ᠤ ᠡᠳᠦᠷ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠨᠠᠮ ᠤᠨ ᠬᠤᠷᠢᠶ᠎ᠠ ᠬᠤᠷᠠᠯ | ᠬᠤᠷᠠᠯᠳᠤᠭᠤᠯᠪᠠ ᠬᠡᠵᠡᠢ᠃ | ᠬᠤᠷᠠᠯ ᠠᠴᠠ᠂ ᠳᠣᠣᠷᠠᠬᠢ ᠠᠵᠢᠯ ᠤᠨ ᠡᠭᠦᠷᠭᠡ ᠶᠢ ᠭᠤᠣᠯᠳᠠᠯᠭ᠎ᠠ ᠲᠠᠢ ᠰᠠᠶᠢᠲᠤᠷ ᠠᠳᠬᠤᠬᠤ ᠬᠡᠷᠡᠭᠲᠡᠢ᠄ | ᠨᠢᠭᠡ ᠳᠤ᠂ ᠵᠣᠬᠢᠰᠲᠠᠢ ᠠᠭᠤᠵᠢᠭᠤ ᠲᠠᠯᠪᠢᠬᠤ ᠵᠣᠭᠤᠰᠣᠨ ᠤ ᠲᠦᠷᠦ ᠶᠢᠨ ᠪᠤᠳᠤᠯᠭ᠎ᠠ ᠶᠢ ᠰᠠᠶᠢᠲᠤᠷ ᠬᠡᠷᠡᠭᠵᠢᠭᠦᠯᠦᠨ᠎ᠡ᠃ | ᠵᠣᠭᠤᠰᠣᠨ ᠤ ᠲᠥᠷᠥ ᠶᠢᠨ ᠪᠣᠳᠣᠯᠭ᠎ᠠ ᠶᠢᠨ ᠣᠯᠠᠨ ᠵᠤᠶᠢᠯ ᠤᠨ ᠪᠠᠭᠠᠵᠢ ᠶᠢ ᠶᠡᠷᠦᠩᠬᠡᠶᠢᠯᠡᠨ ᠬᠡᠷᠡᠭᠯᠡᠵᠦ᠂ ᠪᠡᠯᠡᠳᠬᠡᠯ | ᠮᠥᠩᠭᠦ ᠶᠢᠨ ᠨᠣᠷᠮ᠎ᠠ ᠪᠠ ᠬᠦᠦ ᠮᠥᠩᠭᠦ ᠶᠢ ᠴᠠᠭ ᠲᠤᠨᠢ ᠲᠣᠬᠢᠷᠠᠭᠤᠯᠤᠨ ᠪᠠᠭᠤᠷᠠᠭᠤᠯᠵᠤ᠂ ᠪᠠᠩᠬᠢ ᠶᠢᠨ ᠪᠦᠲᠦᠮᠵᠢᠲᠡᠶ | ᠢᠲᠡᠭᠡᠮᠵᠢᠲᠦ ᠵᠢᠭᠡᠯᠡᠯᠭᠡ ᠶᠢᠨ ᠬᠡᠷᠡᠭᠴᠡᠭᠡ ᠱᠠᠭᠠᠷᠳᠠᠯᠭ᠎ᠠ ᠶᠢ ᠭᠦᠶᠴᠡᠳ ᠬᠠᠩᠭᠠᠬᠤ ᠶᠢ ᠬᠥᠲᠥᠯᠥᠨ ᠵᠢᠯᠣᠭᠤᠳᠴᠤ᠂ | ᠢᠲᠡᠭᠡᠮᠵᠢᠲᠦ ᠵᠢᠭᠡᠯᠡᠯᠭᠡ ᠶᠢᠨ ᠨᠡᠮᠡᠭᠳᠡᠯ ᠤᠨ ᠲᠣᠭᠲᠠᠪᠤᠷᠢᠲᠤ ᠴᠢᠨᠠᠷ ᠢ ᠴᠢᠩᠭᠠᠷᠠᠭᠤᠯᠤᠨ᠎ᠠ᠃ ᠬᠦᠦ ᠮᠥᠩᠭᠦ ᠶᠢᠨ | ᠨᠣᠷᠮ᠎ᠠ ᠶᠢᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠪᠠ ᠳᠠᠮᠵᠢᠭᠤᠯᠭ᠎ᠠ ᠶᠢ ᠴᠢᠩᠭᠠᠷᠠᠭᠤᠯᠵᠤ ᠂ ᠨᠡᠶᠢᠭᠡᠮ ᠤᠨ | ᠶᠡᠷᠦᠩᠬᠡᠶᠢᠯᠡᠭᠰᠡᠨ ᠪᠠᠯᠠ ᠬᠤᠷᠠᠮᠳᠤᠯᠭ᠎ᠠ ᠶᠢᠨ ᠥᠪᠡᠷ ᠤᠨ ᠥᠷᠲᠡᠭ ᠤᠨ ᠲᠣᠭᠲᠠᠭᠤᠨ ᠤ ᠳᠤᠮᠳᠠ ᠪᠠᠭᠤᠷᠠᠬᠤ ᠶᠢ | ᠠᠬᠢᠭᠤᠯᠤᠨ᠎ᠠ᠃ ᠬᠤᠶᠠᠷ ᠲᠤ ᠴᠢᠨᠠᠷ ᠰᠠᠶᠢᠲᠠᠶ ᠬᠥᠭᠵᠢᠯᠲᠡ ᠶᠢᠨ ᠭᠤᠤᠯᠳᠠᠯᠭ᠎ᠠ ᠲᠠᠢ ᠬᠦᠷᠢᠶ᠎ᠡ ᠪᠠ ᠪᠠᠭᠤᠷᠠᠶ | ᠭᠤᠭᠴᠤᠭ᠎ᠠ ᠶᠢ ᠨᠠᠩ ᠰᠠᠶᠢᠲᠤᠷ ᠳᠡᠮᠵᠢᠨ᠎ᠡ᠃ ᠭᠤᠷᠪᠠ ᠳᠤ ᠭᠤᠣᠯᠳᠠᠯᠭ᠎ᠠ ᠲᠠᠢ ᠬᠦᠷᠢᠶᠡᠨ ᠳᠠᠬᠢ ᠮᠥᠩᠭᠦᠨ | ᠭᠦᠢᠯᠭᠡᠭᠡᠨ ᠤ ᠠᠶᠤᠯ ᠲᠦᠭᠰᠢᠭᠦᠷᠢ ᠶᠢ ᠯᠠᠪᠳᠠᠭᠤᠨ ᠪᠦᠲᠦᠮᠵᠢᠲᠡᠢ ᠰᠡᠷᠭᠡᠶᠢᠯᠡᠨ ᠠᠷᠢᠯᠭᠠᠨ᠎ᠠ᠃ ᠳᠥᠷᠪᠡ ᠳᠤ | ᠮᠥᠩᠭᠦᠨ ᠭᠦᠵᠯᠭᠡᠭᠡᠨ ᠤ ᠥᠭᠡᠷᠡᠴᠢᠯᠡᠯᠲᠡ ᠪᠠ ᠥᠨᠳᠥᠷ ᠲᠦᠪᠰᠢᠨ ᠪᠥᠬᠦᠶ ᠨᠡᠭᠡᠭᠡᠯᠲᠡ ᠶᠢ ᠯᠠᠪᠳᠠᠭᠤᠨ ᠢᠶᠠᠷ | ᠠᠬᠢᠭᠤᠯᠤᠨ᠎ᠠ᠃ ᠲᠠᠪᠤ ᠳᠤ ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠤᠨ᠎ᠠ ᠭᠡᠵᠦ | ᠴᠢᠬᠤᠯᠠᠴᠢᠯᠠᠪᠠ᠃ | |