︽ᠸᠢᠴᠠᠲ ᠢᠶᠠᠷ ᠲᠣᠭᠠᠴᠠᠭ᠎ᠠ ᠬᠢᠬᠦ ᠳᠤ ︿ᠮᠥᠷᠭᠦᠯᠳᠦᠬᠦᠯᠵᠦ﹀ ᠲᠣᠭᠠᠴᠠᠭ᠎ᠠ ᠬᠢᠬᠦ︾ ᠪᠣᠯᠪᠠ ᠬᠡᠨ᠎ᠡ ᠤᠤ︖
ᠨᠡᠶᠢᠲᠡᠯᠡᠭᠰᠡᠨ ᠴᠠᠭ᠄
2024/12/27
    ᠣᠶᠢᠷ᠎ᠠ ᠳᠤ ᠂ ᠵᠠᠷᠢᠮ ᠰᠦᠯᠵᠢᠶᠡᠨ ᠳᠡᠭᠡᠷ᠎ᠡ ︽ ᠸᠢᠴᠠᠲ ᠢᠶᠠᠷ ᠲᠣᠭᠠᠴᠠᠭ᠎ᠠ ᠬᠢᠬᠦ ᠳᠤ ︿ᠮᠥᠷᠭᠦᠯᠳᠦᠬᠦᠯᠵᠦ﹀ ᠲᠣᠭᠠᠴᠠᠭ᠎ᠠ ᠬᠢᠬᠦ ᠠᠷᠭ᠎ᠠ ᠮᠠᠶ᠋ᠢᠭ ᠢ ᠬᠡᠷᠡᠭᠯᠡᠬᠦ ᠪᠤᠯᠵᠠᠢ ︾ ᠭᠡᠰᠡᠨ ᠮᠡᠳᠡᠭᠡ ᠳᠠᠮᠵᠢᠭᠳᠠᠵᠤ ᠪᠠᠶᠢᠨ᠎ᠠ᠃    12 ᠰᠠᠷ᠎ᠠ ᠶᠢᠨ 3 ᠤ ᠡᠳᠦᠷ ᠂ ᠸᠢᠴᠠᠲ ᠤᠨ ᠲᠣᠭᠠᠴᠠᠭ᠎ᠠ ᠬᠢᠬᠦ ᠠᠯᠪᠠᠨ ᠰᠦᠯᠵᠢᠶ᠎ᠡ ᠶᠢᠨ ᠬᠢᠨ ᠬᠤᠳᠠᠯ ᠬᠠᠭᠤᠷᠮᠠᠭ ︽ ᠸᠢᠴᠠᠲ ᠤᠨ ᠮᠥᠷᠭᠦᠯᠳᠦᠬᠦᠯᠵᠦ ᠲᠣᠭᠠᠴᠠᠭ᠎ᠠ ᠬᠢᠬᠦ ︾(微信碰一碰支付) ᠶᠢ ᠰᠡᠷᠭᠡᠶᠢᠯᠡᠬᠦ ᠲᠤᠬᠠᠶ ᠣᠷᠣᠯᠠᠨ ᠭᠦᠢᠴᠡᠳᠬᠡᠬᠦ ᠬᠤᠯᠪᠣᠭ᠎ᠠ ᠶᠢᠨ ᠲᠦᠭᠰᠢᠭᠦᠷᠢ ᠶᠢᠨ ᠰᠠᠨᠠᠭᠤᠯᠤᠮᠵᠢ ᠨᠡᠶᠢᠲᠡᠯᠡᠵᠦ ᠬᠡᠯᠡᠬᠦ ᠳᠡᠭᠡᠨ ᠂ ᠣᠶᠢᠷ᠎ᠠ ᠳᠤ ᠸᠢᠴᠠᠲ ᠤᠨ ᠲᠣᠭᠠᠴᠠᠭ᠎ᠠ ᠬᠢᠬᠦ ᠴᠢᠳᠡᠮᠵᠢ ᠶᠢᠨ ᠬᠢᠨ ᠂ ᠵᠠᠬ᠎ᠠ ᠳᠡᠯᠭᠡᠭᠦᠷ ᠳᠡᠭᠡᠷ᠎ᠡ ᠣᠨᠴᠠ ᠵᠠᠷᠢᠮ ᠪᠠᠶᠢᠭᠤᠯᠤᠮᠵᠢ ᠡᠯ᠎ᠡ ᠲᠥᠷᠥᠯ ᠤᠨ ᠢᠨᠲ᠋ᠧᠷ ᠰᠦᠯᠵᠢᠶᠡᠨ ᠤ ᠲᠠᠪᠴᠠᠩ ᠳᠡᠭᠡᠷ᠎ᠡ ︽ ᠸᠢᠴᠠᠲ ᠤᠨ ᠮᠥᠷᠭᠦᠯᠳᠦᠬᠦᠯᠵᠦ ᠲᠣᠭᠠᠴᠠᠭ᠎ᠠ ᠬᠢᠬᠦ ︾ ︽ ᠸᠢᠴᠠᠲ ᠤᠨ ᠮᠦᠷᠭᠦᠯᠳᠦᠭᠦᠯᠦᠭᠡᠳ ᠠᠪᠤᠪᠠᠯ ᠲᠣᠭᠠᠴᠠᠭ᠎ᠠ ᠬᠢᠬᠦ ︾ ᠵᠡᠷᠭᠡ ᠬᠠᠮᠢᠶ᠎ᠠ ᠪᠥᠬᠦᠶ ᠤᠶᠢᠯᠡᠳᠬᠦᠨ ᠤ ᠦᠵᠡᠭᠦᠯᠭᠡ ᠵᠢᠴᠢ ᠣᠷᠣᠯᠠᠨ ᠭᠦᠶᠴᠡᠳᠬᠡᠬᠦ ᠬᠤᠯᠪᠣᠭ᠎ᠠ ᠶᠢᠨ ᠮᠡᠳᠡᠭᠡ ᠵᠠᠩᠭᠢ ᠶᠢ ᠨᠡᠶᠢᠲᠡᠯᠡᠵᠦ ᠪᠠᠶᠢᠨ᠎ᠠ ᠬᠡᠰᠡᠨ ᠬᠠᠷᠢᠭᠤ ᠲᠤᠰᠬᠠᠯ ᠢ ᠣᠯᠪᠠ ᠂ ᠬᠤᠳᠠᠯᠳᠤᠭᠠᠴᠢᠨ ᠵᠢᠴᠢ ᠬᠠᠮᠲᠤᠷᠠᠨ ᠠᠵᠢᠯᠯᠠᠬᠤ ᠬᠠᠨᠢᠲᠠᠨ ᠤ ᠡᠶᠢᠮᠦᠷᠬᠦ ᠮᠡᠳᠡᠭᠡ ᠵᠠᠩᠭᠢ ᠠᠴᠠ ᠪᠣᠯᠵᠣ ᠬᠤᠬᠢᠷᠠᠯ ᠠᠮᠰᠠᠬᠤ ᠶᠢ ᠰᠡᠷᠭᠡᠶᠢᠯᠡᠬᠦ ᠶᠢᠨ ᠲᠥᠯᠥᠭᠡ ᠂ ᠸᠢᠴᠠᠲ ᠤᠨ ᠲᠣᠭᠠᠴᠠᠭ᠎ᠠ ᠬᠢᠬᠦ ᠴᠢᠳᠡᠮᠵᠢ ᠶᠢᠨ ᠬᠢᠨ ᠣᠳᠣᠬᠠᠨ ᠳᠤ ︽ ᠮᠦᠷᠭᠦᠯᠳᠦᠬᠦᠯᠵᠦ ᠲᠣᠭᠠᠴᠠᠭ᠎ᠠ ᠬᠢᠬᠦ ︾ ᠬᠠᠮᠢᠶ᠎ᠠ ᠪᠥᠬᠦᠶ ᠤᠶᠢᠯᠡᠳᠬᠦᠨ ᠢ ᠭᠠᠷᠭᠠᠭᠰᠠᠨ ᠥᠬᠡᠶ ᠭᠡᠵᠦ ᠠᠳᠡ ᠲᠥᠪ ᠴᠢᠩᠭ᠎ᠠ ᠪᠠᠷ ᠢᠯᠡᠷᠬᠡᠶᠢᠯᠡᠵᠦ ᠪᠠᠶᠢᠨ᠎ᠠ ᠬᠡᠪᠡ᠃ 
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号